2023 ᠣᠨ ᠳᠤ ᠪᠠᠶᠠᠨ᠋ᠣ᠋ᠪᠣᠭ᠎ᠠ ᠠᠭᠤᠷᠬᠠᠢ ᠶᠢᠨ ᠲᠣᠭᠤᠷᠢᠭ ᠲᠤ ᠲᠤᠰᠬᠠᠢ ᠲᠤᠰᠢᠶᠠᠯᠲᠤ ᠭᠠᠯ ᠤᠨᠲᠠᠷᠠᠭᠠᠬᠤ ᠠᠩᠭᠢ ᠶᠢᠨ ᠭᠡᠰᠢᠭᠦᠨ ᠢ ᠢᠯᠡ ᠪᠠᠷ ᠡᠯᠰᠡᠵᠦ᠂ ᠭᠠᠯ ᠤᠨᠲᠠᠷᠠᠭᠠᠬᠤ ᠪᠢᠴᠢᠭ ᠤᠨ ᠠᠵᠢᠯᠲᠠᠨ ᠤ ᠤᠷᠢᠨ ᠬᠡᠷᠡᠭᠯᠡᠬᠦ ᠬᠥᠮᠥᠰ ᠤᠨ ᠨᠡᠷᠡᠰ ᠢ ᠵᠠᠷᠯᠠᠨ ᠨᠡᠶᠢᠲᠡᠯᠡᠬᠦ ᠪᠠᠷ ᠪᠣᠶ
ᠨᠡᠶᠢᠲᠡᠯᠡᠭᠰᠡᠨ ᠴᠠᠭ᠄
2023/4/24
      ︽2023 ᠣᠨ ᠤ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠲᠤᠰᠬᠠᠢ ᠲᠤᠰᠢᠶᠠᠯᠲᠤ ᠭᠠᠯ ᠤᠨᠲᠠᠷᠠᠭᠠᠬᠤ ᠠᠩᠭᠢ ᠶᠢᠨ ᠭᠡᠰᠢᠭᠦᠨ᠂ ᠭᠠᠯ ᠤᠨᠲᠠᠷᠠᠭᠠᠬᠤ ᠪᠢᠴᠢᠭ ᠤᠨ ᠠᠵᠢᠯᠲᠠᠨ ᠡᠯᠰᠡᠬᠦ ᠲᠣᠪᠴᠢ ᠳᠦᠷᠢᠮ︾᠎ ᠳᠤ ᠲᠣᠭᠲᠠᠭᠠᠭᠰᠠᠨ ᠲᠠᠰ ᠳᠠᠷᠠᠭᠠᠯᠠᠯ ᠢ ᠦᠨᠳᠦᠰᠦᠯᠡᠨ᠂ ᠨᠡᠷ᠎ᠡ ᠮᠡᠳᠡᠭᠦᠯᠬᠦ᠂ ᠬᠢᠷᠢ ᠬᠡᠮ ᠢ ᠬᠢᠨᠠᠨ ᠬᠠᠷᠭᠤᠭᠤᠯᠬᠤ᠂ ᠲᠤᠰᠬᠠᠢ ᠲᠤᠰᠢᠶᠠᠯᠲᠤ ᠭᠠᠯ ᠤᠨᠲᠠᠷᠠᠭᠠᠬᠤ ᠠᠩᠭᠢ ᠶᠢᠨ ᠪᠡᠶ᠎ᠡ ᠶᠢᠨ ᠲᠠᠮᠢᠷ ᠤᠨ ᠬᠡᠮᠵᠢᠯᠲᠡ ᠵᠢᠴᠢ ᠭᠠᠯ ᠤᠨᠲᠠᠷᠠᠭᠠᠬᠤ ᠪᠢᠴᠢᠭ ᠤᠨ ᠠᠵᠢᠯᠲᠠᠨ ᠤ ᠨᠢᠭᠤᠷᠲᠠᠨ ᠰᠢᠯᠭᠠᠬᠤ᠂ ᠪᠡᠶ᠎ᠡ ᠶᠢᠨ ᠪᠠᠶᠢᠴᠠᠭᠠᠯᠲᠠ᠂ ᠬᠢᠨᠠᠨ ᠰᠢᠯᠭᠠᠬᠤ ᠲᠠᠰ ᠳᠠᠷᠠᠭᠠᠯᠠᠯ ᠤᠨ ᠠᠵᠢᠯ ᠢ ᠨᠢᠭᠡᠨᠲᠡ ᠳᠠᠭᠤᠰᠬᠠᠪᠠ᠃ᠡᠳᠦᠭᠡ ᠲᠤᠰᠬᠠᠢ ᠲᠤᠰᠢᠶᠠᠯᠲᠤ ᠭᠠᠯ ᠤᠨᠲᠠᠷᠠᠭᠠᠬᠤ ᠠᠩᠭᠢ ᠶᠢᠨ ᠭᠡᠰᠢᠭᠦᠨ᠂ ᠭᠠᠯ ᠤᠨᠲᠠᠷᠠᠭᠠᠬᠤ ᠪᠢᠴᠢᠭ ᠤᠨ ᠠᠵᠢᠯᠲᠠᠨ ᠤ ᠤᠷᠢᠨ ᠬᠡᠷᠡᠭᠯᠡᠬᠦ ᠪᠠᠷ ᠪᠠᠶᠢᠭ᠎ᠠ ᠬᠥᠮᠥᠰ ᠤᠨ ᠨᠡᠷᠡᠰ ᠢ ᠢᠯᠡ ᠨᠡᠶᠢᠲᠡᠯᠡᠨ᠎ᠡ᠃        ᠵᠠᠷᠯᠠᠨ ᠨᠡᠶᠢᠲᠡᠯᠡᠬᠦ ᠬᠤᠭᠤᠴᠠᠭ᠎ᠠ ᠨᠢ 7 ᠡᠳᠦᠷ᠂ ᠵᠠᠷᠯᠠᠨ ᠨᠡᠶᠢᠲᠡᠯᠡᠭᠰᠡᠨ ᠡᠳᠦᠷ ᠠᠴᠠ ᠡᠬᠢᠯᠡᠵᠦ ᠪᠤᠳᠤᠨ᠎ᠠ ︵4 ᠰᠠᠷ᠎ᠠ ᠶᠢᠨ 24᠎ ᠤ ᠡᠳᠦᠷ ︱ 4 ᠰᠠᠷ᠎ᠠ ᠶᠢᠨ 30᠎ ᠤ ᠡᠳᠦᠷ︶᠃ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠬᠡᠷᠪᠡ ᠤᠷᠢᠨ ᠬᠡᠷᠡᠭᠯᠡᠬᠦ ᠪᠠᠷ ᠪᠠᠶᠢᠭ᠎ᠠ ᠬᠥᠮᠥᠰ ᠲᠤ ᠣᠨᠳᠣᠣ ᠰᠠᠨᠠᠯ ᠲᠠᠢ ᠪᠠᠶᠢᠪᠠᠯ᠂ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ᠂ ᠰᠤᠷᠪᠤᠯᠵᠢᠯᠠᠬᠤ ᠪᠠᠷ ᠢᠷᠡᠬᠦ ᠵᠡᠷᠭᠡ ᠬᠡᠯᠪᠡᠷᠢ ᠪᠠᠷ ᠦᠨᠡᠨ ᠨᠡᠷ᠎ᠡ ᠪᠠᠷ ᠢᠶᠠᠨ ᠲᠤᠰᠬᠠᠵᠤ ᠪᠣᠯᠣᠨ᠎ᠠ᠃ᠢᠯᠡᠴᠢᠯᠡᠨ ᠮᠡᠳᠡᠭᠦᠯᠬᠦ ᠳᠤ ᠬᠢᠨᠠᠯᠲᠠ ᠲᠠᠯᠪᠢᠬᠤ ᠤᠲᠠᠰᠤ᠄ 0472-8023855᠂ 0472-8518761᠃       ᠳᠠᠭᠠᠯᠳᠤᠭᠤᠯᠤᠯ᠄ 2023 ᠣᠨ ᠤ ᠪᠠᠶᠠᠨ᠋ᠣ᠋ᠪᠣᠭ᠎ᠠ ᠠᠭᠤᠷᠬᠠᠢ ᠶᠢᠨ ᠲᠣᠭᠤᠷᠢᠭ ‍ᠤᠨ‌ᠢᠯᠡ ᠪᠠᠷ ᠤᠷᠢᠨ ᠬᠡᠷᠡᠭᠯᠡᠬᠦ ᠲᠤᠰᠬᠠᠢ ᠲᠤᠰᠢᠶᠠᠯᠲᠤ ᠭᠠᠯ ᠤᠨᠲᠠᠷᠠᠭᠠᠬᠤ ᠠᠩᠭᠢ ᠶᠢᠨ ᠭᠡᠰᠢᠭᠦᠨ᠂ ᠭᠠᠯ ᠤᠨᠲᠠᠷᠠᠭᠠᠬᠤ ᠪᠢᠴᠢᠭ ᠤᠨ ᠠᠵᠢᠯᠲᠠᠨ ᠤ ᠤᠷᠢᠨ ᠬᠡᠷᠡᠭᠯᠡᠬᠦ ᠬᠥᠮᠥᠰ ᠤᠨ ᠨᠡᠷᠡᠰ ᠢ ᠵᠠᠷᠯᠠᠨ ᠨᠡᠶᠢᠲᠡᠯᠡᠬᠦ ᠬᠦᠰᠦᠨᠦᠭᠲᠦ ᠪᠠᠶᠠᠨ᠋ᠣ᠋ᠪᠣᠭ᠎ᠠ ᠠᠭᠤᠷᠬᠠᠢ ᠶᠢᠨ ᠲᠣᠭᠤᠷᠢᠭ ᠤᠨ ᠢᠯᠡ ᠪᠠᠷ ᠠᠵᠢᠯᠲᠠᠨ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ                         2023 ᠣᠨ ᠤ 4 ᠰᠠᠷ᠎ᠠ ᠶᠢᠨ 24᠎ ᠤ ᠡᠳᠦᠷ
 
ᠢᠷᠡᠯᠲᠡ᠄ ᠲᠣᠭᠤᠷᠢᠭ ᠤᠨ ᠢᠯᠡ ᠪᠠᠷ ᠠᠵᠢᠯᠲᠠᠨ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号