ᠪᠦᠬᠦ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠥᠭᠭᠦᠭᠰᠡᠨ ᠵᠠᠬᠢᠳᠠᠯ
ᠨᠡᠶᠢᠲᠡᠯᠡᠭᠰᠡᠨ ᠴᠠᠭ᠄
2023/4/7
ᠦᠢᠯᠡᠳᠪᠦᠷᠢ ᠬᠤᠳᠠᠯᠳᠤᠭᠠᠨ ᠤ ᠡᠷᠦᠬᠡ ᠳᠤ᠄       ︽ᠠᠵᠤ ᠠᠬᠤᠶᠢᠯᠠᠯ ᠤᠨ ᠮᠡᠳᠡᠭᠡ ᠵᠠᠩᠭᠢ ᠶᠢ ᠢᠯᠡ ᠨᠡᠶᠢᠲᠡᠯᠡᠬᠦ ᠲᠦᠷ ᠬᠡᠷᠡᠭᠵᠢᠭᠦᠯᠬᠦ ᠳᠦᠷᠢᠮ︾ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠣᠨ ᠤ ᠮᠡᠳᠡᠭᠦᠯᠦᠯᠲᠡ ᠶᠢᠨ ᠲᠦᠷ ᠬᠡᠷᠡᠭᠵᠢᠭᠦᠯᠬᠦ ᠠᠷᠭ᠎ᠠ ︾ ︽ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠶᠢᠨ ᠣᠨ ᠤ ᠮᠡᠳᠡᠭᠦᠯᠦᠯᠲᠡ ᠶᠢ ᠢᠯᠡ ᠨᠡᠶᠢᠲᠡᠯᠡᠬᠦ ᠲᠦᠷ ᠬᠡᠷᠡᠭᠵᠢᠭᠦᠯᠬᠦ ᠠᠷᠭ᠎ᠠ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠳᠡᠩᠰᠡᠯᠡᠨ ᠬᠠᠮᠢᠶᠠᠷᠬᠤ ᠳᠦᠷᠢᠮ ᠢ ᠬᠡᠷᠡᠭᠵᠢᠭᠦᠯᠬᠦ ᠨᠠᠷᠢᠨ ᠳᠦᠷᠢᠮ︾ ᠵᠡᠷᠭᠡ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ ᠳᠣᠣᠷᠠᠬᠢ ᠮᠡᠲᠦ ᠵᠠᠷᠯᠠᠨ᠎ᠠ᠄     ᠨᠢᠭᠡ᠂ 2022 ᠣᠨ ᠤ 12 ᠳ᠋ᠤᠭᠠᠷ ᠰᠠᠷ᠎ᠠ ᠶᠢᠨ 31᠎ ᠤ ᠡᠳᠦᠷ ᠠᠴᠠ ᠡᠮᠦᠨ᠎ᠡ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠳᠤ ᠪᠦᠷᠢᠳᠬᠡᠭᠦᠯᠦᠨ ᠳᠠᠩᠰᠠᠯᠠᠭᠤᠯᠤᠭᠰᠠᠨ ᠠᠵᠤ ᠠᠬᠤᠶᠢᠯᠠᠯ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠵᠢᠴᠢ ᠣᠨ ᠤ ᠮᠡᠳᠡᠭᠦᠯᠦᠯᠲᠡ ᠶᠢᠨ ᠠᠭᠤᠯᠭ᠎ᠠ ᠶᠢ ᠰᠣᠩᠭᠤᠨ ᠨᠡᠶᠢᠲᠡᠯᠡᠭᠰᠡᠨ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠪᠦᠬᠦᠨ 2023 ᠣᠨ ᠤ 1 ᠳ᠋ᠦᠭᠡᠷ ᠰᠠᠷ᠎ᠠ ᠶᠢᠨ 1᠎ ᠤ ᠡᠳᠦᠷ ᠠᠴᠠ 6 ᠳ᠋ᠤᠭᠠᠷ ᠰᠠᠷ᠎ᠠ ᠶᠢᠨ 30᠎ ᠤ ᠡᠳᠦᠷ ᠪᠣᠯᠲᠠᠯᠠᠬᠢ ᠬᠤᠭᠤᠴᠠᠭᠠᠨ ᠳᠤ᠂ ︽ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ︵ᠥᠪᠥᠷ ᠮᠣᠩᠭᠤᠯ︶︾ ︵http://nm.gsxt.gov.cn︶᠎ ᠢᠶᠠᠷ ᠳᠠᠮᠵᠢᠭᠤᠯᠤᠨ ᠢᠯᠡ ᠨᠡᠶᠢᠲᠡᠯᠡᠬᠦ ᠰᠢᠰᠲ᠋ᠧᠮ ᠳᠤ ᠣᠷᠣᠵᠤ 2022 ᠣᠨ ᠤ ᠣᠨ ᠤ ᠮᠡᠳᠡᠭᠦᠯᠦᠯᠲᠡ ᠪᠠᠨ ᠮᠡᠳᠡᠭᠦᠯᠦᠨ ᠬᠦᠷᠭᠡᠬᠦ ᠶᠢᠨ ᠬᠠᠮᠲᠤ ᠨᠡᠶᠢᠭᠡᠮ ᠳᠤ ᠢᠯᠡ ᠨᠡᠶᠢᠲᠡᠯᠡᠬᠦ ᠬᠡᠷᠡᠭᠲᠡᠢ᠃       ᠬᠤᠶᠠᠷ᠂ 2022 ᠣᠨ ᠤ ᠣᠨ ᠤ ᠮᠡᠳᠡᠭᠦᠯᠦᠯᠲᠡ ᠶᠢᠨ ᠵᠦᠢᠯᠡᠰ ᠲᠤ᠂ ︽ᠳᠡᠩᠰᠡᠯᠡᠨ ᠲᠡᠮᠳᠡᠭᠯᠡᠭᠦᠯᠦᠭᠰᠡᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠶᠡᠷᠦᠩᠬᠡᠢ ᠲᠠᠪᠴᠠᠩ ︵ᠢᠵᠢ︶᠎ ᠤᠨ ᠲᠤᠭ᠎ᠠ᠂ ᠰᠢᠯᠭᠠᠨ ᠪᠠᠶᠢᠴᠠᠭᠠᠬᠤ ᠬᠦᠴᠦᠨ ᠲᠠᠢ ᠬᠤᠭᠤᠴᠠᠭᠠᠨ ᠳᠠᠬᠢ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠶᠡᠷᠦᠩᠬᠡᠢ ᠲᠠᠪᠴᠠᠩ ︵ᠢᠵᠢ︶᠎ ᠤᠨ ᠲᠤᠭ᠎ᠠ︾ ᠵᠡᠷᠭᠡ ᠲᠤᠭ᠎ᠠ ᠪᠠᠷᠢᠮᠲᠠ ᠶᠢᠨ ᠵᠦᠢᠯᠡᠰ ᠢ ᠨᠡᠮᠡᠵᠦ᠂ ᠬᠤᠯᠪᠣᠭᠳᠠᠯ ᠪᠦᠬᠦᠢ ᠠᠵᠤ ᠠᠬᠤᠶᠢᠯᠠᠯ᠂ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠠᠴᠠ ᠴᠠᠭ ᠲᠤᠬᠠᠢ ᠳᠤᠨᠢ ᠲᠠᠭᠯᠠᠨ ᠮᠡᠳᠡᠭᠦᠯᠵᠦ ᠵᠠᠷᠯᠠᠨ ᠨᠡᠶᠢᠲᠡᠯᠡᠬᠦ ᠶᠢ ᠠᠩᠬᠠᠷᠬᠤ ᠶᠢ ᠬᠦᠰᠡᠪᠡ᠃      ᠭᠤᠷᠪᠠ᠂ ︽ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠤᠯᠤᠰ ᠤᠨ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠬᠤᠳᠠᠯᠳᠤᠭᠠᠨ ᠤ ᠶᠠᠪᠤᠳᠠᠯ ᠤᠨ ᠶᠠᠮᠤᠨ ᠤ ᠣᠨ ᠤ ᠮᠡᠳᠡᠭᠦᠯᠦᠯᠲᠡ ᠶᠢᠨ ︿ᠣᠯᠠᠨ ᠮᠡᠳᠡᠭᠦᠯᠦᠯᠲᠡ ᠶᠢ ᠨᠢᠭᠡᠳᠬᠡᠬᠦ﹀ ᠥᠭᠡᠷᠡᠴᠢᠯᠡᠯᠲᠡ ᠶᠢᠨ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠤᠯᠤᠰ ᠬᠤᠲᠠ ᠶᠢᠨ ᠬᠢᠨᠠᠯᠲᠠ ᠵᠠᠬᠢᠳᠠᠯ ﹇2021﹈ 238 ᠳ᠋ᠤᠭᠠᠷ ᠲᠣᠭᠠᠲᠤ︶᠎ ᠤᠨ ᠱᠠᠭᠠᠷᠳᠠᠯᠭ᠎ᠠ ᠶᠣᠰᠣᠭᠠᠷ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ︵ᠪᠠᠶᠢᠭᠤᠯᠤᠮᠵᠢ︶᠎ ᠤᠨ ᠣᠨ ᠤ ᠮᠡᠳᠡᠭᠦᠯᠦᠯᠲᠡ ᠶᠢᠨ ᠠᠭᠤᠯᠭ᠎ᠠ ᠳᠤ ᠬᠤᠳᠠᠯᠳᠤᠭᠠᠨ ᠤ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠭᠠᠳᠠᠭᠠᠳᠤ ᠭᠤᠪᠢᠭᠤᠯᠭ᠎ᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠣᠨ ᠤ ᠮᠡᠳᠡᠭᠦᠯᠦᠯᠲᠡ ᠶᠢᠨ ᠵᠦᠢᠯᠡᠰ ᠢ ᠨᠡᠮᠡᠵᠦ᠂ 2021 ᠣᠨ  ᠎ ᠠᠴᠠ ᠡᠬᠢᠯᠡᠨ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ︵ᠪᠠᠶᠢᠭᠤᠯᠤᠮᠵᠢ︶᠎ ᠨᠢ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ᠢᠶᠠᠷ ᠳᠠᠮᠵᠢᠭᠤᠯᠤᠨ ᠬᠤᠳᠠᠯᠳᠤᠭᠠᠨ ᠤ ᠶᠠᠪᠤᠳᠠᠯ ᠤᠨ ᠭᠠᠳᠠᠭᠠᠳᠤ ᠭᠤᠪᠢᠭᠤᠯᠭ᠎ᠠ ᠶᠢᠨ ︽ᠣᠯᠠᠨ ᠮᠡᠳᠡᠭᠦᠯᠦᠯᠲᠡ ᠶᠢ ᠨᠢᠭᠡᠳᠬᠡᠭᠰᠡᠨ︾ ᠣᠨ ᠤ ᠮᠡᠳᠡᠭᠦᠯᠦᠯᠲᠡ ᠶᠢ ᠨᠢᠭᠡᠳᠦᠯᠲᠡᠢ ᠮᠡᠳᠡᠭᠦᠯᠦᠨ ᠬᠦᠷᠭᠡᠵᠦ᠂ 2018 ᠣᠨ ᠵᠢᠴᠢ ᠲᠡᠭᠦᠨ ᠠᠴᠠ ᠡᠮᠦᠨᠡᠬᠢ ᠬᠤᠳᠠᠯᠳᠤᠭᠠᠨ ᠤ ᠶᠠᠪᠤᠳᠠᠯ ᠤᠨ ᠭᠠᠳᠠᠭᠠᠳᠤ ᠭᠤᠪᠢᠭᠤᠯᠭ᠎ᠠ ᠶᠢᠨ ᠣᠨ ᠤ ᠮᠡᠳᠡᠭᠦᠯᠦᠯᠲᠡ ᠶᠢ ᠨᠥᠬᠦᠵᠦ ᠮᠡᠳᠡᠭᠦᠯᠦᠭᠰᠡᠨ ᠪᠠᠶᠢᠪᠠᠯ᠂ ᠤᠤᠯ ᠤᠨ ᠲᠣᠭᠲᠠᠭᠠᠭᠰᠠᠨ ᠠᠷᠭ᠎ᠠ ᠵᠠᠮ ᠢᠶᠠᠷ ᠮᠡᠳᠡᠭᠦᠯᠦᠨ ᠬᠦᠷᠭᠡᠨ᠎ᠡ᠃︽ᠠᠵᠤ ᠦᠢᠯᠡᠳᠪᠦᠷᠢ ᠬᠤᠳᠠᠯᠳᠤᠭᠠᠨ ᠤ ᠶᠡᠷᠦᠩᠬᠡᠢ ᠲᠣᠪᠴᠢᠶ᠎ᠠ ᠶᠢᠨ ᠪᠣᠭᠤᠮᠲᠠ ᠶᠢᠨ ᠶᠡᠷᠦᠩᠬᠡᠢ ᠵᠠᠬᠢᠷᠭ᠎ᠠ ᠶᠢᠨ ᠣᠨ ᠤ ᠮᠡᠳᠡᠭᠦᠯᠦᠯᠲᠡ ᠶᠢᠨ ︿ᠣᠯᠠᠨ ᠮᠡᠳᠡᠭᠦᠯᠦᠯᠲᠡ ᠶᠢ ᠨᠡᠶᠢᠯᠡᠭᠦᠯᠦᠨ ᠨᠢᠭᠡ ᠪᠣᠯᠭᠠᠬᠤ﹀ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠠᠵᠤ ᠦᠢᠯᠡᠳᠪᠦᠷᠢ ᠬᠤᠳᠠᠯᠳᠤᠭ᠎ᠠ ᠠᠵᠤ ᠠᠬᠤᠶᠢᠯᠠᠯ ᠬᠢᠨᠠᠯᠲᠠ ᠥᠰᠥᠭ ﹇2018﹈ 42 ᠳ᠋ᠤᠭᠠᠷ ᠲᠣᠭᠠᠲᠤ︶᠎ ᠤᠨ ᠱᠠᠭᠠᠷᠳᠠᠯᠭ᠎ᠠ ᠶᠣᠰᠣᠭᠠᠷ᠂ ︽ᠪᠣᠭᠤᠮᠲᠠ ᠶᠢᠨ ᠬᠠᠮᠢᠶᠠᠷᠤᠯᠲᠠ ᠶᠢᠨ ᠠᠵᠤ ᠠᠬᠤᠶᠢᠯᠠᠯ︾᠎ ᠢ ᠮᠥᠨ ᠬᠦ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ᠢᠶᠠᠷ ᠳᠠᠮᠵᠢᠭᠤᠯᠤᠨ ᠪᠣᠭᠤᠮᠲᠠ ᠶᠢᠨ ︽ᠣᠯᠠᠨ ᠮᠡᠳᠡᠭᠦᠯᠦᠯᠲᠡ ᠶᠢ ᠨᠡᠶᠢᠯᠡᠭᠦᠯᠦᠨ ᠨᠢᠭᠡ ᠪᠣᠯᠭᠠᠬᠤ︾ ᠣᠨ ᠤ ᠮᠡᠳᠡᠭᠦᠯᠦᠯᠲᠡ ᠶᠢ ᠮᠡᠳᠡᠭᠦᠯᠦᠨ ᠬᠦᠷᠭᠡᠬᠦ ᠬᠡᠷᠡᠭᠲᠡᠢ᠃      ᠳᠥᠷᠪᠡ᠂ ᠠᠵᠤ ᠠᠬᠤᠶᠢᠯᠠᠯ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠣᠨ ᠤ ᠮᠡᠳᠡᠭᠦᠯᠦᠯᠲᠡ ᠪᠠᠨ ᠴᠠᠭ ᠲᠤᠬᠠᠢ ᠳᠤᠨᠢ᠂ ᠦᠨᠡᠨ ᠪᠣᠳᠠᠲᠠᠢ ᠪᠠᠷ ᠮᠡᠳᠡᠭᠦᠯᠦᠨ ᠬᠦᠷᠭᠡᠬᠦ ᠶᠢᠨ ᠬᠠᠮᠲᠤ ᠨᠡᠶᠢᠭᠡᠮ ᠨᠡᠶᠢᠲᠡ ᠳᠤ ᠢᠯᠡ ᠨᠡᠶᠢᠲᠡᠯᠡᠨ᠎ᠡ ︵ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠴᠠᠭᠠᠰᠤᠨ ᠣᠨ ᠤ ᠮᠡᠳᠡᠭᠦᠯᠦᠯᠲᠡ ᠪᠠᠨ ᠮᠡᠳᠡᠭᠦᠯᠦᠨ ᠬᠦᠷᠭᠡᠭᠰᠡᠨ ᠪᠠᠶᠢᠪᠠᠯ᠂ ᠣᠨ ᠤ ᠮᠡᠳᠡᠭᠦᠯᠦᠯᠲᠡ ᠶᠢᠨ ᠠᠭᠤᠯᠭ᠎ᠠ ᠶᠢ ᠢᠯᠡ ᠨᠡᠶᠢᠲᠡᠯᠡᠬᠦ ᠦᠭᠡᠢ ᠪᠠᠶᠢᠵᠤ ᠪᠣᠯᠣᠨ᠎ᠠ︶᠃ᠬᠡᠷᠪᠡ ᠲᠣᠭᠲᠠᠭᠰᠠᠨ ᠬᠤᠭᠤᠴᠠᠭᠠᠨ ᠳᠣᠲᠣᠷ᠎ᠠ ᠣᠨ ᠟ᠣ ᠮᠡᠳᠡᠭᠦᠯᠦᠯᠲᠡ ᠪᠠᠨ ᠮᠡᠳᠡᠭᠦᠯᠦᠨ ᠬᠦᠷᠭᠡᠭᠰᠡᠨ ᠦᠭᠡᠢ ᠪᠥᠭᠡᠳ ᠬᠤᠯᠪᠣᠭᠳᠠᠯ ᠪᠦᠬᠦᠢ ᠮᠡᠳᠡᠭᠡ ᠵᠠᠩᠭᠢ ᠪᠠᠨ ᠵᠠᠷᠯᠠᠨ ᠨᠡᠶᠢᠲᠡᠯᠡᠭᠰᠡᠨ ᠦᠭᠡᠢ ᠪᠤᠶᠤ ᠵᠠᠷᠯᠠᠨ ᠨᠡᠶᠢᠲᠡᠯᠡᠭᠰᠡᠨ ᠮᠡᠳᠡᠭᠡ ᠵᠠᠩᠭᠢ ᠪᠠᠨ ᠦᠨᠡᠨ ᠪᠣᠳᠠᠲᠤ ᠪᠠᠶᠢᠳᠠᠯ ᠢᠶᠠᠨ ᠨᠢᠭᠤᠨ ᠳᠠᠯᠳᠠᠯᠠᠵᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠪᠠᠶᠢᠪᠠᠯ᠂ ᠡᠵᠡᠩᠨᠡᠯᠲᠡ ᠶᠢᠨ ᠬᠡᠪ ᠤᠨ ᠪᠤᠰᠤ ᠨᠡᠷᠡᠰ ᠟ᠣᠨ ᠵᠢᠭᠰᠠᠭᠠᠯᠲᠠ ᠟ ᠲᠤ ᠬᠠᠤᠯᠢ ᠶᠣᠰᠣᠭᠠᠷ ᠵᠢᠭᠰᠠᠭᠠᠨ ᠣᠷᠣᠭᠤᠯᠤᠨ᠎ᠠ ︵ᠳᠡᠭᠡᠷ᠎ᠡ ᠳᠤᠷᠠᠳᠤᠭᠰᠠᠨ ᠪᠠᠶᠢᠳᠠᠯ ᠲᠠᠢ ᠬᠤᠪᠢ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠡᠷᠥᠭᠡ ᠶᠢ ᠡᠵᠡᠩᠨᠡᠯᠲᠡ ᠶᠢᠨ ᠬᠡᠪ ᠤᠨ ᠪᠤᠰᠤ ᠪᠠᠶᠢᠳᠠᠯ ᠢᠶᠠᠷ ᠬᠠᠤᠯᠢ ᠶᠣᠰᠣᠭᠠᠷ ᠲᠡᠮᠳᠡᠭᠯᠡᠨ᠎ᠡ︶᠃       ᠲᠠᠪᠤ᠂ ᠠᠵᠤ ᠠᠬᠤᠶᠢᠯᠠᠯ ᠤᠨ ᠬᠤᠯᠪᠣᠭᠠᠴᠢᠨ ᠬᠤᠪᠢᠷᠠᠯᠲᠠ ᠲᠠᠢ ᠪᠣᠯ᠂ ᠣᠨ ᠤ ᠮᠡᠳᠡᠭᠦᠯᠦᠯᠲᠡ ᠶᠢᠨ ᠰᠢᠰᠲ᠋ᠧᠮ ᠤᠨ ᠬᠤᠯᠪᠣᠭᠠᠴᠢᠨ ᠲᠡᠮᠳᠡᠭᠯᠡᠬᠦ ᠨᠢᠭᠤᠷ ᠤᠨ ᠳᠣᠣᠷ᠎ᠠ ᠲᠠᠯ᠎ᠠ ᠳᠤ ︽ᠠᠵᠤ ᠠᠬᠤᠶᠢᠯᠠᠯ ᠤᠨ ᠬᠤᠯᠪᠣᠭᠠᠴᠢᠨ ᠬᠤᠪᠢᠷᠠᠨ᠎ᠠ︾ ᠭᠡᠳᠡᠭ ᠢ ᠲᠣᠪᠴᠢᠳᠠᠪᠠᠯ᠂ ᠬᠤᠯᠪᠣᠭᠠᠴᠢᠨ ᠤ ᠮᠡᠳᠡᠭᠡ ᠵᠠᠩᠭᠢ ᠵᠢᠴᠢ ᠭᠠᠷ ᠤᠲᠠᠰᠤᠨ ᠤ ᠨᠣᠮᠧᠷ ᠢ ᠰᠣᠯᠢᠵᠤ ᠪᠣᠯᠣᠨ᠎ᠠ᠃         ᠵᠢᠷᠭᠤᠭ᠎ᠠ᠂ ᠣᠨ ᠤ ᠮᠡᠳᠡᠭᠦᠯᠦᠯᠲᠡ ᠶᠢᠨ ᠵᠦᠢᠯ ᠤᠨ ᠠᠰᠠᠭᠤᠨ ᠯᠠᠪᠯᠠᠬᠤ ᠤᠲᠠᠰᠤ᠄ 0472 ︱ 8515574      ᠪᠠᠶ᠋ᠬᠠᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ                               2023 ᠣᠨ ᠤ 4 ᠰᠠᠷ᠎ᠠ ᠶᠢᠨ 6᠎ ᠤ ᠡᠳᠦᠷ
 
ᠢᠷᠡᠯᠲᠡ᠄ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号