— 2023 ᠣᠨ ᠤ 1 ᠰᠠᠷ᠎ᠠ ᠶᠢᠨ 17 ᠤ ᠡᠳᠦᠷ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠳᠡᠭᠡᠷ᠎ᠡ | ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠰᠢᠩ ᠺᠠᠢ | ᠲᠥᠯᠥᠭᠡᠯᠡᠭᠴᠢᠳ ᠠ᠋᠄ | ᠤᠳᠤ᠂ ᠪᠢ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ | ᠲᠡᠷᠡᠴᠢᠯᠡᠨ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃ | | ᠨᠢᠭᠡ᠂ 2022 ᠣᠨ ᠤ ᠠᠵᠢᠯ ᠤᠨ ᠡᠷᠭᠢᠴᠡᠭᠦᠯᠦᠯ | 2022 ᠣᠨ ᠳᠤ᠂ ᠣᠷᠣᠨ ᠤ ᠠᠷᠠᠳ ᠤᠨ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ | ᠤᠳᠠᠭ᠎ᠠ ᠪᠦᠷᠢ ᠶᠢᠨ ᠪᠦᠭᠦᠳᠡ ᠬᠤᠷᠠᠯ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ | ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠪᠤᠭᠤᠲᠤ ᠳᠤ ᠥᠭᠭᠦᠭᠰᠡᠨ ︽ᠨᠢᠭᠡ | ᠰᠢᠨ᠎ᠡ ᠡᠭᠦᠳᠦᠯᠲᠡ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ ᠭᠦᠨᠵᠡᠭᠡᠢ ᠲᠤᠤᠱᠯᠠᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ᠪᠠ ᠣᠷᠣᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ | ᠣᠷᠣᠨ ᠤ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ | ᠶᠡᠷᠦᠩᠬᠡᠢ ᠬᠥᠭ ᠠᠶᠠᠰ ᠢ ᠪᠠᠷᠢᠮᠲᠠᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ | ᠪᠦᠲᠦᠮᠵᠢᠲᠡᠶ ᠪᠠᠷ ᠨᠢᠭᠡᠳᠦᠯᠲᠡᠢ ᠲᠥᠯᠥᠪᠯᠡᠵᠦ᠂ ᠡᠨᠧᠷᠭᠢ ᠶᠢ ᠬᠤᠷᠠᠮᠳᠤᠭᠤᠯᠤᠨ ᠬᠠᠨᠳᠤᠰᠢ ᠶᠢ ᠨᠡᠮᠡᠭᠳᠡᠭᠦᠯᠬᠦ᠂ ᠠᠵᠠ ᠲᠣᠬᠢᠶᠠᠯ ᠢ ᠵᠠᠪᠳᠤᠨ ᠠᠳᠬᠤᠬᠤ | ᠳᠤᠮᠳᠠ ᠵᠠᠮ ᠨᠡᠭᠡᠭᠡᠨ ᠡᠷᠡᠯᠬᠡᠭᠯᠡᠨ ᠤᠷᠤᠭᠰᠢᠯᠠᠵᠤ᠂ ᠥᠷᠢᠰᠦᠯᠳᠦᠭᠡᠨ ᠢ ᠠᠷᠭᠠᠴᠠᠬᠤ᠂ ᠪᠡᠷᠬᠡ ᠶᠢ ᠰᠢᠪᠲᠤᠯᠤᠨ ᠪᠡᠷᠬᠡ ᠶᠢ ᠳᠠᠪᠠᠭ᠋ᠤ ᠳᠤᠮᠳᠠ ᠦᠨᠡᠨ ᠬᠦ | ᠠᠳᠬᠤᠨ ᠪᠣᠳᠠᠲᠠᠢ ᠠᠵᠢᠯᠯᠠᠵᠤ᠂ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠲᠦᠯᠬᠢᠨ | ᠠᠬᠢᠭᠤᠯᠪᠠ᠃ | ︵ᠨᠢᠭᠡ︶ ᠠᠵᠤ ᠠᠬᠤᠢ ᠶᠢᠨ ᠬᠥᠭᠵᠢᠯᠲᠡ ᠰᠢᠨ᠎ᠡ ᠦᠷ᠎ᠡ ᠪᠦᠲᠦᠮᠵᠢ ᠣᠯᠪᠠ᠃ᠠᠵᠤ ᠠᠬᠤᠢ ᠶᠢᠨ ᠶᠡᠷᠦᠩᠬᠡᠢ ᠬᠡᠮᠵᠢᠶ᠎ᠡ ᠦᠷᠭᠦᠯᠵᠢᠯᠡᠨ ᠥᠷᠭᠡᠳᠴᠦ᠂ | ᠶᠡᠷᠦᠩᠬᠡᠶᠢᠯᠡᠭᠰᠡᠨ ᠪᠣᠳᠠᠲᠤ ᠬᠦᠴᠦᠨ ᠢᠯᠡᠳᠲᠡ ᠳᠡᠭᠡᠭᠰᠢᠯᠡᠪᠡ᠃ᠵᠢᠱᠢᠯᠲᠡ ᠪᠠᠷ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ 42 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10% ᠪᠠᠷ ᠨᠡᠮᠡᠭᠳᠡᠨ᠎ᠡ︔ᠲᠣᠭᠲᠠᠭᠠᠯ ᠳᠡᠭᠡᠷᠡᠬᠢ ᠠᠵᠤ ᠦᠢᠯᠡᠳᠪᠦᠷᠢ ᠶᠢᠨ ᠨᠡᠮᠡᠭᠳᠡᠯ | ᠦᠷᠳᠡᠭ ᠠᠳᠠᠯᠢ ᠬᠤᠭᠤᠴᠠᠭᠠᠨ ᠤ ᠬᠢ ᠠᠴᠠ 28% ᠣᠷᠴᠢᠮ ᠨᠡᠮᠡᠭᠳᠡᠵᠡᠢ︔ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠡᠶᠢᠲᠡ 20.5 | ᠳ᠋ᠦᠩᠰᠢᠭᠤᠷ ᠲᠥᠭᠦᠷᠢᠭ ᠣᠷᠴᠢᠮ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 50% ᠠᠴᠠ ᠳᠡᠭᠡᠭᠰᠢ ᠨᠡᠮᠡᠭᠳᠡᠪᠡ︔ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠨᠡᠶᠢᠲᠡ 8.3 ᠳ᠋ᠦᠩᠰᠢᠭᠤᠷ ᠲᠥᠭᠦᠷᠢᠭ ᠣᠷᠴᠢᠮ ᠬᠦᠷᠴᠦ᠂ ᠨᠡᠮᠡᠭᠳᠡᠯ ᠤᠨ ᠬᠤᠷᠳᠤᠴᠠ ᠨᠢ ᠠᠳᠠᠯᠢ | ᠬᠤᠭᠤᠴᠠᠭᠠᠨ ᠤ ᠬᠢ ᠲᠠᠢ ᠦᠨᠳᠦᠰᠦᠨ ᠳᠡᠭᠡᠨ ᠠᠳᠠᠯᠢ ᠪᠣᠯᠪᠠ︔ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ 60500 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5% ᠨᠡᠮᠡᠭᠳᠡᠪᠡ︔ᠡᠩ ᠤᠨ ᠣᠯᠠᠨ ᠨᠡᠶᠢᠲᠡ ᠶᠢᠨ | ᠲᠥᠰᠥᠪ ᠤᠨ ᠨᠡᠶᠢᠲᠡ ᠣᠷᠣᠯᠭ᠎ᠠ 5.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 72% ᠢᠶᠠᠷ ᠨᠡᠮᠡᠭᠳᠡᠨ᠂ | ᠨᠡᠮᠡᠭᠳᠡᠯ ᠤᠨ ᠬᠤᠷᠳᠤᠴᠠ ᠨᠢ ᠥᠪᠡᠷᠲᠡᠭᠡᠨ ᠵᠠᠰᠠᠬᠤ ᠣᠷᠣᠨ ᠤ ᠡᠮᠦᠨ᠎ᠡ ᠡᠩᠨᠡᠭᠡᠨ ᠳᠤ ᠣᠷᠣᠪᠠ᠃ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ | ᠠᠷᠠᠯᠵᠢᠶᠠᠨ ᠤ ᠲᠤᠭ᠎ᠠ ᠪᠠ ᠰᠢᠨ᠎ᠡ ᠪᠠᠷ ᠨᠡᠮᠡᠭᠳᠡᠭᠰᠡᠨ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠤᠨ ᠲᠤᠭᠠᠲ᠋ᠡᠭᠡᠳᠦ ᠱᠠᠲᠤᠨ ᠤ ᠡᠯ᠎ᠡ ᠲᠥᠷᠥᠯ ᠤᠨ ᠪᠡᠯᠡ | ᠮᠥᠩᠭᠦ ᠶᠢ ᠨᠡᠶᠢᠲᠡ 2 ᠳ᠋ᠦᠩᠰᠢᠭᠤᠷ ᠲᠥᠭᠦᠷᠢᠭ ᠣᠯᠬᠤ ᠪᠠᠷ ᠴᠢᠷᠮᠠᠶᠢᠨ᠎ᠠ᠃ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠴᠢᠨᠠᠷ ᠰᠠᠶᠢᠲᠠᠢ | ᠥᠷᠨᠢᠭᠦᠯᠵᠦ᠂ ᠣᠷᠣᠨ ᠤ ᠭᠠᠳᠠᠨᠠᠬᠢ ᠪᠡᠯᠡ ᠮᠥᠩᠭᠦ ᠶᠢ 3.6 ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠵᠤ᠂ ᠨᠢᠳᠤᠨᠤᠨ ᠤ ᠠᠳᠠᠯᠢ ᠬᠤᠭᠤᠴᠠᠭᠠᠨ ᠤ | ᠬᠢ ᠠᠴᠠ 3.7 ᠳᠠᠬᠢᠨ ᠪᠣᠯᠪᠠ᠃ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠳᠠᠶᠢᠴᠢᠯᠠᠬᠤ ᠦᠢᠯᠡᠳᠦᠯ ᠢᠯᠡᠷᠬᠡᠢ ᠪᠠᠶᠢᠵᠤ᠂ ᠡᠬᠢ ᠪᠠᠶᠠᠯᠢᠭ ᠢ | ᠶᠡᠷᠦᠩᠬᠡᠶᠢᠯᠡᠨ ᠠᠰᠢᠭᠯᠠᠬᠤ᠂ ᠠᠵᠤ ᠦᠢᠯᠡᠳᠪᠦᠷᠢ ᠶᠢᠨ ᠢᠵᠢ ᠪᠦᠷᠢᠳᠦᠭᠦᠯᠦᠨ ᠡᠳ᠋ᠰᠢᠭᠦᠯᠬᠦ ᠵᠡᠷᠭᠡ ᠬᠦᠷᠢᠶᠡᠨ ᠳᠠᠬᠢ 9 ᠲᠥᠷᠥᠯ ᠵᠦᠢᠯ ᠤᠨ ᠲᠣᠭᠤᠷᠢᠨ ᠳᠤ | ᠪᠦᠬᠦᠯᠢ ᠴᠣᠭᠴᠠ ᠪᠠᠷ ᠪᠠᠷᠢᠯᠭ᠎ᠠ ᠳᠠᠭᠤᠰᠴᠤ᠂ 14 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠳᠠᠶᠢᠴᠢᠯᠠᠨ ᠪᠡᠶᠡᠯᠡᠭᠦᠯᠪᠡ᠃︽ᠬᠤᠶᠠᠷ ᠰᠢᠨ᠎ᠡ | ︾ ᠶᠢᠨ ᠤᠳᠤᠷᠢᠳᠤᠮᠵᠢ ᠶᠢ ᠪᠠᠷᠢᠮᠲᠠᠯᠠᠨ ᠲᠥᠷᠥᠯ ᠵᠦᠢᠯ ᠢ ᠠᠳᠬᠤᠵᠤ᠂ ᠪᠥᠬᠦ ᠵᠢᠯ ᠳᠤ ᠬᠥᠮᠥᠷᠭᠡ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ | ᠦᠢᠯᠡᠰ ᠤᠨ ᠲᠥᠷᠥᠯ ᠤᠨ ᠲᠥᠷᠥᠯ ᠵᠦᠢᠯ ᠢ 6 ᠰᠢᠨ᠎ᠡ ᠪᠠᠷ ᠣᠷᠣᠭᠤᠯᠵᠤ᠂ ᠲᠣᠭᠲᠠᠭᠠᠯ ᠠᠴᠠ ᠳᠡᠭᠡᠭᠰᠢᠬᠢ ᠠᠵᠤ ᠠᠬᠤᠶᠢᠯᠠᠯ ᠢ 13 ᠰᠢᠨ᠎ᠡ ᠪᠠᠷ | ᠨᠡᠮᠡᠭᠳᠡᠭᠦᠯᠵᠦ᠂ ᠠᠳᠠᠯᠢ ᠬᠤᠭᠤᠴᠠᠭᠠᠨ ᠤ ᠬᠢ ᠠᠴᠠ 200%᠂ 117% ᠪᠠᠷ ᠨᠡᠮᠡᠭᠳᠡᠨ᠂ ᠪᠥᠬᠦ ᠣᠷᠣᠨ ᠤ ᠠᠵᠤ ᠠᠬᠤᠢ ᠨᠡᠶᠢᠭᠡᠮ ᠤᠨ ᠰᠢᠨ᠎ᠡ | ᠳᠡᠭᠲᠡᠷ ᠲᠤ ᠭᠠᠷᠴᠤ᠂ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠪᠠ᠃ᠨᠡᠶᠢᠲᠡ 2.4 ᠳ᠋ᠦᠩᠰᠢᠭᠤᠷ ᠲᠥᠭᠦᠷᠢᠭ ᠤᠨ ᠥᠷᠢ ᠥᠭᠴᠡᠭᠡ ᠶᠢ ᠠᠷᠢᠯᠭᠠᠵᠤ᠂ | ᠣᠨ ᠤ ᠡᠭᠦᠷᠭᠡ ᠪᠠᠨ 120.1% ᠪᠠᠷ ᠪᠡᠶᠡᠯᠡᠭᠦᠯᠪᠡ᠃ | ︵ᠬᠤᠶᠠᠷ︶ ᠠᠵᠤ ᠦᠢᠯᠡᠰ ᠤᠨ ᠬᠥᠭᠵᠢᠯᠲᠡ ᠰᠢᠨ᠎ᠡ ᠰᠢᠪᠲᠤᠯᠤᠯᠲᠠ ᠲᠠᠢ ᠪᠣᠯᠪᠠ᠃ᠣᠷᠣᠨ ᠤ ᠬᠠᠷᠢᠶᠠᠨ ᠤ ᠲᠣᠭᠲᠠᠭᠠᠯ ᠳᠠᠬᠢ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠶᠡᠷᠦᠩᠬᠡᠢ ᠦᠢᠯᠡᠳᠬᠦᠨ ᠤ ᠥᠷᠲᠡᠭ ᠵᠢᠱᠢᠯᠲᠡ ᠪᠠᠷ 9.2 ᠳ᠋ᠦᠩᠰᠢᠭᠤᠷ ᠲᠥᠭᠦᠷᠢᠭ ᠢ ᠪᠡᠶᠡᠯᠡᠭᠦᠯᠦᠨ᠎ᠡ᠃ | ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠮᠠᠯᠲᠠᠵᠤ ᠮᠥᠯᠵᠢᠬᠦ ᠶᠡᠷᠦᠩᠬᠡᠢ ᠬᠡᠮᠵᠢᠶ᠎ᠡ ᠶᠢ 2406 ᠲᠦᠮᠡᠨ ᠲᠣᠨ ᠳᠤ ᠬᠦᠷᠭᠡᠵᠦ᠂ 1062 ᠲᠦᠮᠡᠨ | ᠲᠣᠨ ᠬᠦᠳᠡᠷ ᠢ ᠭᠠᠳᠠᠭᠰᠢ ᠭᠠᠷᠭᠠᠵᠤ᠂ 1963 ᠲᠦᠮᠡᠨ ᠲᠣᠨ ᠲᠡᠮᠦᠷ ᠤᠨ ᠨᠠᠷᠢᠯᠢᠭ ᠨᠤᠨᠳᠠᠭ᠂ 108 ᠲᠦᠮᠡᠨ ᠲᠣᠨ ᠬᠤᠪᠣᠷ ᠰᠢᠷᠣᠢ ᠶᠢᠨ ᠨᠠᠷᠢᠯᠢᠭ | ᠬᠦᠳᠡᠷ᠂ ᠬᠠᠶᠢᠯᠤᠭᠤᠷ ᠵᠤᠩᠰᠢ ᠶᠢᠨ ᠨᠠᠷᠢᠯᠢᠭ ᠬᠦᠳᠡᠷ ᠢ 15 ᠲᠦᠮᠡᠨ ᠲᠣᠨ ᠦᠢᠯᠡᠳᠪᠦᠷᠢᠯᠡᠨ᠎ᠡ᠃︽ᠴᠠᠭᠠᠨ ᠲᠠᠭᠲᠠᠭ᠎ᠠ ᠶᠢᠨ ᠠᠭᠤᠷᠬᠠᠢ︾ ᠨᠢ ᠤᠯᠠᠨ | ᠤᠯᠤᠰ ᠤᠨ ᠡᠷᠦᠳᠡᠰᠦ ᠶᠢᠨ ᠰᠤᠳᠤᠯᠤᠯ ᠤᠨ ᠨᠡᠶᠢᠭᠡᠮᠯᠢᠭ ᠤᠨ ᠰᠢᠨ᠎ᠡ ᠡᠷᠦᠳᠡᠰᠦ ᠶᠢᠨ ᠨᠡᠷᠡᠶᠢᠳᠦᠯ ᠢ ᠣᠯᠵᠠᠢ᠃ᠪᠠᠢ ᠶᠦᠨ ᠲᠡᠮᠦᠷ ᠤᠨ ᠠᠭᠤᠷᠬᠠᠢ ᠶᠢᠨ | ᠬᠢᠮᠢ ᠶᠢᠨ ᠦᠢᠯᠡᠳᠪᠦᠷᠢ ᠶᠢᠨ ᠳᠡᠭᠡᠳᠦ ᠬᠢᠵᠠᠭᠠᠷ ᠢ ᠲᠣᠭᠲᠠᠭᠠᠯ ᠳᠤ ᠣᠷᠣᠭᠤᠯᠬᠤ ᠠᠵᠢᠯ ᠢ ᠯᠠᠪᠳᠠᠭᠤᠨ ᠵᠶ᠋ᠠᠷᠪᠥ᠋ᠬᠦ ᠵᠢᠯ ᠤᠨ ᠰᠢᠨ᠎ᠡ ᠡᠨᠧᠷᠭᠢ ᠶᠢᠨ | ᠰᠤᠷᠪᠤᠯᠵᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ ᠨᠡᠶᠢᠲᠡ 9.5 ᠳ᠋ᠦᠩᠰᠢᠭᠤᠷ ᠺᠢᠯᠣᠸᠠᠲ ᠴᠠᠭ ᠲᠤ ᠬᠥᠷᠪᠡ᠃ᠹᠧᠢ ᠳ᠋ᠢ ᠠᠵᠤ ᠠᠬᠤᠢ ᠶᠢᠨ ᠦᠢᠯᠡᠰ | ᠴᠣᠭᠴᠠᠯᠠᠵᠤ ᠰᠢᠨ᠎ᠡ ᠶᠢ ᠡᠭᠦᠳᠬᠦ ᠬᠦᠷᠢᠶᠡᠯᠡᠩ ᠤᠨ ᠰᠢᠨ᠎ᠡ ᠪᠠᠷ ᠨᠡᠮᠡᠭᠳᠡᠭᠰᠡᠨ ᠠᠵᠤ ᠠᠬᠤᠶᠢᠯᠠᠯ 97 ᠪᠣᠯᠵᠤ᠂ ᠡᠵᠡᠩᠨᠡᠯᠲᠡ ᠶᠢᠨ ᠣᠷᠣᠯᠭ᠎ᠠ ᠶᠢᠨ ᠪᠥᠬᠦ | ᠲᠤᠭ᠎ᠠ 58.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 84% ᠪᠠᠷ ᠨᠡᠮᠡᠭᠳᠡᠨ᠂ 4457 ᠲᠦᠮᠡᠨ ᠲᠥᠭᠦᠷᠢᠭ ᠤᠨ | ᠭᠠᠶᠢᠯᠢ ᠶᠢᠨ ᠣᠷᠣᠯᠭ᠎ᠠ ᠶᠢ ᠪᠡᠶᠡᠯᠡᠭᠦᠯᠵᠦ᠂ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ | ᠰᠢᠯᠭᠠᠷᠠᠭᠤᠯᠤᠯᠲᠠ ᠳᠤ B+ ᠲᠠᠰ ᠢᠶᠠᠷ ᠦᠨᠡᠯᠡᠭᠳᠡᠪᠡ᠃ᠪᠠᠶᠠᠨ᠋ᠣ᠋ᠪᠣᠭ᠎ᠠ ᠠᠵᠤ ᠦᠢᠯᠡᠰ ᠤᠨ ᠬᠦᠷᠢᠶᠡᠯᠡᠩ ᠤᠨ ᠰᠠᠭᠤᠷᠢ ᠲᠥᠬᠦᠭᠡᠷᠦᠮᠵᠢ ᠠᠯᠬᠤᠮ ᠠᠯᠬᠤᠮ ᠢᠶᠠᠷ | ᠲᠡᠭᠦᠯᠳᠡᠷᠵᠢᠵᠦ᠂ 930.7 ᠲᠦᠮᠡᠨ ᠲᠥᠭᠦᠷᠢᠭ ᠤᠨ ᠪᠡᠯᠡ ᠣᠷᠣᠭᠤᠯᠵᠤ ᠣᠶᠤᠨᠲᠤ ᠬᠦᠷᠢᠶᠡᠯᠡᠩ ᠲᠣᠭᠤᠷᠢᠭ ᠤᠨ ᠨᠢᠭᠡᠳᠦᠭᠡᠷ ᠬᠤᠭᠤᠴᠠᠭᠠᠨ ᠤ ᠲᠦᠷᠦᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠪᠡ᠃ᠬᠤᠸᠠᠨ ᠢᠦᠢ ᠰᠢᠨ᠎ᠡ ᠮᠠᠲᠧᠷᠢᠶᠠᠯ ᠤᠨ ᠲᠦᠷᠦᠯ ᠵᠦᠢᠯ ᠢ ᠨᠠᠶᠢᠳᠠᠪᠤᠷᠢᠵᠢᠭᠤᠯᠵᠤ᠂ ᠪᠠᠶᠠᠨ᠋ᠣ᠋ᠪᠣᠭ᠎ᠠ ᠶᠢᠨ | ᠬᠤᠪᠣᠷ ᠰᠢᠷᠣᠢ ᠶᠢᠨ ᠬᠡᠷᠡᠭᠯᠡᠭᠡᠨ ᠤ ᠠᠵᠤ ᠦᠢᠯᠡᠰ ᠤᠨ ᠬᠡᠯᠬᠢᠶ᠎ᠡ ᠶᠢᠨ ᠬᠤᠭᠤᠰᠤᠨ ᠢ ᠨᠥᠬᠦᠪᠦᠷᠢᠯᠡᠪᠡ᠃ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ | 410 ᠲᠦᠮᠡᠨ ᠲᠣᠨ ᠬᠠᠶᠢᠯᠤᠭᠤᠷ ᠵᠤᠩᠰᠢ ᠶᠢᠨ ᠡᠬᠢ ᠪᠠᠶᠠᠯᠢᠭ ᠤᠨ ᠬᠦᠳᠡᠷ ᠰᠢᠯᠢᠬᠦ ᠮᠡᠷᠭᠡᠵᠢᠯ ᠤᠨ ᠥᠭᠡᠷᠡᠴᠢᠯᠡᠯᠲᠡ ᠶᠢᠨ ᠲᠦᠷᠦᠯ ᠵᠦᠢᠯ ᠢ ᠪᠠᠶᠢᠭᠤᠯᠵᠤ᠂ | ᠮᠠᠨ ᠤ ᠣᠷᠣᠨ ᠤ ᠬᠠᠶᠢᠯᠤᠭᠤᠷ ᠵᠤᠩᠰᠢ ᠶᠢᠨ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠬᠤ ᠵᠢᠴᠢ | ᠪᠤᠭᠤᠲᠤ ᠬᠤᠳᠠ ᠶᠢᠨ ᠮᠢᠩᠭᠠᠨ ᠳ᠋ᠦᠩᠰᠢᠭᠤᠷ ᠤᠨ ᠳᠡᠰ ᠤᠨ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠰᠠᠭᠤᠷᠢᠨ ᠢ | ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠪᠠ᠃ᠪᠠᠢ ᠶᠦᠨ ᠲᠡᠮᠦᠷ ᠤᠨ ᠠᠭᠤᠷᠬᠠᠢ ᠶᠢᠨ 3 ᠰᠢᠷᠣᠢ ᠭᠠᠳᠠᠭᠰᠢᠯᠠᠭᠤᠯᠬᠤ ᠲᠠᠯᠠᠪᠠᠶ ᠶᠢᠨ ᠲᠡᠮᠦᠷ | ᠠᠭᠤᠯᠤᠭᠰᠠᠨ ᠬᠡᠷᠡᠭᠴᠡᠭᠡᠲᠦ ᠴᠢᠯᠠᠭᠤᠯᠢᠭ ᠤᠨ ᠬᠠᠭᠤᠷᠠᠢ ᠪᠠᠷ ᠰᠣᠩᠭᠤᠬᠤ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠢ ᠲᠤᠷᠰᠢᠨ ᠦᠢᠯᠡᠳᠪᠦᠷᠢᠯᠡᠵᠦ᠂ | ᠬᠤᠩ ᠠᠷᠰᠤᠨ ᠬᠠᠭᠤᠷᠠᠢ ᠪᠠᠷ ᠰᠣᠩᠭᠤᠬᠤ ᠦᠢᠯᠡᠳᠪᠦᠷᠢᠯᠡᠯ ᠤᠨ ᠱᠤᠭᠤᠮ ᠢ ᠲᠤᠷᠰᠢᠨ ᠠᠵᠢᠯᠯᠠᠭᠤᠯᠵᠤ᠂ ᠣᠶᠤᠨᠲᠤ ᠪᠠᠷᠠᠭᠠᠨ ᠤ ᠭᠦᠢᠯᠭᠡᠭᠡᠨ ᠤ ᠬᠥᠮᠥᠷᠭᠡᠯᠡᠨ | ᠬᠠᠳᠠᠭᠠᠯᠠᠬᠤ ᠲᠥᠷᠥᠯ ᠵᠦᠢᠯ ᠢ ᠡᠬᠢᠯᠡᠨ ᠬᠡᠷᠡᠭᠵᠢᠭᠦᠯᠵᠦ᠂ ᠮᠠᠨ ᠤ ᠣᠷᠣᠨ ᠤ ᠠᠵᠤ ᠠᠬᠤᠢ ᠶᠢᠨ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ | ᠪᠣᠯᠣᠨ᠎ᠠ᠃ | ︵ᠭᠤᠷᠪᠠ︶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠯ᠎ᠠ ᠪᠠᠷ ᠰᠢᠨ᠎ᠡ ᠠᠯᠬᠤᠮ ᠢ ᠠᠯᠬᠤᠪᠠ᠃︽ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠲᠡᠷᠢᠭᠦᠨ ᠤ | ᠡᠵᠡᠩᠨᠡᠯᠲᠡ ᠶᠢᠨ ᠣᠷᠴᠢᠨ ᠲᠣᠭᠤᠷᠢᠨ ᠢ ᠪᠤᠢ ᠪᠣᠯᠭᠠᠬᠤ 2022 ᠣᠨ ᠤ ᠭᠤᠣᠯᠳᠠᠯᠭ᠎ᠠ ᠲᠠᠢ ᠪᠣᠭᠤᠮᠲᠠ ᠰᠢᠪᠲᠤᠯᠬᠤ ᠠᠷᠭ᠎ᠠ ᠬᠡᠮᠵᠢᠶ᠎ᠡ ᠨᠦᠭᠦᠳ︾︾ ᠢ 70 | ᠵᠤᠷᠪᠤᠰ ᠪᠦᠬᠦ ᠲᠠᠯ᠎ᠠ ᠪᠠᠷ ᠠᠬᠢᠭᠤᠯᠵᠤ᠂ ︽ᠨᠢᠭᠡ ᠰᠦᠯᠵᠢᠶ᠎ᠡ ᠪᠠᠷ ᠪᠦᠬᠦᠨ ᠢ ᠰᠢᠢᠳᠪᠦᠷᠢᠯᠡᠬᠦ︾᠂ ᠲᠤᠬᠠᠶᠢᠯᠠᠪᠠᠯ ᠡᠷᠬᠢᠯᠡᠬᠦ ᠵᠦᠢᠯ ᠤᠨ ᠬᠠᠷᠢᠴᠠᠯ 72.3% ᠲᠤ | ᠬᠦᠷᠴᠦ᠂ ᠳᠤᠮᠳᠠᠴᠢ ᠪᠠᠷ ᠭᠦᠢᠴᠡᠳᠬᠡᠬᠦ ᠴᠠᠭ ᠬᠤᠭᠤᠴᠠᠭ᠎ᠠ ᠶᠢ 87% ᠪᠠᠷ ᠪᠠᠭᠠᠰᠬᠠᠵᠤ᠂ ︽ᠨᠢᠭᠡ ᠴᠣᠩᠬᠤ︾ ᠶᠢᠨ ᠶᠡᠷᠦᠩᠬᠡᠶᠢᠯᠡᠨ ᠬᠦᠯᠢᠶᠡᠨ ᠠᠪᠴᠤ | ᠰᠢᠢᠳᠪᠦᠷᠢᠯᠡᠬᠦ ᠵᠦᠢᠯᠡᠰ ᠤᠨ ᠬᠠᠷᠢᠴᠠᠯ 98% ᠢ ᠡᠵᠡᠯᠡᠪᠡ᠃ᠥᠯᠥ ᠬᠥᠳᠡᠯᠬᠦ ᠬᠥᠷᠥᠩᠭᠡ ᠶᠢᠨ ᠡᠷᠦᠬᠡ ᠰᠢᠯᠵᠢᠭᠦᠯᠬᠦ ᠤᠰᠤ ᠴᠠᠬᠢᠯᠭᠠᠨ ᠳᠤᠯᠠᠭᠠᠯᠠᠭ᠎ᠠ ᠶᠢᠨ | ᠬᠠᠮᠲᠤᠷᠠᠨ ᠭᠦᠢᠴᠡᠳᠬᠡᠬᠦ ︽ᠨᠢᠭᠡ ᠶᠠᠪᠤᠳᠠᠯ︾ ᠵᠡᠷᠭᠡ ᠪᠢᠴᠢᠯ ᠥᠭᠡᠷᠡᠴᠢᠯᠡᠯᠲᠡ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠪᠥᠬᠦ ᠤᠯᠤᠰ ᠤᠨ | 154 ᠵᠠᠰᠠᠭ ᠤᠨ ᠶᠠᠪᠤᠳᠠᠯ ᠤᠨ ᠪᠠᠶᠢᠭᠤᠯᠤᠮᠵᠢ ᠲᠠᠢ ᠰᠢᠭᠤᠳ ᠰᠢᠢᠳᠪᠦᠷᠢᠯᠡᠬᠦ ᠬᠤᠯᠪᠣᠭ᠎ᠠ ᠪᠠᠶᠢᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ | ᠣᠨᠳᠣᠣ ᠭᠠᠵᠠᠷ ᠲᠤ ᠡᠷᠭᠢᠯᠡᠬᠦ ᠶᠢ ᠪᠡᠶᠡᠯᠡᠭᠦᠯᠵᠦ᠂ ᠪᠥᠬᠦ ᠵᠢᠯ ᠳᠤ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ 277 ᠰᠢᠨ᠎ᠡ ᠪᠠᠷ ᠨᠡᠮᠡᠭᠳᠡᠭᠦᠯᠪᠡ᠃ᠤᠯᠤᠰ᠂ | ᠥᠪᠡᠷᠲᠡᠭᠡᠨ ᠵᠠᠰᠠᠬᠤ ᠣᠷᠣᠨ ᠪᠣᠯᠣᠨ ᠪᠤᠭᠤᠲᠤ ᠬᠤᠲᠠ ᠶᠢᠨ ᠠᠵᠤ ᠠᠬᠤᠢ ᠶᠢ ᠲᠣᠭᠲᠠᠭᠤᠨ ᠪᠠᠶᠢᠯᠭᠠᠬᠤ ︽ᠪᠦᠬᠦᠨ ᠢ ᠬᠠᠮᠤᠷᠤᠭᠰᠠᠨ︾ ᠲᠥᠷᠥ ᠶᠢᠨ | ᠪᠣᠳᠣᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢᠨ ︽ᠭᠤᠶᠤᠴᠢᠯᠠᠬᠤ ᠦᠭᠡᠢ ᠪᠠᠷ ᠳᠠᠷᠤᠢ ᠡᠳ᠋ᠯᠡᠬᠦ︾ ᠶᠢ | ᠢᠳᠡᠪᠬᠢᠲᠡᠢ ᠳᠡᠯᠭᠡᠷᠡᠭᠦᠯᠦᠨ᠂ ᠡᠯ᠎ᠡ ᠱᠠᠲᠤᠨ ᠤ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ | ᠲᠥᠷᠥᠯ ᠤᠨ ᠭᠠᠶᠢᠯᠢ ᠰᠦᠢᠳᠬᠡᠯ ᠢ 4503.4 ᠲᠦᠮᠡᠨ ᠲᠥᠭᠦᠷᠢᠭ ᠬᠠᠰᠤᠵᠤ ᠬᠡᠯᠲᠦᠷᠢᠭᠦᠯᠪᠡ᠃ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠡᠭᠦᠷᠭᠡ ᠶᠢ ᠪᠡᠶᠡᠯᠡᠭᠦᠯᠵᠦ᠂ ᠥᠪᠥᠷ ᠮᠣᠩᠭᠤᠯ ᠤᠨ ᠱᠧᠩ ᠹᠧᠢ ᠡᠵᠡᠩᠨᠡᠯᠲᠡ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯᠣᠨ ᠪᠥᠸᠧ ᠶᠤᠸᠠᠨ ᠤᠰᠤ ᠬᠠᠩᠭᠠᠬᠤ ᠤᠰᠤ ᠵᠠᠯᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ | ᠪᠣᠳᠠᠲᠤ ᠴᠣᠭᠴᠠ ᠶᠢᠨ ᠠᠵᠢᠯᠯᠠᠭᠠᠨ ᠢ ᠪᠡᠶᠡᠯᠡᠭᠦᠯᠪᠡ᠃ᠣᠷᠴᠢᠨ ᠲᠣᠭᠤᠷᠢᠨ ᠤ ᠠᠷᠢᠭᠤᠨ ᠴᠡᠪᠡᠷ᠂ ᠨᠣᠭᠤᠭᠠᠷᠠᠭᠤᠯᠤᠯᠲᠠ ᠶᠢ ᠵᠠᠬ᠎ᠠ ᠳᠡᠯᠭᠡᠭᠦᠷᠴᠢᠯᠡᠨ | ᠠᠵᠢᠯᠯᠠᠭᠤᠯᠬᠤ ᠶᠢ ᠪᠡᠶᠡᠯᠡᠭᠦᠯᠪᠡ᠃︽ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠠᠩᠭᠢ︾ ᠶᠢ ᠪᠠᠶᠢᠭᠤᠯᠬᠤ ᠶᠢ ᠠᠬᠢᠭᠤᠯᠵᠤ᠂ ᠡᠩ ᠤᠨ ᠳᠡᠭᠡᠳᠦ ᠵᠡᠷᠭᠡ ᠶᠢᠨ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠬᠢᠭᠡᠳ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠭᠤᠰᠤᠯᠴᠠᠨ ᠬᠥᠭᠵᠢᠬᠦ ᠶᠢ | ᠰᠦᠪᠡᠭᠴᠢᠯᠡᠨ᠎ᠡ᠃ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠵᠤ᠂ ᠰᠢᠶᠠᠨ ᠤ ᠬᠡᠪᠴᠢᠶᠡᠨ ᠤ | ᠨᠢᠭᠲᠠ ᠬᠡᠯᠪᠡᠷᠢ ᠶᠢᠨ ᠡᠮᠨᠡᠯᠭᠡ ᠶᠢᠨ ᠬᠠᠮᠲᠤ ᠶᠢᠨ ᠴᠣᠭᠴᠠ ᠶᠢᠨ︽ᠬᠤᠪᠣᠷ ᠰᠢᠷᠣᠢ ᠶᠢᠨ ᠠᠵᠤ ᠦᠢᠯᠡᠰ ᠤᠨ ᠬᠥᠩᠭᠡᠨ ᠬᠡᠮᠵᠢᠶᠡᠵᠢᠭᠦᠯᠦᠨ ᠬᠡᠷᠡᠭᠯᠡᠬᠦ ᠶᠢ | ᠪᠠᠷᠢᠮᠵᠢᠶᠠᠵᠢᠭᠤᠯᠬᠤ ᠶᠢᠨ ᠬᠡᠷᠡᠭᠵᠢᠭᠦᠯᠬᠦ ᠰᠠᠨᠠᠯ ︵ᠲᠤᠷᠰᠢᠨ ᠬᠡᠷᠡᠭᠵᠢᠭᠦᠯᠬᠦ︶︾ ᠢ ᠲᠣᠭᠲᠠᠭᠠᠵᠤ᠂ ᠠᠵᠤ ᠠᠬᠤᠢ ᠶᠢᠨ ᠠᠵᠢᠯᠯᠠᠭ᠎ᠠ ᠪᠠ ᠨᠡᠶᠢᠭᠡᠮ ᠤᠨ | ᠬᠥᠭᠵᠢᠯᠲᠡ ᠳᠠᠬᠢ ᠪᠠᠷᠢᠮᠵᠢᠶᠠᠵᠢᠭᠤᠯᠤᠯᠲᠠ ᠶᠢᠨ ᠲᠤᠯᠭᠠᠭᠤᠷᠢᠯᠠᠬᠤ ᠦᠢᠯᠡᠳᠦᠯ ᠢ ᠪᠠᠳᠠᠷᠠᠭᠤᠯᠤᠨ᠎ᠠ᠃ | ︵ᠳᠥᠷᠪᠡ︶ ᠬᠤᠲᠠ ᠶᠢᠨ ᠳᠦᠷᠰᠦ ᠪᠠᠶᠢᠳᠠᠯ ᠰᠢᠨ᠎ᠡ ᠳᠡᠭᠡᠭᠰᠢᠯᠡᠯᠲᠡ ᠲᠠᠢ ᠪᠣᠯᠪᠠ᠃ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠢ ᠶᠢᠨ | ᠪᠠᠶᠢᠴᠠᠭᠠᠯᠲᠠ ᠶᠢᠨ ᠦᠷ᠎ᠡ ᠪᠦᠲᠦᠭᠡᠯ ᠢ ᠥᠪᠡᠷᠲᠡᠭᠡᠨ ᠵᠠᠰᠠᠬᠤ ᠣᠷᠣᠨ ᠤ ᠰᠢᠯᠭᠠᠨ ᠠᠪᠬᠤ ᠪᠠᠷ ᠳᠡᠮᠵᠢᠨ᠂ ︽ᠭᠤᠷᠪᠠᠨ ᠣᠷᠣᠨ ᠭᠤᠷᠪᠠᠨ ᠱᠤᠭᠤᠮ︾ ᠢ | ᠵᠠᠭᠠᠭᠯᠠᠨ ᠲᠣᠭᠲᠠᠭᠠᠬᠤ ᠶᠢ ᠴᠢᠨᠠᠷ ᠰᠠᠶᠢᠲᠠᠢ ᠪᠡᠶᠡᠯᠡᠭᠦᠯᠵᠦ᠂ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠢ 1.5 ᠳᠠᠬᠢᠨ ᠢᠶᠠᠷ ᠵᠠᠭᠠᠭᠯᠠᠨ | ᠲᠣᠭᠲᠠᠭᠠᠬᠤ ᠪᠠᠷ ᠴᠢᠷᠮᠠᠶᠢᠵᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠳᠤ ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠭᠡᠯ | ᠭᠠᠷᠭᠠᠨ᠎ᠠ᠃18 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠤᠰᠤᠨ ᠰᠤᠷᠪᠤᠯᠵᠢ ᠶᠢᠨ ᠭᠠᠵᠠᠷ ᠤᠨ ᠤᠰᠤ ᠬᠠᠩᠭᠠᠬᠤ ᠲᠥᠬᠦᠭᠡᠷᠦᠮᠵᠢ ᠶᠢᠨ | ᠡᠨᠧᠷᠭᠢ ᠠᠷᠪᠢᠯᠠᠬᠤ ᠥᠭᠡᠷᠡᠴᠢᠯᠡᠯᠲᠡ ᠪᠠ ᠤᠰᠤ ᠬᠠᠩᠭᠠᠬᠤ ᠬᠤᠭᠤᠯᠠᠢ ᠶᠢᠨ ᠲᠣᠣᠷ ᠤᠨ ᠥᠭᠡᠷᠡᠴᠢᠯᠡᠯᠲᠡ ᠶᠢᠨ ᠢᠨᠵᠧᠨᠧᠷᠢᠩ ᠢ ᠬᠡᠷᠡᠭᠵᠢᠭᠦᠯᠪᠡ᠃ᠬᠤᠲᠠ ᠶᠢᠨ | ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠰᠠᠭᠤᠭᠠᠯᠢ ᠠᠷᠠᠳ ᠤᠨ ᠶᠠᠪᠤᠵᠤ ᠰᠠᠭᠤᠬᠤ᠂ | ᠠᠷᠠᠳ ᠲᠤ ᠲᠥᠬᠦᠮ ᠦᠵᠡᠭᠦᠯᠵᠦ ᠰᠡᠯᠡᠭᠦᠴᠡᠬᠦ ᠵᠡᠷᠭᠡ ᠲᠠᠯ᠎ᠠ ᠶᠢᠨ ᠲᠣᠭᠤᠷᠢᠨ ᠳᠤ ᠬᠤᠲᠠ ᠶᠢᠨ ︽ᠪᠢᠴᠢᠯ ᠵᠠᠰᠠᠯᠲᠠ︾ ᠪᠠ ᠬᠤᠲᠠ ᠶᠢᠨ ᠣᠷᠣᠨ ᠵᠠᠢ ᠶᠢᠨ | ︽ᠪᠢᠴᠢᠯ ᠰᠢᠨᠡᠴᠢᠯᠡᠯᠲᠡ︾ ᠶᠢ ᠥᠷᠨᠢᠭᠦᠯᠵᠦ᠂ 130 ᠭᠠᠷᠤᠢ ᠲᠦᠮᠡᠨ ᠲᠥᠭᠦᠷᠢᠭ ᠣᠷᠣᠭᠤᠯᠤᠨ ᠬᠠᠭᠤᠴᠢᠨ ᠵᠢᠵᠢᠭ ᠲᠣᠭᠤᠷᠢᠭ ᠤᠨ ᠥᠭᠡᠷᠡᠴᠢᠯᠡᠯᠲᠡ ᠶᠢ | ᠪᠡᠶᠡᠯᠡᠭᠦᠯᠵᠦ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠤᠨ᠂ 160 ᠲᠦᠮᠡᠨ | ᠲᠥᠭᠦᠷᠢᠭ ᠣᠷᠣᠭᠤᠯᠤᠨ ᠨᠥᠬᠦᠷᠯᠡᠯ ᠵᠠᠮ ᠤᠨ ᠥᠭᠡᠷᠡᠴᠢᠯᠡᠯᠲᠡ ᠪᠠ ᠬᠠᠲᠠᠭᠤᠷᠠᠭᠤᠯᠤᠨ ᠳᠡᠪᠢᠰᠬᠦ ᠠᠵᠢᠯ ᠢ ᠪᠡᠶᠡᠯᠡᠭᠦᠯᠵᠦ᠂ 90 ᠲᠦᠮᠡᠨ ᠲᠥᠭᠦᠷᠢᠭ | ᠣᠷᠣᠭᠤᠯᠤᠨ ᠲᠦᠩ ᠶᠠᠩ ᠳ᠋ᠣᠣ ᠵᠠᠮ᠂ ᠪᠠᠢ ᠯᠢᠩ ᠵᠠᠮ ᠤᠨ ᠳ᠋ᠧᠩ ᠢ ᠰᠡᠯᠪᠢᠨ ᠵᠠᠰᠠᠵᠤ ᠬᠠᠮᠠᠭᠠᠯᠠᠪᠠ᠃ᠬᠤᠳᠠ ᠶᠢᠨ ᠲᠣᠭᠤᠷᠢᠭ ᠤᠨ ᠬᠡᠰᠡᠭ ᠭᠤᠣᠯ ᠳᠡᠳ᠋ | ᠵᠠᠮ ᠬᠠᠷᠢᠯᠴᠠᠭᠠᠨ ᠤ ᠲᠡᠮᠳᠡᠭ ᠱᠤᠭᠤᠮ ᠢ ᠰᠢᠨ᠎ᠡ ᠪᠠᠷ ᠵᠠᠭᠠᠭᠯᠠᠨ ᠲᠣᠭᠲᠠᠭᠠᠵᠤ᠂ ᠨᠡᠶᠢᠲᠡ ᠶᠢᠨ ᠲᠡᠷᠭᠡ ᠵᠣᠭᠰᠣᠬᠤ ᠪᠠᠶᠢᠷᠢ ᠶᠢ 3639 ᠰᠢᠨ᠎ᠡ ᠪᠠᠷ | ᠨᠡᠮᠡᠭᠳᠡᠭᠦᠯᠬᠦ ᠪᠠᠷ ᠲᠥᠯᠥᠪᠵᠢᠭᠦᠯᠵᠦ᠂ ᠣᠶᠤᠨᠴᠢᠯᠠᠭᠰᠠᠨ ᠨᠡᠶᠢᠲᠡ ᠶᠢᠨ ᠮᠠᠰᠢᠨ ᠲᠡᠷᠭᠡᠨ ᠤ ᠦᠷᠳᠡᠭᠡ ᠶᠢ 4 ᠨᠡᠮᠡᠨ ᠪᠠᠶᠢᠭᠤᠯᠵᠤ᠂ ᠪᠡᠶ᠎ᠡ ᠴᠢᠭᠢᠷᠠᠭᠵᠢᠭᠤᠯᠬᠤ | ᠵᠠᠮ ᠢ 8 ᠤᠭᠰᠠᠷᠠᠭᠤᠯᠤᠨ᠎ᠠ᠃300 ᠲᠦᠮᠡᠨ ᠲᠥᠭᠦᠷᠢᠭ ᠣᠷᠣᠭᠤᠯᠵᠤ᠂ ᠵᠢᠵᠢᠭ ᠲᠣᠭᠤᠷᠢᠭ ᠢ ᠪᠢᠲᠡᠭᠦᠮᠵᠢᠯᠡᠬᠦ ᠢᠨᠵᠧᠨᠧᠷᠢᠩ ᠢ ᠬᠡᠷᠡᠭᠵᠢᠭᠦᠯᠵᠦ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠳᠠᠯ ᠠᠬᠤᠢ ᠶᠢᠨ ᠬᠠᠮᠢᠶᠠᠷᠤᠯᠲᠠ ᠳᠤ ᠬᠦᠴᠦᠨ ᠨᠡᠮᠡᠷᠢᠯᠡᠨ᠎ᠡ᠃230 ᠲᠦᠮᠡᠨ ᠲᠥᠭᠦᠷᠢᠭ ᠣᠷᠣᠭᠤᠯᠵᠤ᠂ | ᠬᠤᠲᠠ ᠶᠢᠨ 3 ᠥᠷᠲᠡᠭᠡ᠂ 1 ᠤᠰᠤᠨ ᠵᠣᠷᠯᠣᠩ ᠰᠢᠨ᠎ᠡ ᠪᠠᠷ ᠪᠠᠶᠢᠭᠤᠯᠵᠤ᠂ ᠲᠥᠷᠥᠯ ᠬᠤᠪᠢᠶᠠᠭᠰᠠᠨ ᠬᠤᠭ ᠨᠣᠪᠰᠢ ᠶᠢᠨ ᠰᠠᠪᠠ 1200 ᠨᠡᠮᠡᠨ᠎ᠡ᠃60 | ᠲᠦᠮᠡᠨ ᠲᠥᠭᠦᠷᠢᠭ ᠣᠷᠣᠭᠤᠯᠵᠤ᠂ ᠳᠠᠬᠢᠨ ᠠᠵᠢᠯ ᠣᠯᠭᠤᠬᠤ ᠵᠠᠬ᠎ᠠ ᠳᠡᠯᠭᠡᠭᠦᠷ ᠢ ᠲᠠᠰ ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ ᠢ ᠪᠡᠶᠡᠯᠡᠭᠦᠯᠵᠦ᠂ ᠵᠠᠬ᠎ᠠ | ᠳᠡᠯᠭᠡᠭᠦᠷ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠰᠠᠶᠢᠵᠢᠷᠠᠭᠤᠯᠤᠨ᠎ᠠ᠃ᠠᠭᠤᠷᠬᠠᠢ ᠶᠢᠨ ᠰᠣᠶᠣᠯ ᠤᠨ ᠭᠤᠣᠯ ᠰᠡᠳᠦᠪᠲᠦ ᠴᠡᠴᠡᠷᠯᠢᠭ ᠤᠨ ᠲᠥᠷᠥᠯ | ᠵᠦᠢᠯ ᠤᠨ ᠪᠠᠶᠢᠭᠤᠯᠤᠯᠲᠠ ᠶᠢ ᠪᠡᠶᠡᠯᠡᠭᠦᠯᠵᠦ᠂ ᠠᠭᠤᠷᠬᠠᠢ ᠶᠢᠨ ᠴᠡᠴᠡᠷᠯᠢᠭ ᠤᠨ ᠰᠣᠶᠣᠯ ᠤᠨ ᠠᠭᠤᠯᠤᠭᠳᠠᠬᠤᠨ ᠢ ᠳᠡᠭᠡᠭᠰᠢᠯᠡᠭᠦᠯᠦᠨ᠎ᠡ᠃250 ᠲᠦᠮᠡᠨ | ᠲᠥᠭᠦᠷᠢᠭ ᠣᠷᠣᠭᠤᠯᠵᠤ ᠪᠠᠶᠢᠭᠠᠳ ᠬᠤᠭ ᠨᠣᠪᠰᠢ ᠶᠢᠨ ᠰᠢᠮᠡᠳᠦᠨ ᠱᠦᠭᠦᠬᠦ ᠰᠢᠩᠭᠡᠨ ᠢ ᠰᠢᠢᠳᠪᠦᠷᠢᠯᠡᠬᠦ ᠪᠠ ᠬᠤᠭ ᠨᠣᠪᠰᠢ ᠪᠤᠯᠠᠬᠤ ᠲᠠᠯᠠᠪᠠᠶ ᠶᠢᠨ | ᠪᠣᠷᠣᠭᠠᠨ ᠤ ᠪᠣᠬᠢᠷᠲᠤᠯ ᠢ ᠰᠠᠯᠭᠠᠬᠤ ᠥᠭᠡᠷᠡᠴᠢᠯᠡᠯᠲᠡ ᠶᠢᠨ ᠲᠥᠷᠥᠯ ᠵᠦᠢᠯ ᠢ ᠬᠡᠷᠡᠭᠵᠢᠭᠦᠯᠦᠨ᠎ᠡ᠃ᠬᠤᠳᠠ ᠶᠢᠨ ᠴᠢᠳᠠᠮᠵᠢ ᠡᠳᠦᠷ ᠢᠷᠡᠬᠦᠶ᠎ᠡ ᠲᠡᠭᠦᠯᠳᠡᠷᠵᠢᠵᠦ᠂ | ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢᠯᠡᠳᠲᠡ ᠳᠡᠭᠡᠭᠰᠢᠯᠡᠪᠡ᠃ | ︵ᠲᠠᠪᠤ︶ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠰᠢᠨ᠎ᠡ ᠬᠢᠷᠢ ᠲᠦᠪᠰᠢᠨ ᠳᠤ ᠬᠦᠷᠦᠭᠦᠯᠦᠨ᠎ᠡ᠃ᠨᠡᠶᠢᠲᠡ 1112 ᠲᠦᠮᠡᠨ ᠲᠥᠭᠦᠷᠢᠭ ᠤᠨ | ᠪᠡᠯᠡ ᠣᠷᠣᠭᠤᠯᠵᠤ᠂ ᠭᠠᠵᠠᠷ ᠣᠷᠣᠨ ᠤ ᠰᠤᠷᠭᠠᠨ ᠬᠥᠮᠦᠵᠢᠯ ᠤᠨ ᠰᠤᠷᠭᠠᠭᠤᠯᠢ ᠡᠷᠭᠢᠯᠡᠬᠦ ᠬᠢᠷᠢ ᠲᠦᠪᠰᠢᠨ᠂ ᠰᠤᠷᠭᠠᠭᠤᠯᠢ ᠡᠷᠭᠢᠯᠡᠬᠦ ᠠᠭᠤᠯᠤᠭᠳᠠᠬᠤᠨ᠂ | ᠰᠤᠷᠭᠠᠭᠤᠯᠢ ᠡᠷᠭᠢᠯᠡᠬᠦ ᠰᠣᠶᠣᠯ ᠢ ᠬᠦᠴᠦᠯᠡᠨ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ | ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠤᠨ ᠬᠢᠨᠠᠨ ᠵᠢᠯᠤᠭᠤᠳᠴᠤ ᠦᠨᠡᠯᠡᠨ ᠵᠢᠱᠢᠵᠦ ᠰᠢᠯᠭᠠᠨ ᠠᠪᠬᠤ ᠶᠢ ᠥᠨᠳᠥᠷ ᠪᠠᠷᠢᠮᠵᠢᠶ᠎ᠠ ᠪᠠᠷ ᠥᠩᠭᠡᠷᠡᠭᠦᠯᠪᠡ᠃ | ᠠᠩᠬ᠎ᠠ ᠵᠡᠷᠭᠡ ᠶᠢᠨ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠢᠲᠡᠭᠦᠮᠵᠢᠯᠡᠭᠰᠡᠨ ᠮᠠᠶ᠋ᠢᠭ ᠤᠨ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ ᠶᠢᠨ | ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠵᠠᠭᠤᠨ ᠤ ᠵᠠᠭᠤ ᠪᠠᠷ ᠴᠢᠨᠠᠷ ᠰᠠᠶᠢᠲᠠᠢ | ᠪᠡᠶᠡᠯᠡᠭᠦᠯᠪᠡᠤᠯᠤᠰ ᠤᠨ ︽ᠬᠤᠶᠠᠷ ᠢ ᠪᠠᠭᠠᠰᠬᠠᠬᠤ︾ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠤᠭᠤᠲᠤ ᠬᠤᠲᠠ ᠶᠢᠨ ᠰᠤᠷᠭᠠᠨ | ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢᠨ ᠵᠢᠱᠢᠶ᠎ᠡ ᠦᠵᠡᠭᠦᠯᠬᠦ ᠲᠣᠭᠤᠷᠢᠭ ᠲᠤ ᠰᠣᠩᠭᠤᠨ᠎ᠠ᠃ᠪᠠᠭ᠎ᠠ ᠰᠤᠷᠭᠠᠭᠤᠯᠢ ᠶᠢᠨ ᠪᠠᠶᠢᠴᠠᠭᠠᠨ | ᠰᠤᠳᠤᠯᠤᠯᠲᠠ ᠶᠢᠨ ᠰᠢᠯᠭᠠᠯᠲᠠ ᠨᠢ ᠴᠥᠮ ᠪᠥᠬᠦ ᠬᠤᠲᠠ ᠶᠢᠨ ᠬᠤᠶᠠᠳᠤᠭᠠᠷ ᠲᠤ ᠣᠷᠣᠵᠤ᠂ ᠥᠨᠳᠥᠷ ᠳᠤᠮᠳᠠᠳᠤ ᠶᠢᠨ ᠰᠢᠯᠭᠠᠯᠲᠠ ᠶᠢᠨ ᠡᠩ ᠤᠨ ᠳᠡᠭᠡᠳᠦ | ᠰᠤᠷᠭᠠᠭᠤᠯᠢ ᠳᠤ ᠳᠡᠪᠰᠢᠭᠰᠡᠨ ᠨᠣᠷᠮ᠎ᠠ 80% ᠳᠤ ᠬᠦᠷᠴᠦ᠂ ᠥᠩᠭᠡᠷᠡᠭᠰᠡᠨ ᠵᠢᠯ ᠤᠳ ᠤᠨ ᠬᠠᠮᠤᠭ ᠤᠨ ᠥᠨᠳᠥᠷ ᠬᠡᠮᠵᠢᠶᠡᠨ ᠳᠤ ᠬᠦᠷᠴᠦ᠂ ᠳᠡᠭᠡᠳᠦ | ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠵᠢᠩᠬᠢᠨᠢ ᠠᠩᠭᠢ ᠶᠢᠨ ᠰᠦᠯᠵᠢᠶᠡᠨ ᠳᠤ ᠣᠷᠣᠭᠰᠠᠨ ᠨᠣᠷᠮ᠎ᠠ 84% ᠳᠤ ᠬᠦᠷᠴᠦ᠂ ᠡᠭᠦᠷᠭᠡ | ᠬᠠᠷᠠᠯᠲᠠ ᠪᠠᠨ ᠳᠠᠪᠠᠭᠤᠯᠤᠨ ᠪᠡᠶᠡᠯᠡᠭᠦᠯᠵᠡᠢ᠃ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠢᠭᠲᠠ | ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠤᠨ᠎ᠠ᠃941 ᠲᠦᠮᠡᠨ | ᠲᠥᠭᠦᠷᠢᠭ ᠣᠷᠣᠭᠤᠯᠵᠤ ᠰᠢᠨ᠎ᠡ ᠪᠠᠷ ᠪᠠᠶᠢᠭᠤᠯᠤᠭᠰᠠᠨ ᠬᠠᠯᠠᠭᠤᠷᠠᠯ ᠤᠨ ᠡᠭᠦᠳᠡᠨ ᠡᠮᠨᠡᠯᠭᠡ᠂ ᠲᠤᠰᠠᠭᠠᠷᠯᠠᠬᠤ ᠡᠪᠡᠳᠴᠢᠲᠡᠨ ᠤ ᠣᠷᠣᠨ᠂ P C R | ᠲᠤᠷᠰᠢᠯᠲᠠ ᠶᠢᠨ ᠲᠠᠰᠤᠭ ᠢ ᠠᠰᠢᠭᠯᠠᠯᠲᠠ ᠳᠤ ᠣᠷᠣᠭᠤᠯᠪᠠ᠃230 ᠲᠦᠮᠡᠨ ᠲᠥᠭᠦᠷᠢᠭ ᠣᠷᠣᠭᠤᠯᠵᠤ᠂ ᠡᠮ ᠡᠮᠨᠡᠯᠭᠡ ᠶᠢᠨ ᠲᠥᠬᠦᠭᠡᠷᠦᠮᠵᠢ | ᠲᠥᠬᠦᠭᠡᠷᠦᠮᠵᠢ ᠶᠢ ᠲᠡᠭᠦᠯᠳᠡᠷᠵᠢᠭᠦᠯᠵᠦ᠂ 16 ᠲᠤᠰᠬᠠᠢ ᠮᠡᠷᠭᠡᠵᠢᠯ ᠤᠨ ᠠᠵᠢᠯᠲᠠᠨ ᠡᠯᠰᠡᠵᠦ᠂ ᠡᠮ ᠡᠮᠨᠡᠯᠭᠡ ᠶᠢᠨ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠨ᠂ ᠣᠯᠠᠨ ᠨᠡᠶᠢᠲᠡ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠪᠡ᠃ᠪᠥᠬᠦ ᠣᠷᠣᠨ ᠳᠤ ᠰᠢᠨ᠎ᠡ | ᠲᠢᠲᠢᠮ ᠤᠨ ᠸᠢᠷᠦ᠋ᠰ ᠤᠨ ᠸᠠᠺᠼᠢᠨ ᠢ ᠨᠡᠶᠢᠲᠡ 5.9 ᠲᠦᠮᠡᠨ ᠤᠳᠠᠭ᠎ᠠ ᠳᠠᠷᠢᠪᠠ᠃ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ | ᠭᠦᠨᠵᠡᠭᠡᠢ ᠥᠷᠨᠢᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃ | ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠠᠬᠢᠭᠤᠯᠵᠤ᠂ ᠪᠠᠢ ᠶᠦᠨ ᠠᠭᠤᠷᠬᠠᠢ ᠶᠢᠨ ᠣᠷᠣᠨ ᠤ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠢ | ᠪᠠᠶᠢᠭᠤᠯᠤᠨ ᠪᠦᠲᠦᠭᠡᠵᠦ᠂ ᠮᠠᠨ ᠤ ᠣᠷᠣᠨ ᠤ ᠠᠵᠢᠯᠲᠠᠨ ᠡᠯᠰᠡᠬᠦ ᠵᠠᠬ᠎ᠠ ᠳᠡᠯᠭᠡᠭᠦᠷ ᠤᠨ ᠲᠥᠪᠯᠡᠷᠡᠬᠦ ᠭᠠᠵᠠᠷ ᠢ ᠪᠣᠶ ᠪᠣᠯᠭᠠᠵᠤ᠂ ᠪᠥᠬᠦ ᠵᠢᠯ ᠳᠤ 233 | ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ 3.49% ᠪᠠᠶᠢᠵᠤ᠂ ᠵᠢᠯ ᠤᠨ | ᠡᠬᠢᠨ ᠤ ᠬᠠᠷᠠᠯᠲᠠ ᠠᠴᠠ 0.51 ᠵᠠᠭᠤᠨ ᠤ ᠨᠢᠭᠡᠴᠢ ᠳᠣᠣᠷ᠎ᠠ ᠪᠣᠯᠪᠠ᠃ᠪᠥᠬᠦ ᠬᠤᠲᠠ ᠶᠢᠨ ᠵᠡᠮᠳᠡᠭᠴᠦᠳ ᠤᠨ ᠲᠤᠰᠠᠯᠠᠬᠤ ᠴᠢᠨᠠᠷᠲᠠᠢ ᠠᠵᠢᠯ ᠣᠯᠭᠤᠯᠲᠠ ᠶᠢ | ᠠᠬᠢᠭᠤᠯᠬᠤ ᠠᠵᠢᠯ ᠤᠨ ᠲᠤᠬᠠᠢ ᠶᠢᠨ ᠲᠠᠯᠠᠪᠠᠶ ᠶᠢᠨ ᠦᠵᠡᠭᠦᠯᠦᠯᠭᠡ ᠶᠢᠨ ᠴᠤᠭᠯᠠᠭᠠᠨ ᠢ ᠳᠠᠭᠠᠭᠠᠨ ᠡᠷᠭᠢᠯᠡᠵᠦ᠂ ᠪᠤᠭᠤᠲᠤ ᠬᠤᠲᠠ ᠶᠢᠨ ᠵᠡᠮᠳᠡᠭᠴᠦᠳ ᠤᠨ | ᠲᠤᠰᠠᠯᠠᠬᠤ ᠴᠢᠨᠠᠷᠲᠠᠢ ᠠᠵᠢᠯ ᠣᠯᠭᠤᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠯᠭᠠᠨ᠎ᠠ᠃ᠪᠥᠬᠦ ᠬᠤᠲᠠ ᠶᠢᠨ ᠬᠡᠪᠴᠢᠶᠡᠨ ᠳᠤ ᠠᠯᠪᠠᠨ ᠪᠠᠶᠢᠭᠤᠯᠭ᠎ᠠ | ᠠᠵᠢᠯ ᠦᠢᠯᠡᠰ ᠤᠨ ᠨᠢᠭᠡᠴᠢ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠦᠨᠴᠡᠷᠢᠭ ᠨᠢ ᠠᠷᠠᠳ ᠢᠶᠠᠨ ᠬᠠᠶᠢᠷᠠᠯᠠᠬᠤ᠂ ᠠᠷᠠᠳ ᠨᠢ | ᠴᠡᠷᠢᠭ ᠢᠶᠠᠨ ᠬᠦᠷᠢᠶᠡᠯᠡᠬᠦ ᠰᠢᠯᠢᠳᠡᠭ ᠤᠯᠠᠮᠵᠢᠯᠠᠯ ᠢ ᠶᠡᠬᠡᠪᠡᠷ ᠪᠠᠳᠠᠷᠠᠭᠤᠯᠵᠤ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠪᠠ ᠬᠤᠶᠠᠷ ᠢ ᠬᠦᠷᠢᠶᠡᠯᠡᠬᠦ | ᠠᠵᠢᠯ ᠢ ᠯᠠᠪᠳᠠᠭᠤᠨ ᠪᠠᠲᠤᠲᠠᠢ ᠬᠦᠴᠦᠲᠡᠢ ᠰᠠᠶᠢᠲᠤᠷ ᠬᠢᠵᠦ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠰᠠᠶᠢᠨ ᠰᠠᠶᠢᠬᠠᠨ ᠪᠠᠶᠢᠳᠠᠯ ᠢ | ᠦᠷᠭᠦᠯᠵᠢᠯᠡᠨ ᠪᠠᠬᠢᠵᠢᠭᠦᠯᠦᠨ ᠬᠥᠭᠵᠢᠭᠦᠯᠦᠨ᠎ᠡ᠃420 ᠲᠦᠮᠡᠨ ᠲᠥᠭᠦᠷᠢᠭ ᠤᠨ ᠪᠡᠯᠡ ᠣᠷᠣᠭᠤᠯᠵᠤ ᠨᠣᠮ ᠤᠨ ᠰᠠᠩ ᠤᠨ ᠥᠭᠡᠷᠡᠴᠢᠯᠡᠯᠲᠡ ᠶᠢᠨ ᠲᠦᠷᠦᠯ | ᠵᠦᠢᠯ ᠢ ᠬᠡᠷᠡᠭᠵᠢᠭᠦᠯᠪᠡ᠃︽ᠴᠠᠭᠠᠨ ᠡᠭᠦᠯᠡ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠤᠭᠲᠤᠵᠤ᠂ ᠮᠥᠰᠥ ᠴᠠᠰᠤ ᠪᠦᠬᠦ ᠠᠷᠠᠳ ᠲᠤ | ᠠᠰᠢᠭ ᠬᠦᠷᠲᠡᠭᠡᠬᠦ︾ᠮᠥᠰᠥ ᠴᠠᠰᠤᠨ ᠤ ᠨᠠᠶᠢᠷ ᠨᠠᠭᠠᠳᠤᠮ ᠤᠨ ᠠᠵᠢᠯᠯᠠᠭ᠎ᠠ ᠨᠢ ᠬᠠᠷᠢᠶ᠎ᠠ ᠣᠷᠣᠨ ᠤ ᠠᠷᠠᠳ ᠲᠦᠮᠡᠨ ᠤ ᠠᠮᠢᠳᠤᠷᠠᠯ ᠢ ᠪᠠᠶᠠᠯᠢᠭᠵᠢᠭᠤᠯᠵᠠᠢ᠃ | ᠠᠷᠪᠠᠨ ᠳᠣᠯᠣᠳᠤᠭᠠᠷ ᠬᠤᠭᠤᠴᠠᠭᠠᠨ ᠤ ᠬᠠᠴᠢᠨ ᠴᠢᠯᠠᠭᠤᠨ ᠤ ᠰᠣᠶᠣᠯ ᠵᠢᠭᠤᠯᠴᠢᠯᠠᠯ ᠤᠨ ᠨᠠᠶᠢᠷ᠂ ︽ᠡᠷᠳᠡᠨᠢ ᠶᠢᠨ ᠠᠭᠤᠯᠠ ᠶᠢᠨ ᠦᠳᠡᠰᠢ︾ ᠶᠢᠨ ᠠᠮᠲᠠᠲᠤ | ᠢᠳᠡᠭᠡᠨ ᠤ ᠨᠠᠶᠢᠷ᠂ ︽ᠰᠢᠳᠢᠲᠦ ᠡᠷᠳᠡᠨᠢ ᠶᠢᠨ ᠠᠭᠤᠯᠠ︾ ᠶᠢᠨ ᠪᠡᠯᠡᠳᠬᠡᠯ ᠬᠠᠶᠢᠷᠴᠠᠭ ᠤᠨ ᠴᠤᠭᠯᠠᠭ᠎ᠠ ᠮᠠᠶᠢᠮᠠᠢ ᠶᠢᠨ ᠪᠠᠷᠠᠭ᠎ᠠ ᠬᠤᠳᠠᠯᠳᠤᠨ ᠠᠪᠬᠤ ᠨᠠᠶᠢᠷ᠂ | ᠠᠩᠬᠠᠳᠤᠭᠠᠷ ᠬᠤᠭᠤᠴᠠᠭᠠᠨ ᠤ ᠪᠤᠭᠤᠲᠤ ᠬᠤᠲᠠ ᠶᠢᠨ ᠱᠠᠨᠪᠧᠢ ᠣᠷᠣᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ | ᠲᠠᠨᠢᠯᠴᠠᠭᠤᠯᠬᠤ ᠴᠤᠭᠯᠠᠭᠠᠨ ᠢ ᠠᠮᠵᠢᠯᠲᠠ ᠲᠠᠢ ᠡᠷᠭᠢᠯᠡᠵᠦ᠂ ᠮᠠᠨ ᠤ ᠣᠷᠣᠨ ᠤ ᠰᠣᠶᠣᠯ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ | ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ᠪᠦᠬᠦ ᠤᠯᠤᠰ ᠤᠨ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠯᠲᠠ ᠶᠢᠨ ᠭᠤᠷᠪᠠᠨ | ᠵᠢᠯ ᠤᠨ ᠠᠵᠢᠯᠯᠠᠭ᠎ᠠ ᠲᠡᠭᠦᠰ ᠠᠮᠵᠢᠯᠲᠠ ᠲᠠᠢ ᠲᠡᠭᠦᠰᠪᠡ᠃78.4 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠪᠥᠬᠦ ᠣᠷᠣᠨ ᠤ 2800 ᠭᠠᠷᠤᠢ ᠡᠷᠦᠬᠡ | ᠰᠠᠭᠤᠭᠠᠯᠢ ᠠᠷᠠᠳ ᠲᠤ ᠰᠢᠲᠠᠮᠠᠬᠠᠢ ᠬᠡᠢ ᠶᠢᠨ ᠥᠪᠡᠰᠦᠪᠡᠨ ᠬᠠᠭᠠᠭᠳᠠᠬᠤ ᠨᠡᠭᠡᠯᠡᠭᠡᠢ ᠲᠠᠭᠠᠷᠠᠭᠤᠯᠵᠤ᠂ ᠮᠠᠨ ᠤ ᠣᠷᠣᠨ ᠤ ᠰᠢᠲᠠᠮᠠᠬᠠᠢ ᠬᠡᠢ ᠶᠢᠨ ᠬᠡᠷᠡᠭᠯᠡᠭᠴᠢ ᠶᠢᠨ | ᠮᠡᠷᠭᠡᠵᠢᠯ ᠤᠨ ᠰᠡᠷᠭᠡᠶᠢᠯᠡᠯᠲᠡ ᠶᠢᠨ ᠪᠡᠯᠡᠳᠬᠡᠮᠵᠢ ᠶᠢᠨ ᠤᠭᠰᠠᠷᠠᠯᠲᠠ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠭᠠᠯ ᠤᠨᠲᠠᠷᠠᠭᠠᠬᠤ ᠠᠵᠢᠯ ᠤᠨ ᠬᠢᠨᠠᠨ ᠰᠢᠯᠭᠠᠯᠲᠠ ᠶᠢᠨ ᠦᠯᠡᠳᠡᠭᠳᠡᠯ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠢᠳᠡᠪᠬᠢᠲᠡᠢ ᠪᠠᠷ | ᠠᠬᠢᠭᠤᠯᠵᠤ᠂ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠪᠥᠬᠦ ᠬᠤᠲᠠ ᠳᠤ ᠤᠷᠢᠳᠠᠪᠠᠷ ᠵᠠᠰᠠᠬᠤ ᠡᠭᠦᠷᠭᠡ ᠪᠠᠨ ᠪᠡᠶᠡᠯᠡᠭᠦᠯᠪᠡ᠃ᠥᠪᠡᠰᠦᠪᠡᠨ ᠪᠠᠷᠢᠭᠰᠠᠨ | ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠬᠢᠨᠠᠨ ᠲᠣᠭᠲᠠᠭᠠᠭᠰᠠᠨ ᠨᠣᠷᠮ᠎ᠠ᠂ ᠵᠠᠰᠠᠭᠰᠠᠨ | ᠨᠣᠷᠮ᠎ᠠ ᠶᠢ 100% ᠳᠤ ᠬᠦᠷᠦᠭᠦᠯᠦᠨ᠎ᠡ᠃ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠪᠠᠶᠢᠳᠠᠯ ᠢ ᠲᠣᠭᠲᠠᠭᠤᠨ ᠪᠠᠶᠢᠯᠭᠠᠬᠤ ᠶᠢᠨ ᠵᠡᠷᠭᠡ ᠳᠤ | ᠰᠠᠶᠢᠵᠢᠷᠠᠭᠤᠯᠵᠤ᠂ ᠢᠳᠡᠭᠡᠨ ᠤ ︽ᠭᠤᠷᠪᠠᠨ ᠵᠢᠵᠢᠭ︾ ᠤᠨ ᠠᠵᠢᠯ ᠲᠥᠷᠥᠯ ᠤᠨ ᠶᠡᠷᠦᠩᠬᠡᠶᠢᠯᠡᠭᠰᠡᠨ ᠵᠠᠰᠠᠯᠲᠠ ᠶᠢ ᠵᠢᠱᠢᠶ᠎ᠡ ᠦᠵᠡᠭᠦᠯᠦᠨ ᠬᠥᠲᠥᠯᠥᠨ | ᠳᠠᠭᠠᠭᠤᠯᠬᠤ ᠦᠷ᠎ᠡ ᠳ᠋ᠦᠩ ᠳᠤ ᠬᠦᠷᠦᠭᠦᠯᠦᠨ᠎ᠡ᠃︽ᠠᠮᠤᠷ ᠠᠮᠤᠭᠤᠯᠠᠩ ᠨᠡᠶᠢᠭᠡᠮ ᠲᠣᠭᠤᠷᠢᠭ︾ ᠢ ᠢᠳᠡᠪᠬᠢᠲᠡᠢ ᠪᠠᠷ ᠪᠠᠶᠢᠭᠤᠯᠵᠤ᠂ ᠪᠥᠬᠦ ᠬᠤᠲᠠ ᠶᠢᠨ | ᠠᠩᠬᠠᠳᠠᠭᠴᠢ ︽ᠵᠠᠰᠠᠭ ᠵᠠᠬᠢᠷᠭᠠᠨ ᠤ ᠮᠠᠷᠭᠤᠯᠳᠤᠭᠠᠨ ᠢ ᠦᠨᠡᠨ ᠪᠣᠳᠠᠲᠠᠢ ᠪᠠᠷ ᠠᠷᠢᠯᠭᠠᠬᠤ ᠠᠵᠢᠯ ᠤᠨ ᠥᠷᠲᠡᠭᠡ︾ ᠪᠠ ︽ᠬᠤᠣᠷ ᠦᠭᠡᠢ ᠨᠡᠶᠢᠭᠡᠮ | ᠲᠣᠭᠤᠷᠢᠭ︾ ᠢ ᠪᠠᠶᠢᠭᠤᠯᠤᠨ᠎ᠠ᠃ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠵᠠᠭᠪᠤᠷ ᠲᠤ ᠰᠢᠨ᠎ᠡ ᠶᠢ ᠡᠭᠦᠳᠦᠨ ᠨᠡᠶᠢᠲᠡᠯᠡᠵᠦ᠂ | ᠠᠭᠤᠷᠬᠠᠢ ᠶᠢᠨ ᠵᠠᠮ ᠤᠨ ᠵᠡᠭᠡᠯᠢ ᠭᠤᠳᠤᠮᠵᠢ ᠠᠮᠤᠷ ᠠᠮᠤᠭᠤᠯᠠᠩ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠵᠡᠭᠡᠯᠢ | ᠭᠤᠳᠤᠮᠵᠢ ᠪᠠᠷ ᠦᠨᠡᠯᠡᠭᠳᠡᠪᠡ᠃ | ︵ᠵᠢᠷᠭᠤᠭ᠎ᠠ︶ ᠠᠮᠢ ᠠᠬᠤᠢ ᠶᠢᠨ ᠪᠣᠯᠪᠠᠰᠤᠨ ᠤ ᠰᠢᠨ᠎ᠡ ᠳᠠᠪᠰᠢᠯᠲᠠ ᠶᠢ ᠪᠡᠶᠡᠯᠡᠭᠦᠯᠦᠨ᠎ᠡ᠃︽ᠨᠡᠭᠦᠷᠡᠰᠦᠲᠥ᠋ᠷᠥᠭᠴᠢ ᠦᠭᠡᠢ ᠴᠠᠭᠠᠨ ᠡᠭᠦᠯᠡᠨ ᠤ | ᠪᠦᠲᠦᠭᠡᠨ ᠪᠠᠶᠢᠭᠤᠯᠤᠯᠲᠠ ᠶᠢᠨ ᠲᠥᠰᠥᠯ︾ ᠢ ᠡᠩ ᠲᠡᠷᠢᠭᠦᠨ ᠳᠤ ᠨᠠᠶᠢᠷᠠᠭᠤᠯᠤᠨ ᠵᠣᠬᠢᠶᠠᠵᠤ ᠳᠠᠭᠤᠰᠬᠠᠨ᠂ ︽ᠪᠣᠬᠢᠷᠲᠤᠯ ᠦᠭᠡᠢ ᠨᠡᠭᠦᠷᠡᠰᠦᠲᠥ᠋ᠷᠥᠭᠴᠢ | ᠦᠭᠡᠢ ᠵᠢᠱᠢᠶ᠎ᠡ ᠦᠵᠡᠭᠦᠯᠬᠦ ᠣᠷᠣᠨ︾ ᠢ ᠪᠦᠲᠦᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃14MW ᠲᠠᠷᠠᠬᠠᠢ ᠬᠡᠯᠪᠡᠷᠢ ᠶᠢᠨ ᠰᠠᠯᠬᠢᠨ | ᠬᠦᠴᠦᠨ ᠤ ᠴᠠᠬᠢᠯᠭᠠᠨ ᠵᠢᠴᠢ ᠤᠰᠤᠲᠥ᠋ᠷᠥᠭᠴᠢ ᠡᠨᠧᠷᠭᠢ ᠶᠢ ᠨᠢᠭᠡ ᠴᠣᠭᠴᠠᠵᠢᠭᠤᠯᠬᠤ ᠲᠥᠷᠥᠯ ᠵᠦᠢᠯ ᠢ ᠠᠵᠢᠯ ᠡᠬᠢᠯᠡᠭᠦᠯᠦᠨ ᠬᠡᠷᠡᠭᠵᠢᠭᠦᠯᠵᠦ᠂ | ᠨᠡᠭᠦᠷᠡᠰᠦᠲᠥ᠋ᠷᠥᠭᠴᠢ ᠶᠢᠨ ᠳᠤᠮᠳᠠ ᠪᠠ ᠪᠣᠬᠢᠷᠲᠤᠯ ᠦᠭᠡᠢ ᠦᠢᠯᠡᠳᠪᠦᠷᠢ ᠠᠭᠤᠷᠬᠠᠢ ᠶᠢᠨ ᠤᠰᠤᠲᠥ᠋ᠷᠥᠭᠴᠢ ᠡᠨᠧᠷᠭᠢ ᠶᠢ ᠥᠭᠡᠷᠡᠴᠢᠯᠡᠬᠦ ᠵᠢᠱᠢᠶ᠎ᠡ ᠦᠵᠡᠭᠦᠯᠬᠦ | ᠲᠥᠷᠥᠯ ᠵᠦᠢᠯ ᠥᠪᠡᠷᠲᠡᠭᠡᠨ ᠵᠠᠰᠠᠬᠤ ᠣᠷᠣᠨ ᠤ ᠭᠦᠢᠴᠡᠳᠬᠡᠯ ᠲᠤᠭ᠎ᠠ ᠶᠢ ᠣᠯᠪᠠ᠃ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ᠠᠭᠠᠷ ᠤᠨ ᠶᠠᠰᠤ ᠴᠢᠨᠠᠷ ᠢ ᠪᠠᠷᠢᠮᠵᠢᠶ᠎ᠠ ᠳᠤ ᠬᠦᠷᠭᠡᠬᠦ ᠡᠳᠦᠷ ᠤᠨ ᠲᠤᠭ᠎ᠠ ᠶᠢ 331 ᠡᠳᠦᠷ ᠪᠣᠯᠭᠠᠵᠤ᠂ | ᠪᠠᠷᠢᠮᠵᠢᠶ᠎ᠠ ᠳᠤ ᠬᠦᠷᠭᠡᠬᠦ ᠬᠠᠷᠢᠴᠠᠯ ᠢ ᠪᠥᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠭᠤᠯᠵᠤ᠂ ᠡᠪᠦᠯ ᠦᠨ ᠣᠯᠧᠮᠫᠢᠺ ᠴᠤᠭᠯᠠᠭᠠᠨ᠂ ᠡᠪᠦᠯ ᠵᠡᠮᠳᠡᠭᠴᠦᠳ | ᠦᠨ ᠣᠯᠠᠮᠫᠢᠺ ᠶᠢᠨ ᠴᠤᠭᠯᠠᠭᠠᠨ ᠬᠤᠲᠠ ᠶᠢᠨ ᠠᠭᠠᠷ ᠤᠨ ᠶᠠᠰᠤ ᠴᠢᠨᠠᠷ ᠢ ᠪᠠᠲᠤᠯᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃︽ᠤᠰᠤ | ᠠᠷᠪᠢᠯᠠᠬᠤ ᠶᠢ ᠲᠡᠷᠢᠭᠦᠨ ᠳᠤ ᠲᠠᠯᠪᠢᠬᠤ︾ ᠤᠰᠤ ᠵᠠᠰᠠᠬᠤ ᠴᠢᠭᠯᠡᠯᠲᠡ ᠶᠢ ᠭᠦᠨᠵᠡᠭᠡᠢ ᠲᠤᠤᠱᠯᠠᠭᠤᠯᠵᠤ᠂ ᠰᠢᠶᠠᠨ ᠤ ᠬᠡᠪᠴᠢᠶᠡᠨ ᠤ ᠤᠰᠤ ᠠᠷᠪᠢᠯᠠᠬᠤ | ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠦᠭᠦᠯᠬᠦ ᠪᠦᠲᠦᠭᠡᠨ ᠪᠠᠶᠢᠭᠤᠯᠤᠯᠲᠠ ᠶᠢᠨ ᠠᠵᠢᠯ ᠢ ᠥᠪᠡᠷᠲᠡᠭᠡᠨ ᠵᠠᠰᠠᠬᠤ ᠣᠷᠣᠨ ᠤ ᠰᠢᠯᠭᠠᠨ ᠬᠤᠷᠢᠶᠠᠬᠤ ᠶᠢ | ᠥᠩᠭᠡᠷᠡᠭᠡᠪᠡ᠃ᠪᠣᠣᠱᠠᠨ ᠤ ᠠᠭᠤᠷᠬᠠᠢ ᠶᠢᠨ ᠦᠢᠯᠡᠰ ᠤᠨ ᠦᠯᠡᠳᠡᠭᠳᠡᠯ ᠬᠦᠳᠡᠷ ᠤᠨ ᠬᠥᠮᠥᠷᠭᠡ ᠶᠢᠨ ᠨᠡᠪᠴᠢᠬᠦ ᠶᠢ ᠰᠡᠷᠭᠡᠶᠢᠯᠡᠬᠦ ᠢᠨᠵᠧᠨᠧᠷᠢᠩ ᠣᠷᠴᠢᠨ | ᠠᠬᠤᠢ ᠶᠢᠨ ᠬᠠᠮᠠᠭᠠᠯᠠᠯᠲᠠ ᠵᠢᠨᠪᠣᠬᠢᠷᠲᠤᠯ ᠦᠭᠡᠢ ᠠᠭᠤᠷᠬᠠᠢ ᠶᠢ ᠦᠷᠭᠦᠯᠵᠢᠯᠡᠨ ᠪᠦᠲᠦᠭᠡᠨ ᠪᠠᠶᠢᠭᠤᠯᠬᠤ ᠪᠠ ᠭᠠᠵᠠᠷ ᠰᠢᠨᠵᠢᠯᠡᠭᠡᠨ ᠤ ᠣᠷᠴᠢᠨ ᠠᠬᠤᠢ ᠶᠢ | ᠰᠡᠷᠭᠦᠭᠡᠨ ᠵᠠᠰᠠᠬᠤ ᠠᠵᠢᠯ ᠢ ᠭᠦᠨᠵᠡᠭᠡᠢ ᠲᠦᠯᠬᠢᠨ ᠠᠬᠢᠭᠤᠯᠵᠤ᠂ ᠠᠭᠤᠷᠬᠠᠢ ᠶᠢ ᠰᠡᠷᠭᠦᠭᠡᠨ ᠵᠠᠰᠠᠬᠤ ᠠᠵᠢᠯ ᠢ 56 ᠲᠡᠭᠰᠢ ᠳᠥᠷᠪᠡᠯᠵᠢᠨ ᠺᠢᠯᠣᠮᠧᠲᠷ ᠢ | ᠪᠡᠶᠡᠯᠡᠭᠦᠯᠵᠦ᠂ ᠭᠠᠵᠠᠷ ᠰᠢᠷᠣᠢ ᠶᠢ ᠰᠡᠷᠭᠦᠭᠡᠨ ᠬᠠᠭᠠᠯᠪᠤᠷᠢᠯᠠᠬᠤ ᠠᠵᠢᠯ ᠢ 48 ᠲᠡᠭᠰᠢ ᠳᠥᠷᠪᠡᠯᠵᠢᠨ ᠺᠢᠯᠣᠮᠧᠲᠷ ᠢ ᠪᠡᠶᠡᠯᠡᠭᠦᠯᠪᠡ᠃ᠡᠬᠢ ᠪᠠᠶᠠᠯᠢᠭ ᠢ ᠠᠷᠪᠢᠯᠠᠨ | ᠡᠷᠴᠢᠮᠵᠢᠭᠦᠯᠦᠨ ᠠᠰᠢᠭᠯᠠᠬᠤ ᠶᠢ ᠯᠠᠪᠳᠠᠭᠤᠨ ᠪᠠᠲᠤᠲᠠᠢ ᠥᠷᠨᠢᠭᠦᠯᠵᠦ᠂ ᠤᠯᠤᠰ ᠤᠨ ᠲᠠᠰ ᠤᠨ ᠪᠠᠶᠢᠭᠠᠯᠢ ᠶᠢᠨ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠭᠰᠡᠨ | ᠵᠢᠱᠢᠶ᠎ᠡ ᠦᠵᠡᠭᠦᠯᠬᠦ ᠰᠢᠶᠠᠨ ᠢ ᠠᠮᠵᠢᠯᠲᠠ ᠲᠠᠢ ᠪᠠᠷ ᠡᠭᠦᠳᠦᠨ ᠪᠠᠶᠢᠭᠤᠯᠵᠤ᠂ ︽ᠲᠠᠪᠤᠨ ᠦᠨᠳᠦᠰᠦᠨ ᠵᠦᠢᠯ ᠢ ᠶᠡᠭᠡ ᠪᠠᠷ ᠡᠬᠢᠯᠡᠭᠦᠯᠬᠦ︾ ᠲᠤᠰᠬᠠᠢ | ᠠᠵᠢᠯᠯᠠᠭ᠎ᠠ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠬᠤᠶᠠᠳᠤᠭᠠᠷ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ | ᠪᠠᠶᠢᠴᠠᠭᠠᠯᠲᠠ ᠶᠢᠨ ᠲᠤᠰᠢᠶᠠᠨ ᠰᠢᠢᠳᠪᠦᠷᠢᠯᠡᠭᠦᠯᠦᠭᠰᠡᠨ ᠵᠦᠢᠯᠡᠰ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠥᠬᠦ ᠬᠤᠲᠠ ᠳᠤ ᠤᠷᠢᠳᠠᠪᠠᠷ ᠪᠡᠶᠡᠯᠡᠭᠦᠯᠪᠡ᠃ | ︵ᠳᠣᠯᠤᠭ᠎ᠠ︶ ᠲᠣᠰ ᠪᠡᠶ᠎ᠡ ᠶᠢᠨ ᠪᠠᠶᠢᠭᠤᠯᠤᠯᠲᠠ ᠪᠠᠨ ᠰᠢᠨ᠎ᠡ ᠪᠠᠷ ᠴᠢᠩᠭᠠᠳᠬᠠᠪᠠ᠃ᠵᠠᠰᠠᠭ ᠤᠨ ᠣᠷᠳᠣᠨ ᠤ ᠰᠢᠰᠲ᠋ᠧᠮ ᠤᠨ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠦᠷᠭᠦᠯᠵᠢᠯᠡᠨ ᠠᠬᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ | ᠥᠷᠭᠡᠳᠬᠡᠵᠦ᠂ ︽ᠬᠤᠶᠠᠷ ᠢ ᠲᠣᠭᠲᠠᠭᠠᠬᠤ︾ ᠶᠢ ᠡᠷᠡᠰ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠨᠠᠮ ᠤᠨ ᠤᠳᠤᠷᠢᠳᠤᠯᠭ᠎ᠠ ᠶᠢ | ᠵᠠᠰᠠᠭ ᠤᠨ ᠣᠷᠳᠣᠨ ᠤ ᠠᠵᠢᠯ ᠤᠨ ᠡᠯ᠎ᠡ ᠬᠦᠷᠢᠶᠡᠨ ᠤ ᠪᠦᠬᠦ ᠶᠠᠪᠤᠴᠠ ᠳᠤ ᠡᠷᠡᠰ ᠭᠤᠶᠢᠪᠢᠰᠢ ᠦᠭᠡᠢ ᠲᠤᠤᠱᠯᠠᠭᠤᠯᠬᠤ ᠬᠡᠷᠡᠭᠲᠡᠢ᠃︽ᠪᠤᠭᠤᠲᠤ ᠪᠠᠨ | ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ︾ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠨᠠᠮ ᠤᠨ ᠰᠤᠷᠲᠠᠯ ᠤᠨ ᠪᠠ | ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ᠂ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢᠨ | ᠳᠦᠷᠢᠮ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠣᠷᠳᠣᠨ ᠤ ᠰᠢᠰᠲ᠋ᠧᠮ ᠤᠨ | ᠵᠣᠷᠢᠭᠲᠠᠢ ᠪᠠᠷ ᠡᠭᠦᠷᠭᠡᠯᠡᠬᠦ ᠬᠠᠷᠢᠭᠤᠴᠠᠯᠭ᠎ᠠ ᠶᠢᠨ ᠤᠬᠠᠮᠰᠠᠷ ᠲᠠᠰᠤᠷᠠᠯᠳᠠ ᠦᠭᠡᠢ ᠴᠢᠩᠭᠠᠷᠠᠵᠤ᠂ ᠵᠣᠷᠢᠭᠲᠠᠢ ᠪᠠᠷ ᠰᠢᠨ᠎ᠡ ᠶᠢ ᠡᠭᠦᠳᠬᠦ ᠤᠷᠤᠭᠰᠢᠯᠠᠨ ᠲᠠᠪᠰᠢᠬᠤ | ᠵᠣᠷᠢᠭ ᠰᠠᠨᠠᠭ᠎ᠠ ᠲᠠᠰᠤᠷᠠᠯᠳᠠ ᠦᠭᠡᠢ ᠭᠦᠨᠵᠡᠭᠡᠶᠢᠷᠡᠵᠦ᠂ ᠴᠢᠳᠠᠮᠠᠭᠠᠢ ᠪᠠᠷ ᠬᠢᠵᠦ ᠴᠢᠳᠠᠮᠠᠭᠠᠢ ᠪᠠᠷ ᠪᠦᠲᠦᠭᠡᠬᠦ ᠠᠵᠢᠯ ᠤᠨ ᠰᠤᠷᠲᠠᠯ ᠲᠠᠰᠤᠷᠠᠯᠳᠠ ᠦᠭᠡᠢ | ᠰᠢᠯᠢᠳᠡᠭᠵᠢᠵᠦ᠂ ᠥᠨᠳᠥᠷ ᠪᠦᠲᠦᠮᠵᠢᠲᠡᠶ ᠪᠠᠷ ᠨᠠᠶᠢᠳᠠᠪᠤᠷᠢᠵᠢᠭᠤᠯᠬᠤ ᠶᠢᠨ ᠬᠡᠷᠡᠭᠵᠢᠭᠦᠯᠬᠦ ᠴᠢᠳᠠᠪᠤᠷᠢ ᠲᠠᠰᠤᠷᠠᠯᠳᠠ ᠦᠭᠡᠢ ᠳᠡᠭᠡᠭᠰᠢᠯᠡᠪᠡ᠃ᠴᠢᠬᠤᠯᠠ ᠶᠡᠭᠡ ᠤᠴᠢᠷ | ᠶᠠᠪᠤᠳᠠᠯ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠵᠢᠭᠠᠪᠤᠷᠢ ᠠᠪᠴᠤ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ | ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ 78 ᠬᠤᠪᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ | ᠰᠠᠨᠠᠭᠤᠯᠭ᠎ᠠ᠂ 27 ᠬᠤᠪᠢ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠰᠠᠨᠠᠯ ᠳᠤᠷᠠᠳᠤᠯᠭ᠎ᠠ ᠶᠢ ᠭᠦᠢᠴᠡᠳᠬᠡᠵᠦ᠂ ᠰᠢᠢᠳᠪᠦᠷᠢᠯᠡᠵᠦ ᠬᠠᠷᠢᠭᠤᠯᠤᠭᠰᠠᠨ | ᠨᠣᠷᠮ᠎ᠠ᠂ ᠬᠠᠨᠤᠮᠵᠢᠲᠠᠶ ᠨᠣᠷᠮ᠎ᠠ ᠴᠥᠮ 100% ᠳᠤ ᠬᠥᠷᠪᠡ᠃ᠨᠠᠢᠮᠠᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠶᠢ ᠪᠦᠬᠦ ᠲᠠᠯ᠎ᠠ ᠪᠠᠷ ᠥᠷᠨᠢᠭᠦᠯᠵᠦ᠂ ᠬᠠᠤᠯᠢ ᠴᠠᠭᠠᠵᠠ ᠶᠢᠨ ︽ᠳᠤᠯᠤᠭ᠎ᠠ ᠶᠢ ᠣᠷᠣᠭᠤᠯᠬᠤ︾ ᠠᠵᠢᠯᠯᠠᠭ᠎ᠠ ᠶᠢ ᠥᠷᠭᠡᠨ ᠳᠡᠯᠭᠡᠷᠡᠩᠭᠦᠢ ᠪᠠᠷ | ᠥᠷᠨᠢᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠪᠠᠶᠢᠩᠭᠤ ᠶᠢᠨ ᠴᠢᠨᠠᠷᠲᠠᠢ ᠭᠦᠨᠵᠡᠭᠡᠶᠢᠷᠡᠨ ᠪᠣᠳᠠᠲᠠᠶᠢᠵᠢᠬᠤ ᠶᠢ ᠲᠦᠯᠬᠢᠨ ᠠᠬᠢᠭᠤᠯᠤᠨ᠎ᠠ᠃ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ | ᠦᠵᠡᠭᠦᠯᠦᠨ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠰᠢᠶᠠᠩ ᠶᠦᠨ ᠨᠡᠶᠢᠭᠡᠮ ᠲᠣᠭᠤᠷᠢᠭ ᠥᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠡᠶᠢᠲᠡ ᠶᠢ ᠢᠷᠠᠭᠤ ᠠᠯᠳᠠᠷᠲᠠᠢ ᠪᠠᠷ ᠭᠥᠷᠳᠡᠪᠡ︽ᠠᠷᠪᠢᠯᠠᠨ ᠭᠠᠮᠨᠠᠬᠤ︾ ᠦᠵᠡᠯ | ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠡᠩ ᠤᠨ ᠴᠢᠨᠠᠷᠲᠠᠢ ᠵᠠᠷᠤᠯᠭ᠎ᠠ ᠪᠠ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠢ ᠦᠷᠭᠦᠯᠵᠢᠯᠡᠨ ᠪᠠᠭᠠᠰᠬᠠᠨ᠎ᠠ᠃︽ | ᠲᠣᠭᠠᠴᠢᠯᠠᠭᠰᠠᠨ ᠵᠠᠰᠠᠭ ᠤᠨ ᠣᠷᠳᠣᠨ︾ ᠢ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠬᠢᠷᠢ ᠲᠦᠪᠰᠢᠨ ᠪᠠ ᠵᠠᠰᠠᠭ ᠤᠨ ᠣᠷᠳᠣᠨ ᠤ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠬᠦᠴᠦᠲᠡᠢ ᠭᠠᠷᠳᠠᠴᠠ ᠪᠣᠯᠭᠠᠵᠤ᠂ ᠲᠤᠭ᠎ᠠ ᠪᠠᠷᠢᠮᠲᠠ ᠶᠢ | ᠡᠭᠦᠯᠡᠨ ᠳᠤ ᠣᠷᠣᠭᠤᠯᠵᠤ᠂ ᠦᠢᠯᠡᠴᠢᠯᠡᠭᠡ ᠶᠢ ᠳᠣᠷᠣᠭᠰᠢ ᠪᠠᠭᠤᠯᠭᠠᠬᠤ ᠶᠢ ᠠᠬᠢᠭᠤᠯᠤᠨ᠎ᠠ᠃ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ | ᠨᠠᠮᠳᠠᠭᠤᠯᠬᠤ ᠶᠢ ᠭᠦᠨᠵᠡᠭᠡᠢ ᠠᠬᠢᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠲᠠᠪᠤᠨ ᠵᠢᠯ ᠳᠠᠷᠠᠭᠠᠯᠠᠨ ᠪᠥᠬᠦ ᠤᠯᠤᠰ ᠤᠨ ︽ᠭᠤᠷᠪᠠ ᠦᠭᠡᠢ︾ | ᠬᠤᠰᠢᠭᠤ ᠰᠢᠶᠠᠨ ᠲᠣᠭᠤᠷᠢᠭ ᠤᠨ ᠢᠷᠠᠭᠤ ᠠᠯᠳᠠᠷ ᠤᠨ ᠴᠣᠯᠠ ᠶᠢ ᠪᠠᠲᠤᠯᠠᠪᠠ᠃ᠡᠭᠦᠨ ᠠᠴᠠ ᠭᠠᠳᠠᠨ᠎ᠠ᠂ ᠬᠢᠨᠠᠨ ᠪᠤᠳᠤᠬᠤ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠳᠠᠶᠢᠴᠢᠯᠠᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠴᠠᠭ ᠠᠭᠤᠷ᠂ ᠲᠡᠦᠬᠡ ᠣᠶᠢᠯᠠᠯᠭ᠎ᠠ ᠶᠢᠨ ᠲᠠᠩᠰᠠ ᠡᠪᠬᠡᠮᠡᠯ᠂ ᠲᠤᠭ᠎ᠠ | ᠪᠦᠷᠢᠳᠬᠡᠯ ᠤᠨ ᠪᠠᠶᠢᠴᠠᠭᠠᠯᠲᠠ ᠵᠡᠷᠭᠡ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠠᠵᠢᠯᠴᠢᠨ ᠤ ᠡᠪᠯᠡᠯ᠂ ᠡᠮᠡᠭᠲᠡᠶᠢᠴᠦᠳ ᠬᠡᠦᠬᠡᠳ᠂ ᠵᠠᠯᠠᠭᠤᠴᠤᠳ | ᠪᠠᠭᠠᠴᠤᠳ᠂ ᠨᠠᠰᠤᠲᠠᠶᠢᠴᠤᠳ᠂ ᠵᠡᠮᠳᠡᠭᠴᠦᠳ᠂ ᠤᠯᠠᠭᠠᠨ ᠵᠠᠭᠠᠯᠮᠠᠶᠢᠲᠠᠨ ᠤ ᠦᠢᠯᠡᠰ ᠵᠡᠷᠭᠡ ᠠᠵᠢᠯ ᠦᠢᠯᠡᠰ ᠢ ᠪᠥᠬᠦ ᠲᠠᠯ᠎ᠠ ᠪᠠᠷ ᠬᠥᠭᠵᠢᠭᠦᠯᠪᠡ᠃ | ᠲᠥᠯᠥᠭᠡᠯᠡᠭᠴᠢᠳ ᠠ᠋ ! ᠥᠩᠭᠡᠷᠡᠭᠰᠡᠨ ᠨᠢᠭᠡ ᠵᠢᠯ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠦᠨᠳᠦ ᠬᠡᠴᠡᠭᠦᠦ ᠪᠠᠶᠢᠳᠠᠯ ᠤᠨ ᠡᠮᠦᠨ᠎ᠡ | ᠂ ᠪᠢᠳᠡ ᠰᠢ ᠶᠢᠨ ᠫᠢᠩ ᠶᠡᠷᠦᠩᠬᠡᠢ ᠱᠦᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠲᠤᠬᠠᠢ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠵᠤ᠂ | ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ | ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠦᠬᠦ ᠣᠷᠣᠨ ᠤ ᠠᠷᠠᠳ ᠲᠦᠮᠡᠨ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠤ᠂ | ᠬᠦᠴᠦ ᠪᠠᠷ ᠢᠶᠠᠨ ᠳᠡᠮᠵᠢᠵᠦ᠂ ᠰᠡᠳᠬᠢᠯ ᠢᠶᠠᠨ ᠨᠢᠭᠡᠳᠬᠡᠨ ᠬᠢᠵᠢᠭ ᠢ ᠳᠠᠶᠢᠯᠠᠬᠤ ᠰᠦᠷ ᠳᠠᠯᠠᠶᠢᠴᠠᠲᠠᠢ ᠠᠤᠭ᠎ᠠ ᠬᠦᠴᠦᠨ ᠢ ᠳᠤᠰᠤᠯ ᠤᠰᠤᠨ ᠤ ᠬᠦᠴᠦᠨ ᠢᠶᠠᠷ | ᠨᠢᠭᠲᠠᠷᠠᠭᠤᠯᠵᠤ᠂ ᠠᠮᠢ ᠨᠠᠰᠤ ᠶᠢ ᠢᠪᠡᠭᠡᠬᠦ ᠲᠡᠮᠦᠷ ᠬᠡᠷᠡᠮ ᠪᠣᠯᠣᠳ ᠬᠠᠨ᠎ᠠ ᠶᠢ ᠴᠣᠭᠴᠠᠯᠠᠨ ᠪᠠᠶᠢᠭᠤᠯᠬᠤ ᠬᠡᠷᠡᠭᠲᠡᠢ᠃ᠠᠭᠤᠤ ᠶᠡᠭᠡ ᠨᠢ ᠡᠭᠡᠯ ᠵᠢᠷ ᠤᠨ | ᠬᠥᠮᠥᠨ ᠠᠴᠠ ᠢᠷᠡᠯᠲᠡ ᠲᠠᠢ᠂ ᠬᠥᠮᠥᠨ ᠪᠦᠬᠦᠨ ᠴᠥᠮ ᠪᠠᠭᠠᠲᠤᠷ ᠮᠥᠨ︕ᠠᠳᠡ᠂ ᠪᠢ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠪᠦᠬᠦ | ᠣᠷᠣᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷ᠂ ᠡᠮᠨᠡᠯᠭᠡ ᠶᠢᠨ ᠠᠵᠢᠯᠲᠠᠨ᠂ ᠰᠠᠶᠢᠨ ᠳᠤᠷ᠎ᠠ ᠶᠢᠨ ᠠᠵᠢᠯᠯᠠᠭᠴᠢ ᠵᠡᠷᠭᠡ ᠬᠢᠵᠢᠭ ᠢ ᠡᠰᠡᠷᠭᠦᠴᠡᠬᠦ ᠡᠮᠦᠨ᠎ᠡ | ᠹᠷᠣᠨᠲ ᠲᠤ ᠡᠷᠡᠯᠬᠡᠭᠯᠡᠨ ᠪᠠᠶᠢᠯᠳᠤᠵᠤ ᠪᠠᠶᠢᠭ᠎ᠠ ᠨᠥᠬᠦᠳ ᠲᠤ ᠬᠠᠮᠤᠭ ᠤᠨ ᠴᠢᠩ ᠰᠡᠳᠬᠢᠯ ᠤᠨ ᠮᠡᠨᠳᠦᠴᠢᠯᠡᠯ᠂ ᠬᠠᠮᠤᠭ ᠤᠨ ᠴᠢᠩ ᠰᠡᠳᠬᠢᠯ ᠤᠨ ᠲᠠᠯᠠᠷᠬᠠᠯ ᠪᠠ | ᠬᠠᠮᠤᠭ ᠤᠨ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ ! | ᠲᠥᠯᠥᠭᠡᠯᠡᠭᠴᠢᠳ ᠠ᠋!ᠥᠩᠭᠡᠷᠡᠭᠰᠡᠨ ᠨᠢᠭᠡ ᠵᠢᠯ ᠳᠤ᠂ ᠪᠢᠳᠡ ᠡᠭᠦᠨ ᠢ ᠭᠦᠨᠵᠡᠭᠡᠢ ᠣᠶᠢᠯᠠᠭᠠᠵᠤ ᠮᠡᠳᠡᠭᠰᠡᠨ ᠨᠢ᠂ ᠪᠠᠢ ᠶᠦᠨ ᠠᠭᠤᠷᠬᠠᠢ ᠶᠢᠨ ᠣᠷᠣᠨ ᠤ | ᠬᠥᠭᠵᠢᠯᠲᠡ ᠶᠢᠨ ᠲᠠᠯ᠎ᠠ ᠪᠠᠷ ᠣᠯᠣᠭᠰᠠᠨ ᠠᠮᠵᠢᠯᠲᠠ ᠪᠦᠲᠦᠮᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠢᠨᠵᠢᠯᠡᠬᠦ ᠤᠬᠠᠭᠠᠨᠴᠢ ᠪᠠᠷ ᠵᠢᠭᠠᠨ ᠵᠢᠯᠣᠭᠤᠳᠤᠭᠰᠠᠨ ᠤ ᠦᠷ᠎ᠡ ᠳ᠋ᠦᠩ᠂ ᠬᠤᠳᠠ ᠶᠢᠨ ᠨᠠᠮ ᠤᠨ ᠬᠤᠷᠢᠶ᠎ᠠ᠂ | ᠵᠠᠰᠠᠭ ᠤᠨ ᠣᠷᠳᠣᠨ ᠵᠥᠪ ᠣᠨᠣᠪᠴᠢᠲᠠᠢ ᠤᠳᠤᠷᠢᠳᠴᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠦᠷ᠎ᠡ ᠳ᠋ᠦᠩ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠡᠷᠡᠰ ᠴᠢᠩᠭ᠎ᠠ ᠤᠳᠤᠷᠢᠳᠤᠭᠰᠠᠨ ᠤ ᠦᠷ᠎ᠡ ᠳ᠋ᠦᠩ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ | ᠪᠦᠲᠦᠮᠵᠢᠲᠡᠢ ᠬᠢᠨᠠᠯᠲᠠ ᠲᠠᠯᠪᠢᠵᠤ᠂ ᠬᠦᠴᠦᠲᠡᠢ ᠳᠡᠮᠵᠢᠭᠰᠡᠨ ᠤ ᠦᠷ᠎ᠡ ᠳ᠋ᠦᠩ᠂ ᠪᠦᠬᠦ ᠣᠷᠣᠨ ᠤ ᠥᠷᠭᠡᠨ ᠤᠯᠠᠨ ᠺᠠᠳ᠋ᠷ ᠤᠯᠠᠨ ᠲᠦᠮᠡᠨ ᠤ ᠪᠦᠯᠬᠦᠮᠳᠡᠨ | ᠲᠡᠮᠡᠴᠡᠵᠦ᠂ ᠴᠢᠷᠮᠠᠶᠢᠨ ᠲᠡᠮᠡᠴᠡᠭᠰᠡᠨ ᠤ ᠦᠷ᠎ᠡ ᠳ᠋ᠦᠩ ᠪᠣᠯᠣᠨ᠎ᠠ᠃ᠠᠳᠡ᠂ ᠪᠢ ᠣᠷᠣᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ᠂ ᠵᠠᠰᠠᠭ ᠤᠨ | ᠣᠷᠳᠣᠨ ᠤ ᠠᠵᠢᠯ ᠢ ᠶᠡᠬᠡᠪᠡᠷ ᠳᠡᠮᠵᠢᠭᠰᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ᠂ ᠪᠦᠬᠦ ᠣᠷᠣᠨ ᠤ ᠠᠵᠢᠯ ᠠᠴᠠ ᠪᠠᠨ ᠰᠠᠯᠵᠤ ᠠᠮᠠᠷᠠᠭᠰᠠᠨ ᠠᠵᠢᠯ ᠠᠴᠠ ᠪᠠᠨ ᠪᠠᠭᠤᠵᠤ ᠠᠮᠠᠷᠠᠭᠰᠠᠨ ᠠᠬᠠᠮᠠᠳ ᠨᠥᠬᠦᠳ᠂ ᠪᠠᠶᠠᠨ᠋ᠣ᠋ᠪᠣᠭ᠎ᠠ ᠶᠢᠨ | ᠪᠦᠲᠦᠭᠡᠨ ᠪᠠᠶᠢᠭᠤᠯᠤᠯᠲᠠ ᠬᠥᠭᠵᠢᠯᠲᠡ ᠳᠤ ᠣᠷᠣᠯᠴᠠᠭᠰᠠᠨ ᠪᠤᠢ ᠪᠦᠬᠦᠢ ᠥᠷᠭᠡᠨ ᠤᠯᠠᠨ ᠺᠠᠳ᠋ᠷ ᠤᠯᠠᠨ ᠲᠦᠮᠡᠨ᠂ ᠰᠢᠯᠢᠳᠡᠭ ᠠᠵᠤ ᠠᠬᠤᠶᠢᠯᠠᠯᠲᠠᠨ ᠪᠠ | ᠨᠡᠶᠢᠭᠡᠮ ᠤᠨ ᠡᠯ᠎ᠡ ᠡᠲᠡᠭᠡᠳ ᠤᠨ ᠨᠠᠶᠢᠵᠠ ᠨᠠᠷ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ! | ᠲᠥᠯᠥᠭᠡᠯᠡᠭᠴᠢᠳ ᠠ᠋!ᠠᠶᠤᠯ ᠲᠦᠭᠰᠢᠭᠦᠷᠢ ᠶᠢ ᠪᠣᠳᠣᠯᠬᠢᠯᠠᠪᠠᠯ ᠰᠠᠢᠢ ᠠᠮᠤᠷ ᠲᠠᠶᠢᠪᠤᠩ ᠠᠮᠢᠳᠤᠷᠠᠵᠤ ᠴᠢᠳᠠᠨ᠎ᠠ᠂ ᠬᠦᠴᠢᠷ ᠵᠣᠪᠠᠭᠤᠷᠢ ᠶᠢ ᠮᠡᠳᠡᠪᠡᠯ ᠰᠠᠢᠢ | ᠬᠦᠴᠢᠷ ᠪᠡᠷᠬᠡ ᠶᠢ ᠢᠯᠠᠨ ᠳᠠᠪᠠᠵᠤ ᠴᠢᠳᠠᠨ᠎ᠠ᠃ᠬᠡᠳᠦᠶᠢᠪᠡᠷ ᠪᠢᠳᠡ ᠤᠷᠲᠤ ᠬᠤᠭᠤᠴᠠᠭᠠᠨ ᠤ ᠲᠤᠷᠰᠢ ᠰᠢᠢᠳᠪᠦᠷᠢᠯᠡᠶ᠎ᠡ ᠭᠡᠵᠦ ᠪᠣᠳᠣᠭᠰᠠᠨ ᠪᠣᠯᠪᠠᠴᠤ | ᠰᠢᠢᠳᠪᠦᠷᠢᠯᠡᠭᠡᠳᠦᠢ ᠪᠠᠶᠢᠭᠰᠠᠨ ᠬᠦᠴᠢᠷ ᠠᠰᠠᠭᠤᠳᠠᠯ ᠤᠳ ᠢ ᠰᠢᠢᠳᠪᠦᠷᠢᠯᠡᠭᠰᠡᠨ ᠪᠣᠯᠪᠠᠴᠤ᠂ ᠥᠩᠭᠡᠷᠡᠭᠰᠡᠨ ᠳᠤ ᠬᠢᠶ᠎ᠡ ᠭᠡᠵᠦ ᠪᠣᠳᠣᠭᠰᠠᠨ ᠪᠣᠯᠪᠠᠴᠤ ᠬᠢᠵᠦ | ᠳᠡᠶᠢᠯᠦᠭᠰᠡᠨ ᠦᠭᠡᠢ ᠶᠡᠭᠡ ᠶᠠᠪᠤᠳᠠᠯ ᠤᠳ ᠢ ᠪᠦᠲᠦᠭᠡᠵᠦ᠂ ᠭᠡᠪᠡᠴᠦ ᠪᠢᠳᠡ ᠪᠠᠰᠠ ᠰᠡᠷᠭᠡᠭ ᠢᠶᠠᠷ ᠲᠠᠨᠢᠵᠤ ᠣᠯᠣᠭᠰᠠᠨ ᠨᠢ᠂ ᠮᠠᠨ ᠤ ᠣᠷᠣᠨ ᠤ ᠠᠵᠤ ᠠᠬᠤᠢ | ᠨᠡᠶᠢᠭᠡᠮ ᠤᠨ ᠬᠥᠭᠵᠢᠯᠲᠡ ᠳᠤ ᠪᠠᠰᠠ ᠴᠥᠭᠡᠨ ᠪᠤᠰᠤ ᠳᠤᠲᠠᠭᠤᠳᠠᠯ ᠪᠠ ᠬᠦᠷᠦᠯᠴᠡᠬᠦ ᠦᠭᠡᠢ ᠲᠠᠯ᠎ᠠ ᠪᠣᠶ᠄ ᠬᠥᠭᠵᠢᠯᠲᠡ ᠶᠢᠨ ᠰᠠᠭᠤᠷᠢ ᠪᠠᠰᠠ ᠪᠠᠲᠤ ᠪᠠᠬᠢ | ᠪᠢᠰᠢ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠰᠠ ᠪᠠᠭ᠎ᠠ ᠰᠢᠭ᠋᠂ ᠰᠢᠨ᠎ᠡ ᠶᠢ ᠡᠭᠦᠳᠬᠦ ᠬᠥᠳᠡᠯᠭᠡᠬᠦ ᠴᠢᠳᠠᠪᠤᠷᠢ ᠬᠦᠷᠦᠯᠴᠡᠬᠦ ᠦᠭᠡᠢ ᠪᠠᠶᠢᠬᠤ ᠪᠠᠶᠢᠳᠠᠯ ᠢ | ᠦᠨᠳᠦᠰᠦᠨ ᠴᠢᠨᠠᠷᠲᠠᠢ ᠬᠤᠪᠢᠷᠠᠭᠤᠯᠵᠤ ᠴᠢᠳᠠᠭᠠᠳᠤᠢ᠂ ᠴᠢᠬᠤᠯᠠ ᠶᠡᠭᠡ ᠲᠦᠷᠦᠯ ᠵᠦᠢᠯ ᠢᠯᠠᠩᠭᠤᠶ᠎ᠠ ᠠᠵᠤ ᠦᠢᠯᠡᠰ ᠤᠨ ᠲᠦᠷᠦᠯ ᠤᠨ ᠲᠦᠷᠦᠯ ᠵᠦᠢᠯ ᠤᠨ | ᠨᠥᠭᠡᠴᠡ ᠬᠦᠷᠦᠯᠴᠡᠬᠦ ᠦᠭᠡᠢ᠂ ᠨᠠᠶᠢᠳᠠᠪᠤᠷᠢᠵᠢᠭᠤᠯᠤᠯᠲᠠ ᠨᠡᠯᠢᠶᠡᠳ ᠴᠥᠭᠡᠨ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ | ᠪᠠᠰᠠ ᠲᠡᠭᠦᠯᠳᠡᠷᠵᠢᠭᠡᠳᠦᠢ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠠᠰᠠ ᠤᠯᠠᠮ ᠴᠢᠨᠠᠭᠰᠢᠳᠠ ᠰᠢᠯᠢᠳᠡᠭᠵᠢᠭᠦᠯᠬᠦ ᠴᠢᠬᠤᠯᠠᠲᠠᠢ ᠪᠠᠶᠢᠵᠤ᠂ | ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠬᠤᠴᠣᠷᠤᠩᠭᠤᠢ ᠪᠠᠶᠢᠨ᠎ᠠ᠃ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠲᠠᠯ᠎ᠠ ᠪᠠᠷ ᠪᠠᠰᠠ ᠴᠥᠭᠡᠨ ᠪᠤᠰᠤ | ᠳᠤᠲᠠᠭᠤᠳᠠᠯ ᠣᠷᠣᠰᠢᠵᠤ᠂ ᠨᠡᠶᠢᠭᠡᠮ ᠤᠨ ᠵᠠᠰᠠᠯᠲᠠ᠂ ᠬᠤᠳᠠ ᠶᠢᠨ ᠰᠢᠨᠡᠴᠢᠯᠡᠯᠲᠡ᠂ ᠠᠷᠠᠳ ᠤᠨ ᠠᠮᠢᠳᠤᠷᠠᠯ ᠤᠨ ᠪᠠᠲᠤᠯᠠᠭ᠎ᠠ ᠨᠢ ᠤᠯᠠᠨ ᠲᠦᠮᠡᠨ ᠤ ᠬᠦᠰᠡᠯ | ᠡᠷᠡᠮᠡᠯᠵᠡᠯ ᠯᠦᠭᠡ ᠪᠠᠰᠠ ᠴᠥᠭᠡᠨ ᠪᠤᠰᠤ ᠵᠥᠷᠢᠶ᠎ᠡ ᠲᠠᠢ ᠪᠠᠶᠢᠨ᠎ᠠ᠃ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠶᠢ ᠮᠥᠨ ᠬᠦ ᠳᠡᠭᠡᠭᠰᠢᠯᠡᠭᠦᠯᠬᠦ ᠴᠢᠬᠤᠯᠠᠲᠠᠢ | ᠪᠠᠶᠢᠨ᠎ᠠ᠂ ᠺᠠᠳ᠋ᠷ ᠤᠨ ᠡᠩᠨᠡᠭᠡᠨ ᠤ ᠨᠡᠭᠡᠭᠡᠯᠲᠡᠲᠤ ᠤᠬᠠᠮᠰᠠᠷ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠪᠠ ᠠᠵᠢᠯ ᠬᠢᠵᠦ ᠦᠢᠯᠡᠰ ᠪᠣᠰᠬᠠᠬᠤ ᠴᠤᠭ ᠰᠦᠯᠳᠡ ᠶᠢ | ᠪᠠᠰᠠ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ᠡᠭᠦᠨ ᠳᠤ᠂ ᠪᠢᠳᠡ ᠵᠠᠪᠠᠯ ᠰᠢᠳᠦ ᠪᠠᠨ ᠵᠠᠭᠤᠵᠤ᠂ ᠬᠢᠲᠤᠭ᠎ᠠ ᠶᠢᠨ ᠢᠷ ᠢᠶᠠᠨ | ᠳᠣᠲᠣᠭᠰᠢ ᠪᠠᠨ ᠬᠠᠨᠳᠤᠭᠤᠯᠵᠤ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠦᠨᠡᠨᠬᠦ ᠰᠢᠢᠳᠪᠦᠷᠢᠯᠡᠵᠦ᠂ ᠪᠥᠬᠦ ᠣᠷᠣᠨ ᠤ ᠠᠷᠠᠳ ᠲᠦᠮᠡᠨ ᠤ ᠬᠦᠨᠳᠦ | ᠨᠠᠶᠢᠳᠠᠯᠭ᠎ᠠ ᠶᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ᠃ | ᠲᠥᠯᠥᠭᠡᠯᠡᠭᠴᠢᠳ ᠠ᠋᠂ ᠶᠡᠷᠦᠩᠬᠡᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ ᠡᠷᠬᠡᠪᠰᠢ ᠳᠣᠣᠷᠠᠬᠢ | ᠲᠠᠪᠤᠨ ᠲᠠᠯ᠎ᠠ ᠶᠢ ᠪᠠᠲᠤ ᠡᠵᠡᠮᠳᠡᠬᠦ ᠬᠡᠷᠡᠭᠲᠡᠢ᠄ ᠨᠢᠭᠡ ᠳᠤ ᠡᠷᠬᠡᠪᠰᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠬᠡᠷᠡᠭᠲᠡᠢ᠃︽ᠬᠤᠶᠠᠷ ᠢ | ᠲᠣᠭᠲᠠᠭᠠᠬᠤ︾ ᠶᠢ ᠢᠮᠠᠭᠲᠠ ᠡᠷᠡᠰ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ᠵᠢᠴᠢ ᠣᠷᠣᠨ ᠤ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠱᠠᠭᠠᠷᠳᠠᠯᠭ᠎ᠠ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠬᠤ ᠬᠡᠷᠡᠭᠲᠡᠢ᠃ᠬᠤᠶᠠᠷ ᠲᠤ᠂ | ᠡᠷᠬᠡᠪᠰᠢ ᠴᠢᠨᠠᠷ ᠰᠠᠶᠢᠲᠠᠢ ᠬᠥᠭᠵᠢᠯᠲᠡ ᠶᠢ ᠪᠠᠷᠢᠮᠲᠠᠯᠠᠬᠤ ᠬᠡᠷᠡᠭᠲᠡᠢ᠃ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠰᠢᠨ᠎ᠡ ᠶᠢ ᠡᠭᠦᠳᠬᠦ ᠲᠠᠪᠴᠠᠩ ᠢ ᠳᠠᠰᠤᠷᠠᠯᠳᠠ ᠦᠭᠡᠢ ᠥᠷᠭᠡᠳᠬᠡᠵᠦ᠂ ᠰᠢᠨ᠎ᠡ ᠶᠢ ᠡᠭᠦᠳᠬᠦ ᠭᠤᠣᠯ ᠴᠣᠭᠴᠠ ᠶᠢ | ᠲᠦᠷᠭᠡᠨ ᠪᠣᠶᠢᠵᠢᠭᠤᠯᠵᠤ᠂ ᠰᠢᠨ᠎ᠡ ᠶᠢ ᠡᠭᠦᠳᠬᠦ ᠠᠮᠢ ᠠᠬᠤᠢ ᠶᠢ ᠪᠠᠶᠢᠷᠢᠰᠢᠭᠤᠯᠤᠨ ᠪᠠᠶᠢᠭᠤᠯᠵᠤ᠂ ᠰᠢᠨ᠎ᠡ ᠶᠢ ᠡᠭᠦᠳᠬᠦ ᠪᠠᠷ ᠵᠠᠩᠭᠢᠯᠠᠭ᠎ᠠ ᠶᠢᠨ ᠬᠥᠳᠡᠯᠭᠡᠭᠦᠷ | ᠪᠣᠯᠭᠠᠨ ᠮᠠᠨ ᠤ ᠣᠷᠣᠨ ᠤ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠴᠣᠭᠴᠠᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠨᠡᠭᠡᠭᠡᠨ᠎ᠡ᠃ | ᠭᠤᠷᠪᠠ ᠳᠤ ᠡᠷᠬᠡᠪᠰᠢ ︽ᠬᠤᠶᠠᠷ ᠰᠢᠨ᠎ᠡ︾ ᠶᠢᠨ ᠤᠳᠤᠷᠢᠳᠤᠮᠵᠢ ᠶᠢ ᠪᠠᠷᠢᠮᠲᠠᠯᠠᠬᠤ ᠬᠡᠷᠡᠭᠲᠡᠢ᠃ᠲᠤᠭ ᠲᠡᠮᠳᠡᠭ ᠲᠣᠳᠣᠷᠬᠠᠢ ᠪᠠᠷ ᠲᠦᠷᠦᠯ ᠵᠦᠢᠯ ᠢ ᠠᠳᠬᠤᠵᠤ᠂ | ᠲᠣᠮᠣ ᠲᠦᠷᠦᠯ ᠵᠦᠢᠯ ᠢ ᠠᠳᠬᠤᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠵᠤ᠂ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ | ᠥᠨᠥᠳᠥᠷ ᠤᠨ ᠨᠡᠮᠡᠭᠳᠡᠯ ᠤᠨ ᠬᠡᠮᠵᠢᠶ᠎ᠡ ᠶᠢ ᠮᠠᠷᠭᠠᠰᠢ ᠶᠢᠨ ᠭᠠᠷᠤᠯᠲᠠ᠂ ᠢᠷᠡᠭᠡᠳᠦᠢ ᠶᠢᠨ ᠪᠣᠳᠠᠲᠤ ᠬᠦᠴᠦᠨ ᠪᠣᠯᠭᠠᠨ ᠠᠳᠬᠤᠵᠤ᠂ ᠰᠢᠨ᠎ᠡ ᠬᠢᠯᠠᠰ ᠴᠡᠭ ᠢ | ᠡᠭᠦᠳᠴᠦ᠂ ᠰᠢᠨ᠎ᠡ ᠳᠠᠪᠠᠭᠤᠯᠢᠭ ᠢ ᠪᠣᠶᠢᠵᠢᠭᠤᠯᠵᠤ᠂ ᠰᠢᠨ᠎ᠡ ᠠᠬᠤᠢ ᠪᠠᠶᠢᠳᠠᠯ ᠢ ᠨᠡᠭᠡᠭᠡᠨ᠎ᠡ᠃ᠳᠥᠷᠪᠡ ᠳᠤ ᠡᠷᠬᠡᠪᠰᠢ ᠠᠷᠠᠳ ᠲᠦᠮᠡᠨ ᠢᠶᠠᠷ ᠭᠤᠣᠯ ᠪᠣᠯᠭᠠᠬᠤ ᠶᠢ | ᠪᠠᠷᠢᠮᠲᠠᠯᠠᠬᠤ ᠬᠡᠷᠡᠭᠲᠡᠢ᠃︽ᠬᠠᠮᠲᠤ ᠪᠠᠷ ᠴᠢᠨᠡᠭᠡᠯᠢᠭᠵᠢᠬᠦ︾ ᠶᠢ ᠠᠬᠢᠭᠤᠯᠬᠤ ᠲᠠᠯ᠎ᠠ ᠪᠠᠷ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠠᠷᠠᠳ ᠤᠨ ᠠᠮᠢᠳᠤᠷᠠᠯ ᠤᠨ | ᠣᠷᠣᠭᠤᠯᠤᠯᠲᠠ ᠶᠢ ᠨᠡᠮᠡᠭᠳᠡᠭᠦᠯᠬᠦ ᠠᠴᠠ ᠪᠢᠰᠢ ᠪᠠᠭᠤᠷᠠᠭᠤᠯᠬᠤ ᠦᠭᠡᠢ᠂ ᠠᠷᠠᠳ ᠲᠤ ᠠᠰᠢᠭ ᠬᠦᠷᠲᠡᠭᠡᠬᠦ ᠡᠷᠴᠢᠮ ᠢ ᠴᠢᠩᠭᠠᠷᠠᠭᠤᠯᠬᠤ ᠠᠴᠠ ᠪᠢᠰᠢ ᠪᠠᠭᠤᠷᠠᠢ | ᠪᠠᠶᠢᠯᠭᠠᠬᠤ ᠦᠭᠡᠢ ᠪᠠᠶᠢᠬᠤ ᠶᠢ ᠪᠡᠶᠡᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠳᠤᠮᠳᠠ ᠦᠨᠳᠦᠰᠦᠯᠡᠵᠦ᠂ ᠠᠷᠠᠳ ᠲᠤ ᠦᠢᠯᠡᠴᠢᠯᠡᠨ᠂ ᠨᠠᠩ | ᠣᠯᠠᠨ ᠬᠥᠭᠵᠢᠯᠲᠡ ᠶᠢᠨ ᠦᠷ᠎ᠡ ᠪᠦᠲᠦᠭᠡᠯ ᠢ ᠥᠷᠭᠡᠨ ᠣᠯᠠᠨ ᠲᠦᠮᠡᠨ ᠳᠤ ᠬᠦᠷᠲᠡᠭᠡᠨ᠎ᠡ᠃ᠲᠠᠪᠤ ᠳᠤ᠂ ᠡᠷᠬᠡᠪᠰᠢ ᠪᠣᠳᠠᠲᠠᠢ ᠠᠵᠢᠯᠯᠠᠵᠤ ᠬᠠᠷᠢᠭᠤᠴᠠᠯᠭ᠎ᠠ | ᠡᠭᠦᠷᠭᠡᠯᠡᠬᠦ ᠶᠢ ᠪᠠᠷᠢᠮᠲᠠᠯᠠᠬᠤ ᠬᠡᠷᠡᠭᠲᠡᠢ᠃ᠳᠠᠷᠤᠯᠲᠠ ᠥᠭᠴᠦ ᠡᠷᠡᠯᠬᠡᠭᠯᠡᠨ ᠤᠷᠤᠭᠰᠢᠯᠠᠬᠤ ᠳᠤᠮᠳᠠ ᠳᠠᠪᠠᠯᠲᠠ ᠶᠢ ᠳᠠᠪᠠᠵᠤ ᠭᠦᠢᠴᠡᠨ ᠳᠠᠪᠠᠵᠤ᠂ ᠪᠠᠷᠢᠮᠵᠢᠶ᠎ᠠ ᠶᠢ | ᠥᠨᠳᠥᠷ ᠪᠣᠯᠭᠠᠬᠤ ᠳᠤᠮᠳᠠ ᠲᠡᠷᠢᠭᠦᠨ ᠳᠤ ᠣᠷᠣᠬᠤ ᠪᠠᠷ ᠴᠢᠷᠮᠠᠶᠢᠵᠤ᠂ ᠥᠷᠢᠰᠦᠯᠳᠦᠭᠡᠨ ᠢ ᠠᠷᠭᠠᠴᠠᠬᠤ ᠳᠤᠮᠳᠠ ᠬᠦᠴᠢᠷ ᠢ ᠰᠥᠷᠦᠨ ᠤᠷᠤᠭᠰᠢᠯᠠᠵᠤ᠂ ︽ | ᠳᠡᠯᠡᠬᠡᠢ ᠶᠢᠨ ᠬᠤᠪᠣᠷ ᠰᠢᠷᠣᠢ ᠶᠢᠨ ᠨᠤᠲᠤᠭ︾︾ ᠤᠨ ᠡᠭᠦᠷᠭᠡᠯᠡᠪᠡᠰᠦ ᠵᠣᠬᠢᠬᠤ ᠡᠭᠦᠷᠭᠡ ᠬᠠᠷᠢᠭᠤᠴᠠᠯᠭ᠎ᠠ ᠶᠢ ᠲᠠᠰᠤᠷᠠᠯᠳᠠ ᠦᠭᠡᠢ ᠢᠯᠡᠷᠡᠭᠦᠯᠦᠨ᠎ᠡ᠃ | ᠳᠣᠣᠷᠠᠬᠢ ᠬᠡᠳᠦᠨ ᠵᠦᠢᠯ ᠤᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠢ᠄ | ︵ᠨᠢᠭᠡ︶ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢ ᠪᠦᠬᠦ ᠲᠠᠯ᠎ᠠ ᠪᠠᠷ ᠴᠢᠩᠭᠠᠳᠬᠠᠵᠤ᠂ ᠬᠥᠭᠵᠢᠯᠲᠡ ᠶᠢᠨ ᠬᠥᠳᠡᠯᠭᠡᠬᠦ ᠬᠦᠴᠦᠨ ᠢ | ᠨᠡᠩ ᠢᠯᠡᠭᠦᠦ ᠠᠮᠢᠵᠢᠷᠠᠯ ᠤᠨ ᠬᠦᠴᠦᠨ ᠲᠠᠢ ᠪᠣᠯᠭᠠᠨ᠎ᠠ᠃ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ | ᠦᠨᠳᠦᠰᠦᠨ ᠪᠠᠶᠢᠯᠳᠤᠬᠤ ᠪᠣᠳᠣᠯᠭ᠎ᠠ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠢ ᠪᠣᠶᠢᠵᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ | ᠪᠡᠯᠡ ᠮᠥᠩᠭᠦ ᠶᠢᠨ ᠣᠷᠣᠭᠤᠯᠤᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠡᠷᠴᠢᠮ ᠢ ᠴᠢᠷᠮᠠᠶᠢᠨ ᠴᠢᠩᠭᠠᠷᠠᠭᠤᠯᠵᠤ᠂ | ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠶᠢ ᠪᠡᠶᠡᠯᠡᠭᠦᠯᠦᠨ᠎ᠡ᠃ | ᠬᠠᠮᠵᠢᠯᠴᠠᠨ ᠰᠢᠨ᠎ᠡ ᠶᠢ ᠡᠭᠦᠳᠬᠦ ᠲᠠᠪᠴᠠᠩ ᠢ ᠥᠷᠭᠡᠳᠬᠡᠨ᠎ᠡ᠃︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤᠮᠳᠠᠳᠤ ᠤᠯᠤᠰ︾ ᠤᠨ | ᠲᠤᠷᠰᠢᠯᠲᠠ ᠶᠢᠨ ᠴᠢᠭ᠋ ᠲᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠪᠤᠭᠤᠲᠤ ︵ᠪᠡᠭᠡᠵᠢᠩ︶ ᠶᠢᠨ ᠭᠠᠷᠠᠮ ᠠᠴᠠ ᠰᠠᠯᠤᠭᠰᠠᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠵᠠᠰᠠᠭ ᠤᠨ ᠣᠷᠳᠣᠨ ᠠᠵᠤ ᠠᠬᠤᠶᠢᠯᠠᠯ ᠳᠡᠭᠡᠳᠦ | ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠬᠠᠮᠵᠢᠯᠴᠠᠨ ᠰᠢᠨ᠎ᠡ ᠶᠢ ᠡᠭᠦᠳᠬᠦ ᠲᠥᠪ ᠪᠠ ︽ᠵᠠᠷᠯᠠᠨ ᠮᠠᠩᠯᠠᠶᠢᠯᠠᠭᠤᠯᠬᠤ︾ | ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠪᠥᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ᠂ | ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠠᠭᠤᠰᠤᠯᠴᠠᠵᠤ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ | ᠣᠷᠣᠭᠤᠯᠤᠯᠲᠠ ᠪᠠᠨ ᠨᠡᠮᠡᠭᠳᠡᠭᠦᠯᠬᠦ ᠶᠢ ᠬᠥᠲᠥᠯᠥᠨ ᠵᠢᠯᠤᠭᠤᠳᠬᠤ ᠪᠠ ᠵᠣᠷᠢᠭᠵᠢᠭᠤᠯᠤᠨ ᠳᠡᠮᠵᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ | ᠠᠬᠤᠶᠢᠯᠠᠯ ᠢ ᠶᠡᠬᠡᠪᠡᠷ ᠪᠣᠶᠢᠵᠢᠭᠤᠯᠤᠨ ᠣᠷᠣᠭᠤᠯᠵᠤ ᠠᠪᠴᠢᠷᠠᠨ᠎ᠠ᠃ᠪᠠᠶᠠᠨ᠋ᠣ᠋ᠪᠣᠭ᠎ᠠ ᠣᠯᠠᠨ ᠲᠡᠮᠦᠷᠯᠢᠭ ᠤᠨ ᠡᠬᠢ ᠪᠠᠶᠠᠯᠢᠭ ᠤᠨ ᠪᠣᠬᠢᠷᠲᠤᠯ ᠦᠭᠡᠢ ᠥᠨᠳᠥᠷ | ᠦᠷ᠎ᠡ ᠠᠰᠢᠭ ᠲᠠᠢ ᠨᠡᠭᠡᠭᠡᠨ ᠠᠰᠢᠭᠯᠠᠬᠤ ᠬᠤᠷᠠᠮᠠᠯ ᠵᠢᠱᠢᠶ᠎ᠡ ᠦᠵᠡᠭᠦᠯᠬᠦ ᠲᠥᠷᠥᠯ ᠵᠦᠢᠯ ᠢ ᠭᠦᠨᠵᠡᠭᠡᠢ ᠠᠬᠢᠭᠤᠯᠵᠤ᠂ ᠪᠤᠭᠤᠲᠤ ᠶᠢᠨ ᠪᠣᠯᠣᠳ ᠲᠡᠮᠦᠷ ᠤᠨ | ᠺᠣᠮᠫᠠᠨᠢ ᠶᠢᠨ ᠠᠯᠳᠠᠨ ᠴᠢᠯᠠᠭᠤ ᠶᠢᠨ ᠳᠡᠭᠡᠳᠦ ᠲᠡᠰ ᠤᠨ ᠬᠠᠶᠢᠯᠤᠭᠤᠷ ᠵᠤᠩᠰᠢ ᠶᠢᠨ ᠰᠤᠳᠤᠯᠭᠠᠨ ᠤ ᠲᠥᠪ ᠢ ᠪᠠᠶᠢᠭᠤᠯᠬᠤ ᠳᠤ ᠬᠦᠴᠦ ᠨᠡᠮᠡᠷᠢᠯᠡᠵᠦ᠂ ᠮᠠᠨ ᠤ | ᠣᠷᠣᠨ ᠤ ᠬᠤᠪᠣᠷ ᠰᠢᠷᠣᠢ ᠶᠢᠨ ᠬᠥᠩᠭᠡᠨ ᠬᠡᠮᠵᠢᠶᠡᠵᠢᠯ ᠤᠨ ᠰᠤᠳᠤᠯᠭᠠᠨ ᠤ ᠬᠦᠷᠢᠶᠡᠯᠡᠩ ᠢ ᠪᠠᠶᠢᠭᠤᠯᠵᠤ᠂ ᠬᠤᠩ ᠠᠷᠰᠤᠨ ᠤ ᠰᠢᠨᠵᠢᠯᠡᠬᠦ ᠤᠬᠠᠭᠠᠨ ᠮᠡᠷᠭᠡᠵᠢᠯ | ᠪᠣᠯᠣᠨ ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠬᠠᠮᠲᠤᠷᠠᠯᠴᠠᠭ᠎ᠠ ᠶᠢ ᠲᠦᠷᠭᠡᠳᠬᠡᠨ ᠠᠬᠢᠭᠤᠯᠵᠤ ᠥᠪᠡᠷᠲᠡᠭᠡᠨ ᠵᠠᠰᠠᠬᠤ ᠣᠷᠣᠨ ᠤ ᠲᠡᠰ ᠤᠨ | ᠰᠤᠳᠤᠯᠭᠠᠨ ᠤ ᠲᠥᠪ ᠢ ᠪᠠᠶᠢᠭᠤᠯᠵᠤ᠂ ᠡᠬᠢ ᠪᠠᠶᠠᠯᠢᠭ ᠢ ᠵᠠᠯᠭᠠᠬᠤ᠂ ᠣᠨᠳᠣᠣ ᠭᠠᠵᠠᠷ ᠲᠤ ᠰᠤᠳᠤᠯᠤᠨ ᠨᠡᠭᠡᠭᠡᠵᠦ ᠨᠡᠪᠴᠢᠭᠦᠯᠬᠦ᠂ ᠲᠤᠰ ᠭᠠᠵᠠᠷ ᠤᠨ ᠪᠣᠳᠠᠲᠤ | ᠴᠣᠭᠴᠠ ᠶᠢᠨ ᠠᠵᠢᠯᠯᠠᠭᠠᠨ ᠵᠡᠷᠭᠡ ᠵᠠᠭᠪᠤᠷ ᠢᠶᠠᠷ ᠳᠠᠮᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ ᠶᠢ ᠲᠠᠰᠤᠷᠠᠯᠳᠡ ᠦᠭᠡᠢ | ᠪᠤᠵᠠᠭᠠᠶᠢᠷᠠᠭᠤᠯᠵᠤ᠂ ᠨᠢᠭᠡ ᠪᠦᠯᠦᠭ ᠰᠤᠳᠤᠯᠤᠨ ᠨᠡᠭᠡᠭᠡᠬᠦ᠂ ᠳᠤᠮᠳᠠ ᠵᠡᠷᠭᠡ ᠶᠢᠨ ᠲᠤᠷᠰᠢᠯᠲᠠ ᠶᠢᠨ ᠲᠠᠪᠴᠠᠩ ᠢ ᠪᠠᠶᠢᠭᠤᠯᠤᠨ᠎ᠠ᠃ | ᠰᠢᠨ᠎ᠡ ᠶᠢ ᠡᠭᠦᠳᠬᠦ ᠪᠡᠶᠡᠴᠢ ᠴᠣᠭᠴᠠ ᠶᠢ ᠪᠣᠶᠢᠵᠢᠭᠤᠯᠤᠨ ᠪᠤᠵᠠᠭᠠᠶᠢᠷᠠᠭᠤᠯᠤᠨ᠎ᠠ᠃ᠳᠤᠮᠳᠠ ᠵᠢᠵᠢᠭ ᠬᠡᠯᠪᠡᠷᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ ᠢ ᠶᠡᠬᠡᠪᠡᠷ ᠪᠣᠶᠢᠵᠢᠭᠤᠯᠵᠤ᠂ 5G ᠶᠢᠨ ᠵᠢᠯᠣᠭᠤᠴᠢ ᠦᠭᠡᠢ ᠵᠢᠴᠢ ᠣᠶᠤᠨᠲᠤ ᠠᠭᠤᠷᠬᠠᠢ ᠶᠢᠨ ᠮᠡᠷᠭᠡᠵᠢᠯ ᠢ ᠨᠡᠭᠡᠭᠡᠨ ᠬᠥᠭᠵᠢᠭᠦᠯᠵᠦ ᠬᠡᠷᠡᠭᠯᠡᠬᠦ ᠶᠢ | ᠠᠬᠢᠭᠤᠯᠵᠤ᠂ ᠤᠯᠠᠮᠵᠢᠯᠠᠯᠲᠤ ᠠᠵᠤ ᠦᠢᠯᠡᠳᠪᠦᠷᠢ ᠶᠢᠨ ᠠᠵᠤ ᠦᠢᠯᠡᠰ ᠤᠨ ᠲᠣᠭᠠᠵᠢᠭᠤᠯᠬᠤ᠂ ᠰᠦᠯᠵᠢᠶᠡᠵᠢᠭᠦᠯᠬᠦ᠂ ᠣᠶᠤᠨᠴᠢᠯᠠᠬᠤ ᠬᠡᠯᠪᠡᠷᠢ ᠪᠠᠨ | ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠨ᠂ ᠠᠵᠤ ᠦᠢᠯᠡᠳᠪᠦᠷᠢᠵᠢᠯᠲᠡ ᠪᠠ ᠮᠡᠳᠡᠭᠡ ᠵᠠᠩᠭᠢᠵᠢᠯᠲᠠ ᠶᠢᠨ ᠭᠦᠨᠵᠡᠭᠡᠢ ᠠᠭᠤᠰᠤᠯᠴᠠᠨ ᠬᠥᠭᠵᠢᠬᠦ ᠶᠢ | ᠠᠬᠢᠭᠤᠯᠵᠤ᠂ ᠠᠵᠤ ᠦᠢᠯᠡᠳᠪᠦᠷᠢ ᠶᠢᠨ ᠲᠣᠭᠠᠵᠢᠭᠤᠯᠬᠤ ᠵᠢᠱᠢᠶ᠎ᠡ ᠦᠵᠡᠭᠦᠯᠬᠦ ᠬᠡᠪ ᠳᠠᠭᠤᠷᠢᠶᠠᠯ ᠢ ᠴᠢᠷᠮᠠᠶᠢᠨ ᠡᠭᠦᠳᠦᠨ᠎ᠡ᠃ᠬᠠᠮᠢᠶ᠎ᠠ ᠪᠦᠬᠦᠢ ᠠᠵᠤ | ᠠᠬᠤᠶᠢᠯᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠨᠡᠭᠡᠭᠡᠨ ᠬᠥᠭᠵᠢᠭᠦᠯᠬᠦ ᠡᠷᠴᠢᠮ ᠢᠶᠠᠨ ᠴᠢᠩᠭᠠᠷᠠᠭᠤᠯᠬᠤ ᠶᠢ ᠢᠳᠡᠪᠬᠢᠲᠡᠢ ᠪᠠᠷ ᠠᠬᠢᠭᠤᠯᠵᠤ᠂ | ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ︵ᠪᠦᠯᠦᠭᠯᠡᠯ︶ ᠤᠨ ᠨᠢᠦᠪᠢ᠂ ᠰᠺᠠᠨᠳᠢ ᠰᠣᠩᠭᠤᠬᠤ ᠰᠤᠳᠤᠯᠭᠠᠨ ᠢ ᠲᠦᠷᠭᠡᠳᠬᠡᠨ ᠥᠷᠨᠢᠭᠦᠯᠵᠦ᠂ ᠬᠤᠸᠠᠨ | ᠢᠦᠢ ᠰᠢᠨ᠎ᠡ ᠮᠠᠲ᠋ᠧᠷᠢᠶᠠᠯ ᠤᠨ ᠳᠡᠭᠡᠳᠦ ᠴᠡᠪᠡᠷ᠂ ᠳᠣᠣᠷ᠎ᠠ ᠨᠡᠭᠦᠷᠡᠰᠦᠲᠥ᠋ᠷᠥᠭᠴᠢᠲᠦ ᠬᠤᠪᠣᠷ ᠰᠢᠷᠣᠢ ᠶᠢᠨ ᠲᠡᠮᠦᠷᠯᠢᠭ ᠢ ᠨᠠᠷᠢᠯᠢᠭ ᠡᠳ᠋ᠰᠢᠭᠦᠯᠬᠦ ᠶᠢ | ᠥᠷᠨᠢᠭᠦᠯᠬᠦ ᠶᠢ ᠠᠬᠢᠭᠤᠯᠤᠨ᠂ ᠮᠣᠩᠭᠤᠯ ᠺᠠᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠡᠯᠪᠡᠭ ᠺᠠᠯᠢ ᠶᠢᠨ ᠬᠠᠪᠲᠠᠰᠤᠨ ᠴᠢᠯᠠᠭᠤᠯᠢᠭ ᠢ ᠠᠰᠢᠭᠯᠠᠬᠤ | ᠮᠡᠷᠭᠡᠵᠢᠯ ᠤᠨ ᠰᠢᠪᠲᠤᠯᠤᠯᠲᠠ ᠶᠢ ᠲᠦᠷᠭᠡᠳᠬᠡᠵᠦ᠂ ᠦᠨᠡᠨ ᠪᠣᠳᠠᠲᠠᠢ ᠰᠢᠪᠲᠤᠯᠤᠯᠲᠠ ᠲᠠᠢ ᠪᠣᠯᠬᠤ ᠪᠠᠷ ᠴᠢᠷᠮᠠᠶᠢᠵᠤ᠂ ᠦᠷ᠎ᠡ ᠪᠦᠲᠦᠭᠡᠯ ᠢ ᠬᠤᠪᠢᠷᠠᠭᠤᠯᠬᠤ ᠶᠢ | ᠲᠦᠷᠭᠡᠬᠡᠨ ᠪᠡᠶᠡᠯᠡᠭᠦᠯᠦᠨ᠎ᠡ᠃ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 4᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ | ᠠᠬᠤᠶᠢᠯᠠᠯ 15 ᠶᠢ ᠪᠣᠶᠢᠵᠢᠭᠤᠯᠤᠨ ᠮᠠᠭᠠᠳᠯᠠᠨ ᠲᠣᠭᠲᠠᠭᠠᠬᠤ ᠪᠠᠷ ᠲᠥᠯᠥᠪᠯᠡᠵᠦ ᠪᠣᠶ᠃ | ᠰᠢᠨ᠎ᠡ ᠶᠢ ᠡᠭᠦᠳᠬᠦ ᠠᠮᠢ ᠠᠬᠤᠢ ᠶᠢ ᠪᠠᠶᠢᠷᠢᠯᠠᠭᠤᠯᠤᠨ ᠴᠣᠭᠴᠠᠯᠠᠨ᠎ᠠ᠃ᠵᠠᠰᠠᠭ ᠤᠨ ᠣᠷᠳᠣᠨ ᠤ ᠵᠣᠬᠢᠶᠠᠨ ᠪᠠᠶᠢᠭᠤᠯᠵᠤ ᠬᠥᠲᠥᠯᠥᠨ ᠵᠢᠯᠤᠭᠤᠳᠬᠤ ᠪᠠ | ᠡᠳ᠋ ᠤᠨ ᠵᠠᠰᠠᠭ ᠤᠨ ᠪᠡᠯᠡ ᠮᠥᠩᠭᠦ ᠶᠢᠨ ᠬᠥᠰᠢᠭᠦᠷᠭᠡ ᠶᠢᠨ ᠦᠢᠯᠡᠳᠦᠯ ᠢ ᠪᠠᠳᠠᠷᠠᠭᠤᠯᠵᠤ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠮᠡᠷᠭᠡᠵᠢᠯ ᠳᠠᠬᠢ | ᠬᠠᠲᠠᠭᠤ ᠴᠢᠨᠠᠷᠲᠠᠢ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠤᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠬᠦ᠂ | ᠬᠠᠮᠠᠭᠠᠯᠠᠬᠤ ᠪᠠ ᠬᠡᠷᠡᠭᠯᠡᠬᠦ ᠶᠢ ᠴᠢᠩᠭᠠᠳᠬᠠᠵᠤ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠯ᠎ᠡ ᠵᠦᠢᠯ ᠤᠨ ᠲᠥᠷᠥ ᠶᠢᠨ | ᠪᠣᠳᠣᠯᠭ᠎ᠠ᠂ ᠥᠪᠡᠷᠲᠡᠭᠡᠨ ᠵᠠᠰᠠᠬᠤ ᠣᠷᠣᠨ ᠤ ︽4+8+N︾ ᠰᠢᠨᠵᠢᠯᠡᠬᠦ ᠤᠬᠠᠭᠠᠨ ᠮᠡᠷᠭᠡᠵᠢᠯ ᠢᠶᠠᠷ ᠮᠣᠩᠭᠤᠯ ᠢ ᠬᠥᠭᠵᠢᠭᠦᠯᠬᠦ ᠠᠵᠢᠯᠯᠠᠭ᠎ᠠ᠂ ᠪᠤᠭᠤᠲᠤ | ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ 25 ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠮᠠᠨ ᠤ ᠣᠷᠣᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠠᠬᠤᠶᠢᠯᠠᠯ ᠢ ᠲᠡᠳᠬᠦᠬᠦ ᠲᠥᠷᠥ ᠶᠢᠨ ᠪᠣᠳᠣᠯᠭ᠎ᠠ ᠶᠢ ᠨᠡᠶᠢᠲᠡᠯᠡᠨ᠎ᠡ᠃ᠠᠵᠤ ᠠᠬᠤᠶᠢᠯᠠᠯ ᠢ | ᠬᠥᠲᠥᠯᠥᠨ ᠵᠢᠯᠤᠭᠤᠳᠴᠤ ᠪᠠᠶᠢᠭᠠᠳ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢ ᠨᠡᠮᠡᠭᠳᠡᠭᠦᠯᠵᠦ᠂ ᠪᠦᠬᠦ ᠨᠡᠶᠢᠭᠡᠮ ᠤᠨ | ᠰᠤᠳᠤᠯᠤᠨ ᠨᠡᠭᠡᠭᠡᠬᠦ ᠣᠷᠣᠭᠤᠯᠤᠯᠲᠠ ᠶᠢ 20% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃ᠴᠢᠳᠠᠪᠤᠷᠢᠲᠠᠨ ᠢ ᠡᠯᠰᠡᠵᠦ ᠣᠶᠤᠨ ᠢ ᠲᠠᠲᠠᠬᠤ ᠠᠵᠢᠯ ᠢ | ᠥᠷᠭᠡᠨ ᠢᠶᠠᠷ ᠥᠷᠨᠢᠭᠦᠯᠵᠦ᠂ ᠠᠺᠠᠳᠧᠮᠢᠴᠢ ᠶᠢᠨ ᠠᠵᠢᠯ ᠤᠨ ᠥᠷᠲᠡᠭᠡ᠂ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠪᠠᠶᠢᠭᠤᠯᠬᠤ ᠪᠠᠷ | ᠴᠢᠷᠮᠠᠶᠢᠬᠤ ᠪᠠᠷ ᠪᠠᠷᠠᠬᠤ ᠦᠭᠡᠢ᠂ ᠮᠠᠨ ᠤ ᠣᠷᠣᠨ ᠤ ᠨᠡᠩ ᠳᠤᠲᠠᠭᠳᠠᠵᠤ ᠪᠠᠶᠢᠭ᠎ᠠ ᠬᠥᠬᠡ ᠵᠠᠭᠠᠮᠠᠲᠤ ᠴᠢᠳᠠᠪᠤᠷᠢᠲᠠᠨ᠂ ᠠᠵᠤ ᠦᠢᠯᠡᠰ ᠤᠨ ᠠᠵᠢᠯᠴᠢᠨ ᠢ | ᠬᠥᠮᠥᠵᠢᠭᠦᠯᠬᠦ ᠪᠠ ᠡᠯᠰᠡᠬᠦ ᠶᠢ ᠨᠡᠩ ᠴᠢᠬᠤᠯᠠᠴᠢᠯᠠᠵᠤ᠂ ᠲᠦᠷᠦ ᠶᠢᠨ ᠪᠣᠳᠣᠯᠭ᠎ᠠ᠂ ᠰᠠᠶᠢᠨ ᠣᠷᠴᠢᠨ ᠲᠣᠭᠤᠷᠢᠨ ᠢ ᠰᠠᠶᠢᠲᠤᠷ ᠠᠰᠢᠭᠯᠠᠨ ᠴᠢᠳᠠᠪᠤᠷᠢᠲᠠᠨ ᠢ | ᠲᠠᠲᠠᠵᠤ ︽ᠬᠤᠨ ᠭᠠᠯᠠᠭᠤ ᠤᠮᠠᠷᠠᠰᠢ ᠪᠤᠴᠠᠬᠤ︾ᠪᠥᠭᠡᠳ ᠨᠡᠩ ᠴᠤ ᠲᠤᠰ ᠨᠤᠲᠤᠭ ᠤᠨ ᠴᠢᠳᠠᠪᠤᠷᠢᠲᠠᠨ ᠳᠤ ᠰᠠᠶᠢᠲᠤᠷ ᠬᠠᠨᠳᠤᠵᠤ᠂ ᠲᠡᠳᠡᠨ ᠢ ᠰᠠᠨᠠᠭ᠎ᠠ ᠠᠮᠤᠷ | ᠠᠵᠢᠯ ᠬᠢᠵᠦ ᠦᠢᠯᠡᠰ ᠪᠣᠰᠬᠠᠵᠤ᠂ ᠨᠤᠲᠤᠭ ᠤᠰᠤᠨ ᠳᠠᠭᠠᠨ ᠬᠤᠪᠢ ᠨᠡᠮᠡᠷᠢ ᠦᠵᠡᠭᠦᠯᠵᠦ᠂ ᠬᠤᠪᠣᠷ ᠰᠢᠷᠣᠢ ᠵᠡᠷᠭᠡ ᠪᠠᠶᠢᠯᠳᠤᠬᠤ ᠪᠣᠳᠣᠯᠭ᠎ᠠ ᠶᠢᠨ ᠡᠬᠢ | ᠪᠠᠶᠠᠯᠢᠭ ᠢ ᠭᠦᠨ ᠬᠡᠰᠡᠭ ᠲᠤ ᠬᠠᠶᠢᠨ ᠰᠢᠨᠵᠢᠯᠡᠬᠦ᠂ ᠡᠯ᠎ᠡ ᠲᠦᠷᠦᠯ ᠤᠨ ᠬᠤᠪᠣᠷ ᠴᠤᠬᠠᠭ ᠡᠬᠢ ᠪᠠᠶᠠᠯᠢᠭ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ | ᠬᠤᠳᠠ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠬᠥᠭᠵᠢᠭᠡᠬᠦ ᠳᠤ ᠴᠢᠬᠤᠯᠠ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ︵ᠬᠤᠶᠠᠷ︶ ᠠᠵᠤ ᠦᠢᠯᠡᠰ ᠤᠨ ᠪᠦᠲᠦᠴᠡ ᠶᠢ ᠨᠠᠷᠢᠯᠢᠭ ᠣᠨᠣᠴᠠᠲᠠᠢ ᠪᠠᠷ ᠰᠢᠯᠢᠳᠡᠭᠵᠢᠭᠦᠯᠦᠨ ᠲᠣᠬᠢᠷᠠᠭᠤᠯᠵᠤ᠂ ᠬᠥᠭᠵᠢᠯᠲᠡ ᠶᠢᠨ ᠶᠠᠰᠤ ᠴᠢᠨᠠᠷ ᠢ ᠨᠡᠩ | ᠰᠢᠯᠢᠳᠡᠭ ᠪᠣᠯᠭᠠᠨ᠎ᠠ᠃ᠠᠵᠤ ᠦᠢᠯᠡᠰ ᠤᠨ ᠬᠥᠭᠵᠢᠯᠲᠡ ᠶᠢ ᠲᠣᠭᠲᠠᠭᠤᠨ ᠢᠶᠠᠷ ᠨᠡᠮᠡᠭᠳᠡᠭᠦᠯᠬᠦ ᠶᠢᠨ ᠬᠦᠴᠦᠯᠡᠬᠦ ᠴᠡᠭ ᠪᠣᠯᠭᠠᠬᠤ ᠶᠢ ᠪᠠᠷᠢᠮᠲᠠᠯᠠᠵᠤ᠂ ᠤᠯᠠᠮᠵᠢᠯᠠᠯᠲᠤ | ᠠᠵᠤ ᠦᠢᠯᠡᠰ ᠢ ᠥᠭᠡᠷᠡᠴᠢᠯᠡᠨ ᠲᠡᠰ ᠳᠡᠪᠰᠢᠭᠦᠯᠬᠦ ᠪᠠ ᠰᠢᠨ᠎ᠡ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠶᠢ ᠴᠢᠩᠭ᠎ᠠ ᠠᠳᠬᠤᠵᠤ᠂ ᠠᠵᠤ | ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠪᠠ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠬᠠᠶᠢᠵᠤ ᠰᠣᠩᠭᠤᠬᠤ ᠪᠠᠷ ᠰᠠᠭᠤᠷᠢ ᠲᠠᠯᠪᠢᠬᠤ ᠪᠠᠷ ᠬᠦᠴᠦᠯᠡᠨ ᠴᠢᠷᠮᠠᠶᠢᠨ᠎ᠠ᠃ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠭᠤᠷᠬᠠᠢ ᠶᠢᠨ ᠡᠬᠢ ᠪᠠᠶᠠᠯᠢᠭ ᠢ | ᠬᠠᠶᠢᠨ ᠪᠠᠶᠢᠴᠠᠭᠠᠬᠤ ᠪᠠ ᠨᠥᠭᠡᠴᠡᠯᠡᠬᠦ ᠶᠢ ᠴᠢᠩᠭᠠᠳᠬᠠᠨ᠎ᠠ᠃ᠤᠯᠤᠰ᠂ ᠥᠪᠡᠷᠲᠡᠭᠡᠨ ᠵᠠᠰᠠᠬᠤ ᠣᠷᠣᠨ ᠤ ᠳᠡᠮᠵᠢᠯᠭᠡ ᠶᠢ ᠣᠯᠬᠤ ᠪᠠᠷ ᠢᠳᠡᠪᠬᠢᠲᠡᠢ ᠴᠢᠷᠮᠠᠶᠢᠵᠤ᠂ | ᠲᠡᠮᠦᠷ ᠨᠢᠦᠪᠢ ᠶᠢᠨ ᠬᠤᠪᠣᠷ ᠰᠢᠷᠣᠢ ᠶᠢᠨ ᠣᠯᠠᠨ ᠲᠡᠮᠦᠷᠯᠢᠭ ᠤᠨ ᠭᠤᠣᠯᠳᠠᠯᠭ᠎ᠠ ᠲᠠᠢ ᠬᠠᠶᠢᠨ ᠪᠠᠶᠢᠴᠠᠭᠠᠬᠤ ᠣᠷᠣᠨ ᠤ ᠭᠠᠵᠠᠷ ᠰᠢᠨᠵᠢᠯᠡᠭᠡᠨ ᠤ ᠰᠤᠳᠤᠯᠤᠯ᠂ | ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢ ᠴᠢᠩᠭᠠᠳᠬᠠᠵᠤ᠂ ᠲᠡᠮᠦᠷ᠂ ᠬᠤᠪᠣᠷ ᠰᠢᠷᠣᠢ᠂ ᠨᠢᠦᠪᠢ᠂ ᠰᠺᠠᠨᠳᠢ᠂ ᠺᠠᠯᠢ᠂ ᠬᠠᠶᠢᠯᠤᠭᠤᠷ ᠵᠤᠩᠰᠢ᠂ ᠲᠤᠷᠢ | ᠵᠡᠷᠭᠡ ᠴᠢᠬᠤᠯᠠ ᠡᠬᠢ ᠪᠠᠶᠠᠯᠢᠭ ᠤᠨ ᠬᠠᠳᠠᠭᠠᠯᠠᠭᠳᠠᠴᠠ ᠪᠠ ᠲᠠᠷᠬᠠᠯᠲᠠ ᠶᠢᠨ ᠪᠠᠶᠢᠳᠠᠯ ᠢ ᠬᠢᠨᠠᠨ ᠲᠣᠭᠲᠠᠭᠠᠵᠤ᠂ ᠭᠤᠣᠯ ᠵᠡᠭᠦᠨ ᠠᠭᠤᠷᠬᠠᠢ ᠶᠢᠨ ᠭᠦᠨ | ᠬᠡᠰᠡᠭ ᠤᠨ ᠬᠠᠶᠢᠨ ᠰᠢᠨᠵᠢᠯᠡᠯᠲᠡ ᠶᠢ ᠭᠤᠣᠯᠳᠠᠯᠭ᠎ᠠ ᠲᠠᠢ ᠥᠷᠨᠢᠭᠦᠯᠵᠦ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ ᠶᠢ ᠤᠯᠠᠮ | ᠨᠢᠭᠡ ᠠᠯᠬᠤᠮ ᠣᠶᠢᠯᠠᠭᠠᠨ᠂ ᠬᠠᠳᠠᠭᠠᠯᠠᠭᠳᠠᠴᠠ ᠶᠢᠨ ᠲᠠᠰ ᠢ ᠳᠡᠭᠡᠭᠰᠢᠯᠡᠭᠦᠯᠦᠨ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ | ᠪᠠᠶᠠᠯᠢᠭ ᠤᠨ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃︽ᠳᠣᠣᠷ᠎ᠠ ᠲᠠᠰ ᠤᠨ ᠲᠡᠮᠦᠷ ᠠᠭᠤᠯᠤᠭᠰᠠᠨ ᠴᠢᠯᠠᠭᠤᠯᠢᠭ ᠤᠨ ᠰᠤᠳᠤᠯᠤᠯ︾ | ︽ᠨᠢᠦᠪᠢ ᠲᠡᠮᠦᠷ ᠢ ᠰᠠᠯᠭᠠᠵᠤ ᠬᠦᠳᠡᠷ ᠰᠢᠯᠢᠬᠦ ᠡᠮ ᠤᠨ ᠨᠠᠶᠢᠷᠠᠯᠭ᠎ᠠ ᠶᠢᠨ ᠰᠤᠳᠤᠯᠤᠯ︾ ︽ᠠᠳᠠᠯᠢ ᠪᠤᠰᠤ ᠬᠦᠳᠡᠷ ᠤᠨ ᠰᠢᠨᠵᠢ ᠴᠢᠨᠠᠷ ᠲᠠᠢ ᠬᠦᠳᠡᠷ | ᠰᠣᠩᠭᠤᠵᠤ ᠡᠭᠡᠭᠦᠯᠦᠨ ᠬᠤᠷᠢᠶᠠᠬᠤ ᠤᠷᠠᠯᠠᠯ ᠢ ᠰᠢᠯᠢᠳᠡᠭᠵᠢᠭᠦᠯᠬᠦ ᠰᠤᠳᠤᠯᠤᠯ︾ ᠵᠡᠷᠭᠡ ᠣᠯᠠᠨ ᠬᠦᠷᠢᠶ᠎ᠡ ᠴᠠᠷᠠᠭ᠎ᠠ ᠳᠤ ᠦᠷᠭᠦᠯᠵᠢᠯᠡᠨ ᠰᠢᠨ᠎ᠡ | ᠰᠢᠪᠲᠤᠯᠤᠯᠲᠠ ᠲᠠᠢ ᠪᠣᠯᠵᠤ᠂ ᠠᠵᠤ ᠦᠶᠢᠯᠡᠰᠵᠢᠯᠲᠡ ᠳᠤ ᠨᠠᠶᠢᠳᠠᠪᠤᠷᠢᠲᠠᠢ ᠠᠵᠤ ᠠᠬᠤᠢ ᠶᠢᠨ ᠮᠡᠷᠭᠡᠵᠢᠯ ᠤᠨ ᠪᠣᠯᠵᠣᠯᠲᠤ ᠲᠤᠭ᠎ᠠ ᠶᠢ ᠬᠠᠩᠭᠠᠨ᠂ ᠳᠠᠭᠠᠯᠲᠠ | ᠡᠬᠢ ᠪᠠᠶᠠᠯᠢᠭ ᠢ ᠶᠡᠷᠦᠩᠬᠡᠶᠢᠯᠡᠨ ᠡᠭᠡᠭᠦᠯᠦᠨ ᠬᠤᠷᠢᠶᠠᠬᠤ ᠮᠡᠷᠭᠡᠵᠢᠯ ᠢ ᠳᠡᠭᠡᠭᠰᠢᠯᠡᠭᠦᠯᠵᠦ᠂ ᠡᠬᠢ ᠪᠠᠶᠠᠯᠢᠭ ᠢ ᠲᠡᠭᠦᠵᠦ ᠬᠤᠷᠢᠶᠠᠬᠤ ᠨᠣᠷᠮ᠎ᠠ ᠪᠠ ᠡᠷᠭᠢᠯᠳᠦᠭᠦᠯᠦᠨ | ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠨᠥᠬᠦᠯᠲᠡ ᠶᠢ ᠤᠷᠲᠤᠳᠬᠠᠨ ᠠᠵᠤ ᠦᠢᠯᠡᠳᠪᠦᠷᠢ ᠶᠢ ᠲᠣᠭᠲᠠᠪᠤᠷᠢᠵᠢᠭᠤᠯᠤᠨ᠎ᠠ᠃︽ᠬᠤᠶᠠᠷ ᠰᠢᠨ᠎ᠡ︾ ᠶᠢᠨ ᠤᠳᠤᠷᠢᠳᠤᠮᠵᠢ ᠶᠢ ᠪᠠᠷᠢᠮᠲᠠᠯᠠᠵᠤ᠂ ᠪᠠᠢ | ᠶᠦᠨ ᠲᠡᠮᠦᠷ ᠤᠨ ᠠᠭᠤᠷᠬᠠᠢ᠂ ᠪᠦᠦ ᠱᠠᠨ ᠠᠭᠤᠷᠬᠠᠢ ᠶᠢᠨ ᠦᠢᠯᠡᠰ᠂ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠠᠯᠮᠠᠰ ᠴᠢᠯᠠᠭᠤ ᠵᠡᠷᠭᠡ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ︽ᠬᠤᠪᠣᠷ ᠰᠢᠷᠣᠢ +︾ | ᠬᠠᠮᠵᠢᠯᠴᠠᠨ ᠰᠢᠨ᠎ᠡ ᠶᠢ ᠡᠭᠦᠳᠬᠦ ᠶᠢ ᠶᠡᠬᠡᠪᠡᠷ ᠠᠬᠢᠭᠤᠯᠵᠤ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠵᠢᠴᠢ ᠬᠡᠷᠡᠭᠯᠡᠭᠡᠨ ᠤ ᠢᠵᠢ ᠪᠦᠷᠢᠳᠦᠭᠦᠯᠬᠦ ᠠᠵᠤ | ᠦᠢᠯᠡᠰ ᠤᠨ ᠬᠡᠯᠬᠢᠶᠡᠰᠦ ᠶᠢ ᠥᠷᠭᠡᠳᠬᠡᠨ ᠤᠷᠲᠤᠳᠬᠠᠵᠤ᠂ ᠪᠤᠭᠤᠲᠤ ᠶᠢᠨ ᠬᠤᠸᠠᠨ ᠢᠦᠢ ᠺᠣᠮᠫᠠᠨᠢ ᠶᠢᠨ ᠵᠢᠯ ᠳᠤ 5000 ᠲᠣᠨ ᠬᠤᠪᠣᠷ ᠰᠢᠷᠣᠢ ᠶᠢᠨ | ᠲᠡᠮᠦᠷᠯᠢᠭ ᠵᠢᠴᠢ ᠬᠠᠶᠢᠯᠤᠰᠢ᠂ 1 ᠳ᠋ᠦᠩᠰᠢᠭᠤᠷ ᠡᠯᠧᠺᠲᠷᠣᠨ ᠲᠣᠨᠣᠭᠯᠠᠭᠠᠰᠤ᠂ 2 ᠲᠦᠮᠡᠨ ᠲᠣᠨ ᠲᠡᠮᠦᠷ ᠪᠤᠷ ᠤᠨ ᠬᠠᠶᠠᠭᠳᠠᠮᠠᠯ ᠮᠠᠲ᠋ᠧᠷᠢᠶᠠᠯ ᠢ ᠪᠣᠬᠢᠷᠲᠤᠯ | ᠦᠭᠡᠢ ᠡᠭᠡᠭᠦᠯᠦᠨ ᠬᠤᠷᠢᠶᠠᠬᠤ ᠵᠡᠷᠭᠡ ᠲᠥᠷᠥᠯ ᠵᠦᠢᠯ ᠢ ᠪᠣᠳᠠᠲᠠᠶᠢᠵᠢᠭᠤᠯᠤᠨ ᠬᠡᠷᠡᠭᠵᠢᠭᠦᠯᠬᠦ ᠶᠢ ᠠᠬᠢᠭᠤᠯᠤᠨ᠎ᠠ᠃ᠤᠮᠠᠷᠠᠲᠤ ᠣᠷᠣᠨ ᠤ ᠬᠤᠪᠣᠷ ᠰᠢᠷᠣᠢ᠂ | ᠰᠢᠶᠠᠮᠧᠨ ᠤ ᠸᠣᠯᠹᠷᠠᠮ ᠤᠨ ᠦᠢᠯᠡᠰ ᠵᠡᠷᠭᠡ ᠬᠥᠲᠥᠴᠢ ᠠᠵᠤ ᠠᠬᠤᠶᠢᠯᠠᠯ ᠯᠤᠭ᠎ᠠ ᠵᠣᠯᠭᠠᠭᠤᠯᠬᠤ ᠶᠢ ᠦᠷᠭᠦᠯᠵᠢᠯᠡᠨ ᠴᠢᠩᠭᠠᠳᠬᠠᠵᠤ᠂ ᠬᠤᠪᠣᠷ ᠰᠢᠷᠣᠢ ᠶᠢᠨ | ᠲᠡᠮᠦᠷᠯᠢᠭ᠂ ᠰᠣᠷᠢᠨᠵᠢᠨ ᠮᠠᠲ᠋ᠧᠷᠢᠶᠠᠯ᠂ ᠤᠰᠤᠲᠥ᠋ᠷᠥᠭᠴᠢ ᠬᠠᠳᠠᠭᠠᠯᠠᠬᠤ ᠵᠡᠷᠭᠡ ᠬᠡᠷᠡᠭᠯᠡᠭᠡᠨ ᠤ ᠠᠵᠤ ᠦᠢᠯᠡᠰ ᠵᠢᠴᠢ ᠬᠤᠪᠣᠷ ᠰᠢᠷᠣᠢ ᠶᠢᠨ ᠪᠠᠺᠲ᠋ᠧᠷᠢ | ᠡᠰᠡᠷᠭᠦᠴᠡᠬᠦ ᠬᠥᠩᠭᠡᠨ ᠬᠡᠮᠵᠢᠶᠡᠵᠢᠭᠦᠯᠦᠭᠰᠡᠨ ᠬᠡᠷᠡᠭᠯᠡᠭᠡᠨ ᠤ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃ᠠᠵᠤ ᠠᠬᠤᠶᠢᠯᠠᠯ ᠪᠠ ᠭᠠᠵᠠᠷ ᠣᠷᠣᠨ ᠤ | ᠠᠭᠤᠰᠤᠯᠴᠠᠨ ᠭᠦᠨᠵᠡᠭᠡᠢ ᠬᠥᠭᠵᠢᠬᠦ ᠶᠢ ᠴᠢᠩᠭᠠᠳᠬᠠᠵᠤ᠂ ᠮᠣᠩᠭᠤᠯ ᠺᠠᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠬᠡᠯᠪᠡᠷᠢ ᠶᠢᠨ ᠡᠷᠦᠳᠡᠰᠦ ᠶᠢᠨ | ᠺᠠᠯᠢ ᠶᠢᠨ ᠪᠣᠷᠳᠣᠭᠤᠷ ᠬᠢᠭᠡᠳ ᠪᠠᠶᠠᠨ ᠺᠠᠯᠢ ᠶᠢᠨ ᠬᠠᠪᠲᠠᠭᠠᠢ ᠴᠢᠯᠠᠭᠤᠯᠢᠭ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠪᠥᠬᠦ ᠬᠦᠴᠦᠨ ᠢᠶᠠᠷ ᠢᠶᠠᠨ ᠠᠬᠢᠭᠤᠯᠵᠤ᠂ ᠡᠷᠦᠳᠡᠰᠦ ᠶᠢᠨ ᠺᠠᠯᠢ ᠶᠢᠨ ᠦᠢᠯᠡᠳᠪᠦᠷᠢᠯᠡᠬᠦ ᠴᠢᠳᠠᠪᠤᠷᠢ ᠶᠢ 1 ᠲᠦᠮᠡᠨ ᠲᠣᠨ ᠪᠡᠶᠡᠯᠡᠭᠦᠯᠵᠦ᠂ ᠡᠷᠦᠳᠡᠰᠦ ᠶᠢᠨ | ᠺᠠᠯᠢ ᠶᠢᠨ ᠪᠣᠷᠳᠣᠭᠤᠷ ᠤᠨ ᠠᠵᠤ ᠦᠢᠯᠡᠰ ᠢ ᠠᠩᠬ᠎ᠠ ᠠᠯᠬᠤᠮ ᠪᠦᠷᠢᠯᠳᠦᠭᠦᠯᠦᠨ᠎ᠡ᠃ ᠶᠢ ᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠶᠢᠨ | ᠳᠠᠩᠰᠠᠯᠠᠭᠤᠯᠬᠤ ᠪᠠ ᠠᠵᠤ ᠦᠢᠯᠡᠰ ᠤᠨ ᠳᠡᠰ ᠳᠡᠪᠰᠢᠬᠦ ᠶᠢ ᠪᠡᠶᠡᠯᠡᠭᠦᠯᠬᠦ ᠶᠢ ᠲᠦᠯᠬᠢᠨ ᠠᠬᠢᠭᠤᠯᠤᠨ᠎ᠠ᠃ᠪᠤᠭᠤᠲᠤ ᠬᠤᠲᠠ ᠶᠢᠨ ᠮᠢᠩᠭᠠᠨ ᠳ᠋ᠦᠩᠰᠢᠭᠤᠷ ᠤᠨ | ᠲᠠᠰ ᠤᠨ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠦᠷᠦᠭᠦᠯᠡᠨ ᠨᠠᠶᠢᠷᠠᠭᠤᠯᠤᠨ ᠵᠣᠬᠢᠶᠠᠵᠤ | ᠂ ᠬᠦᠷᠢᠶᠡᠯᠡᠭᠰᠡᠨ ᠴᠢᠯᠠᠭᠤᠯᠢᠭ ᠢ ᠶᠡᠷᠦᠩᠬᠡᠶᠢᠯᠡᠨ ᠡᠭᠡᠭᠦᠯᠦᠨ ᠬᠤᠷᠢᠶᠠᠬᠤ ᠬᠠᠶᠢᠯᠤᠭᠤᠷ ᠵᠤᠩᠰᠢ ᠲᠡᠮᠦᠷ ᠤᠨ ᠢᠨᠵᠧᠨᠧᠷᠢᠩ ᠢ ᠶᠡᠬᠡᠪᠡᠷ ᠲᠦᠯᠬᠢᠨ ᠠᠬᠢᠭᠤᠯᠵᠤ᠂ | ᠵᠧᠵᠢᠶᠠᠩ ᠤᠨ ᠵᠢᠦᠢ ᠬᠤᠸᠠ ᠪᠥᠬᠦ ᠠᠵᠤ ᠦᠢᠯᠡᠰ ᠤᠨ ᠬᠡᠯᠬᠢᠶᠡᠵᠢᠯ ᠤᠨ ᠲᠥᠷᠥᠯ ᠵᠦᠢᠯ᠂ ᠨᠤᠶᠠ ᠹᠯᠣᠷ ᠤᠨ ᠬᠢᠮᠢ ᠶᠢᠨ ᠠᠵᠤ ᠦᠢᠯᠡᠳᠪᠦᠷᠢ᠂ ᠣᠯᠠᠨ | ᠹᠯᠣᠷ ᠤᠨ ᠣᠯᠠᠨ ᠲᠥᠷᠥᠯ ᠵᠦᠢᠯ ᠤᠨ ᠪᠣᠳᠠᠲᠤ ᠠᠬᠢᠯᠲᠠ ᠲᠠᠢ ᠪᠣᠯᠬᠤ ᠶᠢ ᠪᠥᠬᠦ ᠬᠦᠴᠦᠨ ᠢᠶᠠᠷ ᠠᠬᠢᠭᠤᠯᠤᠨ᠎ᠠ᠃ | ᠲᠥᠷᠥᠯ ᠵᠦᠢᠯ ᠢ ᠴᠢᠩᠭ᠎ᠠ ᠠᠳᠬᠤᠵᠤ ᠠᠵᠤ ᠦᠢᠯᠡᠰ ᠢ ᠬᠦᠴᠦᠷᠬᠡᠭᠵᠢᠭᠦᠯᠦᠨ᠎ᠡ᠃ᠤᠯᠠᠮᠵᠢᠯᠠᠯᠲᠤ ᠠᠵᠤ ᠦᠢᠯᠡᠰ ᠲᠤ ︽ᠳᠤᠮᠳᠠ ᠠᠴᠠ ᠰᠢᠨ᠎ᠡ ᠶᠢ | ᠪᠣᠶ ᠪᠣᠯᠭᠠᠬᠤ︾᠂ ᠰᠢᠨ᠎ᠡ ᠠᠵᠤ ᠦᠢᠯᠡᠰ ᠲᠤ ︽ᠣᠷᠣ ᠦᠭᠡᠢ ᠭᠠᠵᠠᠷ ᠣᠪᠣᠭ᠎ᠠ ᠪᠣᠰᠬᠠᠬᠤ︾ ᠶᠢ ᠪᠠᠷᠢᠮᠲᠠᠯᠠᠵᠤ᠂ ᠡᠬᠢ ᠪᠠᠶᠠᠯᠢᠭ ᠢ ᠶᠡᠷᠦᠩᠬᠡᠶᠢᠯᠡᠨ | ᠠᠰᠢᠭᠯᠠᠬᠤ᠂ ᠣᠲᠣ ᠦᠶ᠎ᠡ ᠶᠢᠨ ᠡᠨᠧᠷᠭᠢ ᠵᠢᠴᠢ ᠰᠢᠨ᠎ᠡ ᠦᠨᠳᠦᠰᠦᠨ ᠪᠦᠲᠦᠭᠡᠨ ᠪᠠᠶᠢᠭᠤᠯᠤᠯᠲᠠ᠂ ᠰᠣᠶᠣᠯ ᠵᠢᠭᠤᠯᠴᠢᠯᠠᠯ᠂ ᠣᠲᠣ ᠦᠶ᠎ᠡ ᠶᠢᠨ | ᠦᠢᠯᠡᠴᠢᠯᠡᠭᠡᠨ ᠵᠢᠴᠢ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠵᠡᠷᠭᠡ ᠳᠥᠷᠪᠡᠨ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ᠂ ᠶᠡᠷᠦᠩᠬᠡᠢ | ᠪᠡᠯᠡ ᠣᠷᠣᠭᠤᠯᠤᠯᠲᠠ ᠨᠢ 83 ᠳ᠋ᠦᠩᠰᠢᠭᠤᠷ ᠲᠥᠭᠦᠷᠢᠭ ᠤᠨ 48 ᠭᠤᠣᠯᠳᠠᠯᠭ᠎ᠠ ᠲᠠᠢ ᠲᠥᠷᠥᠯ ᠵᠦᠢᠯ ᠢ ᠲᠣᠪᠣᠶᠢᠮ᠎ᠠ ᠰᠠᠶᠢᠲᠤᠷ ᠠᠳᠬᠤᠨ᠎ᠠ᠃︽ᠬᠤᠪᠣᠷ | ᠰᠢᠷᠣᠢ ᠶᠢᠨ ᠫᠠᠶᠢᠰᠠ︾ ︽ᠡᠬᠢ ᠪᠠᠶᠠᠯᠢᠭ ᠤᠨ ᠫᠠᠶᠢᠰᠠ︾ ︽ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠤ ᠫᠠᠶᠢᠰᠠ︾ ᠶᠢ ᠰᠠᠶᠢᠲᠤᠷ ᠴᠣᠭᠴᠠᠯᠠᠵᠤ᠂ | ᠳᠠᠪᠠᠭᠤᠯᠢᠭ ᠠᠵᠤ ᠦᠢᠯᠡᠰ ᠢ ᠪᠤᠵᠠᠭᠠᠶᠢᠷᠠᠭᠤᠯᠤᠨ ᠳᠡᠭᠡᠭᠰᠢᠯᠡᠭᠦᠯᠵᠦ᠂ ᠣᠨᠴᠠᠯᠢᠭᠲᠤ ᠠᠵᠤ ᠦᠢᠯᠡᠰ ᠤᠨ ᠲᠣᠭᠤᠷᠢᠨ ᠳᠤ ᠠᠭᠤᠷᠬᠠᠢ ᠶᠢᠨ ᠭᠠᠷᠤᠯᠲᠠ ᠶᠢᠨ | ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ᠂ ᠡᠬᠢ ᠰᠤᠷᠪᠤᠯᠵᠢ ᠶᠢ ᠲᠣᠥᠷᠵᠢᠭᠤᠯᠤᠨ ᠨᠥᠭᠡᠴᠡᠯᠡᠬᠦ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠵᠡᠷᠭᠡ | ᠲᠠᠯ᠎ᠠ ᠶᠢᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠰ ᠤᠨ ᠲᠥᠷᠥᠯ ᠤᠨ ᠲᠥᠷᠥᠯ ᠵᠦᠢᠯ ᠢ 10 ᠤᠬᠠᠭᠠᠯᠠᠨ ᠬᠡᠷᠡᠭᠵᠢᠭᠦᠯᠵᠦ᠂ | ᠲᠣᠭᠲᠠᠭᠠᠭᠰᠠᠨ ︵ᠬᠢᠵᠠᠭᠠᠷᠯᠠᠭᠰᠠᠨ︶ ᠠᠵᠤ ᠠᠬᠤᠶᠢᠯᠠᠯ ᠢ 15 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ᠳᠤᠮᠳᠠ ᠶᠠᠳᠠᠭᠤ ᠬᠦᠴᠢᠷᠳᠡᠯᠲᠡᠢ | ᠢᠰᠦᠯᠳᠦᠭᠰᠡᠨ ᠬᠦᠳᠡᠷ ᠤᠨ ᠤᠰᠤᠲᠥ᠋ᠷᠥᠭᠴᠢ ᠪᠠᠷ ᠰᠠᠭᠤᠷᠢ ᠪᠣᠯᠭᠠᠭᠰᠠᠨ ᠬᠦᠳᠡᠷ ᠢ ᠬᠠᠷᠢᠯᠴᠠᠨ ᠤᠯᠠᠷᠢᠭᠤᠯᠬᠤ ᠡᠬᠢ ᠪᠠᠶᠠᠯᠢᠭ ᠢ ᠥᠨᠳᠥᠷ ᠪᠦᠲᠦᠮᠵᠢᠲᠡᠶ | ᠠᠰᠢᠭᠯᠠᠬᠤ ᠶᠢ ᠬᠡᠷᠡᠭᠵᠢᠭᠦᠯᠵᠦ᠂ ᠠᠵᠤ ᠦᠢᠯᠡᠰ ᠤᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ᠤᠰᠤᠲᠥ᠋ᠷᠥᠭᠴᠢ ᠡᠨᠧᠷᠭᠢ ᠶᠢᠨ ᠠᠵᠤ | ᠦᠢᠯᠡᠰ ᠬᠢᠭᠡᠳ ᠲᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢ ᠨᠢᠭᠡ ᠴᠣᠭᠴᠠᠵᠢᠭᠤᠯᠬᠤ᠂ ᠬᠠᠭᠤᠴᠢᠨ ᠰᠠᠯᠬᠢᠨ ᠬᠦᠴᠦᠨ ᠤ ᠮᠠᠰᠢᠨ ᠢ ᠥᠭᠡᠷᠡᠴᠢᠯᠡᠬᠦ᠂ | 1GW ᠶᠢᠨ ᠥᠩᠭᠡ ᠦᠵᠡᠮᠵᠢ ᠶᠢ ᠠᠳᠠᠯᠢ ᠲᠠᠯᠠᠪᠤᠷ ᠪᠣᠯᠭᠠᠬᠤ ᠵᠡᠷᠭᠡ ᠴᠡᠪᠡᠷ ᠡᠨᠧᠷᠭᠢ ᠶᠢᠨ ᠰᠤᠷᠪᠤᠯᠵᠢ ᠶᠢᠨ ᠵᠦᠢᠯᠡᠰ ᠢ ᠨᠠᠶᠢᠳᠠᠪᠤᠷᠢᠵᠢᠭᠤᠯᠤᠨ | ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠠᠵᠤ ᠦᠢᠯᠡᠰ ᠤᠨ ᠪᠣᠬᠢᠷᠲᠤᠯ ᠦᠭᠡᠢ ᠡᠨᠧᠷᠭᠢ ᠶᠢᠨ ᠰᠤᠷᠪᠤᠯᠵᠢ ᠶᠢᠨ ᠣᠷᠣᠯᠠᠬᠤ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ | ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠨᠡᠭᠡᠭᠡᠯᠲᠡ ᠶᠢ ᠠᠬᠢᠭᠤᠯᠤᠨ᠎ᠠ᠃ᠥᠪᠡᠷᠲᠡᠭᠡᠨ ᠵᠠᠰᠠᠬᠤ ᠣᠷᠣᠨ ᠢ ᠠᠰᠢᠭᠯᠠᠨ ᠤᠯᠤᠰ ᠠᠴᠠ | ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢᠨ ᠰᠠᠯᠬᠢᠨ ᠤ ᠠᠮᠠᠰᠠᠷ ᠢ ᠪᠦᠲᠦᠭᠡᠨ ᠪᠠᠶᠢᠭᠤᠯᠬᠤ ᠬᠤᠭᠤᠴᠠᠭ᠎ᠠ ᠶᠢ ᠠᠰᠢᠭᠯᠠᠵᠤ᠂ ᠮᠠᠨ ᠤ | ᠣᠷᠣᠨ ᠤ ᠭᠠᠳᠠᠭᠠᠳᠤ ᠨᠡᠭᠡᠭᠡᠯᠲᠡ ᠶᠢ ᠪᠦᠬᠦ ᠬᠦᠴᠦᠨ ᠢᠶᠠᠷ ᠠᠬᠢᠭᠤᠯᠵᠤ᠂ ᠵᠤᠨᠪᠠᠶᠠᠨ ᠠᠴᠠ ᠬᠠᠩᠵᠧᠦ ᠳᠤ ᠬᠦᠷᠬᠦ ᠲᠡᠮᠦᠷ ᠵᠠᠮ ᠤᠨ ᠲᠡᠷᠭᠡ ᠨᠡᠪᠲᠡᠷᠡᠬᠦ | ᠲᠣᠬᠢᠶᠠᠯ ᠢ ᠠᠮᠵᠢᠵᠤ᠂ ᠮᠣᠩᠭᠤᠯ ᠤᠯᠤᠰ ᠤᠨ ᠴᠢᠨᠠᠷ ᠰᠠᠶᠢᠲᠠᠢ ᠨᠡᠭᠦᠷᠡᠰᠦ᠂ ᠵᠡᠰ᠂ ᠲᠡᠮᠦᠷ ᠵᠡᠷᠭᠡ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ | ᠰᠠᠶᠢᠲᠤᠷ ᠠᠰᠢᠭᠯᠠᠵᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠲᠥᠪᠯᠡᠷᠡᠭᠦᠯᠦᠨ ᠬᠦᠷᠭᠡᠬᠦ᠂ ᠲᠠᠸᠠᠷ ᠤᠨ ᠠᠷᠠᠯᠵᠢᠶ᠎ᠠ᠂ ᠨᠡᠭᠦᠷᠡᠰᠦᠨ ᠤ ᠪᠠᠷᠠᠭᠠᠨ ᠤ | ᠭᠦᠢᠯᠭᠡᠭᠡᠨ᠂ ᠬᠥᠮᠥᠷᠭᠡᠯᠡᠨ ᠬᠠᠳᠠᠭᠠᠯᠠᠬᠤ ᠲᠡᠭᠡᠭᠡᠪᠦᠷᠢ᠂ ᠲᠥᠬᠦᠷ ᠦᠢᠯᠡᠴᠢᠯᠡᠭᠡᠨ ᠵᠡᠷᠭᠡ ᠶᠢ ᠨᠢᠭᠡ ᠴᠣᠭᠴᠠᠵᠢᠭᠤᠯᠤᠭᠰᠠᠨ ᠣᠲᠣ ᠦᠶ᠎ᠡ ᠶᠢᠨ ᠡᠬᠢ ᠪᠠᠶᠠᠯᠢᠭ ᠢ | ᠡᠳ᠋ᠰᠢᠭᠦᠯᠦᠨ ᠪᠣᠯᠪᠠᠰᠤᠷᠠᠭᠤᠯᠬᠤ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠢ ᠬᠦᠴᠦᠯᠡᠨ ᠪᠠᠶᠢᠭᠤᠯᠵᠤ᠂ ᠭᠠᠳᠠᠭᠠᠳᠤ | ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ᠂ ᠭᠠᠳᠠᠭᠠᠳᠤ ᠪᠡᠯᠡ ᠶᠢᠨ ᠠᠰᠢᠭᠯᠠᠯᠲᠠ ᠶᠢᠨ ᠠᠵᠤ | ᠠᠬᠤᠶᠢᠯᠠᠯ ᠤᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠵᠤ᠂ ᠪᠥᠬᠦ ᠵᠢᠯ ᠳᠤ ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠬᠤᠨᠠᠷᠮᠠᠢ ᠬᠢᠯᠢ ᠶᠢᠨ ᠪᠣᠭᠤᠮᠲᠠ ᠶᠢᠨ ᠠᠵᠤ ᠠᠬᠤᠢ ᠶᠢ ᠢᠳᠡᠪᠬᠢᠲᠡᠢ ᠪᠠᠷ ᠬᠥᠭᠵᠢᠭᠦᠯᠵᠦ᠂ 300 ᠲᠦᠮᠡᠨ ᠲᠣᠨ ᠤ ᠲᠠᠬᠢᠨ ᠲᠠᠨᠢᠯᠴᠠᠭᠤᠯᠬᠤ | ᠨᠡᠭᠦᠷᠡᠰᠦ ᠶᠢ ᠴᠡᠪᠡᠷᠯᠡᠨ ᠤᠬᠢᠶᠠᠵᠤ ᠰᠢᠯᠢᠬᠦ ᠵᠦᠢᠯᠡᠰ ᠪᠠ ᠢ ᡁᠢ ᠪᠠᠷᠠᠭᠠᠨ ᠤ ᠭᠦᠢᠯᠭᠡᠭᠡᠨ ᠤ ᠵᠢᠯ ᠳᠤ 150 ᠲᠦᠮᠡᠨ ᠲᠣᠨ ᠨᠡᠭᠦᠷᠡᠰᠦ ᠤᠬᠢᠶᠠᠬᠤ | ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠪᠦᠲᠦᠭᠡᠨ ᠪᠠᠶᠢᠭᠤᠯᠤᠨ᠎ᠠ᠃ᠪᠤᠭᠤᠲᠤ ︱ ᠴᠠᠭᠠᠨ ᠱᠤᠭᠤᠮ ᠤᠨ ᠲᠡᠮᠦᠷ ᠵᠠᠮ ᠤᠨ | ᠬᠤᠷᠳᠤᠴᠠ ᠶᠢ ᠳᠡᠭᠡᠭᠰᠢᠯᠡᠭᠦᠯᠦᠨ ᠥᠭᠡᠷᠡᠴᠢᠯᠡᠬᠦ ᠲᠥᠷᠥᠯ ᠵᠦᠢᠯ ᠤᠨ ᠪᠣᠳᠠᠲᠤ ᠠᠬᠢᠯᠲᠠ ᠲᠠᠢ ᠪᠣᠯᠬᠤ ᠶᠢ ᠠᠬᠢᠭᠤᠯᠵᠤ᠂ ᠭᠠᠵᠠᠷ ᠣᠷᠣᠨ ᠤ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃ᠨᠢᠰᠦᠭᠡ ᠭᠠᠵᠠᠷ ᠤᠨ ᠠᠵᠤ ᠠᠬᠤᠢ ᠶᠢᠨ ᠠᠳᠠᠯ ᠦᠢᠯᠡᠰ ᠴᠣᠭᠴᠠᠯᠠᠨ ᠰᠢᠨ᠎ᠡ ᠶᠢ | ᠡᠭᠦᠳᠬᠦ ᠬᠦᠷᠢᠶᠡᠯᠡᠩ ᠳᠤ ᠲᠦᠰᠢᠭᠯᠡᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠦᠷᠭᠡᠨ ᠨᠡᠪᠴᠢᠭᠦᠯᠬᠦ ᠬᠦᠷᠢᠶᠡᠯᠡᠩ ᠢ | ᠪᠠᠶᠢᠭᠤᠯᠵᠤ᠂ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠴᠢᠷᠮᠠᠶᠢᠨ ᠪᠠᠶᠢᠭᠤᠯᠤᠨ᠎ᠠ᠃ᠬᠤᠪᠣᠷ | ᠰᠢᠷᠣᠢ ᠶᠢᠨ ᠠᠵᠤ ᠦᠢᠯᠡᠰ ᠤᠨ ᠬᠡᠷᠡᠭᠯᠡᠭᠡᠨ᠂ ᠳᠡᠭᠡᠳᠦ ᠰᠢᠨ᠎ᠡ ᠮᠡᠷᠭᠡᠵᠢᠯ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠪᠠ ᠶᠡᠭᠡ ᠬᠡᠮᠵᠢᠶᠡᠨ ᠤ ᠠᠷᠠᠯᠵᠢᠶ᠎ᠠ | ᠵᠡᠷᠭᠡ ᠴᠢᠭᠯᠡᠯ ᠢ ᠬᠠᠮᠤᠷᠤᠭᠰᠠᠨ ᠴᠡᠴᠡᠷᠯᠢᠭ ᠲᠠᠬᠢ ᠬᠦᠷᠢᠶᠡᠯᠡᠩ ᠤᠨ ᠲᠥᠷᠥᠯ ᠵᠦᠢᠯ ᠢ ᠪᠣᠶ ᠪᠣᠯᠭᠠᠨ᠎ᠠ᠃ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ | ᠬᠦᠷᠢᠶ᠎ᠡ ᠶᠢᠨ ᠬᠥᠭᠵᠢᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠪᠦᠬᠦ ᠵᠢᠯ ᠳᠤ ᠪᠥᠭᠡᠮ ᠢᠶᠠᠷ ᠬᠤᠳᠠᠯᠳᠤᠬᠤ᠂ ᠵᠢᠵᠢᠭᠯᠡᠨ ᠬᠤᠳᠠᠯᠳᠤᠬᠤ᠂ ᠣᠷᠣᠨ | ᠰᠠᠭᠤᠴᠠ ᠬᠤᠭᠤᠯᠠᠨ ᠤ ᠬᠢᠵᠠᠭᠠᠷᠲᠤ ᠡᠵᠡᠩᠨᠡᠯᠲᠡ ᠶᠢᠨ ᠨᠢᠭᠡᠴᠢ ᠶᠢ 5 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠬᠦ ᠶᠢ ᠦᠨᠡᠨ ᠬᠦ ᠪᠠᠲᠤᠯᠠᠨ᠎ᠠ᠃2600 ᠲᠦᠮᠡᠨ ᠲᠥᠭᠦᠷᠢᠭ ᠤᠨ ᠪᠡᠯᠡ | ᠣᠷᠣᠭᠤᠯᠵᠤ᠂ ᠳᠠᠷᠢᠵᠤ ᠲᠡᠵᠢᠭᠡᠨ ᠦᠷᠡᠵᠢᠭᠦᠯᠬᠦ ᠪᠠᠷ ᠤᠳᠤᠷᠢᠳᠤᠮᠵᠢ ᠪᠣᠯᠭᠠᠭᠰᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠲᠠᠷᠢᠶᠠᠯᠠᠩ᠂ ᠲᠣᠭᠤᠷᠢᠨ ᠦᠵᠡᠵᠦ | ᠲᠡᠭᠦᠬᠦ᠂ ᠰᠣᠶᠣᠯ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠶᠢ ᠨᠢᠭᠡ ᠴᠣᠭᠴᠠᠵᠢᠭᠤᠯᠤᠭᠰᠠᠨ ᠲᠠᠷᠢᠶᠠᠯᠠᠩ ᠤᠨ ᠶᠡᠷᠦᠩᠬᠡᠶᠢᠯᠡᠭᠰᠡᠨ ᠴᠣᠭᠴᠠ ᠶᠢᠨ ᠲᠥᠷᠥᠯ | ᠵᠦᠢᠯ ᠢ ᠪᠦᠲᠦᠭᠡᠨ ᠪᠠᠶᠢᠭᠤᠯᠵᠤ᠂ ᠠᠮᠢ ᠠᠬᠤᠢ ᠶᠢᠨ ᠲᠠᠷᠢᠶᠠᠯᠠᠩ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ | ︵ᠭᠤᠷᠪᠠ︶ ᠠᠵᠤ ᠠᠬᠤᠢ ᠶᠢᠨ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡᠪᠡᠷ ᠳᠡᠭᠡᠭᠰᠢᠯᠡᠭᠦᠯᠬᠦ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ | ᠬᠥᠭᠵᠢᠯᠲᠡ ᠶᠢᠨ ᠠᠯᠬᠤᠴᠠ ᠶᠢ ᠨᠠᠩ ᠯᠠᠪᠳᠠᠭᠤᠨ ᠲᠣᠭᠲᠠᠭᠤᠨ ᠪᠣᠯᠭᠠᠨ᠎ᠠ᠃ᠰᠢᠨ᠎ᠡ ᠨᠡᠮᠡᠭᠳᠡᠯ ᠤᠨ ᠬᠡᠮᠵᠢᠶ᠎ᠡ ᠶᠢ ᠪᠣᠶᠢᠵᠢᠭᠤᠯᠬᠤ ᠶᠢ ᠠᠵᠤ ᠠᠬᠤᠢ ᠶᠢᠨ | ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠬᠤ ᠶᠢᠨ ᠵᠠᠩᠭᠢᠯᠠᠭ᠎ᠠ ᠶᠢᠨ ᠭᠠᠷᠳᠠᠴᠠ ᠪᠣᠯᠭᠠᠵᠤ᠂ ᠬᠤᠳᠠᠯᠳᠤᠭᠠᠴᠢᠨ ᠤᠷᠢᠵᠤ ᠰᠠᠭᠤᠷᠢ ᠶᠢ ᠪᠠᠲᠤᠳᠬᠠᠨ ᠬᠡᠷᠡᠭᠯᠡᠭᠡ ᠶᠢ | ᠠᠬᠢᠭᠤᠯᠬᠤ ᠶᠢ ᠪᠦᠬᠦ ᠬᠦᠴᠦᠨ ᠢᠶᠠᠷ ᠢᠶᠠᠨ ᠠᠳᠬᠤᠵᠤ᠂ ᠠᠵᠤ ᠠᠬᠤᠢ ᠶᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠲᠦᠷᠭᠡᠨ ᠤᠷᠤᠭᠰᠢᠯᠠᠭᠤᠯᠬᠤ᠂ | ᠲᠣᠭᠲᠠᠭᠤᠨ ᠪᠠᠶᠢᠯᠭᠠᠬᠤ ᠶᠢᠨ ᠵᠡᠷᠭᠡ ᠳᠤ ᠰᠢᠯᠢᠳᠡᠭ ᠤᠷᠤᠭᠰᠢᠯᠠᠭᠤᠯᠬᠤ ᠰᠠᠶᠢᠨ ᠰᠠᠶᠢᠬᠠᠨ ᠪᠠᠶᠢᠳᠠᠯ ᠢ ᠪᠠᠬᠢᠵᠢᠭᠦᠯᠦᠨ ᠥᠷᠭᠡᠳᠬᠡᠨ᠎ᠡ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠤᠨ ᠠᠪᠴᠢᠷᠠᠵᠤ ᠨᠡᠮᠡᠭᠳᠡᠯ ᠤᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ᠡᠬᠢ ᠪᠠᠶᠠᠯᠢᠭ ᠤᠨ ᠳᠠᠪᠠᠭᠤᠯᠢᠭ ᠪᠠ | ᠠᠵᠤ ᠦᠢᠯᠡᠰ ᠤᠨ ᠳᠠᠪᠠᠭᠤᠯᠢᠭ ᠲᠤ ᠲᠦᠰᠢᠭᠯᠡᠨ᠂ ᠳᠥᠷᠪᠡᠨ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠡᠰᠡᠷᠭᠦᠴᠡᠯᠳᠦᠨ ᠠᠬᠢᠭᠤᠯᠬᠤ ᠶᠢ | ᠪᠠᠷᠢᠮᠲᠠᠯᠠᠵᠤ᠂ ᠲᠤᠰᠬᠠᠢ ᠮᠡᠷᠭᠡᠵᠢᠯ ᠢᠶᠠᠷ ᠠᠷᠠᠯᠵᠢᠶᠠᠴᠢᠨ ᠤᠷᠢᠬᠤ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ ᠨᠠᠶᠢᠳᠠᠯᠭ᠎ᠠ ᠪᠠᠷ ᠠᠷᠠᠯᠵᠢᠶᠠᠴᠢᠨ ᠤᠷᠢᠬᠤ | ᠵᠡᠷᠭᠡ ᠪᠦᠲᠦᠮᠵᠢᠲᠡᠶ ᠠᠷᠭ᠎ᠠ ᠬᠡᠯᠪᠡᠷᠢ ᠶᠢ ᠠᠪᠴᠤ᠂ ᠲᠡᠷᠢᠭᠦᠨ ᠤ ᠭᠠᠵᠠᠷ ᠣᠷᠣᠨ᠂ ᠲᠡᠷᠢᠭᠦᠨ ᠤ ᠠᠵᠢᠯ ᠲᠥᠷᠥᠯ ᠲᠠᠢ ᠵᠣᠯᠭᠠᠭᠤᠯᠵᠤ᠂ ᠬᠡᠯᠬᠢᠶᠡᠨ ᠤ ᠭᠤᠣᠯ | ᠪᠦᠯᠦᠭᠯᠡᠯ ᠤᠨ ᠭᠤᠣᠯ ᠠᠵᠤ ᠠᠬᠤᠶᠢᠯᠠᠯ᠂ ᠲᠣᠯᠣᠭᠠᠢ ᠶᠢᠨ ᠬᠡᠰᠡᠭ ᠤᠨ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠶᠢ ᠲᠦᠷᠭᠡᠳᠬᠡᠵᠦ᠂ ᠠᠵᠤ | ᠦᠢᠯᠡᠰ ᠤᠨ ᠵᠣᠬᠢᠴᠠᠯ ᠤᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠳᠤᠮᠳᠠᠬᠢ ᠬᠦᠴᠦᠨ ᠵᠦᠢᠯ ᠤᠨ | ᠬᠢᠵᠠᠭᠠᠷᠯᠠᠯ ᠤᠨ ᠪᠣᠭᠤᠮᠢ ᠶᠢ ᠬᠦᠴᠦᠯᠡᠨ ᠰᠢᠢᠳᠪᠦᠷᠢᠯᠡᠵᠦ᠂ ᠠᠵᠤ ᠦᠢᠯᠡᠰ ᠤᠨ ᠬᠡᠯᠬᠢᠶ᠎ᠡ ᠶᠢ ᠳᠣᠣᠷᠠᠳᠤ ᠤᠷᠤᠰᠬᠠᠯ ᠳᠠᠰᠢ ᠤᠷᠲᠤᠳᠬᠠᠬᠤ᠂ ᠥᠷᠲᠡᠭ ᠤᠨ | ᠬᠡᠯᠬᠢᠶ᠎ᠡ ᠶᠢ ᠳᠤᠮᠳᠠ ᠳᠡᠭᠡᠳᠦ ᠲᠠᠰ ᠳᠠᠰᠢ ᠳᠡᠭᠡᠭᠰᠢᠯᠡᠭᠦᠯᠬᠦ ᠶᠢ ᠠᠬᠢᠭᠤᠯᠤᠨ᠂ ᠲᠥᠷᠥᠯ ᠵᠦᠢᠯ ᠤᠨ ︽ᠠᠯᠲᠠᠨ ᠤ ᠠᠭᠤᠯᠤᠭᠳᠠᠴᠠ︾ ︽ᠰᠢᠨ᠎ᠡ | ᠠᠭᠤᠯᠤᠭᠳᠠᠴᠠ︾ ︽ᠨᠣᠭᠤᠭᠠᠨ ᠠᠭᠤᠯᠤᠭᠳᠠᠴᠠ︾ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ | ᠠᠰᠢᠭ᠂ ᠠᠮᠢ ᠠᠬᠤᠢ ᠶᠢᠨ ᠦᠷ᠎ᠡ ᠠᠰᠢᠭ ᠢ ᠬᠠᠷᠢᠯᠴᠠᠨ ᠨᠢᠭᠡᠳᠬᠡᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢᠨ ︽ᠬᠤᠷᠳᠤᠴᠠ ᠶᠢ ᠨᠡᠮᠡᠭᠳᠡᠭᠦᠯᠬᠦ | ︾ ᠶᠢ ᠪᠡᠶᠡᠯᠡᠭᠦᠯᠵᠦ᠂ ᠪᠥᠬᠦ ᠵᠢᠯ ᠳᠤ 35 ᠲᠥᠷᠥᠯ ᠵᠦᠢᠯ ᠳᠤ ᠭᠠᠷ ᠤᠨ ᠥᠰᠥᠭ ᠵᠢᠷᠤᠵᠤ᠂ ᠬᠡᠯᠡᠯᠴᠡᠭᠡᠷ ᠤᠨ ᠪᠡᠯᠡ ᠮᠥᠩᠭᠦ ᠶᠢ 200 ᠳ᠋ᠦᠩᠰᠢᠭᠤᠷ | ᠲᠥᠭᠦᠷᠢᠭ ᠠᠴᠠ ᠳᠡᠭᠡᠭᠰᠢ᠂ ᠪᠣᠳᠠᠲᠠᠶᠢᠵᠢᠭᠤᠯᠤᠭᠰᠠᠨ ᠨᠣᠷᠮ᠎ᠠ ᠶᠢ 80% ᠠᠴᠠ ᠳᠡᠭᠡᠭᠰᠢ ᠪᠣᠯᠭᠠᠨ᠎ᠠ᠃ | ᠨᠠᠷᠢᠯᠢᠭ ᠣᠨᠣᠴᠠᠲᠠᠢ ᠪᠠᠷ ᠦᠢᠯᠡᠴᠢᠯᠡᠵᠦ ᠬᠥᠭᠵᠢᠯᠲᠡ ᠶᠢ ᠬᠠᠪᠰᠤᠷᠤᠨ᠎ᠠ᠃︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠤᠯᠠᠮ | ᠨᠢᠭᠡ ᠠᠯᠬᠤᠮ ᠭᠦᠨᠵᠡᠭᠡᠶᠢᠷᠡᠭᠦᠯᠵᠦ᠂ ︽ᠪᠤᠭᠤᠲᠤ ᠶᠢ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ︾ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠪᠠᠷ | ᠬᠥᠲᠥᠯᠥᠮᠵᠢ ᠪᠣᠯᠭᠠᠵᠤ᠂ ︽ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠦᠮᠴᠢᠯᠡᠬᠦ︾ ᠪᠠᠷ ᠭᠤᠣᠯᠳᠠᠯᠭ᠎ᠠ ᠪᠣᠯᠭᠠᠨ᠂ ︽ᠨᠢᠭᠡ ᠤᠳᠠᠭ᠎ᠠ ᠳᠤ ᠰᠠᠶᠢᠲᠤᠷ | ᠡᠷᠭᠢᠯᠡᠵᠦ᠂ ᠦᠢᠯᠡᠴᠢᠯᠡᠭᠡ ᠳᠤ ᠳᠣᠲᠣᠨᠣ᠂ ᠲᠤᠶᠢᠯ ᠤᠨ ᠲᠥᠬᠦᠮ ᠬᠢᠨᠠᠨ ᠵᠥᠪᠰᠢᠶᠡᠷᠡᠬᠦ᠂ ᠲᠠᠨ ᠤ ᠰᠡᠳᠬᠢᠯ ᠬᠠᠨᠤᠮᠵᠢᠲᠠᠶ ᠪᠠᠶᠢᠬᠤ ᠶᠢ ᠳᠠᠭᠠᠭᠠᠴᠢᠯᠠᠬᠤ︾ | ᠣᠳᠣᠨ ᠲᠠᠰ ᠤᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠠᠵᠤ ᠠᠬᠤᠶᠢᠯᠠᠯ ᠤᠨ ᠨᠢᠭᠡ ᠲᠣᠣᠷ᠂ ᠨᠢᠭᠡ ᠴᠣᠩᠬᠤᠪᠴᠢ᠂ ᠨᠢᠭᠡ | ᠤᠳᠠᠭ᠎ᠠ ᠳᠤ ᠲᠦᠷᠭᠡᠨ ᠭᠦᠢᠴᠡᠳᠬᠡᠬᠦ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠠᠵᠤ ᠠᠬᠤᠶᠢᠯᠠᠯ ᠤᠨ ᠨᠡᠭᠡᠭᠡᠨ ᠡᠷᠭᠢᠯᠡᠬᠦ ᠴᠠᠭ ᠢ 2 ᠴᠠᠭ ᠪᠣᠯᠭᠠᠨ | ᠪᠣᠭᠤᠨᠢᠰᠬᠠᠬᠤ ᠪᠠᠷ ᠴᠢᠷᠮᠠᠶᠢᠵᠤ᠂ 2023 ᠣᠨ ᠳᠤ ᠵᠠᠬ᠎ᠠ ᠳᠡᠯᠭᠡᠭᠦᠷ ᠤᠨ ᠭᠤᠣᠯ ᠴᠣᠭᠴᠠ ᠶᠢ 300 ᠡᠷᠦᠬᠡ ᠰᠢᠨ᠎ᠡ ᠪᠠᠷ ᠨᠡᠮᠡᠭᠳᠡᠭᠦᠯᠬᠦ ᠪᠠᠷ ᠪᠣᠶ᠃ | ᠢᠨᠵᠧᠨᠧᠷᠢᠩ ᠤᠨ ᠵᠦᠢᠯᠡᠰ ᠤᠨ ᠬᠢᠨᠠᠨ ᠵᠥᠪᠰᠢᠶᠡᠷᠡᠯ ᠤᠨ ︽ᠳᠤᠲᠠᠭᠳᠠᠵᠤ ᠪᠠᠶᠢᠭ᠎ᠠ ᠵᠦᠢᠯᠡᠰ ᠢ ᠤᠷᠢᠳᠴᠢᠯᠠᠨ ᠬᠢᠨᠠᠬᠤ︾᠂ ︽ᠬᠠᠮᠲᠤᠷᠠᠨ ᠬᠢᠨᠠᠵᠤ ᠬᠠᠮᠲᠤᠷᠠᠨ | ᠰᠢᠢᠳᠪᠦᠷᠢᠯᠡᠬᠦ︾᠂ ︽ᠭᠠᠵᠠᠷ ᠰᠢᠷᠣᠢ ᠶᠢ ᠠᠳᠬᠤᠪᠠᠯ ᠳᠠᠷᠤᠢ ᠠᠵᠢᠯ ᠡᠬᠢᠯᠡᠭᠦᠯᠬᠦ︾ ᠵᠡᠷᠭᠡ ᠥᠭᠡᠷᠡᠴᠢᠯᠡᠯᠲᠡ ᠶᠢ ᠭᠦᠨᠵᠡᠭᠡᠢ ᠲᠦᠯᠬᠢᠨ ᠠᠬᠢᠭᠤᠯᠪᠠ᠃ᠰᠦᠯᠵᠢᠶᠡᠨ | ᠳᠡᠭᠡᠷᠡᠬᠢ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠳᠤ ᠰᠢᠨ᠎ᠡ ᠰᠢᠪᠲᠤᠯᠤᠯᠲᠠ ᠲᠠᠢ ᠪᠣᠯᠵᠤ᠂ ᠳᠠᠬᠢᠭᠠᠳ 100 ᠵᠦᠢᠯ ᠤᠨ ︽ᠦᠨᠡᠮᠯᠡᠯ ᠠᠪᠬᠤ | ᠦᠭᠡᠢ ᠪᠠᠷ ᠭᠦᠢᠴᠡᠳᠬᠡᠬᠦ︾ ᠪᠠ ︽ᠠᠯᠠᠭᠠᠨ ᠳᠡᠭᠡᠷ᠎ᠡ ᠪᠠᠨ ᠭᠦᠢᠴᠡᠳᠬᠡᠬᠦ︾ ᠵᠦᠢᠯᠡᠰ ᠢ ᠬᠡᠷᠡᠭᠵᠢᠭᠦᠯᠦᠨ᠎ᠡ᠃ᠤᠶᠠᠨ ᠬᠠᠳᠠᠨ ᠢᠶᠠᠷ ᠬᠠᠤᠯᠢ ᠬᠡᠷᠡᠭᠵᠢᠭᠦᠯᠬᠦ ᠶᠢ | ᠭᠦᠨᠵᠡᠭᠡᠶᠢᠷᠡᠭᠦᠯᠦᠨ ᠠᠬᠢᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ ᠶᠢᠨ ︽ᠲᠣᠷᠭᠠᠭᠤᠯᠢ ᠠᠴᠠ ᠬᠡᠯᠲᠦᠷᠢᠭᠦᠯᠵᠦ | ᠬᠥᠩᠭᠡᠨ ᠢᠶᠠᠷ ᠲᠣᠷᠭᠠᠬᠤ︾ ᠶᠢ ᠨᠠᠶᠢᠳᠠᠪᠤᠷᠢᠵᠢᠭᠤᠯᠤᠨ᠎ᠠ᠃︽ᠬᠤᠶᠠᠷ ᠰᠢᠨ᠎ᠡ︾ ᠶᠢᠨ ᠠᠵᠤ ᠠᠬᠤᠶᠢᠯᠠᠯ ᠢ ᠨᠢᠭᠡᠳᠬᠡᠨ ᠬᠤᠷᠢᠶᠠᠬᠤ ᠠᠵᠢᠯ ᠢ ᠯᠠᠪᠳᠠᠭᠤᠨ | ᠪᠠᠲᠤᠲᠠᠢ ᠰᠠᠶᠢᠲᠤᠷ ᠬᠢᠵᠦ᠂ ︽ᠪᠠᠶ᠋ᠬᠤᠪᠤᠭ᠎ᠠ ᠠᠭᠤᠷᠬᠠᠢ ᠶᠢᠨ ᠣᠷᠣᠨ ᠤ ︽ᠳᠥᠷᠪᠡ ᠶᠢ ᠬᠥᠭᠵᠢᠭᠦᠯᠬᠦ ᠠᠵᠤ ᠠᠬᠤᠶᠢᠯᠠᠯ︾ ᠤᠨ ᠬᠥᠭᠵᠢᠯᠲᠡ ᠶᠢ | ᠠᠬᠢᠭᠤᠯᠬᠤ ᠠᠷᠭ᠎ᠠ ᠬᠡᠮᠵᠢᠶ᠎ᠡ ᠨᠦᠭᠦᠳ︾ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠨᠠᠩ ᠰᠠᠶᠢᠨ ᠬᠥᠭᠵᠢᠯᠲᠡ ᠶᠢ ᠪᠡᠶᠡᠯᠡᠭᠦᠯᠬᠦ ᠳᠤ | ᠬᠦᠴᠦᠨ ᠨᠡᠮᠡᠷᠢᠯᠡᠨ᠎ᠡ᠃ | ᠴᠢᠨᠠᠷ ᠰᠠᠶᠢᠲᠠᠢ ᠣᠷᠣᠨ ᠵᠠᠢ ᠶᠢᠨ ᠲᠤᠯᠭᠠᠭᠤᠷᠢᠯᠠᠯ ᠢᠶᠠᠷ ᠴᠢᠩᠭ᠎ᠠ ᠪᠠᠶᠢᠳᠠᠭ᠃ᠪᠠᠶᠠᠨ᠋ᠣ᠋ᠪᠣᠭ᠎ᠠ ᠠᠵᠤ ᠦᠢᠯᠡᠰ ᠤᠨ ᠬᠦᠷᠢᠶᠡᠯᠡᠩ ᠤᠨ ᠣᠶᠤᠨᠴᠢᠯᠠᠬᠤ᠂ | ᠨᠡᠭᠦᠷᠡᠰᠦᠲᠥ᠋ᠷᠥᠭᠴᠢ ᠶᠢ ᠦᠯᠦ ᠭᠠᠳᠠᠭᠰᠢᠯᠠᠭᠤᠯᠬᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ᠠᠵᠠ ᠲᠣᠬᠢᠶᠠᠯ ᠢ ᠠᠮᠵᠢᠵᠤ᠂ ᠡᠷᠲᠡ ᠠᠴᠠ | ᠵᠣᠯᠭᠠᠭᠤᠯᠵᠤ᠂ ᠡᠷᠲᠡ ᠠᠴᠠ ᠪᠡᠯᠡᠳᠬᠡᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢᠨ | ᠤᠳᠤᠷᠢᠳᠤᠮᠵᠢ ᠶᠢ ᠭᠦᠨᠵᠡᠭᠡᠢ ᠰᠤᠳᠤᠯᠵᠤ᠂ ᠨᠢᠭᠡ ᠪᠦᠯᠦᠭ ᠴᠢᠬᠤᠯᠠ ᠶᠡᠭᠡ ᠲᠥᠷᠥᠯ ᠵᠦᠢᠯ ᠢ ᠪᠣᠭᠤᠳᠠᠯᠯᠠᠬᠤ ᠶᠢ ᠲᠦᠷᠭᠡᠳᠬᠡᠨ ᠲᠥᠯᠥᠪᠯᠡᠵᠦ᠂ ᠵᠢᠯ ᠤᠨ | ᠳᠣᠲᠣᠷ᠎ᠠ ︽ᠭᠤᠷᠪᠠ ᠶᠢ ᠴᠢᠷᠮᠠᠶᠢᠨ ᠣᠯᠬᠤ︾ ᠲᠠᠯ᠎ᠠ ᠪᠠᠷ ᠨᠠᠩ ᠶᠡᠭᠡ ᠰᠢᠪᠲᠤᠯᠤᠯᠲᠠ ᠲᠠᠢ ᠪᠣᠯᠭᠠᠬᠤ ᠪᠠᠷ ᠴᠢᠷᠮᠠᠶᠢᠨ᠎ᠠ᠃ᠬᠦᠷᠢᠶᠡᠯᠡᠩ ᠲᠣᠭᠤᠷᠢᠭ ᠤᠨ ᠤᠰᠤ᠂ | ᠴᠠᠬᠢᠯᠭᠠᠨ᠂ ᠬᠡᠢ᠂ ᠳᠤᠯᠠᠭᠠᠯᠠᠭ᠎ᠠ᠂ ᠵᠠᠮ ᠵᠡᠷᠭᠡ ᠡᠯ᠎ᠡ ᠲᠥᠷᠥᠯ ᠤᠨ ᠬᠦᠴᠦᠨ ᠵᠦᠢᠯ ᠤᠨ ᠪᠠᠲᠤᠯᠠᠭ᠎ᠠ ᠶᠢ ᠪᠥᠬᠦ ᠲᠠᠯ᠎ᠠ ᠪᠠᠷ ᠪᠣᠳᠣᠯᠬᠢᠯᠠᠵᠤ᠂ ︽ᠤᠰᠤ ᠶᠢ | ᠴᠠᠭᠠᠨ ᠳᠤ ᠣᠷᠣᠭᠤᠯᠬᠤ︾᠂ ︽ᠬᠡᠢ ᠶᠢ ᠴᠠᠭᠠᠨ ᠳᠤ ᠣᠷᠣᠭᠤᠯᠬᠤ︾᠂ ᠬᠦᠷᠢᠶᠡᠯᠡᠩ ᠲᠣᠭᠤᠷᠢᠭ ᠤᠨ ᠳᠠᠬᠢᠯᠲᠠ ᠤᠰᠤ ᠶᠢ ᠠᠰᠢᠭᠯᠠᠬᠤ᠂ ᠢᠵᠢ | ᠪᠦᠷᠢᠳᠦᠭᠦᠯᠬᠦ ᠬᠤᠭᠤᠯᠠᠢ ᠶᠢᠨ ᠲᠣᠣᠷ᠂ ᠵᠠᠮ ᠬᠤᠭᠤᠯᠠᠢ ᠶᠢᠨ ᠬᠤᠩᠭᠢᠯ᠂ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠭᠡᠷ ᠪᠠᠶᠢᠰᠢᠩ ᠪᠠ ᠬᠤᠪᠣᠷ | ᠰᠢᠷᠣᠢ ᠶᠢᠨ ᠬᠡᠷᠡᠭᠯᠡᠭᠡᠨ ᠤ ᠠᠵᠤ ᠦᠢᠯᠡᠰ ᠤᠨ ᠰᠠᠭᠤᠷᠢᠨ ᠭᠠᠵᠠᠷ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ | ᠬᠦᠷᠢᠶᠡᠯᠡᠩ ᠲᠣᠭᠤᠷᠢᠭ ᠤᠨ ᠴᠢᠳᠠᠮᠵᠢ ᠶᠢ ᠪᠥᠬᠦ ᠲᠠᠯ᠎ᠠ ᠪᠠᠷ ᠲᠡᠭᠦᠯᠳᠡᠷᠵᠢᠭᠦᠯᠦᠨ᠂ ᠬᠦᠷᠢᠶᠡᠯᠡᠩ ᠲᠣᠭᠤᠷᠢᠭ ᠤᠨ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠵᠦ᠂ | ᠬᠥᠭᠵᠢᠯᠲᠡ ᠶᠢᠨ ᠬᠠᠲᠠᠭᠤ ᠲᠤᠯᠭᠠᠭᠤᠷᠢᠯᠠᠯ ᠢ ᠴᠣᠭᠴᠠᠯᠠᠨ ᠪᠠᠶᠢᠭᠤᠯᠤᠨ᠎ᠠ᠃︽ᠮᠦ ᠪᠠᠷ ᠪᠠᠭᠠᠲᠤᠷᠴᠤᠳ ᠢ ᠢᠯᠭᠠᠬᠤ︾ ᠲᠣᠭᠲᠠᠴᠠ ᠶᠢ ᠴᠢᠩᠭᠠᠳᠬᠠᠵᠤ᠂ | ᠵᠥᠪ ᠴᠢᠭᠯᠡᠯ ᠢᠶᠠᠷ ᠤᠷᠮᠠᠰᠢᠭᠤᠯᠬᠤ ᠪᠠ ᠡᠰᠡᠷᠭᠦ ᠴᠢᠭᠯᠡᠯ ᠢᠶᠠᠷ ᠭᠡᠳᠡᠷᠭᠦ ᠰᠢᠬᠠᠬᠤ ᠲᠣᠭᠲᠠᠴᠠ ᠶᠢ ᠴᠢᠩᠭᠠᠳᠬᠠᠨ᠂ ᠪᠡᠯᠡ ᠣᠷᠣᠭᠤᠯᠤᠯᠲᠠ ᠶᠢᠨ ᠡᠷᠴᠢᠮ ᠢ | ᠮᠦ ᠠᠴᠠ 240 ᠲᠦᠮᠡᠨ ᠲᠥᠭᠦᠷᠢᠭ᠂ ᠦᠢᠯᠡᠳᠬᠦᠨ ᠤ ᠥᠷᠲᠡᠭ ᠮᠦ ᠠᠴᠠ 240 ᠲᠦᠮᠡᠨ ᠲᠥᠭᠦᠷᠢᠭ᠂ ᠭᠠᠶᠢᠯᠢ ᠶᠢᠨ ᠣᠷᠣᠯᠭ᠎ᠠ ᠶᠢ ᠮᠦ ᠠᠴᠠ 8 | ᠲᠦᠮᠡᠨ ᠲᠥᠭᠦᠷᠢᠭ ᠠᠴᠠ ᠳᠡᠭᠡᠭᠰᠢ ᠪᠠᠶᠢᠯᠭᠠᠬᠤ ᠶᠢ ᠦᠨᠡᠨᠬᠦ ᠪᠠᠲᠤᠯᠠᠵᠤ᠂ ᠠᠵᠤ ᠦᠢᠯᠡᠰ ᠤᠨ ᠬᠥᠭᠵᠢᠯᠲᠡ ᠶᠢᠨ ᠬᠥᠳᠡᠯᠭᠡᠬᠦ ᠬᠦᠴᠦᠨ ᠢ ᠬᠥᠭᠵᠢᠭᠡᠨ᠎ᠡ᠃ | ︵ᠳᠥᠷᠪᠡ︶ ᠣᠷᠣᠰᠢᠨ ᠰᠠᠭᠤᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠴᠠᠭᠠᠨ ᠡᠭᠦᠯᠡ ᠶᠢ ᠪᠥᠬᠦ ᠬᠦᠴᠦᠨ ᠢᠶᠠᠷ ᠢᠶᠠᠨ ᠪᠦᠲᠦᠭᠡᠨ | ᠪᠠᠶᠢᠭᠤᠯᠵᠤ᠂ ᠬᠤᠲᠠ ᠶᠢᠨ ᠶᠠᠰᠤ ᠴᠢᠨᠠᠷ ᠢ ᠨᠠᠩ ᠳᠤᠯᠠᠭᠠᠬᠠᠨ ᠪᠣᠯᠭᠠᠨ᠎ᠠ᠃ᠤᠯᠠᠨ ᠲᠦᠮᠡᠨ ᠤ ᠪᠠᠴᠢᠮ ᠪᠡᠷᠬᠡ ᠵᠣᠪᠠᠵᠤ ᠪᠠᠶᠢᠭ᠎ᠠ ᠠᠰᠠᠭᠤᠳᠠᠯ ᠢ | ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠳᠠ ᠶᠢᠨ ᠬᠠᠲᠠᠭᠤ ᠣᠷᠴᠢᠨ ᠨᠥᠬᠦᠴᠡᠯ ᠢ ᠰᠠᠶᠢᠵᠢᠷᠠᠭᠤᠯᠬᠤ ᠪᠠ ᠬᠤᠳᠠ ᠶᠢᠨ ᠵᠥᠭᠡᠯᠡᠨ ᠣᠷᠴᠢᠨ | ᠨᠥᠬᠦᠴᠡᠯ ᠢ ᠰᠢᠯᠢᠳᠡᠭᠵᠢᠭᠦᠯᠬᠦ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠠᠷᠠᠳ ᠤᠯᠠᠨ ᠤ ᠬᠠᠨᠤᠮᠵᠢ ᠶᠢᠨ ᠬᠡᠮᠵᠢᠶ᠎ᠡ᠂ ᠬᠦᠷᠲᠡᠮᠵᠢ ᠶᠢᠨ ᠲᠥᠷᠥᠭᠳᠡᠯ ᠢ ᠦᠨᠡᠨ | ᠬᠦ ᠨᠡᠮᠡᠭᠳᠡᠭᠦᠯᠦᠨ᠎ᠡ᠃ | ᠬᠤᠲᠠ ᠶᠢᠨ ᠲᠣᠭᠤᠷᠢᠭ ᠤᠨ ᠲᠥᠯᠦᠪᠵᠢᠭᠦᠯᠭᠡ ᠶᠢ ᠥᠨᠳᠥᠷ ᠡᠬᠢᠯᠡᠯᠲᠡ ᠲᠠᠢ︽ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠪᠣᠯ ᠬᠤᠳᠠ ᠶᠢᠨ | ᠬᠠᠮᠤᠭ ᠤᠨ ᠶᠡᠭᠡ ᠡᠬᠢ ᠪᠠᠶᠠᠯᠢᠭ ᠮᠥᠨ︾ ᠭᠡᠬᠦ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ | ᠲᠥᠯᠦᠪᠵᠢᠭᠦᠯᠭᠡ ᠶᠢ ᠲᠦᠷᠭᠡᠪᠴᠢᠯᠡᠨ ᠨᠠᠶᠢᠳᠠᠪᠤᠷᠢᠵᠢᠭᠤᠯᠵᠤ᠂ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠢ ᠶᠢᠨ ᠣᠷᠣᠨ ᠵᠠᠢ ᠶᠢᠨ ᠪᠠᠶᠢᠷᠢᠰᠢᠯ ᠢ ᠵᠦᠢ | ᠵᠣᠬᠢᠰᠲᠠᠢ ᠲᠥᠯᠥᠪᠵᠢᠭᠦᠯᠦᠨ᠂ ᠬᠤᠳᠠ ᠶᠢᠨ ᠢᠷᠡᠭᠡᠳᠦᠢ ᠶᠢᠨ ᠬᠥᠭᠵᠢᠯᠲᠡ ᠳᠤ ᠭᠦᠢᠴᠡᠳ ᠣᠷᠣᠨ ᠵᠠᠢ ᠦᠯᠡᠳᠡᠭᠡᠵᠦ ᠥᠭᠭᠦᠨ᠎ᠡ᠃ᠬᠤᠳᠠ ᠶᠢᠨ ᠵᠢᠷᠤᠭ | ᠲᠥᠯᠥᠪᠯᠡᠭᠡ ᠪᠠ ᠬᠤᠳᠠ ᠶᠢᠨ ᠰᠢᠨᠡᠴᠢᠯᠡᠯᠲᠡ ᠶᠢ ᠥᠷᠨᠢᠭᠦᠯᠵᠦ᠂ ᠬᠤᠳᠠ ᠶᠢᠨ ᠣᠷᠣᠨ ᠵᠠᠢ᠂ ᠲᠡᠭᠷᠢ ᠶᠢᠨ ᠬᠠᠶᠠᠭ᠎ᠠ᠂ ᠥᠩᠭᠡ ᠪᠤᠳᠤᠭ ᠤᠨ ᠵᠢᠷᠤᠭ | ᠲᠥᠯᠥᠪᠯᠡᠭᠡ ᠶᠢ ᠰᠢᠯᠢᠳᠡᠭᠵᠢᠭᠦᠯᠦᠨ᠎ᠡ᠃ᠬᠤᠲᠠ ᠶᠢᠨ ᠴᠢᠳᠠᠮᠵᠢ ᠪᠠ ᠬᠠᠮᠢᠶᠠᠷᠤᠯᠲᠠ ᠶᠢᠨ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠭᠠᠵᠠᠷ | ᠳᠣᠣᠷᠠᠬᠢ ᠬᠤᠭᠤᠯᠠᠢ ᠲᠣᠣᠷ ᠢ ᠵᠢᠭᠰᠠᠭᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ︽ᠨᠢᠭᠡ ᠯᠡ ᠵᠢᠷᠤᠭ ᠲᠠᠢ ᠪᠠᠶᠢᠯᠭᠠᠬᠤ︾ | ᠬᠠᠮᠢᠶᠠᠷᠤᠯᠲᠠ ᠶᠢ ᠪᠡᠶᠡᠯᠡᠭᠦᠯᠦᠨ᠂ ᠬᠤᠲᠠ ᠶᠢᠨ ᠬᠥᠭᠵᠢᠯᠲᠡ ᠪᠦᠲᠦᠭᠡᠨ ᠪᠠᠶᠢᠭᠤᠯᠤᠯᠲᠠ ᠳᠤ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ | ᠣᠨᠣᠪᠴᠢᠲᠠᠶ ᠵᠢᠯᠣᠭᠤᠳᠤᠯᠭ᠎ᠠ ᠪᠠ ᠬᠠᠲᠠᠭᠤ ᠬᠠᠮᠢᠶᠠᠷᠤᠯᠲᠠ ᠡᠵᠡᠮᠳᠡᠯ ᠢ ᠬᠠᠩᠭᠠᠵᠤ᠂ ᠬᠤᠲᠠ ᠶᠢᠨ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ | ᠳᠡᠭᠡᠭᠰᠢᠯᠡᠭᠦᠯᠦᠨ᠂ ᠠᠷᠠᠳ ᠣᠯᠠᠨ ᠤ ᠰᠠᠶᠢᠨ ᠰᠠᠶᠢᠬᠠᠨ ᠬᠤᠲᠠ ᠶᠢᠨ ᠣᠷᠴᠢᠨ ᠲᠣᠭᠤᠷᠢᠨ ᠤ ᠬᠠᠨᠤᠮᠵᠢ ᠶᠢᠨ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠦᠨ᠎ᠡ᠃ | ᠰᠠᠭᠤᠷᠢ ᠲᠥᠬᠦᠭᠡᠷᠦᠮᠵᠢ ᠶᠢ ᠥᠨᠳᠥᠷ ᠪᠠᠷᠢᠮᠵᠢᠶ᠎ᠠ ᠪᠠᠷ ᠲᠡᠭᠦᠯᠳᠡᠷᠵᠢᠭᠦᠯᠦᠨ᠎ᠡ᠃700 ᠭᠠᠷᠤᠢ ᠲᠦᠮᠡᠨ ᠲᠥᠭᠦᠷᠢᠭ ᠣᠷᠣᠭᠤᠯᠵᠤ᠂ ᠨᠢᠭᠡ ᠪᠦᠯᠦᠭ | ᠬᠡᠷᠡᠯ ᠴᠡᠨᠡᠭ ᠤᠨ ᠴᠠᠬᠢᠯᠭᠠᠨ ᠴᠡᠨᠡᠭᠯᠡᠬᠦ ᠰᠠᠭᠤᠳᠠᠯ᠂ ᠲᠡᠷᠭᠡ ᠬᠦᠯᠢᠶᠡᠬᠦ ᠮᠤᠬᠤᠯᠠᠭ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠣᠶᠤᠨᠲᠤ ᠴᠠᠬᠢᠯᠭᠠᠨ ᠴᠡᠨᠡᠭᠯᠡᠬᠦ | ᠱᠣᠩ᠂ ᠰᠢᠭᠤᠳ ᠤᠤᠭᠤᠬᠤ ᠤᠰᠤ ᠶᠢ ᠡᠷᠦᠬᠡ ᠳᠤ ᠣᠷᠣᠭᠤᠯᠬᠤ ᠲᠥᠷᠥᠯ ᠵᠦᠢᠯ ᠵᠡᠷᠭᠡ ᠠᠷᠠᠳ ᠲᠤ ᠲᠥᠬᠦᠮ ᠦᠵᠡᠭᠦᠯᠵᠦ ᠠᠷᠠᠳ ᠲᠤ ᠦᠢᠯᠡᠴᠢᠯᠡᠬᠦ | ᠪᠡᠯᠡᠳᠬᠡᠮᠵᠢ ᠶᠢ ᠪᠦᠲᠦᠭᠡᠨ ᠪᠠᠶᠢᠭᠤᠯᠤᠨ᠎ᠠ᠃ᠣᠶᠤᠨᠲᠤ ᠬᠤᠳᠠ ᠶᠢᠨ ᠬᠡᠷᠡᠭᠯᠡᠭᠡᠨ ᠤ ᠦᠵᠡᠭᠳᠡᠯ ᠢ ᠪᠠᠶᠠᠯᠢᠭᠵᠢᠭᠤᠯᠵᠤ᠂ ᠥᠨᠳᠥᠷ ᠪᠦᠲᠦᠮᠵᠢᠲᠡᠢ ᠪᠠᠷ ᠠᠵᠢᠯᠯᠠᠬᠤ | ᠣᠶᠤᠨᠲᠤ ᠬᠤᠳᠠ ᠶᠢ ᠪᠠᠶᠢᠭᠤᠯᠤᠨ᠎ᠠ᠃ᠣᠯᠠᠨ ᠨᠡᠶᠢᠲᠡ ᠶᠢᠨ ᠣᠷᠣᠨ ᠪᠦᠰᠡ ᠳᠤ ᠭᠡᠷ ᠤᠨ ᠭᠠᠳᠠᠨᠠᠬᠢ ᠬᠥᠳᠡᠯᠭᠡᠭᠡᠨ ᠤ ᠪᠡᠯᠡᠳᠬᠡᠮᠵᠢ ᠶᠢ ᠨᠡᠮᠡᠨ ᠪᠠᠶᠢᠭᠤᠯᠵᠤ᠂ | ᠰᠠᠭᠤᠭᠠᠯᠢ ᠠᠷᠠᠳ ᠤᠨ ᠭᠡᠷ ᠤᠨ ᠡᠭᠦᠳᠡᠨ ᠳᠠᠬᠢ ︽ᠪᠡᠶ᠎ᠡ ᠴᠢᠭᠢᠷᠠᠭᠵᠢᠭᠤᠯᠬᠤ ᠴᠡᠩᠭᠡᠯ ᠤᠨ ᠬᠦᠷᠢᠶᠡᠯᠡᠩ︾ ᠢ ᠬᠦᠴᠦᠯᠡᠨ ᠪᠠᠶᠢᠭᠤᠯᠤᠨ᠎ᠠ᠃ᠤᠯᠤᠰ ᠤᠨ | ᠵᠠᠮ ᠤᠨ 210 ᠱᠤᠭᠤᠮ ᠤᠨ ᠪᠠᠢ ᠶᠦᠨ ︱ ᠭᠦᠶᠠᠩ ᠬᠦᠷᠬᠦ ᠬᠡᠰᠡᠭ ᠤᠨ ᠨᠢᠭᠡᠳᠦᠭᠡᠷ ᠳᠡᠰ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ | ᠠᠬᠢᠴᠠ ᠶᠢ ᠲᠦᠷᠭᠡᠳᠬᠡᠨ ᠠᠬᠢᠭᠤᠯᠵᠤ᠂ ᠵᠠᠮ ᠬᠠᠷᠢᠯᠴᠠᠭᠠᠨ ᠤ ᠶᠠᠪᠤᠵᠤ ᠰᠠᠭᠤᠬᠤ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ᠤᠯᠤᠰ ᠤᠨ ᠵᠠᠮ ᠤᠨ | 335 ᠪᠥᠬᠦ ᠱᠤᠭᠤᠮ ᠢᠶᠠᠷ ᠲᠡᠷᠭᠡ ᠨᠡᠪᠲᠡᠷᠡᠬᠦ ᠪᠠᠷ ᠲᠣᠬᠢᠶᠠᠯ ᠪᠣᠯᠭᠠᠵᠤ᠂ ᠪᠣᠬᠢᠷᠲᠤᠯ ᠦᠭᠡᠢ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠶᠡᠷᠦᠩᠬᠡᠶᠢᠯᠡᠭᠰᠡᠨ | ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠤᠨ᠎ᠠ᠃ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ | ᠪᠠᠶᠢᠭᠤᠯᠬᠤ ᠪᠠ ᠬᠤᠳᠠ ᠶᠢᠨ ︽ᠬᠤᠶᠠᠷ ᠢ ᠵᠠᠰᠠᠬᠤ︾ ᠶᠢ ᠦᠷᠭᠦᠯᠵᠢᠯᠡᠨ ᠠᠬᠢᠭᠤᠯᠵᠤ᠂ ᠨᠠᠷᠢᠨ ᠵᠦᠢᠯᠡᠰ ᠠᠴᠠ ᠭᠠᠷᠳᠠᠵᠦ᠂ ᠪᠠᠭ᠎ᠠ ᠶᠠᠪᠤᠳᠠᠯ ᠠᠴᠠ ᠡᠬᠢᠯᠡᠨ ᠬᠢᠵᠦ᠂ | ᠬᠤᠳᠠ ᠶᠢᠨ ᠠᠭᠤᠯᠤᠭᠳᠠᠬᠤᠨ ᠪᠠ ᠲᠡᠰ ᠳᠠᠪᠬᠤᠷᠭ᠎ᠠ ᠶᠢ ᠳᠡᠭᠡᠭᠰᠢᠯᠡᠭᠦᠯᠵᠦ᠂ ᠪᠣᠯᠪᠠᠰᠤᠨ ᠠᠭᠤᠷ ᠠᠮᠢᠰᠬᠤᠯ ᠢ ᠪᠤᠢ ᠪᠣᠯᠭᠠᠵᠤ᠂ ᠬᠠᠯᠠᠭᠤᠨ ᠳᠤᠯᠠᠭᠠᠨ ᠣᠷᠴᠢᠨ | ᠲᠣᠭᠤᠷᠢᠨ ᠢ ᠪᠤᠢ ᠪᠣᠯᠭᠠᠵᠤ᠂ ᠬᠤᠳᠠ ᠶᠢᠨ ᠪᠦᠲᠦᠭᠡᠨ ᠪᠠᠶᠢᠭᠤᠯᠤᠯᠲᠠ ᠶᠢ ᠠᠷᠠᠳ ᠤᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠵᠣᠯ ᠵᠢᠷᠭᠠᠯ ᠳᠤ | ᠲᠠᠰᠤᠷᠠᠯᠳᠠ ᠦᠭᠡᠢ ᠨᠥᠬᠦᠴᠡᠯ ᠨᠡᠮᠡᠷᠢᠯᠡᠨ᠎ᠡ᠃ | ᠬᠤᠳᠠ ᠶᠢᠨ ᠬᠠᠮᠢᠶᠠᠷᠤᠯᠲᠠ ᠶᠢ ᠴᠢᠨᠠᠷ ᠰᠠᠶᠢᠲᠠᠢ ᠳᠡᠭᠡᠭᠰᠢᠯᠡᠭᠦᠯᠦᠨ᠎ᠡ᠃ᠣᠯᠠᠨ ᠲᠦᠮᠡᠨ ᠤ ᠠᠩᠬᠠᠷᠴᠤ ᠪᠠᠶᠢᠭ᠎ᠠ ᠪᠠᠭᠤᠷᠠᠢ ᠭᠤᠭᠴᠤᠭ᠎ᠠ ᠪᠠ ᠲᠣᠪᠣᠶᠢᠮ᠎ᠠ | ᠠᠰᠠᠭᠤᠳᠠᠯ ᠢ ᠴᠢᠩᠭ᠎ᠠ ᠠᠩᠬᠠᠷᠴᠤ᠂ ᠬᠠᠷᠢᠭᠤᠴᠠᠯᠭ᠎ᠠ ᠲᠣᠳᠣᠷᠬᠠᠢ᠂ ᠬᠠᠮᠵᠢᠯᠴᠠᠭ᠎ᠠ ᠥᠨᠳᠥᠷ ᠪᠦᠲᠦᠮᠵᠢᠲᠡᠶ ᠣᠷᠳᠣ ᠬᠤᠭᠤᠴᠠᠭᠠᠨ ᠤ ᠪᠦᠲᠦᠮᠵᠢᠲᠡᠶ | ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠵᠠᠰᠠᠮᠠᠯ ᠵᠠᠮ ᠢᠶᠠᠷ ᠠᠯᠪᠠᠯᠠᠬᠤ︾ ᠶᠢ ᠶᠡᠬᠡᠪᠡᠷ ᠲᠦᠯᠬᠢᠨ ᠠᠬᠢᠭᠤᠯᠵᠤ᠂ ︽ | ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ︾ ᠶᠢ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠵᠤ᠂ ᠬᠤᠲᠠ ᠶᠢᠨ ᠬᠠᠮᠢᠶᠠᠷᠤᠯᠲᠠ ᠶᠢᠨ ᠠᠰᠠᠭᠤᠳᠠᠯ ᠢ | ᠰᠢᠢᠳᠪᠦᠷᠢᠯᠡᠬᠦ ᠨᠣᠷᠮ᠎ᠠ ᠶᠢ ᠳᠡᠭᠡᠭᠰᠢᠯᠡᠭᠦᠯᠦᠨ᠎ᠡ᠃ᠣᠷᠴᠢᠨ ᠲᠣᠭᠤᠷᠢᠨ ᠤ ᠠᠷᠢᠭᠤᠨ ᠴᠡᠪᠡᠷ ᠤᠨ ᠨᠣᠭᠤᠭᠠᠷᠠᠭᠤᠯᠤᠯᠲᠠ ᠶᠢᠨ ᠨᠠᠷᠢᠯᠢᠭ ᠨᠢᠭᠡ ᠴᠣᠭᠴᠠᠵᠢᠭᠰᠠᠨ | ᠬᠠᠮᠢᠶᠠᠷᠤᠯᠲᠠ ᠶᠢ ᠭᠦᠨᠵᠡᠭᠡᠢ ᠠᠬᠢᠭᠤᠯᠵᠤ᠂ ᠬᠤᠲᠠ ᠶᠢᠨ ᠣᠷᠴᠢᠨ ᠲᠣᠭᠤᠷᠢᠨ ᠢ ᠨᠠᠩ ᠴᠡᠪᠡᠷ ᠴᠡᠮᠴᠡᠭᠡᠷ᠂ ᠠᠮᠢᠳᠤᠷᠠᠯ ᠢ ᠨᠠᠩ ᠣᠷᠣᠰᠢᠨ ᠰᠠᠭᠤᠬᠤ ᠳᠤ | ᠲᠣᠬᠢᠷᠠᠮᠵᠢᠲᠠᠢ᠂ ᠠᠷᠠᠳ ᠲᠦᠮᠡᠨ ᠢ ᠨᠠᠩ ᠵᠣᠯ ᠵᠢᠷᠭᠠᠯ ᠲᠠᠢ ᠪᠣᠯᠭᠠᠨ᠎ᠠ᠃︽ᠬᠤᠪᠢᠰᠬᠠᠯᠲᠤ ᠠᠳᠠᠯ ᠠᠬᠤᠢ︾ ᠶᠢ ᠪᠥᠬᠦ ᠲᠠᠯ᠎ᠠ ᠪᠠᠷ ᠳᠡᠯᠭᠡᠷᠡᠭᠦᠯᠵᠦ᠂ ᠳᠡᠰᠯᠡᠬᠦ | ᠠᠳᠠᠯ ᠠᠬᠤᠢ ᠶᠢᠨ ᠬᠠᠮᠢᠶᠠᠷᠤᠯᠲᠠ ᠶᠢ ᠭᠦᠨᠵᠡᠭᠡᠢ ᠠᠬᠢᠭᠤᠯᠤᠨ᠂ ᠦᠢᠯᠡᠴᠢᠯᠡᠭᠡᠨ ᠤ ᠠᠭᠤᠯᠭ᠎ᠠ ᠶᠢ ᠨᠠᠷᠢᠯᠢᠭᠵᠢᠭᠤᠯᠵᠤ᠂ ᠠᠳᠠᠯ ᠠᠬᠤᠢ ᠶᠢᠨ | ᠬᠠᠮᠢᠶᠠᠷᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ ᠶᠢ ᠲᠠᠰ ᠲᠥᠷᠥᠯ ᠬᠤᠪᠢᠶᠠᠨ ᠠᠬᠢᠭᠤᠯᠵᠤ᠂ ᠠᠳᠠᠯ ᠠᠬᠤᠢ ᠶᠢᠨ | ᠬᠠᠮᠢᠶᠠᠷᠤᠯᠲᠠ ᠶᠢ ᠨᠡᠶᠢᠳᠡᠮ ᠬᠠᠮᠤᠷᠬᠤ ᠶᠢ ᠦᠨᠡᠨᠬᠦ ᠪᠠᠲᠤᠯᠠᠵᠤ᠂ ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠤᠨ᠎ᠠ᠃ᠭᠤᠣᠯ ᠪᠠ ᠳᠡᠳ᠋ ᠭᠤᠣᠯ | ᠵᠠᠮ ᠳᠡᠭᠡᠷ᠎ᠡ ᠳᠤᠷ᠎ᠠ ᠪᠠᠷ ᠢᠶᠠᠨ ᠲᠡᠷᠭᠡ ᠵᠣᠭᠰᠤᠭᠠᠬᠤ ᠶᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠵᠠᠮ ᠨᠡᠪᠲᠡᠷᠡᠯᠭᠡ ᠶᠢᠨ ᠰᠠᠭᠠᠳ ᠦᠭᠡᠢ | ᠨᠡᠪᠲᠡᠷᠡᠬᠦ ᠨᠤᠷᠮ᠎ᠠ ᠶᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠪᠠ ᠥᠪᠡᠷᠲᠡᠭᠡᠨ ᠵᠠᠰᠠᠬᠤ ᠣᠷᠣᠨ ᠤ | ᠪᠣᠯᠪᠠᠰᠤᠨ ᠬᠤᠲᠠ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ | ᠥᠷᠭᠡᠨ ᠢᠶᠠᠷ ᠥᠷᠨᠢᠭᠦᠯᠵᠦ᠂ ᠥᠷᠭᠡᠨ ᠣᠯᠠᠨ ᠰᠠᠭᠤᠭᠠᠯᠢ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ᠪᠣᠯᠪᠠᠰᠤᠨ ᠪᠤᠰᠤ ᠦᠶᠯᠡ ᠠᠵᠢᠯᠯᠠᠭ᠎ᠠ ᠶᠢ | ᠤᠬᠠᠮᠰᠠᠷ ᠠᠴᠠ ᠪᠠᠨ ᠬᠤᠷᠢᠭᠯᠠᠬᠤ ᠪᠠ ᠠᠷᠢᠯᠭᠠᠵᠤ᠂ ᠬᠤᠲᠠ ᠶᠢᠨ ᠪᠣᠯᠪᠠᠰᠤᠨ ᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ | ᠬᠤᠳᠠ ᠶᠢᠨ ᠠᠮᠢᠵᠢᠷᠠᠯ ᠤᠨ ᠬᠦᠴᠦᠨ ᠢ ᠴᠢᠨᠠᠷ2800 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠪᠠᠶ᠋ᠬᠤᠪᠤᠭ᠎ᠠ ᠲᠣᠮᠣ ᠠᠰᠠᠷ ᠤᠨ ᠳᠥᠷᠪᠡᠨ | ᠣᠳᠣᠨ ᠲᠠᠰ ᠤᠨ ᠪᠠᠭᠤᠳᠠᠯ ᠤᠨ ᠲᠠᠰ ᠳᠡᠪᠰᠢᠭᠦᠯᠬᠦ ᠲᠥᠷᠥᠯ ᠵᠦᠢᠯ ᠢ ᠬᠡᠷᠡᠭᠵᠢᠭᠦᠯᠵᠦ᠂ ᠨᠠᠩ ᠥᠨᠳᠥᠷ ᠶᠠᠰᠤ ᠴᠢᠨᠠᠷ ᠲᠠᠢ ᠬᠤᠳᠠᠯᠳᠤᠭᠠᠨ ᠤ ᠶᠠᠪᠤᠳᠠᠯ ᠤᠨ | ᠦᠢᠯᠡᠴᠢᠯᠡᠭᠡ ᠬᠠᠩᠭᠠᠨ᠎ᠠ᠃ᠣᠯᠠᠨ ᠠᠷᠭ᠎ᠠ ᠵᠠᠮ᠂ ᠣᠯᠠᠨ ᠰᠡᠳᠬᠢᠮᠵᠢ ᠪᠠᠷ ︽ᠳᠡᠭᠡᠭᠰᠢ ᠪᠠᠨ ᠨᠤᠭᠤᠯᠵᠤ ᠪᠤᠳᠤᠬᠤ︾ ︽ᠳᠡᠭᠡᠭᠰᠢ ᠪᠠᠨ ᠠᠰᠢᠭ ᠬᠦᠷᠲᠡᠭᠡᠬᠦ | ᠳᠡᠭᠡᠭᠰᠢ ᠪᠠᠨ ᠠᠰᠢᠭ ᠬᠦᠷᠲᠡᠭᠡᠬᠦ︾ ᠵᠡᠷᠭᠡ ᠰᠢᠷᠢᠰ ᠠᠵᠢᠯᠯᠠᠭ᠎ᠠ ᠶᠢ ᠥᠷᠨᠢᠭᠦᠯᠵᠦ᠂ ︽ᠲᠠᠩᠰᠤᠭ ᠰᠠᠶᠢᠬᠠᠨ ᠴᠠᠭᠠᠨ ᠡᠭᠦᠯᠡ · ᠬᠤᠳᠠᠯᠳᠤᠭᠠᠴᠢᠨ ᠢ ᠳᠡᠮᠵᠢᠨ | ᠠᠷᠠᠳ ᠲᠤ ᠠᠰᠢᠭ ᠬᠦᠷᠲᠡᠭᠡᠬᠦ︾ ᠬᠡᠷᠡᠭᠯᠡᠭᠡ ᠶᠢ ᠠᠬᠢᠭᠤᠯᠬᠤ ᠬᠠᠯᠠᠭᠤᠨ ᠥᠷᠨᠢᠯᠲᠡ ᠶᠢ ᠪᠣᠶ ᠪᠣᠯᠭᠠᠪᠠ᠃ᠬᠤᠶᠠᠳᠤᠭᠠᠷ ᠬᠤᠭᠤᠴᠠᠭᠠᠨ ᠤ ︽ᠡᠷᠳᠡᠨᠢ ᠶᠢᠨ | ᠠᠭᠤᠯᠠ ᠶᠢᠨ ᠰᠥᠨᠢ︾ ᠶᠢᠨ ᠵᠤᠨ ᠤ ᠤᠯᠠᠷᠢᠯ ᠤᠨ ᠠᠮᠲᠠᠲᠤ ᠢᠳᠡᠭᠡᠨ ᠤ ᠪᠠᠶᠠᠷ ᠪᠠ ︽ᠰᠢᠳᠢᠲᠦ ᠡᠷᠳᠡᠨᠢ ᠶᠢᠨ ᠠᠭᠤᠯᠠ︾ ᠶᠢᠨ ᠪᠡᠯᠡᠳᠬᠡᠯ ᠬᠠᠶᠢᠷᠴᠠᠭ ᠤᠨ | ᠴᠤᠭᠯᠠᠭ᠎ᠠ ᠮᠠᠶᠢᠮᠠᠢ ᠶᠢᠨ ᠪᠠᠷᠠᠭ᠎ᠠ ᠬᠤᠳᠠᠯᠳᠤᠨ ᠠᠪᠬᠤ ᠪᠠᠶᠠᠷ ᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠥᠷᠨᠢᠭᠦᠯᠵᠦ᠂ ︽ᠰᠥᠨᠢ ᠶᠢᠨ ᠬᠤᠭᠤᠯᠠ᠂ ᠰᠥᠨᠢ ᠶᠢᠨ | ᠬᠤᠭᠤᠯᠠ᠂ ᠰᠥᠨᠢ ᠶᠢᠨ ᠵᠤᠭ᠎ᠠ ᠴᠡᠩᠭᠡᠯ᠂ ᠰᠥᠨᠢ ᠶᠢᠨ ᠵᠤᠭᠠᠴᠠᠯ︾ ᠵᠡᠷᠭᠡ ᠤᠯᠠᠨ ᠵᠦᠢᠯ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠯᠠᠨ ᠲᠠᠯ᠎ᠠ ᠪᠠᠷ | ᠴᠡᠴᠡᠭᠯᠡᠭᠰᠡᠨ ︽ᠰᠥᠨᠢ ᠶᠢᠨ ᠠᠵᠤ ᠠᠬᠤᠢ︾ ᠶᠢ ᠪᠤᠢ ᠪᠣᠯᠭᠠᠵᠤ᠂ ᠪᠣᠳᠠᠲᠤ ᠶᠠᠭᠤᠮ᠎ᠠ ᠶᠢᠨ ᠬᠡᠷᠡᠭᠯᠡᠭᠡ ᠪᠠ ᠦᠢᠯᠡᠴᠢᠯᠡᠭᠡᠨ ᠤ ᠬᠡᠷᠡᠭᠯᠡᠭᠡ ᠶᠢ ᠲᠦᠷᠭᠡᠬᠡᠨ | ᠡᠭᠡᠭᠦᠯᠦᠨ ᠨᠥᠬᠦᠪᠦᠷᠢᠯᠡᠬᠦ ᠶᠢ ᠲᠦᠯᠬᠢᠨ ᠠᠬᠢᠭᠤᠯᠵᠤ᠂ ᠵᠠᠬ᠎ᠠ ᠳᠡᠯᠭᠡᠭᠦᠷ ᠤᠨ ᠢᠲᠡᠭᠡᠯ ᠢ ᠨᠡᠮᠡᠭᠳᠡᠭᠦᠯᠦᠨ᠂ ᠬᠡᠷᠡᠭᠯᠡᠭᠡᠨ ᠤ ᠵᠠᠬ᠎ᠠ ᠳᠡᠯᠭᠡᠭᠦᠷ ᠢ ᠬᠥᠭᠵᠢᠶᠡᠨ ᠲᠠᠢ | ᠪᠣᠯᠭᠠᠵᠤ᠂ ᠬᠤᠳᠠ ᠶᠢᠨ ︽ᠬᠤᠸᠠᠷ ᠫᠤᠤᠵᠢᠩ︾ ᠢ ᠲᠠᠬᠢᠨ ᠬᠥᠭᠵᠢᠭᠡᠨ᠎ᠡ᠃ | ︵ᠲᠠᠪᠤ︶ ᠠᠮᠢ ᠠᠬᠤᠢ ᠶᠢᠨ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠪᠣᠬᠢᠷᠲᠤᠯ ᠦᠭᠡᠢ | ᠬᠥᠭᠵᠢᠯᠲᠡ ᠶᠢ ᠨᠠᠩ ᠴᠢᠨᠠᠷ ᠰᠠᠶᠢᠲᠠᠢ ᠪᠣᠯᠭᠠᠨ᠎ᠠ᠃︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ᠭᠡᠬᠦ | ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠥᠩᠭᠡ ᠶᠢ ᠵᠤᠵᠠᠭᠠᠳᠬᠠᠵᠤ᠂ ᠬᠠᠮᠠᠭᠠᠯᠠᠬᠤ ᠶᠢ ᠴᠢᠬᠤᠯᠠᠴᠢᠯᠠᠵᠤ᠂ | ᠵᠠᠰᠠᠬᠤ ᠶᠢ ᠪᠠᠷᠢᠮᠲᠠᠯᠠᠵᠤ᠂ ᠲᠡᠭᠷᠢ ᠨᠢ ᠨᠡᠩ ᠴᠡᠯᠮᠡᠭ᠂ ᠠᠭᠤᠯᠠ ᠨᠢ ᠨᠡᠩ ᠨᠣᠭᠤᠭᠠᠨ᠂ ᠤᠰᠤ ᠨᠢ ᠨᠡᠩ ᠲᠤᠩᠭᠠᠯᠠᠭ ᠦᠵᠡᠰᠬᠦᠯᠡᠩᠲᠦ ᠰᠠᠶᠢᠬᠠᠨ ᠴᠠᠭᠠᠨ | ᠡᠭᠦᠯᠡ ᠶᠢ ᠲᠦᠷᠭᠡᠨ ᠪᠠᠶᠢᠭᠤᠯᠬᠤ ᠬᠡᠷᠡᠭᠲᠡᠢ᠃ | ᠠᠮᠢ ᠠᠬᠤᠢ ᠶᠢ ᠰᠡᠷᠭᠦᠭᠡᠨ ᠵᠠᠰᠠᠬᠤ ᠠᠵᠢᠯ ᠢ ᠴᠢᠩᠭᠠᠳᠬᠠᠨ᠎ᠠ᠃ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠴᠥᠭᠦᠷᠥᠮ ᠡᠪᠡᠰᠦ ᠡᠯᠡᠰᠦ ᠶᠢ | ᠰᠢᠰᠲ᠋ᠧᠮ ᠲᠠᠢ ᠵᠠᠰᠠᠬᠤ᠂ ᠶᠡᠷᠦᠩᠬᠡᠶᠢᠯᠡᠨ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠨᠢᠭᠡᠳᠦᠯᠲᠡᠢ ᠲᠥᠯᠥᠪᠯᠡᠨ ᠬᠡᠷᠡᠭᠵᠢᠭᠦᠯᠵᠦ᠂ ᠣᠶ ᠰᠢᠭᠤᠢ ᠶᠢᠨ | ᠳᠠᠷᠤᠭ᠎ᠠ ᠶᠢᠨ ᠳᠦᠷᠢᠮ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠪᠥᠬᠦ ᠲᠠᠯ᠎ᠠ ᠪᠠᠷ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠵᠤ᠂ | ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠤᠰᠬᠠᠶᠢᠯᠠᠨ ᠴᠡᠭᠴᠡᠯᠡᠨ ᠵᠠᠰᠠᠬᠤ | ᠠᠵᠢᠯᠯᠠᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃ᠪᠣᠣᠱᠠᠨ ᠠᠭᠤᠷᠬᠠᠢ ᠶᠢᠨ ᠦᠢᠯᠡᠰ ᠤᠨ ᠬᠤᠪᠣᠷ ᠰᠢᠷᠣᠢ ᠶᠢᠨ ᠮᠠᠲ᠋ᠧᠷᠢᠶᠠᠯ ᠤᠨ ᠲᠠᠯᠠᠪᠠᠶ ᠶᠢᠨ ᠪᠦᠷᠢᠨ | ᠪᠢᠲᠡᠭᠦᠮᠵᠢᠯᠡᠭᠰᠡᠨ ᠲᠥᠷᠥᠯ ᠵᠦᠢᠯ ᠢ ᠪᠡᠶᠡᠯᠡᠭᠦᠯᠵᠦ᠂ ᠭᠤᠷᠪᠠᠯᠵᠢᠨ ᠭᠤᠣᠯ ᠤᠨ ᠦᠯᠡᠳᠡᠭᠳᠡᠯ ᠬᠦᠳᠡᠷ ᠤᠨ ᠬᠥᠮᠥᠷᠭᠡ ᠶᠢ ᠵᠠᠰᠠᠬᠤ ᠲᠥᠷᠥᠯ ᠵᠦᠢᠯ ᠪᠠ ᠶᠦᠨ | ᠴᠢᠤᠸᠠᠨ ᠤ ᠢᠭᠴᠤ ᠰᠠᠬᠤᠯᠢᠭ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠲᠥᠷᠥᠯ ᠵᠦᠢᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠡᠯᠡᠳᠬᠡᠮᠵᠢ ᠶᠢᠨ | ᠠᠵᠢᠯᠯᠠᠭᠠᠨ ᠢ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠨᠤᠲᠤᠭ ᠪᠡᠯᠴᠢᠭᠡᠷ ᠢ ᠰᠡᠷᠭᠦᠭᠡᠬᠦ ᠪᠠ ᠠᠭᠤᠷᠬᠠᠢ ᠶᠢ ᠰᠡᠷᠭᠦᠭᠡᠨ ᠵᠠᠰᠠᠬᠤ ᠵᠡᠷᠭᠡ | ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ | ᠲᠠᠯ᠎ᠠ ᠪᠠᠷ ᠰᠢᠨ᠎ᠡ ᠳᠡᠭᠲᠡᠷ ᠲᠤ ᠭᠠᠷᠬᠤ ᠪᠠᠷ ᠴᠢᠷᠮᠠᠶᠢᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠦᠨᠡᠨᠬᠦ ᠪᠠᠬᠢᠵᠢᠭᠦᠯᠦᠨ᠎ᠡ᠃ | ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠤᠨ᠎ᠠ᠃ᠬᠥᠬᠡ ᠣᠭᠲᠠᠷᠭᠤᠢ᠂ ᠴᠡᠩᠬᠡᠷ ᠤᠰᠤ᠂ ᠴᠡᠪᠡᠷ | ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ | ᠰᠠᠶᠢᠵᠢᠷᠠᠭᠤᠯᠬᠤ ᠶᠢ ᠠᠬᠢᠭᠤᠯᠵᠤ᠂ ᠪᠠᠷᠢᠯᠭ᠎ᠠ ᠶᠢᠨ ᠭᠠᠵᠠᠷ ᠤᠨ ᠲᠣᠭᠤᠰᠣ ᠰᠢᠷᠣᠢ᠂ ᠨᠤᠨᠳᠠᠭ ᠬᠡᠯᠪᠡᠷᠢ ᠶᠢᠨ ᠪᠣᠳᠠᠰ ᠣᠪᠣᠭᠠᠯᠠᠬᠤ ᠲᠠᠯᠠᠪᠠᠢ᠂ ᠢᠳᠡᠭᠡᠨ | ᠤᠮᠳᠠᠭᠠᠨ ᠤ ᠲᠤᠰᠤᠨ ᠤᠳᠤᠭ᠎ᠠ᠂ ᠵᠠᠮ ᠬᠠᠷᠢᠯᠴᠠᠭᠠᠨ ᠤ ᠲᠣᠭᠤᠰᠣ ᠵᠡᠷᠭᠡ ᠶᠢ ᠬᠠᠮᠢᠶᠠᠷᠤᠨ ᠡᠵᠡᠮᠳᠡᠵᠦ ᠵᠠᠰᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ | ᠰᠠᠶᠢᠲᠤᠷ ᠬᠢᠵᠦ᠂ ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠠᠭᠠᠷ ᠤᠨ ᠰᠠᠶᠢᠨ ᠰᠠᠶᠢᠬᠠᠨ ᠡᠳᠦᠷ ᠤᠨ ᠲᠤᠭ᠎ᠠ ᠶᠢ ᠲᠠᠰᠤᠷᠠᠯᠲᠠ ᠦᠭᠡᠢ | ᠳᠡᠭᠡᠭᠰᠢᠯᠡᠭᠦᠯᠬᠦ ᠶᠢ ᠪᠠᠲᠤᠯᠠᠨ᠎ᠠ᠃ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠳᠦᠷᠢᠮ ᠢ ᠬᠡᠷᠡᠭᠵᠢᠭᠦᠯᠵᠦ᠂ ᠭᠤᠣᠯ ᠮᠥᠷᠡᠨ | ᠨᠠᠭᠤᠷ ᠴᠥᠭᠦᠷᠥᠮ ᠤᠨ ︽ᠳᠥᠷᠪᠡᠨ ᠡᠷᠦᠢ ᠬᠤᠷᠤᠢ ᠦᠭᠡᠢ︾ ᠶᠢ ᠪᠠᠶᠢᠩᠭᠤᠵᠢᠭᠤᠯᠤᠨ ᠵᠢᠷᠤᠮᠵᠢᠭᠤᠯᠬᠤ ᠶᠢ ᠭᠦᠨᠵᠡᠭᠡᠢ ᠠᠬᠢᠭᠤᠯᠵᠤ᠂ ᠤᠰᠤᠨ ᠤ ᠴᠢᠨᠠᠷ ᠢ | ᠣᠷᠳᠣ ᠬᠤᠭᠤᠴᠠᠭ᠎ᠠ ᠪᠠᠷ ᠲᠣᠭᠲᠠᠭᠤᠨ ᠢᠶᠠᠷ ᠪᠠᠷᠢᠮᠵᠢᠶ᠎ᠠ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ᠰᠢᠶᠠᠨ ᠤ ᠬᠡᠪᠴᠢᠶᠡᠨ ᠤ ᠤᠰᠤ ᠠᠷᠪᠢᠯᠠᠬᠤ ᠨᠡᠶᠢᠭᠡᠮ | ᠤᠨ ᠪᠠᠷᠢᠮᠵᠢᠶ᠎ᠠ ᠲᠤ ᠬᠥᠷᠥᠭᠰᠡᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠪᠣᠷᠣᠭᠠᠨ ᠤ ᠤᠰᠤ ᠴᠤᠭᠯᠠᠭᠤᠯᠬᠤ ᠲᠥᠷᠥᠯ ᠵᠦᠢᠯ ᠢ | ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠮᠠᠨ ᠤ ᠣᠷᠣᠨ ᠤ ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠭ᠎ᠠ ᠠᠰᠠᠭᠤᠳᠠᠯ ᠢ ᠨᠠᠮᠳᠠᠭᠤᠯᠤᠨ᠎ᠠ᠃︽ | ᠬᠠᠶᠠᠭᠳᠠᠮᠠᠯ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠬᠥᠷᠥᠰᠥ ᠰᠢᠷᠣᠢ ᠶᠢᠨ ᠪᠣᠬᠢᠷᠲᠤᠯ ᠤᠨ ᠲᠦᠭᠰᠢᠭᠦᠷᠢ ᠶᠢ | ᠪᠦᠲᠦᠮᠵᠢᠲᠡᠶ ᠬᠠᠮᠢᠶᠠᠷᠤᠨ ᠡᠵᠡᠮᠳᠡᠵᠦ᠂ ᠠᠵᠤ ᠦᠢᠯᠡᠳᠪᠦᠷᠢ ᠶᠢᠨ ᠬᠠᠶᠠᠭᠳᠠᠮᠠᠯ ᠰᠢᠭᠠᠷᠤ᠂ ᠡᠮᠴᠢᠯᠡᠭᠡᠨ ᠤ ᠬᠤᠭ ᠨᠣᠪᠰᠢ ᠵᠡᠷᠭᠡ ᠶᠢ ᠬᠤᠣᠷ ᠦᠭᠡᠢ ᠪᠣᠯᠭᠠᠨ | ᠰᠢᠢᠳᠪᠦᠷᠢᠯᠡᠬᠦ ᠨᠣᠷᠮ᠎ᠠ ᠶᠢ 100% ᠳᠤ ᠬᠦᠷᠦᠭᠦᠯᠬᠦ ᠶᠢ ᠦᠨᠡᠨᠬᠦ ᠪᠠᠲᠤᠯᠠᠵᠤ᠂ ᠪᠠᠶᠠᠨ᠋ᠣ᠋ᠪᠣᠭ᠎ᠠ ᠭᠡᠬᠦ ᠡᠨᠡ ᠬᠦ ᠨᠣᠮᠢᠨ ᠨᠣᠭᠤᠭᠠᠨ᠂ ᠡᠨᠡ ᠬᠦ ᠬᠥᠬᠡᠮᠳᠦᠭ᠂ | ᠡᠨᠡ ᠬᠦ ᠴᠡᠪᠡᠷ ᠠᠷᠢᠭᠤᠨ ᠪᠠᠶᠢᠬᠤ ᠶᠢ ᠰᠠᠶᠢᠲᠤᠷ ᠰᠠᠬᠢᠨ᠎ᠠ᠃ | ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠲᠦᠷᠭᠡᠳᠬᠡᠨ᠎ᠡ᠃︽ᠨᠡᠭᠦᠷᠡᠰᠦᠲᠥ᠋ᠷᠥᠭᠴᠢ ᠦᠭᠡᠢ ᠴᠠᠭᠠᠨ | ᠡᠭᠦᠯᠡᠨ ᠤ ᠪᠦᠲᠦᠭᠡᠨ ᠪᠠᠶᠢᠭᠤᠯᠤᠯᠲᠠ ᠶᠢᠨ ᠲᠥᠰᠥᠯ︾ ᠢ ᠭᠦᠨᠵᠡᠭᠡᠢ ᠨᠠᠶᠢᠳᠠᠪᠤᠷᠢᠵᠢᠭᠤᠯᠵᠤ᠂ ᠤᠰᠤᠲᠥ᠋ᠷᠥᠭᠴᠢ ᠶᠢᠨ ᠡᠨᠧᠷᠭᠢ ᠨᠥᠭᠡᠴᠡᠯᠡᠵᠦ ᠣᠷᠭᠢᠯ | ᠦᠶ᠎ᠡ ᠶᠢ ᠲᠣᠬᠢᠷᠠᠭᠤᠯᠬᠤ ᠴᠠᠬᠢᠯᠭᠠᠨ ᠥᠷᠲᠡᠭᠡ ᠶᠢᠨ ᠮᠡᠷᠭᠡᠵᠢᠯ ᠢᠶᠠᠷ ᠭᠤᠣᠯ ᠪᠣᠯᠭᠠᠵᠤ᠂ ᠲᠣᠣᠷ ᠠᠴᠠ ᠵᠠᠶᠢᠳᠠᠭᠤ ᠪᠣᠬᠢᠷᠲᠤᠯ ᠦᠭᠡᠢ ᠨᠡᠭᠦᠷᠡᠰᠦᠲᠥ᠋ᠷᠥᠭᠴᠢ | ᠦᠭᠡᠢ ᠬᠤᠲᠠ ᠶᠢᠨ ᠵᠢᠱᠢᠶ᠎ᠡ ᠦᠵᠡᠭᠦᠯᠬᠦ ᠲᠣᠭᠤᠷᠢᠭ ᠢ ᠰᠦᠪᠡᠭᠴᠢᠯᠡᠨ ᠪᠦᠲᠦᠭᠡᠨ ᠪᠠᠶᠢᠭᠤᠯᠤᠨ᠎ᠠ᠃ᠰᠢᠨ᠎ᠡ ᠡᠨᠧᠷᠭᠢ ᠶᠢᠨ ᠠᠵᠤ ᠦᠢᠯᠡᠰ ᠤᠨ ᠶᠠᠰᠤ ᠴᠢᠨᠠᠷ ᠢ | ᠳᠡᠭᠡᠭᠰᠢᠯᠡᠭᠦᠯᠦᠨ ᠬᠥᠭᠵᠢᠭᠦᠯᠬᠦ ᠶᠢ ᠲᠦᠷᠭᠡᠳᠬᠡᠵᠦ᠂ ᠲᠠᠷᠠᠬᠠᠢ ᠬᠡᠯᠪᠡᠷᠢ ᠶᠢᠨ ᠤᠰᠤᠲᠥ᠋ᠷᠥᠭᠴᠢ ᠡᠨᠧᠷᠭᠢ ᠶᠢ ᠨᠢᠭᠡ ᠴᠣᠭᠴᠠᠵᠢᠭᠤᠯᠬᠤ᠂ ᠡᠬᠢ ᠰᠤᠷᠪᠤᠯᠵᠢ ᠶᠢ | ᠲᠣᠥᠷᠵᠢᠭᠤᠯᠤᠨ ᠨᠥᠭᠡᠴᠡᠯᠡᠬᠦ ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠪᠥᠬᠦ ᠬᠦᠴᠦᠨ ᠢᠶᠠᠷ ᠠᠬᠢᠭᠤᠯᠵᠤ᠂ | ᠬᠥᠭᠵᠢᠯᠲᠡ ᠶᠢᠨ ᠲᠠᠯ᠎ᠠ ᠪᠠᠷ ᠶᠡᠭᠡ ᠪᠠᠷ ᠪᠠᠭᠠᠰᠬᠠᠨ ᠪᠠᠭ᠎ᠠ ᠶᠢ ᠳᠠᠷᠤᠬᠤ᠂ ᠥᠩᠭᠡ ᠦᠵᠡᠮᠵᠢ ᠶᠢ ᠬᠠᠮᠲᠤ ᠳᠤᠨᠢ ᠬᠥᠭᠵᠢᠭᠦᠯᠬᠦ᠂ ᠲᠠᠷᠬᠠᠮᠠᠯ ᠬᠡᠯᠪᠡᠷᠢ ᠶᠢᠨ ᠬᠡᠷᠡᠯ | ᠸᠣᠯᠲ᠂ ᠲᠠᠷᠠᠬᠠᠢ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠤᠨ ᠬᠥᠭᠵᠢᠭᠦᠯᠵᠦ᠂ ᠥᠩᠭᠡ ᠦᠵᠡᠮᠵᠢ ᠶᠢᠨ | ᠤᠰᠤᠲᠥ᠋ᠷᠥᠭᠴᠢ ᠵᠡᠷᠭᠡ ᠰᠢᠨ᠎ᠡ ᠡᠨᠧᠷᠭᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠨ᠎ᠠ᠃ᠪᠦᠬᠦ ᠠᠷᠠᠳ ᠢᠶᠠᠷ ᠢᠶᠠᠨ ᠠᠷᠪᠢᠯᠠᠨ ᠭᠠᠮᠨᠠᠬᠤ ᠦᠵᠡᠯ | ᠤᠬᠠᠮᠰᠠᠷ ᠢ ᠴᠢᠩᠭᠠᠳᠬᠠᠵᠤ᠂ ᠳᠥᠭᠦᠮ ᠪᠥᠭᠡᠳ ᠲᠣᠬᠢᠷᠠᠮᠵᠢᠲᠠᠢ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠠᠷᠭ᠎ᠠ | ᠮᠠᠶ᠋ᠢᠭ ᠢ ᠰᠠᠨᠠᠭᠠᠴᠢᠯᠠᠵᠤ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠬᠥᠭᠵᠢᠯᠲᠡ ᠶᠢ ᠠᠬᠢᠭᠤᠯᠤᠨ᠎ᠠ᠃ | ︵ᠵᠢᠷᠭᠤᠭ᠎ᠠ︶ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠡᠷᠴᠢᠮ ᠢ ᠦᠨᠡᠨ ᠬᠦ ᠴᠢᠩᠭᠠᠷᠠᠭᠤᠯᠵᠤ᠂ ᠨᠡᠶᠢᠭᠡᠮ ᠤᠨ ᠦᠢᠯᠡᠰ ᠢ ᠨᠡᠩ ᠢᠯᠡᠭᠦᠦ | ᠴᠡᠴᠡᠭᠯᠡᠭᠦᠯᠦᠨ ᠬᠥᠭᠵᠢᠭᠦᠯᠦᠨ᠎ᠡ᠃ᠪᠢᠳᠡ ᠤᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠥᠭᠡᠭᠡᠴᠡᠯᠳᠦᠯ ᠳᠤ ᠢᠳᠡᠪᠬᠢᠲᠡᠢ ᠬᠠᠷᠢᠭᠤᠯᠲᠠ | ᠥᠭᠴᠦ᠂ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ | ᠰᠢᠢᠳᠪᠦᠷᠢᠯᠡᠬᠦ ᠠᠴᠠ ᠭᠠᠷᠳᠠᠵᠤ᠂ ᠤᠯᠠᠨ ᠨᠡᠶᠢᠲᠡ ᠶᠢᠨ ᠦᠢᠯᠡᠴᠢᠯᠡᠭᠡ ᠶᠢ ᠬᠠᠮᠲᠤᠪᠠᠷ ᠪᠠᠶᠢᠭᠤᠯᠬᠤ ᠴᠢᠳᠠᠪᠤᠷᠢ ᠪᠣᠯᠣᠨ ᠬᠠᠮᠲᠤᠪᠠᠷ ᠡᠳ᠋ᠯᠡᠬᠦ ᠲᠦᠪᠰᠢᠨ ᠢ ᠦᠨᠡᠨᠬᠦ | ᠳᠡᠭᠡᠭᠰᠢᠯᠡᠭᠦᠯᠬᠦ ᠬᠡᠷᠡᠭᠲᠡᠢ᠃ | ᠴᠢᠨᠠᠷ ᠰᠠᠶᠢᠲᠠᠢ ᠪᠥᠭᠡᠳ ᠭᠦᠢᠴᠡᠳ ᠠᠵᠢᠯ ᠣᠯᠭᠤᠯᠲᠠ ᠶᠢ ᠠᠬᠢᠭᠤᠯᠤᠨ᠎ᠠ᠃ᠠᠵᠢᠯ ᠣᠯᠭᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ | ᠬᠡᠷᠡᠭᠵᠢᠭᠦᠯᠵᠦ᠂ ︽ᠨᠢᠭᠡ ᠲᠥᠪ᠂ ᠵᠢᠷᠭᠤᠭᠠᠨ ᠲᠠᠪᠴᠠᠩ︾ ᠤᠨ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠤᠨ ᠦᠢᠯᠡᠳᠦᠯ ᠢ ᠪᠠᠳᠠᠷᠠᠭᠤᠯᠤᠨ᠂ ᠠᠵᠢᠯ | ᠣᠯᠭᠤᠯᠲᠠ ᠶᠢᠨ ᠮᠡᠳᠡᠭᠡ ᠵᠠᠩᠭᠢ ᠳᠠᠮᠵᠢᠭᠤᠯᠬᠤ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠵᠦ᠂ ︽ᠠᠳᠠᠯ ᠦᠢᠯᠡᠰ ᠴᠣᠭᠴᠠᠯᠠᠬᠤ ᠪᠤᠭᠤᠲᠤ︾ ᠶᠢᠨ | ᠠᠵᠢᠯᠯᠠᠭ᠎ᠠ ᠶᠢ ᠭᠦᠨᠵᠡᠭᠡᠶᠢᠷᠡᠭᠦᠯᠦᠨ᠂ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠢ ᠶᠡᠬᠡᠪᠡᠷ ᠥᠷᠨᠢᠭᠦᠯᠵᠦ᠂ ᠳᠡᠭᠡᠳᠦ ᠱᠠᠲᠤᠨ ᠤ ᠲᠥᠷᠥ ᠶᠢᠨ | ᠪᠣᠳᠣᠯᠭ᠎ᠠ ᠶᠢ ᠢᠳᠡᠪᠬᠢᠲᠡᠢ ᠲᠡᠮᠡᠴᠡᠨ ᠣᠯᠵᠤ᠂ ᠠᠳᠠᠯ ᠦᠢᠯᠡᠰ ᠴᠣᠭᠴᠠᠯᠠᠬᠤ ᠵᠢᠭᠡᠯᠡᠯᠭᠡ ᠶᠢ 700 ᠲᠦᠮᠡᠨ ᠲᠥᠭᠦᠷᠢᠭ ᠠᠴᠠ ᠳᠡᠭᠡᠭᠰᠢ ᠲᠠᠯᠪᠢᠨ᠎ᠠ᠃ᠨᠡᠶᠢᠭᠡᠮ | ᠲᠣᠭᠤᠷᠢᠭ ᠣᠨ ᠠᠵᠢᠯ ᠣᠯᠭᠤᠯᠲᠠ ᠶᠢᠨ ᠳᠠᠳᠤᠯᠭ᠎ᠠ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠨᠡᠭᠡᠭᠡᠯᠲᠡ ᠶᠢᠨ ᠣᠷᠣᠨ ᠤ ᠳᠣᠲᠣᠷ᠎ᠠ | ᠭᠠᠳᠠᠨᠠᠬᠢ ᠡᠯ᠎ᠡ ᠲᠥᠷᠥᠯ ᠤᠨ ᠠᠵᠢᠯ ᠣᠯᠭᠤᠬᠤ ᠠᠵᠢᠯ ᠤᠨ ᠪᠠᠶᠢᠷᠢ ᠶᠢ 2 ᠲᠦᠮᠡ ᠠᠴᠠ ᠳᠡᠭᠡᠭᠰᠢ ᠪᠠᠶᠢᠯᠭᠠᠵᠤ᠂ ᠳᠡᠭᠡᠳᠦ ᠰᠤᠷᠭᠠᠭᠤᠯᠢ ᠲᠡᠭᠦᠰᠦᠭᠰᠡᠳ ᠤᠨ | ᠠᠵᠢᠯ ᠣᠯᠬᠤ ᠨᠤᠷᠮ᠎ᠠ ᠶᠢ 95% ᠠᠴᠠ ᠳᠡᠭᠡᠭᠰᠢ ᠲᠤ ᠬᠦᠷᠦᠭᠦᠯᠦᠨ᠎ᠡ᠃ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠡᠷᠴᠢᠮ ᠢ | ᠴᠢᠩᠭᠠᠷᠠᠭᠤᠯᠵᠤ᠂ ᠠᠵᠤ ᠠᠬᠤᠶᠢᠯᠠᠯ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠪᠡᠶ᠎ᠡ ᠪᠠᠨ ᠳᠠᠭᠠᠭᠠᠵᠤ ᠦᠨᠡᠯᠡᠬᠦ ᠠᠵᠢᠯ ᠥᠷᠨᠢᠭᠦᠯᠬᠦ ᠶᠢ ᠳᠡᠮᠵᠢᠵᠦ᠂ | ᠨᠥᠬᠦᠪᠦᠷᠢ ᠥᠭᠬᠦ ᠳᠦᠷᠢᠮᠲᠦ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ 100 ᠬᠥᠮᠥᠨ ᠠᠴᠠ ᠳᠡᠭᠡᠭᠰᠢᠠᠵᠤ ᠠᠬᠤᠶᠢᠯᠠᠯ ᠪᠣᠯᠣᠨ | ᠶᠡᠭᠡ ᠳᠡᠭᠡᠳᠦ ᠰᠤᠷᠭᠠᠭᠤᠯᠢ ᠳᠤ ᠨᠡᠪᠲᠡᠷᠡᠯᠴᠡᠬᠦ ᠬᠥᠭᠦᠷᠭᠡ ᠪᠠᠶᠢᠭᠤᠯᠤᠨ ᠥᠭᠴᠦ᠂ ᠵᠠᠰᠠᠭ ᠠᠵᠤ ᠠᠬᠤᠶᠢᠯᠠᠯ ᠰᠤᠷᠭᠠᠭᠤᠯᠢ ᠶᠢᠨ ᠬᠠᠮᠲᠤᠷᠠᠯᠴᠠᠬᠤ ᠲᠠᠪᠴᠠᠩ ᠢ | ᠪᠠᠶᠢᠭᠤᠯᠤᠨ᠂ ︽ᠵᠠᠬᠢᠶᠠᠯᠠᠭ᠎ᠠ ᠶᠢᠨ ᠮᠠᠶ᠋ᠢᠭ︾ ᠤᠨ ᠬᠥᠮᠥᠵᠢᠭᠦᠯᠬᠦ ᠵᠠᠭᠪᠤᠷ ᠢ ᠭᠦᠨᠵᠡᠭᠡᠢ ᠠᠬᠢᠭᠤᠯᠵᠤ᠂ ᠴᠢᠳᠠᠪᠤᠷᠢᠲᠠᠨ ᠢ ᠬᠠᠨᠳᠤᠯᠭ᠎ᠠ ᠲᠠᠢ ᠪᠠᠷ ᠬᠦᠷᠭᠡᠬᠦ᠂ | ᠬᠠᠨᠳᠤᠯᠭ᠎ᠠ ᠲᠠᠢ ᠪᠠᠷ ᠬᠥᠮᠥᠵᠢᠭᠦᠯᠬᠦ ᠶᠢ ᠪᠡᠶᠡᠯᠡᠭᠦᠯᠦᠨ᠎ᠡ᠃ᠪᠤᠭᠤᠲᠤ ᠶᠢᠨ ᠪᠣᠯᠣᠳ ᠲᠡᠮᠦᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠯᠤᠭ᠎ᠠ | ᠵᠣᠯᠭᠠᠭᠤᠯᠤᠨ ᠨᠡᠪᠲᠡᠷᠡᠯᠴᠡᠬᠦ ᠶᠢ ᠴᠢᠩᠭᠠᠳᠬᠠᠵᠤ᠂ ᠪᠠᠢ ᠶᠦᠨ ᠬᠤᠪᠢᠶᠠᠷᠢ ᠰᠤᠷᠭᠠᠭᠤᠯᠢ ᠶᠢ ᠬᠠᠮᠲᠤᠷᠠᠨ ᠬᠠᠮᠲᠤᠪᠠᠷ ᠪᠠᠶᠢᠭᠤᠯᠵᠤ᠂ ᠳᠡᠭᠡᠳᠦ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠢ ᠮᠠᠨ ᠤ ᠣᠷᠣᠨ ᠳᠤ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ᠠᠵᠢᠯᠴᠢᠨ ᠬᠡᠷᠡᠭᠯᠡᠬᠦ ᠬᠦᠷᠢᠶᠡᠨ ᠳᠠᠬᠢ ᠪᠠᠲᠤᠯᠠᠭ᠎ᠠ ᠶᠢᠨ | ᠠᠵᠢᠯᠯᠠᠭ᠎ᠠ ᠶᠢ ᠥᠷᠨᠢᠭᠦᠯᠵᠦ᠂ ᠠᠵᠢᠯ ᠣᠯᠭᠤᠯᠲᠠ ᠶᠢᠨ ᠠᠵᠢᠯᠴᠢᠨ ᠬᠡᠷᠡᠭᠯᠡᠬᠦ ᠶᠢᠨ ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠦᠨ᠎ᠡ᠃ | ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢ ᠴᠢᠩᠭᠠᠷᠠᠭᠤᠯᠤᠨ᠎ᠠ᠃ᠨᠠᠰᠤᠵᠢᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ | ᠾᠦᠢ ᠳ᠋ᠧ ᠨᠠᠰᠤᠵᠢᠯ ᠤᠨ ᠠᠵᠤ ᠦᠢᠯᠡᠰ ᠤᠨ ᠬᠦᠷᠢᠶᠡᠯᠡᠩ ᠢᠶᠠᠷ ᠲᠦᠰᠢᠭ ᠪᠣᠯᠭᠠᠨ᠂ ᠣᠶᠤᠨᠲᠤ ᠨᠠᠰᠤᠵᠢᠯ ᠤᠨ ᠦᠢᠯᠡᠴᠢᠯᠡᠭᠡᠨ ᠤ ᠲᠠᠪᠴᠠᠩ ᠢᠶᠠᠷ | ᠲᠤᠯᠭᠠᠭᠤᠷᠢᠯᠠᠯ ᠪᠣᠯᠭᠠᠵᠤ᠂ ᠡᠯ᠎ᠡ ᠲᠥᠷᠥᠯ ᠤᠨ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠪᠠ ᠨᠡᠶᠢᠭᠡᠮ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ | ᠪᠤᠭᠤᠲᠤ ᠬᠤᠲᠠ ᠶᠢᠨ ᠶᠡᠷᠦᠩᠬᠡᠶᠢᠯᠡᠭᠰᠡᠨ ᠨᠠᠰᠤᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠣᠶ ᠪᠣᠯᠭᠠᠨ᠎ᠠ᠃ᠦᠨᠳᠦᠰᠦᠨ ᠠᠮᠢᠳᠤᠷᠠᠯ ᠤᠨ | ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠣᠷᠣᠯᠭ᠎ᠠ ᠪᠠᠭᠠᠲᠠᠢ ᠬᠥᠮᠥᠨ ᠠᠮᠠ ᠶᠢ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ᠂ ᠬᠥᠳᠡᠯᠦᠩᠭᠦᠢ ᠪᠠᠷ | ᠬᠢᠨᠠᠨ ᠬᠡᠮᠵᠢᠬᠦ ᠪᠠ ᠪᠠᠶᠢᠩᠭᠤᠵᠢᠭᠤᠯᠤᠨ ᠬᠠᠪᠰᠤᠷᠤᠨ ᠲᠡᠳᠬᠦᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠨᠡᠶᠢᠭᠡᠮ ᠤᠨ ᠠᠪᠤᠷᠠᠨ ᠲᠤᠰᠠᠯᠠᠬᠤ | ᠡᠩᠨᠡᠭᠡᠨ ᠤ ᠪᠠᠶᠢᠭᠤᠯᠤᠯᠲᠠ ᠪᠠ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠪᠠ ᠲᠦᠷ ᠴᠠᠭ ᠤᠨ | ᠠᠪᠤᠷᠠᠨ ᠲᠤᠰᠠᠯᠠᠬᠤ ᠬᠡᠪᠴᠢᠶ᠎ᠡ ᠶᠢ ᠵᠣᠬᠢᠰᠲᠠᠢ ᠥᠷᠭᠡᠳᠬᠡᠵᠦ᠂ ᠪᠠᠲᠤᠯᠠᠬᠤ ᠶᠣᠰᠣᠲᠠᠢ ᠶᠢ ᠨᠢ ᠴᠥᠮ ᠪᠠᠲᠤᠯᠠᠵᠤ᠂ ᠠᠪᠤᠷᠠᠬᠤ ᠶᠣᠰᠣᠲᠠᠢ ᠶᠢ ᠨᠢ ᠴᠥᠮ | ᠠᠪᠤᠷᠠᠬᠤ ᠶᠢ ᠪᠡᠶᠡᠯᠡᠭᠦᠯᠦᠨ᠎ᠡ᠃ᠵᠡᠮᠳᠡᠭᠴᠦᠳ ᠤᠨ ᠵᠣᠯ ᠵᠢᠷᠭᠠᠯ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠵᠡᠮᠳᠡᠭᠴᠦᠳ ᠲᠤ ᠨᠡᠶᠢᠳᠡᠮ ᠠᠰᠢᠭ | ᠬᠦᠷᠲᠡᠭᠡᠬᠦ ᠵᠦᠢᠯᠡᠰ ᠢ ᠥᠷᠨᠢᠭᠦᠯᠵᠦ᠂ ᠵᠡᠮᠳᠡᠭᠴᠦᠳ ᠤᠨ ᠵᠣᠯ ᠵᠢᠷᠭᠠᠯ ᠤᠨ ᠢᠯᠡᠳᠬᠡᠭᠴᠢ ᠲᠤᠭ᠎ᠠ ᠶᠢ ᠶᠡᠭᠡ ᠪᠠᠷ ᠳᠡᠭᠡᠭᠰᠢᠯᠡᠭᠦᠯᠦᠨ᠎ᠡ᠃ | ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃ᠮᠠᠨ ᠤ ᠣᠷᠣᠨ ᠤ ᠭᠦᠨ ᠵᠤᠵᠠᠭᠠᠨ ᠬᠤᠪᠢᠰᠬᠠᠯ ᠤᠨ | ᠡᠬᠢ ᠪᠠᠶᠠᠯᠢᠭ ᠢ ᠰᠠᠶᠢᠲᠤᠷ ᠠᠰᠢᠭᠯᠠᠵᠤ᠂ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠢ ᠨᠢᠭᠡ ᠴᠣᠭᠴᠠᠵᠢᠭᠤᠯᠬᠤ ᠰᠢᠰᠲ᠋ᠥᠮ ᠢ ᠪᠠᠶᠢᠭᠤᠯᠵᠤ᠂ ᠦᠵᠡᠯ | ᠰᠠᠨᠠᠭ᠎ᠠ ᠤᠯᠤᠰ ᠲᠦᠷᠦ ᠶᠢᠨ ᠪᠠᠭ᠎ᠠ ᠬᠢᠴᠢᠶᠡᠯ ᠤᠨ ᠲᠠᠩᠬᠢᠮ ᠢ ᠨᠡᠶᠢᠭᠡᠮ ᠤᠨ ᠶᠡᠭᠡ ᠬᠢᠴᠢᠶᠡᠯ ᠤᠨ ᠲᠠᠩᠬᠢᠮ ᠲᠠᠢ ᠣᠷᠭᠠᠨᠢᠭ ᠢᠶᠠᠷ ᠵᠣᠯᠭᠠᠭᠤᠯᠬᠤ ᠶᠢ | ᠪᠡᠶᠡᠯᠡᠭᠦᠯᠦᠨ᠎ᠡ᠃ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠳᠬᠤᠵᠤ᠂ ᠬᠢᠴᠢᠶᠡᠯ ᠤᠨ ᠪᠠᠶᠢᠭᠤᠯᠤᠯᠲᠠ᠂ ᠬᠢᠴᠢᠶᠡᠯ ᠤᠨ ᠲᠠᠩᠬᠢᠮ ᠤᠨ | ᠥᠭᠡᠷᠡᠴᠢᠯᠡᠯᠲᠡ᠂ ᠰᠡᠳᠦᠪ ᠤᠨ ᠰᠤᠳᠤᠯᠭᠠᠨ ᠢ ᠬᠦᠴᠦᠯᠡᠨ ᠴᠢᠩᠭᠠᠳᠬᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠪᠠᠭᠰᠢ ᠶᠢᠨ | ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃ᠰᠤᠷᠭᠠᠨ ᠬᠥᠮᠦᠵᠢᠯ ᠤᠨ ᠡᠯᠧᠮᠧᠨ᠋ᠲ ᠤᠨ ᠥᠭᠡᠷᠡᠴᠢᠯᠡᠯᠲᠡ ᠶᠢ ᠠᠳᠬᠤᠵᠤ᠂ ᠬᠡᠦᠬᠡᠳ | ᠰᠠᠭᠠᠲᠠᠭᠤᠯᠬᠤ ᠪᠠ ᠬᠡᠦᠬᠡᠳ ᠰᠠᠭᠠᠲᠠᠭᠤᠯᠬᠤ ᠠᠵᠢᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠪᠠ ᠪᠠᠭ᠎ᠠ ᠠᠩᠭᠢ ᠶᠢᠨ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ᠂ ︽ᠤᠩᠰᠢᠯᠭ᠎ᠠ ᠶᠢᠨ | ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ︾ ᠤᠨ ᠲᠤᠷᠰᠢᠯᠲᠠ ᠶᠢᠨ ᠴᠢᠭ᠋ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠤᠯᠤᠰ ᠤᠨ | ᠲᠠᠰ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠪᠠ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠡᠭᠦᠳᠦᠨ ᠪᠠᠶᠢᠭᠤᠯᠬᠤ ᠰᠢᠯᠭᠠᠨ ᠠᠪᠬᠤ ᠶᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠦᠨ᠎ᠡ᠃ | ᠦᠢᠯᠡᠳᠦᠯᠭᠡ ᠶᠢᠨ ᠬᠥᠮᠦᠵᠢᠯ ᠤᠨ ᠬᠥᠭᠵᠢᠯᠲᠡ ᠶᠢ ᠠᠳᠬᠤᠵᠤ᠂ ︽ᠲᠠᠪᠤᠨ ᠰᠠᠭᠤᠷᠢᠨ︾︾ ᠢ ᠬᠦᠴᠦᠯᠡᠨ ᠰᠠᠶᠢᠲᠤᠷ ᠪᠠᠶᠢᠭᠤᠯᠵᠤ᠂ ︽ᠲᠠᠪᠤ ᠶᠢ ᠨᠢᠭᠡ | ᠴᠣᠭᠴᠠᠵᠢᠭᠤᠯᠤᠭᠰᠠᠨ︾ᠭᠠᠵᠠᠷ ᠣᠷᠣᠨ ᠤ ᠶᠡᠷᠦᠩᠬᠡᠶᠢᠯᠡᠭᠰᠡᠨ ᠦᠢᠯᠡᠳᠦᠯᠭᠡ ᠶᠢᠨ ᠬᠥᠮᠦᠵᠢᠯ ᠤᠨ ᠣᠨᠴᠠᠯᠢᠭ ᠢ ᠪᠡᠶᠡᠯᠡᠭᠦᠯᠦᠨ᠎ᠡ᠃ | ᠡᠷᠡᠭᠦᠯ ᠡᠩᠬᠡ ᠴᠠᠭᠠᠨ ᠡᠭᠦᠯᠡᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ᠶᠡᠭᠡ ᠡᠷᠡᠭᠦᠯ ᠬᠠᠮᠠᠭᠠᠯᠠᠯ᠂ ᠶᠡᠭᠡ ᠡᠷᠡᠭᠦᠯ ᠮᠡᠨᠳᠦ ᠶᠢᠨ | ᠣᠨᠣᠯᠵᠢᠬᠤᠨ ᠢ ᠪᠠᠷᠢᠮᠲᠠᠯᠠᠵᠤ᠂ ᠡᠬᠢ ᠡᠭᠦᠰᠦᠯ ᠠᠴᠠ ᠨᠢ ᠵᠠᠰᠠᠬᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠶᠢ ᠲᠣᠪᠤᠶᠢᠯᠭᠠᠨ᠂ ᠡᠷᠡᠭᠦᠯ ᠮᠡᠨᠳᠦ | ᠴᠠᠭᠠᠨ ᠡᠭᠦᠯᠡᠨ ᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠷᠢᠰ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ︽ᠬᠥᠬᠡᠭᠴᠢᠨ ᠲᠥᠷᠥᠯ ᠬᠥᠬᠡᠭᠴᠢᠨ ᠬᠠᠮᠢᠶᠠᠷᠤᠯᠲᠠ︾ ᠶᠢ ᠲᠣᠭᠲᠠᠭᠤᠨ ᠪᠥᠭᠡᠳ ᠡᠮᠬᠢ ᠵᠢᠷᠤᠮ ᠲᠠᠢ | ᠬᠡᠷᠡᠭᠵᠢᠭᠦᠯᠵᠦ᠂ ᠠᠵᠢᠯ ᠤᠨ ᠭᠤᠣᠯᠳᠠᠯᠭ᠎ᠠ ᠪᠠᠨ ᠡᠷᠡᠭᠦᠯ ᠮᠡᠨᠳᠦ ᠶᠢ ᠪᠠᠲᠤᠯᠠᠬᠤ᠂ ᠬᠦᠨᠳᠦ ᠡᠪᠡᠳᠴᠢᠨ ᠢ ᠰᠡᠷᠭᠡᠶᠢᠯᠡᠬᠦ ᠳᠡᠭᠡᠷ᠎ᠡ ᠰᠢᠯᠵᠢᠭᠦᠯᠵᠦ᠂ ︽ᠡᠷᠡᠭᠦᠯ | ᠮᠡᠨᠳᠦ ᠶᠢᠨ ᠳᠠᠭᠠᠭᠠᠴᠢᠯᠠᠯᠲᠠ︾ ᠶᠢᠨ ᠭᠤᠣᠯᠳᠠᠯᠭ᠎ᠠ ᠲᠠᠢ ᠬᠥᠮᠥᠰ ᠲᠤ ᠪᠦᠬᠦᠨ ᠢ ᠬᠠᠮᠤᠷᠬᠤ ᠶᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ᠸᠠᠺᠼᠢᠨ ᠤ | ᠲᠠᠷᠢᠯᠭ᠎ᠠ ᠶᠢᠨ ᠠᠵᠢᠯ ᠢ ᠦᠷᠭᠦᠯᠵᠢᠯᠡᠨ ᠠᠬᠢᠭᠤᠯᠵᠤ᠂ ᠬᠦᠯᠢᠶᠡᠨ ᠠᠪᠬᠤ ᠶᠣᠰᠣᠲᠠᠢ ᠶᠢ ᠨᠢ ᠪᠦᠬᠦᠨ ᠢ ᠬᠦᠯᠢᠶᠡᠨ ᠠᠪᠬᠤ ᠶᠢ ᠪᠡᠶᠡᠯᠡᠭᠦᠯᠦᠨ᠎ᠡ᠃ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ | ᠭᠦᠨᠵᠡᠭᠡᠶᠢᠷᠡᠭᠦᠯᠦᠨᠡᠮᠴᠢᠯᠡᠭᠡ ᠡᠷᠡᠭᠦᠯ ᠬᠠᠮᠠᠭᠠᠯᠠᠯ ᠤᠨ ᠪᠡᠯᠡᠳᠬᠡᠮᠵᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ | ᠡᠮᠴᠢᠯᠡᠭᠡᠨ ᠤ ᠠᠪᠤᠷᠠᠨ ᠵᠠᠰᠠᠬᠤ ᠲᠥᠪ ︵ᠬᠦᠨᠳᠦ ᠲᠦᠭᠰᠢᠭᠦᠷᠢᠲᠡᠢ ᠵᠢᠷᠮᠦᠰᠦᠨ ᠡᠮᠡᠭᠲᠡᠢ︶ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠲᠦᠯᠬᠢᠨ | ᠠᠬᠢᠭᠤᠯᠵᠤ᠂ ᠡᠮᠨᠡᠯᠭᠡ ᠶᠢᠨ ᠬᠤᠷᠢᠶ᠎ᠠ ᠠᠴᠠ ᠡᠮᠦᠨᠡᠬᠢ ᠲᠦᠷᠭᠡᠨ ᠠᠪᠤᠷᠠᠯᠲᠠ ᠪᠠ ᠡᠮᠴᠢᠯᠡᠭᠡᠨ ᠤ ᠠᠪᠤᠷᠠᠨ ᠵᠠᠰᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠡᠷᠡᠭᠦᠯ ᠬᠠᠮᠠᠭᠠᠯᠠᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠬᠡ ᠨᠢᠯᠬᠠᠰ ᠤᠨ ᠬᠡᠦᠬᠡᠳ ᠤᠨ ᠰᠠᠯᠠᠭ᠎ᠠ᠂ ᠲᠦᠷᠭᠡᠨ | ᠠᠪᠤᠷᠠᠯᠳᠠ ᠲᠦᠷᠭᠡᠨ ᠡᠮᠴᠢᠯᠡᠭᠡ ᠵᠡᠷᠭᠡ ᠦᠢᠯᠡᠴᠢᠯᠡᠭᠡᠨ ᠤ ᠳᠤᠲᠠᠭᠤᠳᠠᠯ ᠢ ᠲᠦᠷᠭᠡᠳᠬᠡᠨ ᠨᠥᠬᠦᠪᠦᠷᠢᠯᠡᠵᠦ᠂ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠰᠣᠶᠣᠯ ᠵᠤᠭᠠᠴᠠᠯ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ᠲᠣᠭᠤᠷᠢᠭ ᠤᠨ ᠰᠣᠶᠣᠯ ᠤᠨ ᠣᠷᠳᠣᠨ ︵ᠥᠷᠲᠡᠭᠡ︶᠂ ᠨᠣᠮ ᠤᠨ ᠰᠠᠩ ᠵᠡᠷᠭᠡ | ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠪᠡᠯᠡᠳᠬᠡᠮᠵᠢ ᠳᠤ ᠲᠦᠰᠢᠭᠯᠡᠨ᠂ ᠡᠯ᠎ᠡ ᠲᠥᠷᠥᠯ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ | ᠪᠦᠲᠦᠭᠡᠭᠳᠡᠬᠦᠨ ᠢ ᠴᠤᠭᠯᠠᠷᠠᠭᠤᠯᠤᠭᠰᠠᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠬᠡᠲᠦ ᠳᠡᠯᠭᠡᠭᠦᠷ ᠢ ᠪᠣᠶ ᠪᠣᠯᠭᠠᠨ᠎ᠠ᠃ᠠᠭᠤᠳᠠᠮ ᠲᠠᠯᠠᠪᠠᠢ ᠶᠢᠨ | ᠴᠡᠴᠡᠷᠯᠢᠭ ᠲᠤ ᠲᠦᠬᠦᠮ ᠵᠢᠵᠢᠭ ᠲᠠᠪᠴᠠᠩ ᠪᠠᠶᠢᠭᠤᠯᠵᠤ᠂ ᠤᠯᠠᠨ ᠲᠦᠮᠡᠨ ᠤ ᠤᠳᠬ᠎ᠠ ᠤᠷᠠᠯᠢᠭ ᠤᠨ ᠪᠦᠯᠬᠦᠮ ᠤᠨ ᠬᠥᠭᠵᠢᠯᠲᠡ ᠶᠢ ᠤᠯᠠᠮ ᠴᠢᠨᠠᠭᠰᠢᠳᠠ | ᠲᠠᠶᠢᠴᠢᠯᠠᠵᠤ᠂ ᠤᠯᠠᠨ ᠲᠦᠮᠡᠨ ᠤ ᠰᠣᠶᠣᠯ ᠤᠨ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠦᠨ᠎ᠡ᠃ᠰᠣᠶᠣᠯ ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ | ᠬᠥᠭᠵᠢᠬᠦ ᠶᠢ ᠶᠡᠬᠡᠪᠡᠷ ᠠᠬᠢᠭᠤᠯᠵᠤ᠂ ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ ᠶᠢᠨ ᠦᠶᠯᠡ ᠠᠵᠢᠯᠯᠠᠭ᠎ᠠ ᠶᠢᠨ ᠦᠵᠡᠰᠬᠦᠯᠡᠩ ᠤᠨ | ᠣᠷᠳᠣᠨ ᠤ ᠪᠡᠶᠡᠴᠢᠯᠡᠨ ᠣᠶᠢᠯᠠᠭᠠᠬᠤ ᠪᠠ ᠢᠵᠢ ᠪᠦᠷᠢᠳᠦᠭᠦᠯᠬᠦ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠦᠨ᠂ ᠥᠪᠡᠷᠮᠢᠴᠡ ᠣᠨᠴᠠᠯᠢᠭ ᠲᠠᠢ | ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠰᠤᠳᠤᠯᠤᠨ ᠨᠡᠭᠡᠭᠡᠨ ᠳᠡᠯᠭᠡᠷᠡᠭᠦᠯᠵᠦ᠂ ᠤᠯᠤᠰ ᠤᠨ 4A ᠲᠠᠰ ᠤᠨ ᠵᠢᠭᠤᠯᠴᠢᠯᠠᠯ ᠤᠨ ᠦᠵᠡᠮᠵᠢ ᠶᠢᠨ | ᠣᠷᠣᠨ ᠢ ᠴᠢᠷᠮᠠᠶᠢᠨ ᠪᠠᠶᠢᠭᠤᠯᠤᠨ᠎ᠠ᠃ᠣᠲᠣ ᠶᠢᠨ ᠪᠠᠶᠢᠭ᠎ᠠ ᠵᠢᠭᠤᠯᠴᠢᠯᠠᠯ ᠤᠨ ᠡᠬᠢ ᠪᠠᠶᠠᠯᠢᠭ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ | ᠬᠤᠪᠢᠰᠬᠠᠯ ᠤᠨ ᠥᠯᠢᠭᠡᠷ᠂ ᠠᠭᠤᠷᠬᠠᠢ ᠶᠢᠨ ᠵᠣᠷᠢᠭ ᠰᠠᠨᠠᠭ᠎ᠠ ᠶᠢ ᠰᠠᠶᠢᠲᠤᠷ ᠶᠠᠷᠢᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠤᠨ᠎ᠠ᠃ᠳ᠋ᠢᠩ ᠰᠢᠶᠠᠩ ᠶᠤᠸᠠᠨ ᠴᠡᠴᠡᠷᠯᠢᠭ ᠤᠨ ᠪᠡᠶ᠎ᠡ ᠶᠢᠨ ᠲᠠᠮᠢᠷ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ | ᠠᠬᠢᠭᠤᠯᠵᠤ᠂ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢᠨ ᠳᠡᠮᠵᠢᠯᠭᠡ ᠶᠢ ᠣᠯᠬᠤ ᠪᠠᠷ ᠢᠳᠡᠪᠬᠢᠲᠡᠢ ᠴᠢᠷᠮᠠᠶᠢᠵᠤ᠂ ᠣᠯᠠᠨ | ᠴᠢᠳᠠᠮᠵᠢᠲᠤ ᠰᠢᠩᠭᠡᠯᠢᠭ ᠮᠠᠶ᠋ᠢᠭ ᠤᠨ ᠪᠡᠶ᠎ᠡ ᠵᠢᠨᠠᠷᠪᠠᠨ ᠨᠠᠢᠮᠠᠳᠤᠭᠠᠷ ᠬᠤᠭᠤᠴᠠᠭᠠᠨ ᠤ ᠬᠠᠴᠢᠨ ᠴᠢᠯᠠᠭᠤᠨ ᠤ ᠰᠣᠶᠣᠯ ᠤᠨ ᠵᠢᠭᠤᠯᠴᠢᠯᠠᠯ ᠤᠨ ᠪᠠᠶᠠᠷ ᠢ ᠨᠠᠷᠢᠨ | ᠨᠢᠮᠪᠠᠢ ᠤᠬᠠᠭᠠᠯᠠᠨ ᠲᠥᠯᠥᠪᠯᠡᠵᠦ᠂ ᠵᠢᠭᠤᠯᠴᠢᠯᠠᠯ ᠤᠨ ᠴᠢᠨᠠᠷ ᠴᠢᠨᠰᠠᠭ᠎ᠠ ᠪᠠ ᠬᠡᠪᠴᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠬᠥᠮᠥᠰ ᠤᠨ ᠠᠩᠬᠠᠷᠤᠯ ᠢ | ᠲᠠᠲᠠᠵᠤ᠂ ᠨᠥᠯᠥᠭᠡ ᠶᠢ ᠥᠷᠭᠡᠳᠬᠡᠨ᠂ ᠬᠥᠭᠵᠢᠯᠲᠡ ᠶᠢ ᠳᠠᠶᠢᠴᠢᠯᠠᠨ᠎ᠠ᠃ | ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ᠪᠥᠬᠦ ᠲᠠᠯ᠎ᠠ ᠪᠠᠷ ᠬᠠᠤᠯᠢ ᠶᠣᠰᠣᠭᠠᠷ ᠣᠷᠣᠨ ᠢᠶᠠᠨ ᠵᠠᠰᠠᠬᠤ ᠶᠢ ᠪᠠᠷᠢᠮᠲᠠᠯᠠᠵᠤ᠂ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠤᠨ᠎ᠠ︽ᠨᠠᠢᠮᠠᠳᠤᠭᠠᠷ ᠲᠠᠪᠤᠨ ᠵᠢᠯ︾ ᠤᠨ ᠬᠠᠤᠯᠢ | ᠲᠦᠭᠡᠮᠡᠯᠵᠢᠭᠦᠯᠬᠦ ᠳᠤᠮᠳᠠ ᠬᠤᠭᠤᠴᠠᠭᠠᠨ ᠤ ᠦᠨᠡᠯᠡᠨ ᠵᠢᠱᠢᠯᠲᠡ ᠶᠢ ᠰᠠᠶᠢᠲᠤᠷ ᠥᠷᠨᠢᠭᠦᠯᠵᠦ᠂ ᠬᠠᠤᠯᠢ ᠪᠠᠷ ᠵᠠᠰᠠᠬᠤ ᠪᠠᠷ ᠠᠷᠠᠳ ᠲᠤ ᠠᠰᠢᠭ ᠬᠦᠷᠲᠡᠭᠡᠬᠦ | ᠪᠣᠳᠠᠲᠤ ᠶᠠᠪᠤᠳᠠᠯ ᠢ ᠠᠬᠢᠭᠤᠯᠤᠨ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ | ᠥᠪᠡᠷᠲᠡᠭᠡᠨ ᠵᠠᠰᠠᠬᠤ ᠣᠷᠣᠨ ᠤ ᠱᠠᠲᠤᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠵᠢᠱᠢᠶ᠎ᠡ ᠦᠵᠡᠭᠦᠯᠬᠦ ᠣᠷᠣᠨ᠂ ᠵᠢᠱᠢᠶ᠎ᠡ ᠦᠵᠡᠭᠦᠯᠬᠦ ᠵᠡᠭᠡᠯᠢ | ᠭᠤᠳᠤᠮᠵᠢ ᠶᠢ ᠴᠢᠷᠮᠠᠶᠢᠨ ᠪᠠᠶᠢᠭᠤᠯᠤᠨ᠎ᠠ᠃ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠪᠠ ᠦᠨᠡᠨᠴᠢ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠦᠨᠡᠨᠴᠢ ᠢᠲᠡᠭᠡᠮᠵᠢ ᠶᠢᠨ ᠵᠠᠰᠠᠭ ᠤᠨ ᠣᠷᠳᠣᠨ ᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ᠶᠡᠷᠦᠩᠬᠡᠶᠢᠯᠡᠭᠰᠡᠨ ᠨᠡᠷᠡᠰ ᠤᠨ ᠵᠢᠭᠰᠠᠭᠠᠯᠲᠠ ᠶᠢ | ᠥᠪᠡᠷᠲᠡᠭᠡᠨ ᠵᠠᠰᠠᠬᠤ ᠣᠷᠣᠨ ᠤ ᠡᠮᠦᠨᠡᠨᠡᠶᠢᠭᠡᠮ ᠤᠨ ᠵᠠᠰᠠᠯᠲᠠ ᠶᠢᠨ ᠰᠢᠨ᠎ᠡ ᠠᠷᠭ᠎ᠠ ᠵᠠᠮ ᠢ ᠲᠠᠰᠤᠷᠠᠯᠲᠠ ᠦᠭᠡᠢ ᠬᠠᠶᠢᠨ ᠰᠦᠪᠡᠭᠴᠢᠯᠡᠵᠦ᠂ ᠰᠢᠨᠵᠢᠯᠡᠬᠦ | ᠤᠬᠠᠭᠠᠨ ᠮᠡᠷᠭᠡᠵᠢᠯ ᠢᠶᠠᠷ ᠴᠠᠭᠳᠠᠭ᠎ᠠ ᠶᠢ ᠮᠠᠨᠳᠤᠭᠤᠯᠬᠤ᠂ ᠥᠭᠡᠷᠡᠴᠢᠯᠡᠯᠲᠡ ᠪᠠᠷ ᠴᠠᠭᠳᠠᠭ᠎ᠠ ᠶᠢ ᠬᠦᠴᠦᠷᠬᠡᠭᠵᠢᠭᠦᠯᠬᠦ ᠶᠢ ᠴᠢᠩᠭᠠᠳᠬᠠᠵᠤ᠂︽ᠨᠢᠭᠡ ᠲᠣᠣᠷ ᠢᠶᠠᠷ | ᠬᠠᠮᠲᠤᠪᠠᠷ ᠵᠠᠰᠠᠬᠤ︾ᠰᠢᠨ᠎ᠡ ᠴᠠᠭᠠᠨ ᠡᠭᠦᠯᠡ ᠶᠢ ᠴᠣᠭᠴᠠᠯᠠᠬᠤ ᠬᠡᠷᠡᠭᠲᠡᠢ᠃︽ᠰᠠᠨᠠᠭ᠎ᠠ ᠰᠡᠳᠬᠢᠯ ᠢᠶᠠᠷ ᠢᠶᠠᠨ ᠰᠠᠭᠤᠬᠤ ᠶᠢ ᠵᠢᠭᠠᠨ ᠵᠢᠯᠤᠭᠤᠳᠬᠤ︾ ᠵᠢᠯᠤᠭᠤᠳᠬᠤ | ᠲᠥᠪ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ 100 ᠳ᠋ᠤᠭᠠᠷ ᠵᠠᠮ ᠤᠨ ᠬᠢᠨᠠᠨ ᠡᠵᠡᠮᠳᠡᠬᠦ ᠪᠡᠯᠡᠳᠬᠡᠮᠵᠢ ᠶᠢ ᠨᠡᠮᠡᠨ ᠪᠠᠶᠢᠭᠤᠯᠵᠤ᠂ ᠡᠯᠧᠺᠲᠷᠣᠨ | ᠴᠠᠭᠳᠠᠭ᠎ᠠ ᠶᠢ ᠡᠬᠢᠯᠡᠭᠦᠯᠦᠨ᠂ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠨ᠎ᠠ᠃ᠬᠥᠳᠡᠯᠮᠦᠷᠢ ᠶᠢᠨ | ᠮᠠᠷᠭᠤᠯᠳᠤᠭᠠᠨ ᠢ ᠡᠶᠡᠳᠡᠭᠦᠯᠬᠦ ᠪᠠ ᠬᠥᠨᠳᠡᠯᠡᠨ ᠠᠴᠠ ᠲᠠᠰᠤᠯᠬᠤ ᠵᠣᠬᠢᠶᠠᠨ ᠪᠠᠶᠢᠭᠤᠯᠤᠯᠲᠠ ᠶᠢᠨ ᠴᠢᠳᠠᠪᠤᠷᠢ ᠶᠢ ᠴᠢᠩᠭᠠᠷᠠᠭᠤᠯᠵᠤ᠂ ᠡᠶ᠎ᠡ ᠵᠣᠬᠢᠴᠠᠯ ᠲᠠᠢ | ᠬᠥᠳᠡᠯᠮᠦᠷᠢ ᠶᠢᠨ ᠬᠠᠷᠢᠴᠠᠭ᠎ᠠ ᠶᠢ ᠪᠦᠬᠦᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠳᠤᠮᠳᠠ ᠬᠤᠭᠤᠴᠠᠭᠠᠨ ᠤ ᠦᠨᠡᠯᠡᠨ ᠵᠢᠱᠢᠯᠲᠡ ᠶᠢ | ᠯᠠᠪᠳᠠᠭᠤᠨ ᠪᠠᠲᠤᠲᠠᠢ ᠥᠷᠨᠢᠭᠦᠯᠵᠦ᠂ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠨ᠎ᠡ᠃︽ | ᠬᠤᠶᠠᠷ ᠢ ᠬᠦᠷᠢᠶᠡᠯᠡᠬᠦ︾ ᠬᠠᠮᠲᠤ ᠪᠠᠷ ᠪᠠᠶᠢᠭᠤᠯᠬᠤ ᠶᠢ ᠭᠦᠨᠵᠡᠭᠡᠶᠢᠷᠡᠭᠦᠯᠵᠦ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠪᠠᠲᠤᠯᠠᠭ᠎ᠠ ᠶᠢ | ᠰᠢᠯᠢᠳᠡᠭᠵᠢᠭᠦᠯᠦᠨ᠎ᠡ᠃ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠪᠠᠷ ᠭᠤᠣᠯ ᠰᠢᠵᠢᠮ | ᠪᠣᠯᠭᠠᠬᠤ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ᠲᠤᠯᠤᠭᠠᠨ ᠳᠠᠪᠰᠢᠯᠲᠠ︾ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ | ᠯᠠᠪᠳᠠᠭᠤᠨ ᠪᠠᠲᠤᠲᠠᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠪᠥᠬᠦ | ᠬᠦᠴᠦᠨ ᠢᠶᠠᠷ ᠢᠶᠠᠨ︽12345 ᠵᠠᠰᠠᠭ ᠤᠨ ᠶᠠᠪᠤᠳᠠᠯ ᠤᠨ ᠬᠠᠯᠠᠮᠰᠢᠯ ᠤᠲᠠᠰᠤ + ᠨᠡᠷᠡᠨ ᠬᠡᠷᠡᠯᠳᠦ ᠵᠠᠬᠢᠳᠠᠯ ᠰᠣᠷᠪᠤᠯᠵᠢᠯᠠᠭ᠎ᠠ︾ ᠶᠢ ᠨᠢᠭᠡ | ᠴᠣᠭᠴᠠᠵᠢᠭᠤᠯᠤᠭᠰᠠᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠰᠢᠨ᠎ᠡ ᠵᠠᠭᠪᠤᠷ ᠢ ᠰᠢᠨ᠎ᠡ ᠪᠠᠷ ᠡᠭᠦᠳᠦᠨ ᠪᠣᠶ ᠪᠣᠯᠭᠠᠵᠤ᠂ ᠪᠥᠬᠦ ᠤᠯᠤᠰ ᠤᠨ | ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠭᠤᠷᠪᠠ ᠦᠭᠡᠢ ᠬᠤᠰᠢᠭᠤ ᠰᠢᠶᠠᠨ ᠲᠣᠭᠤᠷᠢᠭ ᠤᠨ ᠦᠷ᠎ᠡ ᠪᠦᠲᠦᠭᠡᠯ ᠢ ᠪᠠᠬᠢᠵᠢᠭᠦᠯᠵᠦ᠂ ︽ᠪᠥᠬᠦ ᠤᠯᠤᠰ ᠤᠨ | ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠵᠢᠱᠢᠶ᠎ᠡ ᠦᠵᠡᠭᠦᠯᠬᠦ ᠣᠷᠣᠨ︾ ᠢ ᠴᠢᠷᠮᠠᠶᠢᠨ ᠡᠭᠦᠳᠪᠡ᠃ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠰᠢᠰᠲ᠋ᠧᠮ ᠢ ᠪᠦᠷᠢᠨᠰᠢᠭᠦᠯᠵᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ | ᠨᠡᠭᠦᠷᠡᠰᠦᠨ ᠤ ᠪᠤᠰᠤ ᠠᠭᠤᠷᠬᠠᠢ᠂ ᠠᠶᠤᠯᠲᠠᠢ ᠬᠢᠮᠢ ᠶᠢᠨ ᠪᠣᠳᠠᠰ ᠵᠡᠷᠭᠡ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠡᠭᠡ ᠴᠡᠭᠴᠡᠯᠡᠨ | ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠪᠠ᠃ᠢᠳᠡᠭᠡᠨ ᠪᠠ ᠡᠮ ᠤᠨ ᠵᠦᠢᠯ ᠤᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭ᠎ᠠ ᠰᠠᠶᠢᠲᠤᠷ ᠠᠳᠬᠤᠵᠤ᠂ ᠢᠳᠡᠭᠡᠨ ᠤᠮᠳᠠᠭᠠᠨ ᠤ ᠨᠢᠭᠡᠴᠡ ᠶᠢᠨ ︽ᠢᠯᠡ ᠲᠣᠭᠤᠭ᠎ᠠ︾ ᠶᠢᠨ | ᠪᠦᠷᠬᠦᠴᠡ ᠶᠢᠨ ᠨᠣᠷᠮ᠎ᠠ ᠶᠢ 100% ᠳᠤ ᠬᠦᠷᠦᠭᠦᠯᠦᠨ᠎ᠡ᠃ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠣᠨ ᠤ ᠡᠭᠦᠷᠭᠡ ᠶᠢ ᠪᠥᠬᠦ ᠲᠠᠯ᠎ᠠ ᠪᠠᠷ | ᠪᠡᠶᠡᠯᠡᠭᠦᠯᠵᠦ᠂ ᠬᠦᠨᠳᠦ ᠶᠡᠭᠡ ᠲᠦᠭᠰᠢᠭᠦᠷᠢ ᠶᠢ ᠦᠨᠡᠨᠬᠦ ᠰᠡᠷᠭᠡᠶᠢᠯᠡᠨ ᠠᠷᠢᠯᠭᠠᠨ᠎ᠠ᠃ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠪᠠ ᠬᠠᠤᠯᠢ ᠪᠤᠰᠤ | ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠷᠣᠨ ᠪᠦᠰᠡ ᠶᠢᠨ ᠴᠢᠨᠠᠷᠲᠠᠢ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ | ᠦᠯᠦ ᠭᠠᠷᠭᠠᠬᠤ ᠬᠢᠵᠠᠭᠠᠷ ᠱᠤᠭᠤᠮ ᠢ ᠪᠠᠲᠤ ᠰᠠᠬᠢᠵᠤ᠂ ᠠᠷᠠᠳ ᠲᠦᠮᠡᠨ ᠤ ᠠᠮᠤᠷ ᠲᠦᠪᠰᠢᠨ ᠤ ᠲᠥᠷᠥᠭᠳᠡᠯ ᠢ ᠨᠡᠩ ᠲᠡᠭᠦᠯᠳᠡᠷ᠂ ᠨᠡᠩ ᠪᠠᠲᠤᠯᠠᠭ᠎ᠠ ᠲᠠᠢ᠂ ᠨᠡᠩ | ᠦᠷᠭᠦᠯᠵᠢᠯᠡᠬᠦᠶᠢᠴᠡ ᠪᠣᠯᠭᠠᠨ᠎ᠠ᠃ | ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠎ᠠ | ᠲᠥᠯᠥᠭᠡᠯᠡᠭᠴᠢᠳ ᠠ᠋᠂ ᠠᠭᠤᠯᠠ ᠤᠰᠤ ᠶᠢ ᠳᠠᠪᠠᠵᠤ ᠬᠠᠯᠠᠰᠢᠷᠠᠯ ᠦᠭᠡᠢ ᠤᠷᠤᠭᠰᠢᠯᠠᠵᠤ᠂ ᠠᠭᠤᠯᠠ ᠥᠨᠳᠥᠷ ᠵᠠᠮ ᠬᠤᠯᠠ ᠪᠣᠯᠪᠠᠴᠤ ᠬᠢᠵᠠᠭᠠᠯᠠᠰᠢ | ᠦᠭᠡᠢ ᠥᠩᠭᠡ ᠦᠵᠡᠮᠵᠢ ᠶᠢ ᠣᠯᠵᠤ ᠬᠠᠷᠠᠨ᠎ᠠ᠂ ᠭᠠᠭᠴᠠ ᠬᠦ ᠵᠣᠷᠢᠭ ᠰᠢᠨᠲᠠᠷᠠᠰᠢ ᠦᠭᠡᠢ᠂ ᠦᠨᠡᠨᠴᠢ ᠰᠢᠳᠤᠷᠭᠤ ᠪᠠᠷ ᠠᠵᠢᠯᠯᠠᠬᠤ ᠳᠠᠭᠠᠨ ᠬᠤᠶᠢᠷᠭᠤᠰᠢᠬᠤ | ᠦᠭᠡᠢ ᠪᠠᠶᠢᠪᠠᠯ ᠰᠠᠶ᠋ᠢ ᠴᠠᠭ ᠦᠶ᠎ᠡ ᠶᠢ ᠬᠥᠰᠡᠷᠳᠡᠭᠦᠯᠬᠦ ᠦᠭᠡᠢ᠂ ᠠᠷᠠᠳ ᠲᠦᠮᠡᠨ ᠢ ᠬᠥᠰᠡᠷᠳᠡᠭᠦᠯᠬᠦ ᠦᠭᠡᠢ ᠪᠠᠶᠢᠵᠤ ᠴᠢᠳᠠᠨ᠎ᠠ᠃ᠪᠢᠳᠡ ᠰᠢᠯᠭᠠᠯᠲᠠ ᠳᠤ | ᠣᠷᠣᠯᠴᠠᠬᠤ ᠰᠡᠳᠬᠢᠯᠭᠡ᠂ ᠤᠷᠤᠭᠰᠢᠯᠠᠨ ᠳᠠᠪᠰᠢᠬᠤ ᠣᠪᠣᠷ ᠪᠠᠶᠢᠳᠠᠯ᠂ ᠰᠢᠯᠭᠠᠯᠲᠠ ᠶᠢᠨ ᠰᠡᠳᠦᠪ ᠬᠠᠷᠢᠭᠤᠯᠬᠤ ᠪᠠᠶᠢᠳᠠᠯ ᠢᠶᠠᠨ ᠢᠮᠠᠭᠲᠠ ᠪᠠᠷᠢᠮᠲᠠᠯᠠᠵᠤ᠂ | ᠠᠷᠠᠳ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ | ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠡᠷᠡᠰ ᠪᠡᠶᠡᠯᠡᠭᠦᠯᠬᠦ ᠬᠡᠷᠡᠭᠲᠡᠢ᠃ᠤᠬᠠᠮᠰᠠᠷ ᠠᠴᠠ ᠪᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ | ᠵᠢᠯᠣᠭᠤᠳᠤᠭᠤᠯᠵᠤ᠂ ᠠᠵᠢᠯ ᠢᠶᠠᠨ ᠠᠬᠢᠭᠤᠯᠵᠤ᠂ ︽ᠬᠤᠶᠠᠷ ᠢ ᠲᠣᠭᠲᠠᠭᠠᠬᠤ︾ ᠶᠢᠨ ᠦᠨᠡᠨᠴᠢ ᠰᠢᠳᠤᠷᠭᠤ ᠬᠦᠷᠢᠶᠡᠯᠡᠭᠴᠢ᠂ ︽ᠬᠤᠶᠠᠷ ᠢ ᠬᠠᠮᠠᠭᠠᠯᠠᠬᠤ︾ ᠶᠢᠨ | ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠤᠭᠴᠢ ᠪᠣᠯᠬᠤ ᠬᠡᠷᠡᠭᠲᠡᠢ᠃ᠨᠠᠮ ᠤᠨ ᠠᠯᠢᠪᠠ ᠠᠵᠢᠯ ᠳᠠᠬᠢ ᠤᠳᠤᠷᠢᠳᠤᠯᠭ᠎ᠠ ᠶᠢ ᠪᠠᠷᠢᠮᠲᠠᠯᠠᠵᠤ᠂ ᠪᠠᠢ ᠶᠦᠨ ᠤ | ᠬᠥᠭᠵᠢᠯᠲᠡ ᠳᠤ ᠠᠰᠢᠭᠲᠠᠢ ᠶᠠᠪᠤᠳᠠᠯ ᠯᠠ ᠶᠤᠮ ᠪᠣᠯ᠂ ᠤᠯᠠᠨ ᠲᠦᠮᠡᠨ ᠤ ᠪᠠᠴᠢᠮ ᠲᠤᠯᠭᠠᠮ᠎ᠠ ᠬᠦᠰᠡᠵᠦ ᠪᠠᠶᠢᠭ᠎ᠠ ᠶᠠᠪᠤᠳᠠᠯ ᠯᠠ ᠶᠤᠮ ᠪᠣᠯ᠂ ᠵᠠᠰᠠᠭ ᠤᠨ | ᠣᠷᠳᠣᠨ ᠴᠥᠮ ᠡᠷᠡᠰ ᠭᠤᠶᠢᠪᠢᠰᠢ ᠦᠭᠡᠢ ᠪᠠᠷ ᠬᠡᠷᠡᠭᠵᠢᠭᠦᠯᠬᠦ ᠶᠢ ᠠᠳᠬᠤᠵᠤ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠶᠠᠭᠠᠬᠢᠭᠰᠠᠨ ᠴᠤ ᠳᠤᠲᠠᠭᠤ | ᠲᠤᠷᠭᠤᠨ ᠬᠢᠬᠦ ᠦᠭᠡᠢ᠂ ᠶᠠᠭᠠᠬᠢᠭᠰᠠᠨ ᠴᠤ ᠰᠣᠩᠭᠤᠯᠲᠠ ᠬᠢᠬᠦ ᠦᠭᠡᠢ᠂ ᠶᠠᠭᠠᠬᠢᠭᠰᠠᠨ ᠴᠤ ᠥᠭᠡᠷᠡᠲᠦᠭᠦᠯᠬᠦ ᠦᠭᠡᠢ᠃ᠵᠠᠰᠠᠭ ᠤᠨ ᠣᠷᠳᠣᠨ ᠤ ᠡᠯ᠎ᠡ ᠰᠠᠯᠠᠭ᠎ᠠ | ᠮᠥᠴᠢᠷ ᠢ ᠨᠢᠭᠡᠳᠦᠯᠲᠡᠢ ᠲᠥᠯᠥᠪᠯᠡᠨ ᠭᠦᠢᠴᠡᠳᠬᠡᠬᠦ ᠬᠦᠴᠦᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠭᠦᠢᠴᠡᠳᠬᠡᠬᠦ ᠬᠦᠴᠦᠨ ᠢ ᠲᠠᠶᠢᠴᠢᠨ | ᠬᠦᠴᠦᠨ ᠪᠣᠯᠭᠠᠨ ᠬᠤᠪᠢᠷᠠᠭᠤᠯᠵᠤ᠂ ᠲᠠᠶᠢᠴᠢᠨ ᠬᠦᠴᠦᠨ ᠢ ᠦᠨᠡᠨ ᠪᠣᠳᠠᠲᠠᠢ ᠬᠥᠭᠵᠢᠯᠲᠡ ᠶᠢᠨ ᠦᠷ᠎ᠡ ᠪᠦᠲᠦᠭᠡᠯ ᠪᠣᠯᠭᠠᠨ ᠬᠤᠪᠢᠷᠠᠭᠤᠯᠤᠨ᠎ᠠ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠡᠷᠡᠰ ᠪᠡᠶᠡᠯᠡᠭᠦᠯᠬᠦ ᠬᠡᠷᠡᠭᠲᠡᠢ᠃ᠰᠢ ᠶᠢᠨ ᠫᠢᠩ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠤᠱᠯᠠᠭᠤᠯᠵᠤ᠂ ᠬᠠᠤᠯᠢ ᠪᠠᠷ ᠵᠠᠰᠠᠬᠤ ᠰᠡᠳᠬᠢᠬᠦᠢ᠂ ᠬᠠᠤᠯᠢ ᠪᠠᠷ ᠵᠠᠰᠠᠬᠤ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠵᠠᠰᠠᠭ ᠤᠨ ᠣᠷᠳᠣᠨ ᠤ | ᠠᠵᠢᠯᠯᠠᠭ᠎ᠠ ᠶᠢ ᠬᠠᠤᠯᠢ ᠪᠠᠷ ᠵᠠᠰᠠᠬᠤ ᠵᠠᠮ ᠳᠤ ᠪᠦᠬᠦ ᠲᠠᠯ᠎ᠠ ᠪᠠᠷ ᠣᠷᠣᠭᠤᠯᠤᠨ᠎ᠠ᠃ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠠᠷ ᠠᠷᠠᠳᠴᠢᠯᠠᠯ ᠢᠶᠠᠷ | ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠡᠷᠡᠰ ᠪᠠᠷᠢᠮᠲᠠᠯᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠵᠢᠴᠢᠬᠤᠯᠠ ᠶᠡᠭᠡ ᠤᠴᠢᠷ | ᠶᠠᠪᠤᠳᠠᠯ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠵᠢᠭᠠᠪᠤᠷᠢ ᠠᠪᠴᠤ ᠮᠡᠳᠡᠭᠦᠯᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠣᠷᠣᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠰᠢᠢᠳᠪᠦᠷᠢ ᠣᠷᠣᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ | ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠡᠯ᠎ᠡ ᠡᠲᠡᠭᠡᠳ ᠪᠠ ᠠᠷᠠᠳ ᠣᠯᠠᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ | ᠳᠤᠷᠠᠳᠤᠯᠭ᠎ᠠ ᠶᠢ ᠰᠠᠶᠢᠲᠤᠷ ᠭᠦᠢᠴᠡᠳᠬᠡᠵᠦ᠂ ᠵᠠᠰᠠᠭ ᠵᠠᠬᠢᠷᠭᠠᠨ ᠤ ᠦᠶᠯᠡ ᠠᠵᠢᠯᠯᠠᠭ᠎ᠠ ᠨᠢᠭᠡᠪᠦᠷᠢ ᠶᠢ ᠴᠥᠮ ᠬᠠᠤᠯᠢ ᠲᠣᠭᠲᠠᠭᠠᠯ ᠶᠣᠰᠣᠭᠠᠷ᠂ ᠲᠥᠪ | ᠭᠤᠥᠯᠴᠢ ᠢᠯᠡ ᠲᠣᠳᠣ ᠪᠠᠶᠢᠯᠭᠠᠵᠤ᠂ ᠬᠠᠤᠯᠢ ᠪᠠᠷ ᠵᠠᠰᠠᠬᠤ ᠶᠢ ᠴᠢᠩᠭ᠎ᠠ ᠬᠡᠷᠡᠭᠵᠢᠭᠦᠯᠬᠦ ᠬᠠᠷᠢᠭᠤᠴᠠᠯᠭᠠᠲᠤ ᠰᠡᠳᠬᠢᠯᠭᠡ ᠪᠠᠷ ᠨᠡᠶᠢᠭᠡᠮ ᠤᠨ ᠡᠯ᠎ᠡ ᠡᠲᠡᠭᠡᠳ ᠤᠨ | ᠬᠢᠨ ᠤ ᠮᠡᠳᠡᠷᠡᠮᠵᠢ ᠶᠢ ᠣᠯᠣᠨ᠎ᠠ᠃ | ᠠᠵᠢᠯᠴᠢ ᠬᠢᠴᠢᠶᠡᠩᠭᠦᠢ ᠪᠠᠷ ᠵᠠᠰᠠᠭ ᠪᠠᠷᠢᠵᠤ ᠥᠨᠳᠥᠷ ᠪᠦᠲᠦᠮᠵᠢᠲᠡᠶ ᠪᠠᠶᠢᠬᠤ ᠶᠢ ᠡᠷᠡᠰ ᠪᠡᠶᠡᠯᠡᠭᠦᠯᠦᠨ᠎ᠡ᠃ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ | ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠰᠢᠢᠳᠪᠦᠷᠢᠯᠡᠬᠦ ᠰᠡᠳᠬᠢᠬᠦᠢ︾ ᠶᠢ ᠪᠠᠲᠤ ᠪᠤᠢ | ᠪᠣᠯᠭᠠᠵᠤ᠂︽ᠲᠡᠮᠡᠴᠡᠯ ᠤᠨ ᠵᠣᠷᠢᠭ ᠰᠠᠨᠠᠭ᠎ᠠ︾ ᠶᠢ ᠪᠠᠳᠠᠷᠠᠭᠤᠯᠵᠤ᠂ ᠬᠥᠭᠵᠢᠯᠲᠡ ᠶᠢᠨ ᠢᠲᠡᠭᠡᠯ ᠵᠣᠷᠢᠭ ᠢ ᠬᠥᠪᠴᠢᠯᠡᠵᠦ᠂︽ᠭᠤᠷᠪᠠᠨ ᠤᠯᠠᠨ᠂ ᠭᠤᠷᠪᠠᠨ ᠴᠥᠭᠡᠨ᠂ | ᠭᠤᠷᠪᠠᠨ ᠤᠳᠠᠭᠠᠨ︾︾ ᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ︽ᠲᠤᠯᠤᠭ᠎ᠠ ᠶᠢ ᠲᠠᠶᠠᠭᠳᠠᠬᠤ︾᠂︽ᠲᠠᠪᠤ ᠶᠢ ᠲᠡᠪᠴᠢᠬᠦ᠂ ᠲᠠᠪᠤ ᠶᠢ ᠪᠤᠢ ᠪᠣᠯᠭᠠᠬᠤ︾ ᠶᠢ | ᠡᠷᠡᠰ ᠪᠡᠶᠡᠯᠡᠭᠦᠯᠵᠦ᠂ ︽ᠬᠡᠪᠲᠡᠬᠦ︾ᠦᠵᠡᠯ ᠰᠠᠨᠠᠭ᠎ᠠ ᠶᠢ ᠡᠷᠡᠰ ᠬᠤᠷᠢᠭᠯᠠᠵᠤ᠂ ᠤᠴᠢᠷ ᠶᠠᠪᠤᠳᠠᠯ ᠠᠴᠠ ᠵᠠᠶᠢᠯᠠᠬᠤ ᠦᠭᠡᠢ᠂ ᠵᠢᠷᠤᠮ ᠠᠴᠠ ᠵᠠᠶᠢᠯᠠᠬᠤ ᠦᠭᠡᠢ ᠪᠠᠷ | ᠬᠠᠷᠢᠭᠤᠴᠠᠯᠭ᠎ᠠ ᠠᠴᠠ ᠵᠠᠶᠢᠯᠠᠬᠤ ᠦᠭᠡᠢ ᠪᠠᠶᠢᠵᠤ᠂ ᠲᠤᠶᠢᠯ ᠳᠤᠨᠢ ᠲᠤᠯᠲᠠᠯ᠎ᠠ ᠬᠢᠵᠦ᠂ ᠭᠤᠶᠢᠳᠠ ᠰᠠᠶᠢᠬᠠᠨ ᠠᠵᠢᠯ ᠬᠢᠬᠦ ᠬᠡᠷᠡᠭᠲᠡᠢ᠃ᠵᠥᠪ ᠣᠨᠣᠪᠴᠢᠲᠠᠢ ᠭᠡᠲᠡᠬᠦ | ᠳᠡᠭᠡᠷ᠎ᠡ ᠬᠦᠴᠦ ᠣᠷᠣᠭᠤᠯᠵᠤ᠂ ᠰᠢᠷᠭᠠᠭᠤ ᠬᠠᠲᠠᠭᠤᠵᠢᠯᠲᠠᠢ ᠲᠡᠮᠡᠴᠡᠯ ᠤᠨ ᠳᠤᠮᠳᠠ ᠠᠵᠠ ᠲᠣᠬᠢᠶᠠᠯ ᠢ ᠠᠮᠵᠢᠵᠤ᠂ ᠵᠠᠭᠤᠨ ᠣᠩᠭᠤᠴᠠ ᠥᠷᠢᠰᠦᠯᠳᠦᠨ | ᠤᠷᠤᠭᠰᠢᠯᠠᠬᠤ ᠶᠢᠨ ᠳᠤᠮᠳᠠ ᠣᠷᠣᠨ ᠪᠠᠶᠢᠷᠢ ᠪᠠᠨ ᠳᠠᠪᠰᠢᠵᠤ᠂ ᠥᠨᠥᠳᠥᠷ ᠤᠨ ᠮᠡᠷᠡᠶᠢᠨ ᠲᠡᠮᠡᠴᠡᠬᠦ ᠡᠷᠴᠢ ᠵᠣᠷᠢᠭ ᠢᠶᠠᠷ ᠢᠶᠠᠨ ᠮᠠᠷᠭᠠᠰᠢ ᠶᠢᠨ ᠬᠥᠭᠵᠢᠯᠲᠡ ᠶᠢᠨ | ᠬᠠᠨᠳᠤᠰᠢ ᠶᠢ ᠰᠣᠯᠢᠵᠤ ᠠᠪᠤᠨ᠎ᠠ᠃ | ᠠᠷᠢᠭᠤᠨ ᠴᠢᠬᠡᠴᠢ ᠪᠠᠶᠢᠬᠤ ᠶᠢ ᠡᠷᠡᠰ ᠪᠡᠶᠡᠯᠡᠭᠦᠯᠬᠦ ᠬᠡᠷᠡᠭᠲᠡᠢ᠃ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ | ᠨᠠᠷᠢᠨ ᠬᠢᠨᠠᠮᠠᠭᠠᠢ ᠭᠦᠢᠴᠡᠳᠬᠡᠵᠦ᠂ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠰᠠᠶᠢᠲᠤᠷ ᠠᠳᠬᠤᠵᠤ᠂ ᠵᠠᠰᠠᠭ ᠤᠨ ᠣᠷᠳᠣᠨ ᠤ ᠰᠢᠰᠲ᠋ᠥᠮ ᠤᠨ | ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠶᠢ ᠠᠬᠢᠭᠤᠯᠬᠤ ᠬᠡᠷᠡᠭᠲᠡᠢ᠃ᠲᠥᠪ ᠤᠨ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠲᠥᠰᠥᠪ ᠤᠨ ᠬᠠᠮᠢᠶᠠᠷᠤᠯᠲᠠ ᠶᠢ ᠴᠢᠩᠭᠠᠳᠬᠠᠨ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠢ ᠴᠢᠩᠭ᠎ᠠ ᠬᠢᠵᠠᠭᠠᠷᠯᠠᠵᠤ᠂ ᠡᠳ᠋ ᠤᠨ | ᠬᠦᠴᠦᠨ ᠢᠶᠠᠨ ᠲᠥᠪᠯᠡᠷᠡᠭᠦᠯᠦᠨ ᠠᠵᠢᠯ ᠣᠯᠭᠤᠯᠲᠠ ᠶᠢ ᠪᠠᠲᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ | ᠪᠠᠲᠤᠯᠠᠵᠤ᠂ ᠶᠠᠭᠠᠬᠢᠭᠰᠠᠨ ᠴᠤ ᠪᠦᠷᠢᠯᠭᠡᠨ ᠰᠦᠢᠳᠬᠡᠬᠦ ᠦᠭᠡᠢ᠂ ᠦᠡᠭᠭᠡᠨ ᠲᠠᠯ᠎ᠠ ᠶᠢᠨ ᠠᠵᠢᠯ ᠬᠢᠬᠦ ᠦᠭᠡᠢ᠂ ᠬᠤᠳᠠᠯ ᠬᠠᠭᠤᠷᠮᠠᠭ ᠠᠵᠢᠯ ᠤᠨ ᠪᠦᠲᠦᠮᠵᠢ ᠶᠢ | ᠬᠥᠭᠡᠭᠡᠴᠡᠯᠳᠦᠬᠦ ᠦᠭᠡᠢ᠂ ᠨᠡᠩ ᠤᠯᠠᠨ ᠪᠡᠯᠡ ᠮᠥᠩᠭᠦ ᠶᠢ ᠠᠷᠠᠳ ᠤᠨ ᠲᠥᠯᠥᠭᠡ ᠠᠷᠠᠳ ᠲᠤ ᠠᠰᠢᠭ ᠬᠦᠷᠲᠡᠭᠡᠬᠦ ᠳᠤ ᠬᠡᠷᠡᠭᠯᠡᠵᠦ᠂ ᠵᠠᠰᠠᠭ ᠤᠨ ᠣᠷᠳᠣᠨ ᠤ | ︽ᠭᠠᠮᠲᠠᠢ ᠠᠮᠢᠳᠤᠷᠠᠯ︾ ᠢᠶᠠᠷ ᠤᠯᠠᠨ ᠲᠦᠮᠡᠨ ᠤ ︽ᠰᠠᠶᠢᠨ ᠠᠮᠢᠳᠤᠷᠠᠯ︾ ᠢ ᠰᠣᠯᠢᠵᠤ ᠠᠪᠬᠤ ᠬᠡᠷᠡᠭᠲᠡᠢ! | ᠲᠥᠯᠥᠭᠡᠯᠡᠭᠴᠢᠳ ᠠ᠋᠂ ᠲᠡᠦᠬᠡ ᠶᠢᠨ ᠬᠠᠭᠤᠳᠠᠰᠤ ᠶᠢ ᠢᠮᠠᠭᠲᠠ ᠡᠷᠡᠮᠡᠬᠡᠶᠢᠯᠡᠨ ᠤᠷᠤᠭᠰᠢᠯᠠᠬᠤ ᠶᠠᠪᠤᠴᠠ ᠳᠤ ᠳᠡᠯᠭᠡᠵᠦ᠂ ᠴᠠᠭ ᠦᠶ᠎ᠡ ᠶᠢᠨ ᠢᠷᠠᠭᠤ | ᠬᠠᠭᠤᠳᠠᠰᠤ ᠶᠢ ᠢᠮᠠᠭᠲᠠ ᠦᠷᠭᠦᠯᠵᠢᠯᠡᠨ ᠲᠡᠮᠡᠴᠡᠬᠦ ᠶᠠᠪᠤᠴᠠ ᠳᠤ ᠲᠠᠰᠤᠷᠠᠯᠳᠠ ᠦᠭᠡᠢ ᠪᠢᠴᠢᠭᠯᠡᠨ᠎ᠡ᠃ᠪᠢᠳᠡ ᠭᠠᠭᠴᠠᠬᠦ ᠦᠢᠯᠡ ᠠᠵᠢᠯᠯᠠᠭ᠎ᠠ ᠪᠠᠷ ᠢᠶᠠᠨ ᠤᠭ | ᠰᠠᠨᠠᠭ᠎ᠠ ᠪᠠᠨ ᠲᠠᠶᠢᠯᠪᠤᠷᠢᠯᠠᠵᠤ᠂ ᠪᠣᠳᠠᠲᠠᠢ ᠠᠵᠢᠯᠯᠠᠬᠤ ᠪᠠᠷ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠪᠡᠯ ᠰᠠᠢᠢ ᠲᠡᠦᠬᠡ ᠶᠢ ᠬᠥᠰᠡᠷᠳᠡᠭᠦᠯᠬᠦ ᠦᠭᠡᠢ᠂ ᠴᠠᠭ | ᠦᠶ᠎ᠡ ᠶᠢ ᠬᠥᠰᠡᠷᠳᠡᠭᠦᠯᠬᠦ ᠦᠭᠡᠢ᠂ ᠠᠷᠠᠳ ᠲᠦᠮᠡᠨ ᠢ ᠬᠥᠰᠡᠷᠳᠡᠭᠦᠯᠬᠦ ᠦᠭᠡᠢ ᠪᠠᠶᠢᠵᠤ ᠴᠢᠳᠠᠨ᠎ᠠ᠃ᠪᠢᠳᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠨᠢᠭᠡ ᠰᠡᠳᠬᠢᠯ ᠨᠡᠶᠢᠲᠡ ᠶᠢᠨ ᠵᠣᠷᠢᠭ ᠢᠶᠠᠷ᠂ ᠤᠯᠠᠨ ᠤ ᠤᠬᠠᠭᠠᠨ | ᠬᠠᠮᠲᠤ ᠶᠢᠨ ᠬᠦᠴᠦᠨ ᠢᠶᠠᠷ ᠡᠷᠡᠯᠬᠡᠭᠯᠡᠨ ᠲᠡᠮᠡᠴᠡᠵᠦ᠂ ᠡᠷᠡᠯᠬᠡᠭᠯᠡᠨ ᠤᠷᠤᠭᠰᠢᠯᠠᠵᠤ᠂ ᠰᠢᠨ᠎ᠡ ᠴᠠᠭ ᠦᠶ᠎ᠡ ᠶᠢᠨ ᠪᠠᠶᠠᠨ᠋ᠣ᠋ᠪᠣᠭ᠎ᠠ ᠶᠢᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠡᠭᠡᠶ᠎ᠡ︕ | ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠨᠡᠷ᠎ᠡ ᠦᠭᠡᠰ ᠤᠨ ᠲᠠᠶᠢᠯᠪᠤᠷᠢ | 1. ︽ᠨᠢᠭᠡ ᠰᠢᠨ᠎ᠡ ᠶᠢ ᠡᠭᠦᠳᠬᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ᠄ 2009 ᠣᠨ ᠤ 8 ᠰᠠᠷ᠎ᠠ ᠶᠢᠨ 23 ᠤ ᠡᠳᠦᠷ᠂ ᠲᠤᠬᠠᠢ ᠶᠢᠨ | ᠦᠶ᠎ᠡ ᠳᠤ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠬᠤᠷᠢᠶᠠᠨ ᠤ ᠱᠦᠵᠢ ᠨᠠᠷ ᠤᠨ ᠭᠠᠵᠠᠷ ᠤᠨ ᠱᠦᠵᠢ᠂ | ᠤᠯᠤᠰ ᠤᠨ ᠳᠡᠳ᠋ ᠲᠡᠷᠢᠭᠦᠯᠡᠭᠴᠢ ᠪᠠᠶᠢᠭᠰᠠᠨ ᠰᠢ ᠶᠢᠨ ᠫᠢᠩ ᠪᠡᠶ᠎ᠡ ᠪᠠᠷ ᠢᠶᠠᠨ ᠪᠤᠭᠤᠲᠤ ᠳᠤ ᠬᠦᠷᠴᠦ ᠠᠵᠢᠯ ᠪᠠᠶᠢᠴᠠᠭᠠᠬᠤ ᠳᠠᠭᠠᠨ ᠪᠢᠳᠡᠨ ᠢ ᠪᠡᠶ᠎ᠡ ᠪᠠᠨ | ᠳᠠᠭᠠᠭᠠᠵᠤ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠮᠡᠷᠭᠡᠵᠢᠯ ᠤᠨ ᠥᠭᠡᠷᠡᠴᠢᠯᠡᠯᠲᠡ | ᠬᠢᠬᠦ ᠠᠯᠬᠤᠴᠠ ᠪᠠᠨ ᠲᠦᠷᠭᠡᠳᠬᠡᠵᠦ᠂ ᠳᠠᠪᠠᠭᠤᠯᠢᠭ ᠠᠵᠤ ᠦᠢᠯᠡᠰ ᠤᠨ ᠮᠡᠷᠭᠡᠵᠢᠯ ᠤᠨ ᠬᠢᠷᠢ ᠬᠡᠮᠵᠢᠶ᠎ᠡ᠂ ᠥᠷᠢᠰᠦᠯᠳᠦᠬᠦ ᠴᠢᠳᠠᠪᠤᠷᠢ ᠪᠠ ᠬᠡᠪᠴᠢᠶᠡᠲᠦ ᠦᠷ᠎ᠡ | ᠠᠰᠢᠭ ᠢᠶᠠᠨ ᠶᠡᠭᠡ ᠪᠠᠷ ᠳᠡᠭᠡᠭᠰᠢᠯᠡᠭᠦᠯᠵᠦ᠂ ᠠᠵᠤ ᠦᠢᠯᠡᠰ ᠤᠨ ᠦᠷᠭᠦᠯᠵᠢᠯᠡᠬᠦ ᠴᠢᠳᠠᠪᠤᠷᠢ ᠪᠠ ᠠᠵᠤ ᠦᠢᠯᠡᠳᠪᠦᠷᠢ ᠶᠢᠨ ᠬᠥᠭᠵᠢᠯᠲᠡ ᠶᠢᠨ ᠰᠡᠯᠭᠦᠬᠦ | ᠬᠦᠴᠦᠨ ᠢᠶᠠᠨ ᠲᠠᠰᠤᠷᠠᠯᠲᠠ ᠦᠭᠡᠢ ᠴᠢᠩᠭᠠᠷᠠᠭᠤᠯᠬᠤ ᠬᠡᠷᠡᠭᠲᠡᠢ;ᠶᠡᠭᠡ ᠬᠦᠴᠦ ᠣᠷᠣᠭᠤᠯᠵᠤ ᠪᠠᠶᠢᠭᠠᠳ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ | ᠠᠵᠤ ᠦᠢᠯᠡᠰ ᠤᠨ ᠳᠡᠰ ᠳᠡᠪᠰᠢᠬᠦ ᠶᠢ ᠲᠦᠯᠬᠢᠨ ᠠᠬᠢᠭᠤᠯᠵᠤ᠂ ᠠᠵᠤ ᠠᠬᠤᠢ ᠶᠢᠨ ᠠᠵᠢᠯᠯᠠᠭᠠᠨ ᠤ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ | ᠬᠤᠷᠳᠤᠴᠠ ᠪᠣᠯᠣᠨ ᠪᠦᠲᠦᠴᠡ ᠶᠢᠨ ᠶᠠᠰᠤ ᠴᠢᠨᠠᠷ ᠦᠷ᠎ᠡ ᠠᠰᠢᠭ ᠢ ᠬᠠᠷᠢᠯᠴᠠᠨ ᠨᠢᠭᠡᠳᠦᠭᠦᠯᠬᠦ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ;ᠠᠵᠤ ᠠᠬᠤᠢ ᠶᠢᠨ ᠰᠠᠶᠢᠨ | ᠪᠥᠭᠡᠳ ᠲᠦᠷᠭᠡᠨ ᠬᠥᠭᠵᠢᠯᠲᠡ ᠶᠢ ᠨᠢᠭᠡᠳᠦᠯᠲᠡᠢ ᠲᠥᠯᠥᠪᠯᠡᠬᠦ ᠶᠢᠨ ᠵᠡᠷᠭᠡᠴᠡᠭᠡᠪᠡᠷ ᠨᠡᠶᠢᠭᠡᠮ ᠤᠨ ᠡᠯ᠎ᠡ ᠵᠦᠢᠯ ᠤᠨ ᠦᠢᠯᠡᠰ ᠢ ᠪᠦᠬᠦ ᠲᠠᠯ᠎ᠠ ᠪᠠᠷ ᠬᠥᠭᠵᠢᠭᠦᠯᠵᠦ᠂ | ᠠᠵᠤ ᠠᠬᠤᠢ ᠶᠢᠨ ᠬᠥᠭᠵᠢᠯᠲᠡ ᠪᠣᠯᠣᠨ ᠨᠡᠶᠢᠭᠡᠮ ᠤᠨ ᠬᠥᠭᠵᠢᠯᠲᠡ ᠶᠢᠨ ᠵᠣᠬᠢᠴᠠᠩᠭᠤᠢ ᠪᠠᠶᠢᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ;ᠠᠵᠤ ᠠᠬᠤᠢ | ᠨᠡᠶᠢᠭᠡᠮ ᠤᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠶᠢᠨ ᠵᠡᠷᠭᠡᠴᠡᠭᠡᠪᠡᠷ ᠠᠮᠢ ᠠᠬᠤᠢ ᠶᠢᠨ ᠪᠣᠯᠪᠠᠰᠤᠨ ᠢ ᠢᠳᠡᠪᠬᠢᠲᠡᠢ ᠪᠠᠷ ᠪᠠᠶᠢᠭᠤᠯᠵᠤ᠂ ᠠᠵᠤ ᠠᠬᠤᠢ | ᠨᠡᠶᠢᠭᠡᠮ ᠤᠨ ᠬᠥᠭᠵᠢᠯᠲᠡ ᠬᠢᠭᠡᠳ ᠠᠮᠢ ᠠᠬᠤᠢ ᠶᠢᠨ ᠣᠷᠴᠢᠨ ᠨᠥᠬᠦᠴᠡᠯ ᠤᠨ ᠡᠶ᠎ᠡ ᠵᠣᠬᠢᠴᠠᠯ ᠢ ᠴᠢᠷᠮᠠᠶᠢᠨ ᠪᠡᠶᠡᠯᠡᠭᠦᠯᠵᠦ᠂ ᠰᠢᠨ᠎ᠡ ᠡᠬᠢᠯᠡᠯᠲᠡ ᠶᠢᠨ ᠴᠡᠭ ᠠᠴᠠ | ᠨᠡᠩ ᠴᠢᠨᠠᠷ ᠰᠠᠶᠢᠲᠠᠢ᠂ ᠨᠡᠩ ᠥᠨᠳᠥᠷ ᠬᠢᠷᠢ ᠲᠦᠪᠰᠢᠨ ᠪᠦᠬᠦᠢ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ᠃ | 2. ︽ᠬᠤᠶᠠᠷ ᠰᠢᠨ᠎ᠡ︾ ᠶᠢᠨ ᠤᠳᠤᠷᠢᠳᠤᠮᠵᠢ᠄ ᠰᠢᠨ᠎ᠡ ᠪᠠᠷ ᠠᠵᠢᠯ ᠡᠬᠢᠯᠡᠭᠦᠯᠦᠭᠰᠡᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ | ᠵᠦᠢᠯ ᠢᠶᠠᠷ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠰᠢᠯᠭᠠᠨ ᠪᠠᠶᠢᠴᠠᠭᠠᠬᠤ ᠶᠢ ᠪᠣᠳᠠᠲᠠᠢ ᠠᠳᠬᠤᠭᠰᠠᠨ ᠡᠰᠡᠬᠦ᠂ ᠰᠢᠨ᠎ᠡ ᠪᠠᠷ ᠨᠡᠮᠡᠭᠳᠡᠭᠰᠡᠨ | ᠲᠣᠭᠲᠠᠭᠠᠯ ᠳᠡᠭᠡᠷᠡᠬᠢ ᠠᠵᠤ ᠠᠬᠤᠶᠢᠯᠠᠯ ᠢᠶᠠᠷ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠢᠯᠭᠠᠨ ᠪᠠᠶᠢᠴᠠᠭᠠᠬᠤ ᠶᠢ ᠪᠣᠳᠠᠲᠠᠢ ᠠᠳᠬᠤᠭᠰᠠᠨ | ᠡᠰᠡᠬᠦ ᠶᠢ ᠰᠢᠯᠭᠠᠨ ᠪᠠᠶᠢᠴᠠᠭᠠᠬᠤ ᠶᠢ ᠵᠢᠭᠠᠵᠤ ᠪᠣᠶ᠃ | 3. ︽ᠲᠠᠪᠤᠨ ᠶᠡᠭᠡ ᠲᠠᠯ᠎ᠠ ᠠᠴᠠ ᠡᠬᠢᠯᠡᠬᠦ︾ ᠲᠤᠰᠬᠠᠢ ᠵᠦᠢᠯᠣᠨ ᠠᠵᠢᠯᠯᠠᠭ᠎ᠠ᠄ ᠲᠤᠬᠠᠶᠢᠯᠠᠪᠠᠯ ᠲᠥᠷᠥᠯ ᠵᠦᠢᠯ ᠢ ᠵᠥᠪᠰᠢᠶᠡᠷᠡᠬᠦ᠂ ︽ᠬᠠᠭᠠᠰ ᠲᠠᠯ᠎ᠠ︾ | ᠶᠢᠨ ᠢᠨᠵᠧᠨᠧᠷᠢᠩ᠂ ᠰᠤᠯᠠ ᠪᠠᠶᠢᠬᠤ ᠭᠠᠵᠠᠷ ᠰᠢᠷᠣᠢ᠂ ᠳᠠᠷᠤᠭᠳᠠᠮᠠᠯ ᠪᠡᠯᠡ ᠮᠥᠩᠭᠦ᠂ ᠨᠡᠭᠡᠭᠡᠯᠲᠡ ᠶᠢᠨ ᠣᠷᠣᠨ ᠣ ᠪᠦᠲᠦᠭᠡᠨ ᠪᠠᠶᠢᠭᠤᠯᠤᠯᠲᠠ ᠵᠡᠷᠭᠡ | ᠲᠠᠪᠤᠨ ᠲᠠᠯ᠎ᠠ ᠪᠠᠷ ᠶᠡᠭᠡ ᠲᠠᠯ᠎ᠠ ᠠᠴᠠ ᠡᠬᠢᠯᠡᠨ᠎ᠡ᠃ | 4. ︽ᠲᠠᠪᠤᠨ ᠰᠠᠭᠤᠷᠢᠨ ᠭᠠᠵᠠᠷ︾ ︽ᠲᠠᠪᠤ ᠶᠢ ᠨᠢᠭᠡ ᠴᠣᠭᠴᠠᠵᠢᠭᠤᠯᠬᠤ︾᠄ ᠲᠤᠬᠠᠶᠢᠯᠠᠪᠠᠯ ᠰᠣᠶᠣᠯ ᠵᠢᠭᠤᠯᠴᠢᠯᠠᠯ ᠤᠨ ᠰᠤᠳᠤᠯᠭᠠᠨ ᠤ ᠰᠤᠷᠭᠠᠨ | ᠬᠥᠮᠦᠵᠢᠯ ᠤᠨ ᠰᠠᠭᠤᠷᠢᠨ ᠭᠠᠵᠠᠷ᠂ ᠤᠷᠠᠯᠢᠭ ᠪᠡᠶ᠎ᠡ ᠶᠢᠨ ᠲᠠᠮᠢᠷ ᠤᠨ ᠣᠨᠴᠠ ᠴᠢᠳᠠᠪᠤᠷᠢ ᠶᠢ ᠬᠥᠮᠥᠵᠢᠭᠦᠯᠬᠦ ᠰᠠᠭᠤᠷᠢᠨ ᠭᠠᠵᠠᠷ᠂ ᠬᠥᠳᠡᠯᠮᠦᠷᠢ ᠨᠡᠶᠢᠭᠡᠮ ᠤᠨ | ᠦᠢᠯᠡᠳᠦᠯᠭᠡ ᠶᠢᠨ ᠰᠠᠭᠤᠷᠢᠨ ᠭᠠᠵᠠᠷ᠂ ᠪᠡᠶ᠎ᠡ ᠶᠢᠨ ᠲᠠᠮᠢᠷ ᠤᠨ ᠪᠣᠯᠪᠠᠰᠤᠷᠠᠯ ᠵᠢᠴᠢ ᠤᠷᠤᠯᠳᠤᠭᠠᠨ ᠤ ᠶᠠᠪᠤᠳᠠᠯ ᠢ ᠳᠠᠭᠠᠭᠠᠨ ᠡᠷᠭᠢᠯᠡᠬᠦ ᠰᠠᠭᠤᠷᠢᠨ ᠭᠠᠵᠠᠷ᠂ | ᠠᠮᠠᠷᠠᠯᠲᠠ ᠶᠢᠨ ᠬᠤᠭᠤᠴᠠᠭᠠᠨ ᠤ ᠰᠣᠷᠣᠭᠴᠢ ᠶᠢ ᠨᠠᠶᠢᠳᠠᠨ ᠬᠠᠮᠢᠶᠠᠷᠤᠭᠤᠯᠬᠤ ᠰᠠᠭᠤᠷᠢᠨ ᠭᠠᠵᠠᠷ ᠪᠣᠯᠣᠨ᠎ᠠ᠃ᠰᠣᠶᠣᠯ ᠵᠢᠭᠤᠯᠴᠢᠯᠠᠯ ᠤᠨ ᠰᠤᠳᠤᠯᠤᠨ | ᠰᠤᠷᠤᠯᠴᠠᠬᠤ᠂ ᠬᠥᠳᠡᠯᠮᠦᠷᠢ ᠶᠢᠨ ᠦᠢᠯᠡᠳᠦᠯᠭᠡ᠂ ᠤᠷᠠᠯᠢᠭ ᠪᠡᠶ᠎ᠡ ᠶᠢᠨ ᠲᠠᠮᠢᠷ ᠤᠨ ᠬᠥᠮᠦᠵᠢᠯ᠂ ᠪᠡᠶ᠎ᠡ ᠶᠢᠨ ᠲᠠᠮᠢᠷ ᠤᠨ ᠪᠣᠯᠪᠠᠰᠤᠷᠠᠯ᠂ ᠠᠮᠠᠷᠠᠯᠲᠠ ᠶᠢᠨ | ᠬᠤᠭᠤᠴᠠᠭᠠᠨ ᠤ ᠨᠠᠶᠢᠳᠠᠨ ᠬᠠᠮᠢᠶᠠᠷᠤᠯᠲᠠ ᠶᠢᠨ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠶᠢᠯᠡᠭᠰᠡᠨ ᠦᠢᠯᠡᠳᠦᠯᠭᠡ ᠶᠢᠨ ᠬᠥᠮᠦᠵᠢᠯ ᠢ ᠬᠦᠴᠦᠯᠡᠨ ᠪᠣᠶ | ᠪᠣᠯᠭᠠᠨ᠎ᠠ᠃ | 5. ︽ᠭᠤᠷᠪᠠᠨ ᠠᠷᠪᠢᠨ᠂ ᠭᠤᠷᠪᠠᠨ ᠴᠥᠭᠡᠨ᠂ ᠭᠤᠷᠪᠠᠨ ᠤᠳᠠᠭᠠᠨ︾ ᠤ ᠠᠰᠠᠭᠤᠳᠠᠯ᠄ ︽ᠭᠤᠷᠪᠠᠨ ᠠᠷᠪᠢᠨ︾ ᠭᠡᠳᠡᠭ ᠨᠢ ᠬᠤᠷᠠᠯ ᠠᠷᠪᠢᠨ᠂ ᠠᠵᠢᠯᠯᠠᠭ᠎ᠠ | ᠠᠷᠪᠢᠨ᠂ ᠭᠠᠳᠠᠭᠰᠢ ᠭᠠᠷᠬᠤ ᠨᠢ ᠠᠷᠪᠢᠨ;︽ᠭᠤᠷᠪᠠᠨ ᠴᠥᠭᠡᠨ︾ ᠭᠡᠳᠡᠭ ᠨᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠴᠥᠭᠡᠨ᠂ ᠠᠵᠢᠯ ᠤᠨ ᠰᠡᠳᠬᠢᠮᠵᠢ | ᠴᠥᠭᠡᠨ᠂ ᠪᠣᠳᠠᠲᠠᠢ ᠠᠰᠠᠭᠤᠳᠠᠯ ᠢ ᠰᠢᠢᠳᠪᠦᠷᠢᠯᠡᠭᠰᠡᠨ ᠨᠢ ᠴᠥᠭᠡᠨ;︽ᠭᠤᠷᠪᠠᠨ ᠤᠳᠠᠭᠠᠨ︾ ᠭᠡᠳᠡᠭ ᠨᠢ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠠᠭᠠᠨ | ᠤᠳᠠᠭᠠᠨ᠂ ᠠᠵᠢᠯᠯᠠᠭ᠎ᠠ ᠳᠠᠭᠠᠨ ᠤᠳᠠᠭᠠᠨ᠂ ᠦᠷ᠎ᠡ ᠳ᠋ᠦᠩ ᠳᠡᠭᠡᠨ ᠤᠳᠠᠭᠠᠨ ᠪᠠᠶᠢᠬᠤ ᠶᠢ ᠬᠡᠯᠡᠵᠦ ᠪᠠᠶᠢᠨ᠎ᠠ᠃ | 6. ︽ᠲᠤᠯᠤᠭ᠎ᠠ ᠶᠢ ᠲᠠᠶᠠᠭᠳᠠᠬᠤ︾᠄ ᠲᠤᠬᠠᠶᠢᠯᠠᠪᠠᠯ ︽ᠪᠢ ᠬᠥᠮᠥᠨ ᠢ ᠬᠦᠷᠬᠦ ᠦᠭᠡᠢ︾ ᠭᠡᠰᠡᠨ ᠪᠤᠳᠤᠯ᠂ ︽ᠬᠥᠭᠵᠢᠭᠦᠯᠬᠦ ᠳᠤ ᠳᠡᠩᠳᠡᠭᠦᠦ ᠶᠠᠭᠠᠷᠠᠬᠤ ᠬᠡᠷᠡᠭ | ᠦᠭᠡᠢ︾ ᠭᠡᠰᠡᠨ ᠪᠤᠳᠤᠯ᠂ ︽ᠶᠠᠪᠤᠴᠠ ᠶᠢ ᠴᠢᠬᠤᠯᠠᠴᠢᠯᠠᠭᠠᠳ ᠦᠷ᠎ᠡ ᠳ᠋ᠦᠩ ᠢ ᠴᠢᠬᠤᠯᠠᠴᠢᠯᠠᠬᠤ ᠦᠭᠡᠢ︾ ᠭᠡᠰᠡᠨ ᠤᠬᠠᠮᠰᠠᠷ᠂ ︽ᠵᠣᠷ ᠢᠶᠠᠨ ᠭᠠᠷᠭᠠᠵᠤ ᠴᠢᠳᠠᠬᠤ | ᠦᠭᠡᠢ ᠪᠣᠯ ᠡᠮ ᠥᠭᠬᠦ ᠵᠣᠷᠢᠭ ᠦᠭᠡᠢ︾ ᠭᠡᠬᠦ ᠠᠷᠭ᠎ᠠ᠂ ︽ᠨᠢᠳᠦᠨ ᠡᠮᠦᠨᠡᠬᠢ ᠪᠠᠨ ᠬᠠᠷᠠᠬᠤ ᠳᠤ ᠬᠤᠯᠠ ᠶᠢ ᠬᠠᠷᠠᠬᠤ ᠦᠭᠡᠢ︾ ᠭᠡᠰᠡᠨ ᠰᠡᠳᠬᠢᠴᠡ᠂ ︽ᠨᠠᠷᠢᠨ | ᠵᠦᠢᠯᠡᠰ ᠢ ᠡᠷᠬᠢᠮᠯᠡᠬᠦ ᠦᠭᠡᠢ ᠪᠣᠯ ᠪᠠᠷᠤᠭ ᠪᠣᠯᠴᠢᠬᠠᠨ᠎ᠠ︾ ᠭᠡᠬᠦ ᠪᠤᠳᠤᠯ ᠰᠡᠳᠬᠢᠯᠭᠡ᠂ ︽ᠦᠢᠯᠡᠳᠪᠦᠷᠢᠯᠡᠯ ᠢ ᠴᠢᠬᠤᠯᠠᠴᠢᠯᠠᠭᠠᠳ ᠡᠵᠡᠩᠨᠡᠯᠲᠡ ᠶᠢ ᠬᠥᠩᠭᠡᠪᠴᠢᠯᠡᠬᠦ︾ | ᠦᠵᠡᠯᠲᠡ ᠶᠢ ᠲᠠᠶᠠᠭᠳᠠᠬᠤ ᠶᠠᠪᠤᠳᠠᠯ ᠪᠣᠯᠣᠨ᠎ᠠ᠃ | 7. ︽ᠲᠠᠪᠤ ᠶᠢ ᠢᠯᠠᠨ ᠳᠠᠪᠠᠵᠤ᠂ ᠲᠠᠪᠤ ᠶᠢ ᠪᠣᠶ ᠪᠣᠯᠭᠠᠬᠤ︾᠄ ᠳᠠᠷᠤᠢ ︽ᠰᠡᠳᠬᠢᠯ ᠬᠠᠨᠵᠤ ᠰᠡᠳᠬᠢᠯ ᠬᠠᠩᠬᠤ᠂ ᠪᠠᠭ᠎ᠠ ᠳᠠᠪᠰᠢᠯᠲᠠ ᠲᠠᠢ ᠪᠣᠯ | ᠰᠡᠳᠬᠢᠯ ᠬᠠᠩᠬᠤ︾ ᠰᠡᠳᠬᠢᠯᠭᠡ ᠶᠢ ᠡᠷᠡᠰ ᠲᠡᠪᠴᠢᠵᠦ᠂ ᠥᠨᠳᠥᠷ ᠴᠡᠭ ᠢᠶᠠᠷ ᠬᠠᠷᠢᠯᠴᠠᠨ ᠬᠠᠷᠢᠴᠠᠭᠤᠯᠬᠤ᠂ ᠬᠦᠴᠦᠯᠡᠨ ᠴᠢᠷᠮᠠᠶᠢᠵᠤ ᠤᠷᠤᠭᠰᠢᠯᠠᠨ ᠳᠠᠪᠰᠢᠬᠤ | ᠤᠬᠠᠮᠰᠠᠷ ᠢ ᠪᠠᠲᠤ ᠪᠠᠬᠢ ᠪᠣᠶ ᠪᠣᠯᠭᠠᠨ᠎ᠠ︔︽ᠬᠠᠭᠤᠴᠢᠨ ᠢᠶᠠᠨ ᠦᠬᠦᠨ ᠪᠠᠷᠢᠮᠲᠠᠯᠠᠵᠤ᠂ ᠬᠠᠭᠤᠴᠢᠨ ᠢᠶᠠᠨ ᠪᠠᠷᠢᠮᠲᠠᠯᠠᠬᠤ︾ ᠳᠠᠳᠬᠠᠯ ᠢ ᠡᠷᠡᠰ ᠲᠡᠪᠴᠢᠵᠦ᠂ | ᠵᠣᠷᠢᠭᠲᠠᠢ ᠪᠠᠷ ᠰᠢᠨ᠎ᠡ ᠶᠢ ᠡᠭᠦᠳᠬᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠬᠤ ᠬᠡᠷᠡᠭᠲᠡᠢ︔︽ᠰᠦᠷ | ᠬᠦᠴᠦᠨ ᠢ ᠴᠢᠬᠤᠯᠠᠴᠢᠯᠠᠭᠠᠳ ᠪᠣᠳᠠᠲᠤ ᠪᠠᠶᠢᠳᠠᠯ ᠢ ᠴᠢᠬᠤᠯᠠᠴᠢᠯᠠᠬᠤ ᠦᠭᠡᠢ᠂ ᠶᠠᠪᠤᠴᠠ ᠶᠢ ᠴᠢᠬᠤᠯᠠᠴᠢᠯᠠᠭᠠᠳ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠦᠭᠡᠢ︾ | ᠠᠷᠭ᠎ᠠ ᠬᠢᠳᠡᠯ ᠢ ᠡᠷᠡᠰ ᠲᠡᠪᠴᠢᠵᠦ᠂ ᠦᠨᠡᠨ ᠢ ᠪᠠᠷᠢᠮᠲᠠᠯᠠᠨ ᠪᠣᠳᠠᠲᠤ ᠠᠵᠢᠯᠯᠠᠭ᠎ᠠ ᠶᠢ ᠡᠷᠬᠢᠮᠯᠡᠬᠦ᠂ ᠦᠨᠡᠨ ᠬᠦ ᠠᠳᠬᠤᠵᠤ ᠪᠣᠳᠠᠲᠠᠢ ᠪᠠᠷ ᠠᠵᠢᠯᠯᠠᠬᠤ ᠰᠤᠷᠲᠠᠯ ᠢ | ᠪᠠᠲᠤ ᠪᠠᠬᠢ ᠪᠤᠢ ᠪᠣᠯᠭᠠᠬᠤ ᠬᠡᠷᠡᠭᠲᠡᠢ;︽ᠪᠡᠯᠡ ᠣᠷᠣᠭᠤᠯᠬᠤ ᠶᠢᠨ ᠲᠥᠯᠥᠭᠡ ᠪᠡᠯᠡ ᠣᠷᠣᠭᠤᠯᠬᠤ᠂ ᠵᠣᠭᠤᠰ ᠵᠠᠷᠤᠬᠤ ᠶᠢᠨ ᠲᠥᠯᠥᠭᠡ ᠵᠣᠭᠤᠰ ᠵᠠᠷᠤᠬᠤ︾ | ᠦᠵᠡᠭᠳᠡᠯ ᠢ ᠡᠷᠡᠰ ᠲᠡᠪᠴᠢᠵᠦ᠂ ᠨᠠᠷᠢᠯᠢᠭ ᠣᠨᠣᠴᠠᠲᠠᠢ ᠥᠨᠳᠥᠷ ᠪᠦᠲᠦᠮᠵᠢᠲᠡᠶ᠂ ᠡᠷᠴᠢᠮᠯᠢᠭ ᠠᠷᠪᠢᠯᠠᠨ ᠭᠠᠮᠨᠠᠬᠤ ᠣᠶᠢᠯᠠᠭᠠᠭᠳᠠᠬᠤᠨ ᠢ ᠪᠠᠲᠤ ᠪᠠᠬᠢ ᠪᠣᠶ | ᠪᠣᠯᠭᠠᠬᠤ ᠬᠡᠷᠡᠭᠲᠡᠢ︔︽ᠠᠮᠵᠢᠯᠲᠠ ᠣᠯᠬᠤ ᠶᠢᠨ ᠲᠥᠯᠥᠭᠡ ᠠᠷᠭ᠎ᠠ ᠪᠤᠳᠤᠬᠤ ᠦᠭᠡᠢ᠂ ᠵᠥᠪᠬᠡᠨ ᠠᠵᠢᠯ ᠬᠢᠬᠦ ᠦᠭᠡᠢ ᠶᠢᠨ ᠲᠥᠯᠥᠭᠡ ᠰᠢᠯᠲᠠᠭ ᠡᠷᠢᠬᠦ︾ᠪᠣᠯᠬᠢ | ᠳᠠᠳᠬᠠᠯ ᠢ ᠡᠷᠡᠰ ᠲᠡᠪᠴᠢᠵᠦ᠂ ᠬᠡᠯᠡᠵᠦ ᠬᠢᠬᠦ ᠳᠡᠭᠡᠨ ᠴᠢᠳᠠᠮᠠᠭᠠᠢ᠂ ᠲᠦᠮᠡᠨ ᠶᠠᠪᠤᠳᠠᠯ ᠳᠤ ᠣᠶᠢᠯᠠᠭᠠᠮᠵᠢᠲᠠᠢ ᠰᠡᠳᠬᠢᠬᠦᠢ ᠶᠢ ᠪᠠᠲᠤ ᠪᠤᠢ ᠪᠣᠯᠭᠠᠬᠤ ᠬᠡᠷᠡᠭᠲᠡᠢ᠃ | | 2023 ᠣᠨ ᠤ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠣᠳᠣᠷᠬᠠᠢ ᠬᠠᠭᠤᠳᠠᠰᠤ | ︵ᠨᠡᠶᠢᠳᠡ 11 ᠵᠦᠢᠯ︶ | 1. ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠯᠡᠳᠬᠡᠮᠵᠢ ᠶᠢ ᠳᠡᠭᠡᠭᠰᠢᠯᠡᠭᠦᠯᠬᠦ ᠢᠨᠵᠧᠨᠧᠷᠢᠩ᠃ᠣᠯᠠᠨ ᠨᠡᠶᠢᠲᠡ ᠶᠢᠨ ᠣᠷᠣᠨ ᠪᠦᠰᠡ ᠳᠤ 1 | ᠭᠡᠷ ᠤᠨ ᠭᠠᠳᠠᠨᠠᠬᠢ ᠰᠠᠭᠰᠤᠨ ᠪᠥᠮᠪᠦᠭᠡ ᠶᠢᠨ ᠲᠠᠯᠠᠪᠤᠷ᠂ 1 ᠭᠡᠷ ᠤᠨ ᠭᠠᠳᠠᠨᠠᠬᠢ ᠠᠯᠠᠭᠠᠳᠠᠬᠤ ᠪᠥᠮᠪᠦᠭᠡ ᠶᠢᠨ ᠲᠠᠯᠠᠪᠤᠷ ᠪᠠ 4 ᠢᠵᠢ ᠪᠡᠶ᠎ᠡ ᠴᠢᠭᠢᠷᠠᠭᠵᠢᠭᠤᠯᠬᠤ | ᠵᠠᠮ ᠱᠤᠭᠤᠮ ᠢ ᠪᠠᠶᠢᠭᠤᠯᠵᠤ᠂ ᠣᠯᠠᠨ ᠲᠦᠮᠡᠨ ᠳᠤ ᠪᠡᠶ᠎ᠡ ᠶᠢᠨ ᠲᠠᠮᠢᠷ ᠤᠨ ᠲᠠᠯᠠᠪᠤᠷ ᠭᠠᠵᠠᠷ ᠪᠠ ᠪᠡᠯᠡᠳᠬᠡᠮᠵᠢ ᠶᠢ ᠭᠦᠢᠴᠡᠳ ᠬᠠᠩᠭᠠᠵᠤ᠂ ᠣᠯᠠᠨ ᠲᠦᠮᠡᠨ ᠤ | ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠱᠠᠭᠠᠷᠳᠠᠯᠭ᠎ᠠ ᠶᠢ ᠤᠯᠠᠮ ᠨᠢᠭᠡ ᠠᠯᠬᠤᠮ ᠬᠠᠩᠭᠠᠨ᠎ᠠ᠃︵ᠬᠠᠷᠢᠭᠤᠴᠠᠬᠤ | ᠨᠢᠭᠡᠴᠡ᠄ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠤᠨ ᠲᠣᠪᠴᠢᠶ᠎ᠠ︶ | 2. ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠪᠡᠯᠡᠳᠬᠡᠮᠵᠢ ᠶᠢ ᠳᠡᠭᠡᠭᠰᠢᠯᠡᠭᠦᠯᠬᠦ ᠲᠥᠷᠥᠯ ᠵᠦᠢᠯ᠃ᠴᠡᠴᠡᠷᠯᠢᠭ᠂ ᠠᠭᠤᠳᠠᠮ ᠲᠠᠯᠠᠪᠠᠶ ᠳᠤ | ᠨᠡᠷᠡᠨ ᠡᠨᠧᠷᠭᠢ ᠶᠢᠨ ᠴᠠᠬᠢᠯᠭᠠᠨ ᠴᠡᠨᠡᠭᠯᠡᠬᠦ ᠰᠠᠭᠤᠳᠠᠯ ᠢ 10 ᠠᠴᠠ ᠳᠡᠭᠡᠭᠰᠢ ᠤᠭᠰᠠᠷᠠᠵᠤ᠂ ᠬᠤᠲᠠ ᠶᠢᠨ ᠲᠣᠭᠤᠷᠢᠭ ᠤᠨ ᠭᠤᠣᠯ ᠵᠠᠮ ᠳᠤ ᠲᠡᠷᠭᠡ ᠬᠦᠯᠢᠶᠡᠬᠦ | ᠮᠤᠬᠤᠯᠠᠭ ᠢ 4 ᠠᠴᠠ ᠳᠡᠭᠡᠭᠰᠢ ᠰᠢᠨ᠎ᠡ ᠪᠠᠷ ᠤᠭᠰᠠᠷᠠᠵᠤ᠂ ᠰᠠᠭᠤᠭᠠᠯᠢ ᠠᠷᠠᠳ ᠤᠨ ᠶᠠᠪᠤᠵᠤ ᠰᠠᠭᠤᠬᠤ᠂ ᠲᠡᠷᠭᠡ ᠬᠦᠯᠢᠶᠡᠬᠦ ᠳᠤ ᠲᠥᠬᠦᠮ ᠦᠵᠡᠭᠦᠯᠦᠨ᠎ᠡ᠃︵ | ᠬᠠᠷᠢᠭᠤᠴᠠᠬᠤ ᠨᠢᠭᠡᠴᠡ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︶ | 3. ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠱᠣᠩ ᠤᠨ ᠲᠥᠷᠥᠯ ᠵᠦᠢᠯ᠃ᠰᠢᠨ᠎ᠡ ᠡᠨᠧᠷᠭᠢ ᠶᠢᠨ ᠰᠤᠷᠪᠤᠯᠵᠢ ᠶᠢᠨ ᠬᠦᠨᠳᠦ | ᠺᠠᠷᠲ ᠤᠨ ᠴᠠᠬᠢᠯᠭᠠᠨ ᠴᠡᠨᠡᠭᠯᠡᠬᠦ ᠥᠷᠲᠡᠭᠡ ᠶᠢ 1 ᠰᠢᠨ᠎ᠡ ᠪᠠᠷ ᠪᠠᠶᠢᠭᠤᠯᠵᠤ᠂ 120KW ᠴᠠᠬᠢᠯᠭᠠᠨ ᠴᠡᠨᠡᠭᠯᠡᠬᠦ ᠱᠣᠩ ᠢ 20 ᠤᠭᠰᠠᠷᠠᠵᠤ᠂ ᠬᠦᠨᠳᠦ | ᠬᠡᠯᠪᠡᠷᠢ ᠶᠢᠨ ᠰᠢᠨ᠎ᠡ ᠡᠨᠧᠷᠭᠢ ᠶᠢᠨ ᠰᠤᠷᠪᠤᠯᠵᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠳᠤ ᠦᠢᠯᠡᠴᠢᠯᠡᠨ᠎ᠡ︔60KW ᠴᠠᠬᠢᠯᠭᠠᠨ ᠴᠡᠨᠡᠭᠯᠡᠬᠦ ᠱᠣᠩ 8 | ᠂ 7KW ᠴᠠᠬᠢᠯᠭᠠᠨ ᠴᠡᠨᠡᠭᠯᠡᠬᠦ ᠱᠣᠩ 6 ᠤᠭᠰᠠᠷᠠᠵᠤ᠂ ᠡᠩ ᠤᠨ ᠵᠢᠵᠢᠭ ᠬᠡᠯᠪᠡᠷᠢ ᠶᠢᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠳᠤ | ᠦᠢᠯᠡᠴᠢᠯᠡᠨ᠎ᠡ᠃ᠪᠥᠬᠦ ᠬᠤᠲᠠ ᠶᠢᠨ ᠨᠢᠭᠡᠳᠦᠯᠲᠡᠢ ᠴᠠᠬᠢᠯᠭᠠᠨ ᠴᠡᠨᠡᠭᠯᠡᠬᠦ ᠶᠢ ᠬᠢᠨᠠᠨ ᠬᠠᠮᠢᠶᠠᠷᠬᠤ ᠪᠠ ᠡᠵᠡᠩᠨᠡᠯᠲᠡ ᠬᠠᠮᠢᠶᠠᠷᠤᠯᠲᠠ ᠶᠢᠨ ᠮᠡᠳᠡᠭᠡ | ᠵᠠᠩᠭᠢᠵᠢᠯᠲᠠ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠴᠠᠬᠢᠯᠭᠠᠨ ᠴᠡᠨᠡᠭᠯᠡᠬᠦ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠰᠢᠰᠲ᠋ᠧᠮᠵᠢ ᠶᠢᠨ ᠬᠢᠨᠠᠨ | ᠬᠡᠮᠵᠢᠯᠲᠡ ᠶᠢ ᠪᠥᠬᠦ ᠬᠤᠲᠠ ᠶᠢᠨ ᠴᠠᠬᠢᠯᠭᠠᠨ ᠴᠡᠨᠡᠭᠯᠡᠬᠦ ᠲᠣᠣᠷ ᠤᠨ ᠲᠣᠮᠣ ᠳ᠋ᠠᠶᠢᠲ᠋ᠠ ᠶᠢᠨ ᠲᠠᠪᠴᠠᠩ ᠳᠤ ᠣᠷᠣᠭᠤᠯᠤᠨ᠎ᠠ︵ᠬᠠᠷᠢᠭᠤᠴᠠᠬᠤ ᠨᠢᠭᠡᠴᠡ᠄ | ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︶ | 4.ᠡᠮᠨᠡᠯᠭᠡ ᠡᠷᠡᠭᠦᠯ ᠬᠠᠮᠠᠭᠠᠯᠠᠯ ᠤᠨ ᠪᠡᠯᠡᠳᠬᠡᠮᠵᠢ ᠶᠢ ᠳᠡᠭᠡᠭᠰᠢᠯᠡᠭᠦᠯᠬᠦ ᠢᠨᠵᠧᠨᠧᠷᠢᠩ᠃ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢᠨ ᠬᠦᠨᠳᠦ | ᠲᠦᠭᠰᠢᠭᠦᠷᠢᠲᠡᠢ ᠵᠢᠷᠮᠦᠰᠦᠨ ᠡᠮᠡᠭᠲᠡᠢ ᠪᠠ ᠬᠥᠩᠭᠡᠵᠢᠭᠰᠡᠨ ᠡᠮᠡᠭᠲᠡᠢ ᠶᠢ ᠠᠪᠤᠷᠠᠨ ᠵᠠᠰᠠᠬᠤ ᠲᠥᠪ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠬᠡᠷᠡᠭᠵᠢᠭᠦᠯᠵᠦ᠂ ᠵᠢᠷᠮᠦᠰᠦᠨ ᠡᠮᠡᠭᠲᠡᠢ ᠪᠠ ᠬᠥᠩᠭᠡᠵᠢᠭᠰᠡᠨ ᠡᠮᠡᠭᠲᠡᠢ ᠶᠢᠨ ᠡᠪᠡᠳᠴᠢᠲᠡᠨ ᠤ ᠥᠷᠥᠭᠡ ᠶᠢ ᠥᠭᠡᠷᠡᠴᠢᠯᠡᠨ᠂ ᠬᠠᠮᠢᠶ᠎ᠠ ᠪᠦᠬᠦᠢ ᠪᠡᠯᠡᠳᠬᠡᠮᠵᠢ | ᠲᠥᠬᠦᠭᠡᠷᠦᠮᠵᠢ ᠶᠢ ᠲᠣᠬᠢᠷᠠᠭᠤᠯᠤᠨ᠂ ᠡᠮᠨᠡᠯᠭᠡ ᠶᠢᠨ ᠬᠤᠷᠢᠶ᠎ᠠ ᠶᠢᠨ ᠵᠢᠷᠮᠦᠰᠦᠨ ᠡᠮᠡᠭᠲᠡᠢ ᠪᠠ ᠬᠥᠩᠭᠡᠵᠢᠭᠰᠡᠨ ᠡᠮᠡᠭᠲᠡᠢ ᠶᠢᠨ ᠪᠠᠴᠢᠮ ᠲᠦᠭᠰᠢᠭᠦᠷᠢᠲᠡᠢ ᠬᠦᠨᠳᠦ | ᠡᠪᠡᠳᠴᠢᠨ ᠢ ᠠᠪᠤᠷᠠᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃︵ᠬᠠᠷᠢᠭᠤᠴᠠᠬᠤ ᠨᠢᠭᠡᠴᠡ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ︶ | 5. ᠰᠤᠷᠭᠠᠨ ᠬᠥᠮᠦᠵᠢᠯ ᠤᠨ ᠰᠠᠭᠤᠷᠢᠨ ᠭᠠᠵᠠᠷ ᠤᠨ ᠲᠥᠷᠥᠯ ᠵᠦᠢᠯ ᠢ ᠶᠡᠷᠦᠩᠬᠡᠶᠢᠯᠡᠨ ᠦᠢᠯᠡᠳᠦᠯᠭᠡᠵᠢᠭᠦᠯᠦᠨ᠎ᠡ᠃ᠰᠤᠷᠭᠠᠭᠤᠯᠢ ᠪᠠ ᠠᠵᠤ ᠠᠬᠤᠶᠢᠯᠠᠯ | ᠬᠠᠮᠲᠤᠷᠠᠯᠴᠠᠬᠤ ᠵᠡᠷᠭᠡ ᠪᠦᠲᠦᠮᠵᠢᠲᠡᠶ ᠵᠠᠭᠪᠤᠷ ᠢ ᠬᠡᠷᠡᠭᠯᠡᠨ᠂ ᠤᠤᠯ ᠤᠨ ᠲᠡᠮᠦᠷ ᠤᠨ ᠠᠭᠤᠷᠬᠠᠢ ᠶᠢᠨ ᠳᠤᠮᠳᠠᠳᠤ ᠰᠤᠷᠭᠠᠭᠤᠯᠢ ᠶᠢᠨ ᠰᠠᠭᠤᠷᠢ ᠪᠡᠯᠡᠳᠬᠡᠮᠵᠢ ᠶᠢᠨ | ᠴᠢᠳᠠᠮᠵᠢ ᠶᠢᠨ ᠬᠡᠯᠪᠡᠷᠢ ᠪᠠᠨ ᠬᠤᠪᠢᠷᠠᠭᠤᠯᠤᠨ ᠥᠭᠡᠷᠡᠴᠢᠯᠡᠬᠦ᠂ ᠪᠡᠯᠡ ᠮᠥᠩᠭᠦ᠂ ᠴᠢᠳᠠᠪᠤᠷᠢᠲᠠᠨ᠂ ᠲᠡᠷᠢᠭᠦᠨ ᠤ ᠬᠠᠮᠢᠶᠠᠷᠤᠯᠲᠠ ᠶᠢᠨ ᠣᠨᠣᠯᠵᠢᠬᠤᠨ ᠵᠡᠷᠭᠡ | ᠬᠥᠭᠵᠢᠯᠲᠡ ᠶᠢᠨ ᠬᠦᠴᠦᠨ ᠵᠦᠢᠯ ᠢ ᠣᠷᠣᠭᠤᠯᠤᠨ ᠠᠪᠴᠢᠷᠠᠵᠤ᠂ ᠶᠡᠷᠦᠩᠬᠡᠶᠢᠯᠡᠭᠰᠡᠨ ᠦᠢᠯᠡᠳᠦᠯᠭᠡ ᠶᠢᠨ ᠰᠤᠷᠭᠠᠨ ᠬᠥᠮᠦᠵᠢᠯ ᠤᠨ ᠴᠢᠳᠠᠮᠵᠢ ᠶᠢ | ᠲᠡᠭᠦᠯᠳᠡᠷᠵᠢᠭᠦᠯᠦᠨ᠎ᠡ᠃600 ᠲᠡᠭᠰᠢ ᠳᠥᠷᠪᠡᠯᠵᠢᠨ ᠮᠧᠲᠷ ᠤᠨ ᠲᠠᠯᠠᠪᠠᠶ ᠲᠠᠢ ᠬᠤᠭᠤᠯᠠᠨ ᠲᠢᠩᠬᠢᠮ ᠢ ᠥᠭᠡᠷᠡᠴᠢᠯᠡᠬᠦ ᠪᠥᠭᠡᠳ 150 ᠬᠥᠮᠥᠨ ᠢ ᠬᠠᠮᠲᠤ | ᠳᠤᠨᠢ ᠬᠤᠭᠤᠯᠠᠯᠠᠭᠤᠯᠵᠤ ᠪᠣᠯᠣᠨ᠎ᠠ᠃4500 ᠲᠡᠭᠰᠢ ᠳᠥᠷᠪᠡᠯᠵᠢᠨ ᠮᠧᠲᠷ ᠤᠨ ᠪᠠᠶᠢᠷᠢ ᠶᠢᠨ ᠭᠡᠷ ᠢ ᠥᠭᠡᠷᠡᠴᠢᠯᠡᠵᠦ᠂ 320 ᠬᠥᠮᠥᠨ ᠢ ᠰᠠᠭᠤᠯᠭᠠᠵᠤ | ᠪᠣᠯᠣᠨ᠎ᠠ᠃ᠤᠷᠠᠯᠢᠭ ᠤᠨ ᠪᠡᠶ᠎ᠡ ᠶᠢᠨ ᠲᠠᠮᠢᠷ ᠤᠨ ᠬᠢᠴᠢᠶᠡᠯ ᠤᠨ ᠭᠡᠷ ᠢ 12 ᠥᠭᠡᠷᠡᠴᠢᠯᠡᠪᠡ᠃ᠰᠣᠶᠣᠯ ᠵᠢᠭᠤᠯᠴᠢᠯᠠᠯ ᠤᠨ ᠰᠤᠳᠤᠯᠭᠠᠨ ᠰᠤᠷᠭᠠᠨ ᠬᠥᠮᠦᠵᠢᠯ᠂ | ᠤᠷᠠᠯᠢᠭ ᠪᠡᠶ᠎ᠡ ᠶᠢᠨ ᠲᠠᠮᠢᠷ ᠤᠨ ᠣᠨᠴᠠ ᠴᠢᠳᠠᠪᠤᠷᠢ ᠶᠢ ᠬᠥᠮᠥᠵᠢᠭᠦᠯᠬᠦ᠂ ᠬᠥᠳᠡᠯᠮᠦᠷᠢ ᠶᠢᠨ ᠨᠡᠶᠢᠭᠡᠮ ᠤᠨ ᠦᠢᠯᠡᠳᠦᠯᠭᠡ᠂ ᠪᠡᠶ᠎ᠡ ᠶᠢᠨ ᠲᠠᠮᠢᠷ ᠤᠨ ᠪᠣᠯᠪᠠᠰᠤᠷᠠᠯ | ᠵᠢᠴᠢ ᠤᠷᠤᠯᠳᠤᠭᠠᠨ ᠤ ᠶᠠᠪᠤᠳᠠᠯ ᠢ ᠳᠠᠭᠠᠭᠠᠨ ᠡᠷᠭᠢᠯᠡᠬᠦ᠂ ᠠᠮᠠᠷᠠᠯᠲᠠ ᠶᠢᠨ ᠬᠤᠭᠤᠴᠠᠭᠠᠨ ᠤ ᠰᠣᠷᠣᠭᠴᠢ ᠶᠢ ᠨᠠᠶᠢᠳᠠᠨ ᠬᠠᠮᠢᠶᠠᠷᠤᠭᠤᠯᠬᠤ ᠲᠠᠪᠤᠨ ᠶᠡᠭᠡ | ᠰᠠᠭᠤᠷᠢᠨ ᠭᠠᠵᠠᠷ ᠢ ᠬᠦᠴᠦᠯᠡᠨ ᠪᠠᠶᠢᠭᠤᠯᠵᠤ᠂ ᠭᠠᠵᠠᠷ ᠣᠷᠣᠨ ᠤ ᠠᠵᠤ ᠠᠬᠤᠢ᠂ ᠨᠡᠶᠢᠭᠡᠮ ᠤᠨ ᠬᠥᠭᠵᠢᠯᠲᠡ ᠳᠤ ᠨᠠᠩ ᠰᠠᠶᠢᠨ ᠣᠯᠠᠨ ᠨᠡᠶᠢᠲᠡ ᠶᠢᠨ | ᠦᠢᠯᠡᠴᠢᠯᠡᠭᠡ ᠬᠠᠩᠭᠠᠵᠤ᠂ ᠨᠠᠩ ᠶᠡᠭᠡ ᠬᠥᠮᠥᠰ ᠤᠨ ᠬᠦᠷᠢᠶᠡᠯᠡᠯ ᠢ ᠬᠤᠷᠠᠮᠳᠤᠭᠤᠯᠤᠨ᠎ᠠ᠃︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠰᠤᠷᠭᠠᠨ | ᠬᠥᠮᠦᠵᠢᠯ ᠤᠨ ᠲᠣᠪᠴᠢᠶ᠎ᠠ︶ | 6. ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ᠃25 ᠲᠦᠮᠡᠨ ᠲᠥᠭᠦᠷᠢᠭ ᠤᠨ ᠪᠡᠯᠡ | ᠣᠷᠣᠭᠤᠯᠵᠤ ᠭᠠᠯ ᠤᠨᠲᠠᠷᠠᠭᠠᠭᠴᠢ ᠶᠢᠨ ᠶᠡᠷᠦᠩᠬᠡᠶᠢᠯᠡᠭᠰᠡᠨ ᠣᠷᠣᠨ ᠪᠠᠶᠢᠷᠢ ᠲᠣᠭᠲᠠᠭᠠᠬᠤ ᠲᠥᠬᠦᠭᠡᠷᠦᠮᠵᠢ ᠶᠢ ᠬᠤᠳᠠᠯᠳᠤᠨ ᠠᠪᠴᠤ᠂ 153 ᠲᠦᠮᠡᠨ | ᠲᠥᠭᠦᠷᠢᠭ ᠣᠷᠣᠭᠤᠯᠵᠤ ᠪᠠᠶᠢᠭᠠᠳ ᠤᠰᠤᠨ ᠣᠷᠣᠨ ᠤ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠪᠠ ᠬᠠᠭᠤᠷᠠᠢ ᠨᠤᠨᠳᠠᠭ ᠤᠨ ᠬᠥᠭᠡᠰᠦᠲᠦ ᠭᠠᠯ | ᠤᠨᠲᠠᠷᠠᠭᠠᠬᠤ ᠲᠡᠷᠭᠡ ᠶᠢ ᠬᠤᠳᠠᠯᠳᠤᠨ ᠠᠪᠴᠤ᠂ 22 ᠲᠦᠮᠡᠨ ᠲᠥᠭᠦᠷᠢᠭ ᠣᠷᠣᠭᠤᠯᠵᠤ ᠪᠠᠶᠢᠭᠠᠳ ᠲᠤᠬᠠᠢ ᠶᠢᠨ ᠲᠠᠯᠠᠪᠤᠷ ᠤᠨ ᠵᠢᠷᠤᠭ ᠳᠠᠮᠵᠢᠭᠤᠯᠬᠤ | ᠲᠣᠨᠤᠭ ᠲᠥᠬᠦᠭᠡᠷᠦᠮᠵᠢ ᠪᠠ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠶᠢ ᠪᠠᠶᠢᠷᠢᠯᠠᠭᠤᠯᠵᠤ᠂ ᠭᠠᠯ ᠤᠨ ᠭᠠᠮᠰᠢᠭ ᠤᠨ ᠠᠳᠡᠯ ᠢ ᠤᠨᠲᠠᠷᠠᠭᠠᠬᠤ ᠪᠠ ᠪᠠᠴᠢᠮ | ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠯ᠎ᠡ ᠲᠥᠷᠥᠯ ᠤᠨ ᠲᠡᠷᠭᠡ ᠬᠥᠰᠬᠡ ᠶᠢᠨ ᠲᠣᠨᠤᠭ ᠲᠥᠬᠦᠭᠡᠷᠦᠮᠵᠢ ᠶᠢ ᠪᠦᠷᠢᠨ ᠭᠦᠢᠴᠡᠳ ᠲᠣᠬᠢᠷᠠᠭᠤᠯᠤᠨ᠂ | ᠲᠤᠰᠬᠠᠢ ᠲᠤᠰᠢᠶᠠᠯᠲᠤ ᠭᠠᠯ ᠤᠨᠲᠠᠷᠠᠭᠠᠬᠤ ᠠᠩᠭᠢ ᠶᠢᠨ ᠲᠤᠰᠬᠠᠢ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ | ᠵᠠᠩᠭᠢᠯᠠᠭ᠎ᠠ ᠶᠢᠨ ᠦᠶ᠎ᠡ ᠳᠤ ︽ᠲᠠᠲᠠᠵᠤ ᠳᠡᠶᠢᠯᠬᠦ᠂ ᠰᠢᠪᠲᠤᠯᠵᠤ ᠳᠡᠶᠢᠯᠬᠦ᠂ ᠪᠠᠶᠢᠯᠳᠤᠵᠤ ᠳᠡᠶᠢᠯᠬᠦ︾ ᠶᠢ ᠦᠨᠡᠨ ᠬᠦ ᠪᠠᠲᠤᠯᠠᠨ᠎ᠠ᠃︵ᠬᠠᠷᠢᠭᠤᠴᠠᠯᠭᠠᠲᠤ | ᠨᠢᠭᠡᠴᠡ᠄ ᠲᠣᠭᠤᠷᠢᠭ ᠤᠨ ᠭᠠᠯ ᠤᠨᠲᠠᠷᠠᠭᠠᠬᠤ ᠶᠡᠭᠡ ᠠᠩᠭᠢ︶ | 7. ᠭᠠᠵᠠᠷ ᠣᠷᠣᠨ ᠤ ᠠᠵᠢᠯ ᠣᠯᠭᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ᠃ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ | ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠣᠳᠣᠯᠭ᠎ᠠ ᠶᠢ ᠴᠢᠩᠭᠠᠳᠬᠠᠵᠤ᠂ ᠴᠢᠨᠠᠷ ᠰᠠᠶᠢᠲᠠᠢ | ᠪᠥᠭᠡᠳ ᠭᠦᠢᠴᠡᠳ ᠠᠵᠢᠯᠨᠡᠶᠢᠭᠡᠮ ᠲᠣᠭᠤᠷᠢᠭ ᠤᠨ 2 ᠠᠵᠢᠯ ᠣᠯᠭᠤᠯᠲᠠ ᠶᠢᠨ ᠳᠠᠳᠤᠯᠭ᠎ᠠ ᠶᠢᠨ ᠰᠠᠭᠤᠷᠢᠨ ᠭᠠᠵᠠᠷ ᠢ ᠰᠢᠨ᠎ᠡ ᠪᠠᠷ ᠭᠤᠶᠤᠴᠢᠯᠠᠨ | ᠪᠠᠶᠢᠭᠤᠯᠤᠨ᠎ᠠ᠃ᠲᠣᠰ ᠭᠠᠵᠠᠷ ᠣᠷᠣᠨ ᠤ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ 100 ᠠᠴᠠ ᠳᠡᠭᠡᠭᠰᠢ ᠨᠡᠭᠡᠭᠡᠨ ᠬᠥᠭᠵᠢᠭᠦᠯᠵᠦ᠂ ᠣᠷᠣᠨ ᠤ | ᠭᠠᠳᠠᠨᠠᠬᠢ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ 20000 ᠠᠴᠠ ᠳᠡᠭᠡᠭᠰᠢ ᠡᠯᠰᠡᠨ ᠬᠦᠷᠭᠡᠵᠦ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ | ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ 50᠂ ᠣᠶᠤᠲᠠᠳ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ 40᠂ | ᠠᠵᠢᠯ ᠦᠢᠯᠡᠰ ᠤᠨ ᠨᠢᠭᠡᠴᠡ ᠶᠢᠨ ᠠᠵᠢᠯ ᠤᠨ ᠪᠠᠶᠢᠷᠢ ᠶᠢ 15᠂ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠪᠠ ᠳᠠᠳᠤᠯᠭ᠎ᠠ ᠶᠢᠨ | ᠠᠵᠢᠯ ᠤᠨ ᠪᠠᠶᠢᠷᠢ ᠶᠢ 10 ᠬᠠᠩᠭᠠᠨ᠎ᠠ᠃ᠡᠯ᠎ᠡ ᠲᠥᠷᠥᠯ ᠤᠨ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠢ ᠥᠷᠨᠢᠭᠦᠯᠵᠦ᠂ ᠣᠨ ᠤ | ᠪᠣᠯᠪᠠᠰᠤᠷᠠᠭᠤᠯᠤᠯ ᠤᠨ ᠬᠠᠷᠠᠯᠲᠠ ᠶᠢ 200 ᠬᠥᠮᠥᠨ ᠠᠴᠠ ᠳᠡᠭᠡᠭᠰᠢ ᠪᠠᠶᠢᠯᠭᠠᠨ᠎ᠠ᠃︵ᠬᠠᠷᠢᠭᠤᠴᠠᠯᠭᠠᠲᠤ ᠨᠢᠭᠡᠴᠡ᠄ ᠣᠷᠣᠨ ᠤ ᠬᠥᠮᠥᠨ ᠤ ᠬᠦᠴᠦᠨ ᠤ ᠡᠬᠢ | ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶ | 8.ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠠᠬᠢᠭᠤᠯᠬᠤ ᠲᠥᠷᠥᠯ ᠵᠦᠢᠯ᠃ᠠᠭᠤᠷᠬᠠᠢ ᠶᠢᠨ ᠮᠡᠷᠭᠡᠵᠢᠯ ᠤᠨ ᠰᠤᠷᠭᠠᠭᠤᠯᠢ ᠶᠢᠨ | ᠰᠤᠯᠠ ᠪᠠᠶᠢᠭ᠎ᠠ ᠡᠳ᠋ ᠬᠥᠷᠥᠩᠭᠡ ᠶᠢ ᠴᠢᠯᠦᠭᠡᠲᠡᠢ ᠴᠢᠯᠦᠭᠡᠲᠡᠢ ᠪᠣᠯᠭᠠᠵᠤ᠂ ᠣᠲᠣ ᠶᠢᠨ ᠪᠠᠶᠢᠭ᠎ᠠ ᠪᠡᠯᠡᠳᠬᠡᠮᠵᠢ ᠶᠢ ᠥᠭᠡᠷᠡᠴᠢᠯᠡᠬᠦ᠂ ᠰᠢᠨᠡᠳᠬᠡᠬᠦ ᠵᠢᠴᠢ ᠭᠠᠳᠠᠷ | ᠲᠣᠣᠷ ᠤᠨ ᠤᠰᠤ ᠴᠠᠬᠢᠯᠭᠠᠨ ᠳᠤᠯᠠᠭᠠᠯᠠᠭ᠎ᠠ ᠶᠢᠨ ᠥᠭᠡᠷᠡᠴᠢᠯᠡᠯᠲᠡ ᠶᠢ ᠬᠢᠨ᠎ᠡ᠃ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠮᠠᠨ ᠤ | ᠣᠷᠣᠨ ᠳᠤ ᠣᠷᠣᠭᠤᠯᠤᠨ ᠰᠠᠭᠤᠯᠭᠠᠵᠤ᠂ ᠪᠤᠭᠤᠲᠤ ᠶᠢᠨ ᠪᠣᠯᠣᠳ ᠲᠡᠮᠦᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠢ ᠶᠦᠨ ᠬᠤᠪᠢᠶᠠᠷᠢ | ᠳᠡᠭᠡᠳᠦ ᠰᠤᠷᠭᠠᠭᠤᠯᠢ ᠶᠢ ᠪᠠᠶᠢᠭᠤᠯᠤᠨ᠂ ᠰᠤᠷᠭᠠᠭᠤᠯᠢ ᠳᠤ ᠪᠠᠶᠢᠭ᠎ᠠ ᠰᠣᠷᠣᠭᠴᠢ ᠶᠢᠨ ᠬᠡᠪᠴᠢᠶ᠎ᠡ ᠶᠢ 200 ᠬᠥᠮᠥᠨ ᠠᠴᠠ ᠳᠡᠭᠡᠭᠰᠢ ᠬᠠᠩᠭᠠᠵᠤ ᠳᠡᠶᠢᠯᠬᠦ᠂ | ᠵᠢᠭᠠᠨ ᠰᠤᠷᠭᠠᠯᠲᠠ ᠶᠢᠨ ᠬᠠᠮᠢᠶᠠᠷᠤᠯᠲᠠ ᠪᠠ ᠪᠠᠭᠰᠢ ᠶᠢᠨ ᠡᠷᠡᠭᠦᠯ ᠮᠡᠨᠳᠦ ᠶᠢᠨ ᠰᠤᠪᠢᠯᠠᠯᠲᠠ ᠶᠢᠨ ᠬᠡᠷᠡᠭᠴᠡᠭᠡ ᠳᠤ ᠲᠣᠬᠢᠷᠠᠬᠤ ᠡᠯ᠎ᠡ ᠲᠥᠷᠥᠯ ᠤᠨ ᠵᠢᠭᠠᠨ | ᠰᠤᠷᠭᠠᠯᠲᠠ ᠵᠢᠴᠢ ᠲᠤᠰᠠᠯᠠᠬᠤ ᠪᠡᠯᠡᠳᠬᠡᠮᠵᠢ ᠶᠢ ᠪᠦᠲᠦᠭᠡᠨ ᠪᠠᠶᠢᠭᠤᠯᠤᠨ᠎ᠠ᠃︵ᠬᠠᠷᠢᠭᠤᠴᠠᠯᠭᠠᠲᠤ ᠨᠢᠭᠡᠴᠡ᠄ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶ | 9. ᠵᠡᠮᠳᠡᠭᠴᠦᠳ ᠤᠨ ᠵᠣᠯ ᠵᠢᠷᠭᠠᠯ ᠢ ᠳᠡᠭᠡᠭᠰᠢᠯᠡᠭᠦᠯᠬᠦ ᠢᠨᠵᠧᠨᠧᠷᠢᠩ᠃ᠵᠡᠮᠳᠡᠭᠴᠦᠳ ᠲᠤ ᠨᠡᠶᠢᠳᠡᠮ ᠬᠠᠷᠠᠭᠠᠯᠵᠠᠯ ᠦᠵᠡᠭᠦᠯᠬᠦ 5 ᠲᠥᠷᠥᠯ ᠵᠦᠢᠯ ᠢ | ᠬᠡᠷᠡᠭᠵᠢᠭᠦᠯᠵᠦ᠂ ᠲᠣᠰ ᠲᠣᠰ ᠵᠡᠮᠳᠡᠭᠴᠦᠳ ᠤᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ᠂ ᠨᠠᠰᠤᠵᠢᠯ ᠤᠨ ᠳᠠᠭᠠᠳᠬᠠᠯ ᠳᠤ ᠣᠷᠣᠯᠴᠠᠬᠤ | ᠨᠥᠬᠦᠪᠦᠷᠢ ᠶᠢᠨ ᠲᠥᠷᠥᠯ ᠵᠦᠢᠯ᠂ ᠵᠡᠮᠳᠡᠭᠴᠦᠳ ᠵᠢᠴᠢ ᠦᠷ᠎ᠡ ᠬᠡᠦᠬᠡᠳ ᠢ ᠰᠢᠯᠭᠠᠨ ᠡᠯᠰᠡᠬᠦ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠠᠴᠠ ᠳᠡᠭᠡᠭᠰᠢᠬᠢ | ᠳᠡᠭᠡᠳᠦ ᠰᠤᠷᠭᠠᠭᠤᠯᠢ ᠶᠢᠨ ᠨᠥᠬᠦᠪᠦᠷᠢ ᠶᠢᠨ ᠲᠥᠷᠥᠯ ᠵᠦᠢᠯ᠂ ᠵᠡᠮᠳᠡᠭᠴᠦᠳ ᠤᠨ ᠰᠠᠨᠠᠭᠠᠨ ᠳᠤ ᠦᠭᠡᠢ ᠳᠠᠭᠠᠳᠬᠠᠯ ᠤᠨ ᠲᠥᠷᠥᠯ ᠵᠦᠢᠯ᠂ ᠵᠡᠮᠳᠡᠭᠴᠦᠳ ᠤᠨ | ᠰᠢᠨ᠎ᠡ ᠲᠢᠲᠢᠮ ᠤᠨ ᠤᠷᠢᠳᠴᠢᠯᠠᠨ ᠰᠡᠷᠭᠡᠶᠢᠯᠡᠬᠦ ᠪᠣᠭᠤᠳᠠᠯ ᠣᠯᠭᠤᠬᠤ ᠲᠥᠷᠥᠯ ᠵᠦᠢᠯ ᠪᠣᠯᠣᠨ᠎ᠠ᠃ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠ | ᠣᠷᠣᠯᠭ᠎ᠠ ᠪᠠᠭᠠᠲᠠᠢ ᠵᠡᠮᠳᠡᠭᠴᠦᠳ ᠤᠨ ᠬᠡᠰᠡᠭ ᠲᠥᠷᠥᠯ ᠵᠦᠢᠯ 3 ᠪᠠᠶᠢᠵᠤ᠂ ᠲᠣᠰ ᠲᠣᠰ ᠵᠡᠮᠳᠡᠭᠴᠦᠳ ᠤᠨ ᠭᠡᠷ ᠪᠦᠯᠢ ᠳᠤ ︽ᠲᠠᠪᠤ ᠶᠢ ᠣᠷᠣᠭᠤᠯᠬᠤ︾ | ᠠᠵᠢᠯᠯᠠᠭ᠎ᠠ᠂ ᠠᠵᠢᠯ ᠣᠯᠬᠤ ᠨᠠᠰᠤᠨ ᠤ ᠱᠠᠲᠤᠨ ᠳᠤ ᠲᠥᠪᠯᠡᠷᠡᠭᠦᠯᠦᠨ ᠨᠠᠶᠢᠳᠠᠨ ᠠᠰᠠᠷᠠᠭᠤᠯᠬᠤ ᠵᠡᠮᠳᠡᠭᠴᠦᠳ ᠤᠨ ᠨᠠᠶᠢᠳᠠᠨ ᠠᠰᠠᠷᠠᠭᠤᠯᠬᠤ ᠵᠠᠷᠤᠳᠠᠯ ᠤᠨ | ᠨᠥᠬᠦᠪᠦᠷᠢ᠂ ᠠᠵᠢᠯ ᠣᠯᠬᠤ ᠨᠠᠰᠤᠨ ᠤ ᠱᠠᠲᠤᠨ ᠳᠤ ᠭᠡᠷ ᠲᠡᠭᠡᠨ ᠨᠠᠶᠢᠳᠠᠨ ᠠᠰᠠᠷᠠᠭᠤᠯᠬᠤ ᠵᠡᠮᠳᠡᠭᠴᠦᠳ ᠤᠨ ᠭᠡᠷ ᠲᠡᠭᠡᠨ ᠨᠠᠶᠢᠳᠠᠨ ᠠᠰᠠᠷᠠᠭᠤᠯᠬᠤ | ᠦᠢᠯᠡᠴᠢᠯᠡᠭᠡᠨ ᠤ ᠨᠥᠬᠦᠪᠦᠷᠢ ᠥᠷᠨᠢᠭᠦᠯᠦᠨ᠎ᠡ᠃︵ᠬᠠᠷᠢᠭᠤᠴᠠᠬᠤ ᠨᠢᠭᠡᠴᠡ᠄ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ︶ | 10.ᠤᠰᠤ ᠤᠮᠳᠠ ᠶᠢᠨ ᠰᠠᠨᠠᠭ᠎ᠠ ᠠᠮᠤᠷ ᠤᠰᠤ ᠶᠢ ᠳᠡᠯᠭᠡᠷᠡᠭᠦᠯᠬᠦ ᠢᠨᠵᠧᠨᠧᠷᠢᠩ᠃2020 ᠣᠨ ᠤ ᠲᠤᠷᠰᠢᠯᠲᠠ ᠶᠢᠨ ᠰᠠᠭᠤᠷᠢᠨ ᠳᠡᠭᠡᠷ᠎ᠡ᠂ 2-3 | ᠰᠠᠭᠤᠭᠠᠯᠢ ᠠᠷᠠᠳ ᠤᠨ ᠲᠣᠭᠤᠷᠢᠭ ᠢ ᠦᠷᠭᠦᠯᠵᠢᠯᠡᠨ ᠰᠣᠩᠭᠤᠨ ᠰᠢᠭᠤᠳ ᠤᠰᠤ ᠤᠮᠳᠠ ᠶᠢᠨ ᠰᠠᠨᠠᠭ᠎ᠠ ᠠᠮᠤᠷ ᠤᠰᠤᠨ ᠤ ᠢᠨᠵᠧᠨᠧᠷᠢᠩ ᠢ ᠯᠠᠪᠳᠠᠭᠤᠨ | ᠪᠥᠭᠡᠳ ᠡᠮᠬᠢ ᠵᠢᠷᠤᠮ ᠲᠠᠢ ᠪᠠᠷ ᠳᠡᠯᠭᠡᠷᠡᠭᠦᠯᠵᠦ᠂ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃︵ᠬᠠᠷᠢᠭᠤᠴᠠᠬᠤ ᠨᠢᠭᠡᠴᠡ | ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︶ | 11. ᠴᠠᠭᠠᠨ ᠲᠡᠷᠭᠡ ᠳᠠᠭᠠᠭᠠᠴᠢᠯᠠᠨ ᠲᠦᠷᠭᠡᠨ ᠳᠠᠪᠬᠢᠬᠤ ᠭᠠᠯᠲᠤ ᠲᠡᠷᠭᠡ ᠪᠠᠷ ᠠᠷᠠᠳ ᠲᠤ ᠠᠰᠢᠭ ᠬᠦᠷᠲᠡᠭᠡᠬᠦ ᠲᠥᠷᠥᠯ ᠵᠦᠢᠯ᠃200 ᠲᠦᠮᠡᠨ | ᠲᠥᠭᠦᠷᠢᠭ ᠣᠷᠣᠭᠤᠯᠵᠤ᠂ ᠲᠦᠷᠭᠡᠨ ᠳᠠᠪᠬᠢᠬᠤ ᠭᠠᠯᠲᠤ ᠲᠡᠷᠭᠡ ᠪᠠᠷ ᠠᠷᠠᠳ ᠲᠤ ᠠᠰᠢᠭ ᠬᠦᠷᠲᠡᠭᠡᠬᠦ ᠲᠥᠷᠥᠯ ᠵᠦᠢᠯ ᠢ ᠬᠡᠷᠡᠭᠵᠢᠭᠦᠯᠵᠦ᠂ ᠰᠠᠭᠤᠭᠠᠯᠢ | ᠠᠷᠠᠳ ᠤᠨ ᠶᠠᠪᠤᠵᠤ ᠰᠠᠭᠤᠬᠤ ᠳᠤ ᠲᠥᠬᠦᠮ ᠦᠵᠡᠭᠦᠯᠦᠨ᠎ᠡ᠃︵ᠬᠠᠷᠢᠭᠤᠴᠠᠬᠤ ᠨᠢᠭᠡᠴᠡ᠄ ᠣᠷᠣᠨ ᠤ ᠤᠰᠤᠨ ᠤ ᠶᠠᠪᠤᠳᠠᠯ ᠤᠨ ᠲᠣᠪᠴᠢᠶ᠎ᠠ︶ | | | | |