ᠪᠤᠭᠤᠲᠤ ᠬᠤᠲᠠ ᠶᠢᠨ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ 2023 ᠣᠨ ᠤ ᠠᠵᠢᠯ ᠦᠢᠯᠡᠰ ᠤᠨ ᠨᠢᠭᠡᠴᠡ ᠶᠢᠨ ᠨᠡᠶᠢᠭᠡᠮ ᠠᠴᠠ ᠢᠯᠡ ᠪᠠᠷ ᠠᠵᠢᠯᠲᠠᠨ ᠡᠯᠰᠡᠬᠦ ᠪᠢᠷ ᠤᠨ ᠰᠢᠯᠭᠠᠯᠲᠠ ᠶᠢᠨ ᠠᠵᠢᠯ ᠤᠨ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/6/1
     ᠡᠳᠦᠭᠡ ᠪᠤᠭᠤᠲᠤ ᠬᠤᠲᠠ ᠶᠢᠨ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ 2023 ᠣᠨ ᠤ ᠠᠵᠢᠯ ᠦᠢᠯᠡᠰ ᠤᠨ ᠨᠢᠭᠡᠴᠡ ᠶᠢᠨ ᠨᠡᠶᠢᠭᠡᠮ ᠠᠴᠠ ᠢᠯᠡ ᠪᠠᠷ ᠠᠵᠢᠯᠲᠠᠨ ᠡᠯᠰᠡᠬᠦ ᠪᠢᠷ ᠤᠨ ᠰᠢᠯᠭᠠᠯᠲᠠ ᠶᠢᠨ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄         ᠨᠢᠭᠡ᠂ ᠪᠢᠷ ᠤᠨ ᠰᠢᠯᠭᠠᠯᠲᠠ ᠶᠢᠨ ᠴᠠᠭ᠄ 2023 ᠣᠨ ᠤ 6 ᠰᠠᠷ᠎ᠠ ᠶᠢᠨ 11᠎ ᠤ ᠡᠳᠦᠷ ᠤᠨ ᠦᠳᠡ ᠶᠢᠨ ᠡᠮᠦᠨᠡᠬᠢ 9᠄ 00 ︱ 11᠄ 00᠃        ᠬᠤᠶᠠᠷ᠂ ᠪᠢᠷ ᠤᠨ ᠰᠢᠯᠭᠠᠯᠲᠠ ᠶᠢᠨ ᠭᠠᠵᠠᠷ᠄ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ︵ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠴᠢᠯᠦᠭᠡᠲᠦ ᠵᠠᠮ ᠤᠨ 24 ᠳ᠋ᠦᠭᠡᠷ ᠨᠣᠮᠧᠷ︶᠂ ᠪᠣᠳᠠᠲᠠᠢ ᠰᠢᠯᠭᠠᠯᠲᠠ ᠶᠢᠨ ᠲᠠᠯᠠᠪᠠᠶ ᠶᠢ ︽ᠪᠢᠷ ᠤᠨ ᠰᠢᠯᠭᠠᠯᠲᠠ ᠶᠢᠨ ᠵᠥᠪᠰᠢᠶᠡᠷᠡᠯ ᠤᠨ ᠦᠨᠡᠮᠯᠡᠯ︾᠎ ᠳᠤ ᠨᠠᠷᠢᠪᠴᠢᠯᠠᠨ ᠦᠵᠡᠭᠡᠷᠡᠢ᠃        ᠰᠢᠯᠭᠠᠭᠤᠯᠤᠭᠴᠢ 2023 ᠣᠨ ᠤ 6 ᠰᠠᠷ᠎ᠠ ᠶᠢᠨ 6᠎ ᠤ ᠡᠳᠦᠷ ᠠᠴᠠ 6 ᠰᠠᠷ᠎ᠠ ᠶᠢᠨ 11᠎ ᠤ ᠡᠳᠦᠷ ᠪᠣᠯᠲᠠᠯ᠎ᠠ ᠠᠯᠪᠠᠨ ᠤ ᠰᠣᠷᠣᠭᠴᠢ ᠡᠯᠰᠡᠬᠦ ᠰᠦᠯᠵᠢᠶ᠎ᠡ ︵https://www.gongzhao.net/index.shtml︶᠎ ᠶᠢᠨ ᠰᠢᠰᠲ᠋ᠧᠮ ᠳᠤ ᠣᠷᠣᠵᠤ ᠪᠢᠴᠢᠭ ᠤᠨ ᠰᠢᠯᠭᠠᠯᠲᠠ ᠶᠢᠨ ᠵᠥᠪᠰᠢᠶᠡᠷᠡᠯ ᠤᠨ ᠦᠨᠡᠮᠯᠡᠯ ᠢ ᠥᠪᠡᠰᠦᠪᠡᠨ ᠪᠠᠭᠤᠯᠭᠠᠵᠤ ᠳᠠᠷᠤᠮᠠᠯᠯᠠᠬᠤ ᠶᠢ ᠬᠦᠰᠡᠵᠦ ᠪᠠᠶᠢᠨ᠎ᠠ᠃      ᠭᠤᠷᠪᠠ᠂ ᠰᠢᠯᠭᠠᠭᠤᠯᠤᠭᠴᠢ ᠰᠢᠯᠭᠠᠯᠲᠠ ᠶᠢᠨ ᠴᠡᠭ ᠲᠤ ᠣᠷᠣᠬᠤ ᠳᠠᠭᠠᠨ ᠪᠢᠷ ᠤᠨ ᠰᠢᠯᠭᠠᠯᠲᠠ ᠶᠢᠨ ᠵᠥᠪᠰᠢᠶᠡᠷᠡᠯ ᠤᠨ ᠦᠨᠡᠮᠯᠡᠯ᠂ ᠪᠡᠶ᠎ᠡ ᠶᠢᠨ ᠦᠨᠡᠮᠯᠡᠯ ︵ᠬᠤᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ᠂ ᠲᠦᠷ ᠴᠠᠭ ᠤᠨ ᠪᠡᠶ᠎ᠡ ᠶᠢᠨ ᠦᠨᠡᠮᠯᠡᠯ᠂ ᠫᠠᠰᠫᠣᠷᠲ᠂ ᠨᠡᠶᠢᠭᠡᠮ ᠤᠨ ᠪᠠᠲᠤᠯᠠᠭ᠎ᠠ ᠶᠢᠨ ᠺᠠᠷᠲ ᠪᠠᠭᠲᠠᠨ᠎ᠠ︶᠎ ᠢᠶᠠᠨ ᠠᠪᠴᠤ ᠶᠠᠪᠤᠬᠤ ᠬᠡᠷᠡᠭᠲᠡᠢ᠂ ᠰᠢᠯᠭᠠᠭᠤᠯᠤᠭᠴᠢ ᠲᠠᠯᠠᠪᠤᠷ ᠲᠤ ᠣᠷᠣᠬᠤ ᠠᠴᠠ ᠪᠠᠨ ᠡᠮᠦᠨ᠎ᠡ ᠪᠡᠯᠡᠳᠬᠡᠯ ᠬᠢᠬᠦ ᠬᠡᠷᠡᠭᠲᠡᠢ᠃     ᠬᠠᠯᠠᠭᠤᠨ ᠳᠣᠲᠣᠨᠣ ᠰᠠᠨᠠᠭᠤᠯᠤᠮᠵᠢ᠄ ᠬᠤᠨᠣᠵᠤ ᠬᠡᠪᠲᠡᠬᠦ ᠪᠠ ᠵᠠᠮ ᠬᠠᠷᠢᠯᠴᠠᠭᠠᠨ ᠤ ᠲᠦᠭᠵᠢᠷᠡᠯ ᠠᠴᠠ ᠵᠠᠶᠢᠯᠠᠰᠬᠢᠬᠦ ᠶᠢᠨ ᠲᠥᠯᠥᠭᠡ᠂ ᠰᠢᠯᠭᠠᠯᠲᠠ ᠳᠤ ᠣᠷᠣᠯᠴᠠᠭᠰᠠᠳ ᠤᠷᠢᠳᠴᠢᠯᠠᠨ ᠡᠳᠦᠷ ᠤᠨ ᠲᠣᠬᠢᠷᠠᠭᠤᠯᠤᠯᠲᠠ ᠪᠠᠨ ᠰᠠᠶᠢᠲᠤᠷ ᠬᠢᠭᠡᠷᠡᠢ᠃         ᠪᠤᠭᠤᠲᠤ ᠬᠤᠲᠠ ᠶᠢᠨ ᠪᠠᠶ᠋ᠬᠤᠪᠤᠭ᠎ᠠ ᠠᠭᠤᠷᠬᠠᠢ ᠶᠢᠨ ᠣᠷᠣᠨ ᠳᠤ ᠢᠯᠡ ᠪᠠᠷ ᠠᠵᠢᠯ ᠦᠢᠯᠡᠰ ᠤᠨ ᠨᠢᠭᠡᠴᠡ ᠶᠢ ᠤᠷᠢᠪᠠ                       ᠠᠵᠢᠯᠲᠠᠨ ᠤ ᠤᠳᠤᠷᠢᠳᠬᠤ ᠳᠤᠭᠤᠶᠢᠯᠠᠩ ᠤᠨ ᠠᠯᠪᠠᠨ ᠭᠡᠷ                           2023 ᠣᠨ ᠤ 6 ᠰᠠᠷ᠎ᠠ ᠶᠢᠨ 1᠎ ᠤ ᠡᠳᠦᠷ
 
ᠢᠷᠡᠯᠲᠡ᠄ ᠠᠵᠢᠯᠲᠠᠨ ᠤ ᠤᠳᠤᠷᠢᠳᠬᠤ ᠳᠤᠭᠤᠶᠢᠯᠠᠩ ᠤᠨ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号