ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ 2021 ᠣᠨ ᠤ ᠤᠯᠤᠰ ᠤᠨ ᠨᠤᠲᠤᠭ ᠳᠡᠪᠢᠰᠬᠡᠷ ᠤᠨ ᠬᠤᠪᠢᠷᠠᠯᠲᠠ ᠶᠢᠨ ᠪᠠᠶᠢᠴᠠᠭᠠᠯᠲᠠ ᠶᠢᠨ ᠭᠤᠣᠯ ᠲᠤᠭ᠎ᠠ ᠪᠠᠷᠢᠮᠲᠠ ᠶᠢᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2023/4/28
     ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠬᠠᠮᠠᠭᠠᠯᠠᠨ ᠰᠢᠨᠡᠳᠬᠡᠵᠦ᠂ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠦᠷ᠎ᠡ ᠪᠦᠲᠦᠭᠡᠯ ᠤᠨ ᠣᠳᠣᠬᠢ ᠪᠠᠶᠢᠳᠠᠯ ᠢ ᠪᠠᠲᠤᠯᠠᠬᠤ ᠶᠢᠨ ᠲᠤᠰᠠᠳᠠ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠪᠤᠭᠤᠲᠤ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠮᠠᠨ ᠤ ᠣᠷᠣᠨ 2021 ᠣᠨ ᠤ ᠤᠯᠤᠰ ᠤᠨ ᠭᠠᠵᠠᠷ ᠰᠢᠷᠣᠢ ᠶᠢᠨ ᠬᠤᠪᠢᠷᠠᠯᠲᠠ ᠶᠢᠨ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠃ᠲᠣᠰ ᠠᠵᠢᠯ ᠢ 2021 ᠣᠨ ᠤ 12 ᠰᠠᠷ᠎ᠠ ᠶᠢᠨ 31᠎ ᠤ ᠡᠳᠦᠷ ᠢᠶᠠᠷ ᠴᠠᠭ ᠪᠣᠯᠭᠠᠵᠤ ᠂ ᠤᠯᠤᠰ ᠤᠨ ᠨᠢᠭᠡᠳᠦᠯᠲᠡᠢ ᠲᠥᠷᠥᠯ ᠬᠤᠪᠢᠶᠠᠬᠤ ᠪᠠᠷᠢᠮᠵᠢᠶ᠎ᠠ ᠵᠢᠴᠢ ᠮᠡᠷᠭᠡᠵᠢᠯ ᠤᠨ ᠳᠦᠷᠢᠮ ᠲᠣᠭᠲᠠᠭᠠᠯ ᠶᠣᠰᠣᠭᠠᠷ ᠵᠢᠷᠤᠮᠵᠢᠭᠤᠯᠤᠨ ᠶᠠᠪᠤᠭᠳᠠᠭᠤᠯᠤᠨ᠎ᠠ᠃ᠪᠦᠬᠦ ᠶᠠᠪᠤᠴᠠ ᠳᠤ ᠶᠠᠰᠤ ᠴᠢᠨᠠᠷ ᠤᠨ ᠬᠠᠮᠢᠶᠠᠷᠤᠯᠲᠠ ᠡᠵᠡᠮᠳᠡᠯ ᠢ ᠴᠢᠩᠭ᠎ᠠ ᠬᠡᠷᠡᠭᠵᠢᠭᠦᠯᠵᠦ᠂ ᠤᠯᠤᠰ ᠠᠴᠠ ᠬᠠᠮᠤᠭ ᠡᠴᠦᠰ ᠲᠤ ᠬᠢᠨᠠᠨ ᠪᠠᠶᠢᠴᠠᠭᠠᠵᠤ ᠨᠤᠲᠠᠯᠠᠪᠠ᠃ᠡᠳᠦᠭᠡ ᠡᠯ᠎ᠡ ᠵᠦᠢᠯ ᠟ᠣᠨ ᠠᠵᠢᠯ ᠟ᠣᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠣᠷᠣᠨ ᠟ᠣ ᠠᠷᠠᠳ ᠟ᠣᠨ ᠵᠠᠰᠠᠭ ᠟ᠣᠨ ᠣᠷᠳᠣᠨ ᠢᠶᠠᠷ ᠵᠥᠪᠰᠢᠶᠡᠷᠡᠭᠦᠯᠦᠭᠡᠳ᠂ ᠭᠤᠣᠯ ᠪᠣᠯᠬᠤ ᠭᠠᠵᠠᠷ ᠣᠨ ᠲᠥᠷᠥᠯ ᠣᠨ ᠲᠤᠭ᠎ᠠ ᠪᠠᠷᠢᠮᠲᠠ ᠶᠢ ᠳᠣᠣᠷᠠᠬᠢ ᠮᠡᠲᠦ ᠨᠡᠶᠢᠲᠡᠯᠡᠶ᠎ᠡ᠄      1.ᠲᠠᠷᠢᠶᠠᠨ ᠭᠠᠵᠠᠷ᠃ᠪᠥᠬᠦ ᠣᠷᠣᠨ ᠤ ᠲᠠᠷᠢᠶᠠᠨ ᠭᠠᠵᠠᠷ 1.52 ᠾᠧᠺᠲ᠋ᠠᠷ ︵0.00 ᠲᠦᠮᠡᠨ ᠮᠦ︶᠃ᠡᠭᠦᠨ ᠳᠤ᠄ ᠤᠰᠤᠯᠠᠯᠲᠠ ᠶᠢᠨ ᠲᠠᠷᠢᠶ᠎ᠠ 1.52 ᠾᠧᠺᠲ᠋ᠠᠷ ︵0.00 ᠲᠦᠮᠡᠨ ᠮᠦ︶ 100%᠎ ᠶᠢ ᠡᠵᠡᠯᠡᠨ᠎ᠡ᠃      2 .ᠣᠶᠢᠲᠤ ᠭᠠᠵᠠᠷ᠃ᠪᠥᠬᠦ ᠣᠷᠣᠨ ᠤ ᠣᠶᠢᠲᠤ ᠭᠠᠵᠠᠷ 0.01 ᠲᠦᠮᠡᠨ ᠾᠧᠺᠲ᠋ᠠᠷ ︵0.12 ᠲᠦᠮᠡᠨ ᠮᠦ ︶ ᠪᠣᠯᠣᠨ᠎ᠠ᠃ᠡᠭᠦᠨ ᠳᠤ᠄ ᠲᠤᠷᠤᠭ ᠮᠣᠳᠣᠨ ᠤ ᠣᠶᠢᠲᠤ ᠭᠠᠵᠠᠷ ᠤᠨ 0.00 ᠲᠦᠮᠡᠨ ᠾᠧᠺᠲ᠋ᠠᠷ ︵0.00 ᠲᠦᠮᠡᠨ ᠮᠦ︶᠂ ᠪᠤᠲᠠ ᠮᠣᠳᠣᠨ ᠤ ᠣᠶᠢᠲᠤ ᠭᠠᠵᠠᠷ ᠤᠨ 0.00 ᠲᠦᠮᠡᠨ ᠾᠧᠺᠲ᠋ᠠᠷ ︵0.00 ᠲᠦᠮᠡᠨ ᠮᠦ︶᠂ ᠪᠤᠰᠤᠳ ᠣᠶᠢᠲᠤ ᠭᠠᠵᠠᠷ ᠤᠨ 0.01 ᠲᠦᠮᠡᠨ ᠾᠧᠺᠲ᠋ᠠᠷ ︵0.11 ᠲᠦᠮᠡᠨ ᠮᠦ︶ 100%᠎ ᠶᠢ ᠡᠵᠡᠯᠡᠨ᠎ᠡ᠃      3.ᠡᠪᠡᠰᠦᠲᠦ ᠭᠠᠵᠠᠷ᠃ᠪᠥᠬᠦ ᠣᠷᠣᠨ ᠤ ᠡᠪᠡᠰᠦᠲᠦ ᠭᠠᠵᠠᠷ 1.69 ᠲᠦᠮᠡᠨ ᠾᠧᠺᠲ᠋ᠠᠷ ︵25.38 ᠲᠦᠮᠡᠨ ᠮᠦ︶ ᠪᠣᠯᠣᠨ᠎ᠠ᠃ᠡᠭᠦᠨ ᠳᠤ᠄ ᠪᠠᠶᠢᠭᠠᠯᠢ ᠶᠢᠨ ᠪᠡᠯᠴᠢᠭᠡᠷ ᠪᠡᠯᠴᠢᠭᠡᠷ 1.67 ᠲᠦᠮᠡᠨ ᠾᠧᠺᠲ᠋ᠠᠷ ︵25.08 ᠲᠦᠮᠡᠨ ᠮᠦ︶ ᠪᠠᠶᠢᠵᠤ᠂ 98.82%᠎ ᠢ ᠡᠵᠡᠯᠡᠨ᠎ᠡ︔ᠲᠠᠷᠢᠮᠠᠯ ᠪᠡᠯᠴᠢᠭᠡᠷ ᠪᠡᠯᠴᠢᠭᠡᠷ ᠢ 0.01 ᠲᠦᠮᠡᠨ ᠾᠧᠺᠲ᠋ᠠᠷ ︵0.16 ᠲᠦᠮᠡᠨ ᠮᠦ︶ ᠪᠠᠶᠢᠯᠭᠠᠵᠤ᠂ 0.59%᠎ ᠶᠢ ᠡᠵᠡᠯᠡᠨ᠎ᠡ︔ᠪᠤᠰᠤᠳ ᠡᠪᠡᠰᠦᠲᠦ ᠭᠠᠵᠠᠷ ᠨᠢ 0.01 ᠲᠦᠮᠡᠨ ᠾᠧᠺᠲ᠋ᠠᠷ ︵0.14 ᠲᠦᠮᠡᠨ ᠮᠦ︶ ᠪᠠᠶᠢᠵᠤ᠂ 0.59%᠎ ᠶᠢ ᠡᠵᠡᠯᠡᠨ᠎ᠡ᠃     4. ᠨᠣᠶᠢᠲᠠᠨ ᠭᠠᠵᠠᠷ᠃ᠪᠥᠬᠦ ᠣᠷᠣᠨ ᠤ ᠨᠤᠭᠤ ᠭᠠᠵᠠᠷ 0.03 ᠲᠦᠮᠡᠨ ᠾᠧᠺᠲ᠋ᠠᠷ ︵0.43 ᠲᠦᠮᠡᠨ ᠮᠦ ︶ ᠪᠣᠯᠣᠨ᠎ᠠ᠃ᠡᠭᠦᠨ ᠳᠤ᠄ ᠳᠣᠲᠣᠭᠠᠳᠤ ᠬᠠᠭᠤᠷᠠᠢ ᠶᠢᠨ ᠲᠠᠩ ᠭᠠᠵᠠᠷ ᠲᠤ 0.03 ᠲᠦᠮᠡᠨ ᠾᠧᠺᠲ᠋ᠠᠷ ︵0.43 ᠲᠦᠮᠡᠨ ᠮᠦ︶ ᠪᠠᠶᠢᠵᠤ᠂ 100%᠎ ᠶᠢ ᠡᠵᠡᠯᠡᠨ᠎ᠡ᠃     5.ᠬᠤᠲᠠ ᠪᠠᠯᠭᠠᠰᠤ ᠲᠣᠰᠬᠤᠨ ᠵᠢᠴᠢ ᠦᠢᠯᠡᠳᠪᠦᠷᠢ ᠠᠭᠤᠷᠬᠠᠢ ᠳᠤ ᠬᠡᠷᠡᠭᠯᠡᠬᠦ ᠭᠠᠵᠠᠷ᠃ᠪᠥᠬᠦ ᠣᠷᠣᠨ ᠤ ᠬᠤᠲᠠ ᠪᠠᠯᠭᠠᠰᠤ ᠲᠣᠰᠬᠤᠨ ᠵᠢᠴᠢ ᠦᠢᠯᠡᠳᠪᠦᠷᠢ ᠠᠭᠤᠷᠬᠠᠢ ᠳᠤ ᠬᠡᠷᠡᠭᠯᠡᠬᠦ ᠭᠠᠵᠠᠷ 0.68 ᠲᠦᠮᠡᠨ ᠾᠧᠺᠲ᠋ᠠᠷ ︵10.27 ᠲᠦᠮᠡᠨ ᠮᠦ︶ ᠪᠣᠯᠣᠨ᠎ᠠ᠃ᠡᠭᠦᠨ ᠳᠤ᠄ ᠬᠤᠲᠠ ᠳᠤ 0.12 ᠲᠦᠮᠡᠨ ᠾᠧᠺᠲ᠋ᠠᠷ ︵1.84 ᠲᠦᠮᠡᠨ ᠮᠦ ︶ ᠪᠠᠶᠢᠵᠤ᠂ 17.65%᠎ ᠶᠢ ᠡᠵᠡᠯᠡᠨ᠎ᠡ︔ᠠᠭᠤᠷᠬᠠᠢ ᠮᠠᠯᠲᠠᠬᠤ ᠳᠤ ᠬᠡᠷᠡᠭᠯᠡᠬᠦ ᠭᠠᠵᠠᠷ 0.55 ᠲᠦᠮᠡᠨ ᠾᠧᠺᠲ᠋ᠠᠷ ︵8.3 ᠲᠦᠮᠡᠨ ᠮᠦ︶ ᠪᠠᠶᠢᠵᠤ᠂ 80.88%᠎ ᠶᠢ ᠡᠵᠡᠯᠡᠨ᠎ᠡ︔ᠠᠯᠳᠠᠷᠲᠤ ᠦᠵᠡᠮᠵᠢ ᠵᠢᠴᠢ ᠣᠨᠴᠠᠭᠠᠶ ᠬᠡᠷᠡᠭᠯᠡᠬᠦ ᠭᠠᠵᠠᠷ ᠨᠢ 0.01 ᠲᠦᠮᠡᠨ ᠾᠧᠺᠲ᠋ᠠᠷ ︵0.13 ᠲᠦᠮᠡᠨ ᠮᠦ︶ ᠪᠠᠶᠢᠵᠤ᠂ 1.47%᠎ ᠶᠢ ᠡᠵᠡᠯᠡᠨ᠎ᠡ᠃      6.ᠵᠠᠮ ᠬᠠᠷᠢᠯᠴᠠᠭ᠎ᠠ ᠲᠡᠭᠡᠭᠡᠪᠦᠷᠢ ᠳᠤ ᠬᠡᠷᠡᠭᠯᠡᠬᠦ ᠭᠠᠵᠠᠷ᠃ᠪᠥᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠡᠷᠡᠭᠯᠡᠬᠦ ᠭᠠᠵᠠᠷ 0.04 ᠲᠦᠮᠡᠨ ᠾᠧᠺᠲ᠋ᠠᠷ ︵0.64 ᠲᠦᠮᠡᠨ ᠮᠦ︶ ᠪᠣᠯᠣᠨ᠎ᠠ᠃ᠡᠭᠦᠨ ᠳᠤ᠄ ᠲᠡᠮᠦᠷ ᠵᠠᠮ ᠤᠨ ᠬᠡᠷᠡᠭᠯᠡᠬᠦ ᠭᠠᠵᠠᠷ ᠨᠢ 0.01 ᠲᠦᠮᠡᠨ ᠾᠧᠺᠲ᠋ᠠᠷ ︵0.15 ᠲᠦᠮᠡᠨ ᠮᠦ︶ ᠪᠠᠶᠢᠵᠤ᠂ 25%᠎ ᠶᠢ ᠡᠵᠡᠯᠡᠨ᠎ᠡ︔ᠵᠠᠰᠠᠮᠠᠯ ᠵᠠᠮ ᠤᠨ ᠬᠡᠷᠡᠭᠯᠡᠬᠦ ᠭᠠᠵᠠᠷ 0.01 ᠲᠦᠮᠡᠨ ᠾᠧᠺᠲ᠋ᠠᠷ ︵0.18 ᠲᠦᠮᠡᠨ ᠮᠦ︶ ᠪᠠᠶᠢᠵᠤ᠂ 25%᠎ ᠶᠢ ᠡᠵᠡᠯᠡᠨ᠎ᠡ;ᠬᠥᠳᠡᠭᠡ ᠲᠣᠰᠬᠤᠨ ᠤ ᠵᠠᠮ 0.02 ᠲᠦᠮᠡᠨ ᠾᠧᠺᠲ᠋ᠠᠷ ︵0.3 ᠲᠦᠮᠡᠨ ᠮᠦ︶᠂ 50% ᠪᠣᠯᠣᠨ᠎ᠠ᠃     7.ᠤᠰᠤᠨ ᠣᠷᠣᠨ ᠵᠢᠴᠢ ᠤᠰᠤᠨ ᠠᠰᠢᠭᠯᠠᠯᠲᠠ ᠶᠢᠨ ᠲᠥᠬᠦᠭᠡᠷᠦᠮᠵᠢ ᠳᠤ ᠬᠡᠷᠡᠭᠯᠡᠬᠦ ᠭᠠᠵᠠᠷ᠃ᠪᠥᠬᠦ ᠣᠷᠣᠨ ᠤ ᠤᠰᠤᠨ ᠣᠷᠣᠨ ᠵᠢᠴᠢ ᠤᠰᠤᠨ ᠠᠰᠢᠭᠯᠠᠯᠲᠠ ᠶᠢᠨ ᠪᠡᠯᠡᠳᠬᠡᠮᠵᠢ ᠶᠢᠨ ᠬᠡᠷᠡᠭᠯᠡᠬᠦ ᠭᠠᠵᠠᠷ ᠢ 0.01 ᠲᠦᠮᠡᠨ ᠾᠧᠺᠲ᠋ᠠᠷ ︵0.17 ᠲᠦᠮᠡᠨ ᠮᠦ︶ ᠪᠠᠶᠢᠯᠭᠠᠨ᠎ᠠ᠃ᠡᠭᠦᠨ ᠳᠤ᠄ ᠨᠠᠭᠤᠷ ᠤᠨ ᠤᠰᠤᠨ ᠤ ᠭᠠᠳᠠᠷᠭᠤ ᠶᠢ 0.01 ᠲᠦᠮᠡᠨ ᠾᠧᠺᠲ᠋ᠠᠷ ︵0.17 ᠲᠦᠮᠡᠨ ᠮᠦ︶ ᠪᠠᠶᠢᠯᠭᠠᠵᠤ᠂ 100%᠎ ᠶᠢ ᠡᠵᠡᠯᠡᠨ᠎ᠡ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号