ᠪᠤᠭᠤᠲᠤ ᠬᠤᠲᠠ ᠶᠢᠨ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ 2023 ᠣᠨ ᠤ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠠᠵᠢᠯᠲᠠᠨ ᠡᠯᠰᠡᠬᠦ ᠰᠦᠢᠳᠬᠡᠯ ᠢ ᠪᠤᠴᠠᠭᠠᠬᠤ ᠭᠠᠷᠳᠠᠮ ᠢ ᠭᠦᠢᠴᠡᠳᠬᠡᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/6/16
ᠰᠢᠯᠭᠠᠭᠤᠯᠤᠭᠴᠢᠳ ᠠ᠄      ︽ᠪᠤᠭᠤᠲᠤ ᠬᠤᠲᠠ ᠶᠢᠨ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ 2023 ᠣᠨ ᠤ ᠠᠵᠢᠯ ᠦᠢᠯᠡᠰ ᠤᠨ ᠨᠢᠭᠡᠴᠡ ᠶᠢᠨ ᠨᠡᠶᠢᠭᠡᠮ ᠠᠴᠠ ᠢᠯᠡ ᠪᠠᠷ ᠠᠵᠢᠯᠲᠠᠨ ᠡᠯᠰᠡᠬᠦ ᠲᠣᠪᠴᠢ ᠳᠦᠷᠢᠮ︾᠎ ᠤᠨ ᠲᠣᠬᠢᠷᠠᠭᠤᠯᠤᠯᠲᠠ ᠶᠢ ᠦᠨᠳᠦᠰᠦᠯᠡᠪᠡᠯ᠂ 2023 ᠣᠨ ᠤ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠲᠣᠰ ᠬᠤᠭᠤᠴᠠᠭᠠᠨ ᠤ ᠲᠡᠭᠦᠰᠬᠦ ᠰᠣᠷᠣᠭᠴᠢ ︵ᠲᠤᠰᠬᠠᠢ ᠠᠩᠭᠢ᠂ ᠵᠢᠩᠬᠢᠨᠢ ᠠᠩᠭᠢ᠂ ᠰᠤᠳᠤᠯᠬᠤ ᠰᠣᠷᠣᠭᠴᠢ ᠪᠠᠭᠲᠠᠨ᠎ᠠ︶᠎ ᠳᠤ ᠨᠡᠷ᠎ᠡ ᠮᠡᠳᠡᠭᠦᠯᠬᠦ ᠰᠦᠢᠳᠬᠡᠯ ᠲᠤᠰᠢᠶᠠᠬᠤ ᠦᠭᠡᠢ ᠪᠠᠶᠢᠵᠤ᠂ 2022 ᠣᠨ ᠤ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠲᠡᠭᠦᠰᠬᠦ ᠰᠣᠷᠣᠭᠴᠢ ︵ᠲᠤᠰᠬᠠᠢ ᠠᠩᠭᠢ᠂ ᠵᠢᠩᠬᠢᠨᠢ ᠠᠩᠭᠢ᠂ ᠰᠤᠳᠤᠯᠬᠤ ᠰᠣᠷᠣᠭᠴᠢ ᠪᠠᠭᠲᠠᠨ᠎ᠠ︶  ᠎ ᠠᠴᠠ ᠬᠠᠭᠠᠰ ᠢᠶᠠᠷ ᠬᠠᠰᠤᠵᠤ ᠬᠤᠷᠢᠶᠠᠵᠤ ᠪᠣᠯᠣᠨ᠎ᠠ︔ᠮᠠᠯᠵᠢᠬᠤ ᠲᠠᠷᠢᠶᠠᠯᠠᠬᠤ ᠣᠷᠣᠨ ᠤ ᠶᠠᠳᠠᠭᠤ  ᠎ ᠠᠴᠠ ᠠᠩᠭᠢᠵᠢᠷᠠᠭᠤᠯᠬᠤ ︵ᠲᠥᠷᠥ ᠶᠢᠨ ᠪᠣᠳᠣᠯᠭ᠎ᠠ ᠶᠢ ᠭᠥᠷᠳᠡᠨ᠎ᠡ︶ ᠪᠠ ᠬᠢᠨᠠᠨ ᠰᠢᠯᠭᠠᠬᠤ ᠡᠷᠦᠬᠡ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠭᠥᠷᠳᠡᠵᠦ ᠪᠠᠶᠢᠭ᠎ᠠ ᠭᠡᠷ ᠪᠦᠯᠢ ᠶᠢᠨ ᠰᠢᠯᠭᠠᠯᠲᠠ ᠳᠤ ᠨᠡᠷ᠎ᠡ ᠮᠡᠳᠡᠭᠦᠯᠦᠭᠰᠡᠳ ᠲᠤ ᠰᠢᠯᠭᠠᠯᠲᠠ ᠳᠤ ᠨᠡᠷ᠎ᠡ ᠮᠡᠳᠡᠭᠦᠯᠬᠦ ᠰᠦᠢᠳᠬᠡᠯ ᠲᠤᠰᠢᠶᠠᠬᠤ ᠦᠭᠡᠢ ᠪᠠᠶᠢᠵᠤ ᠪᠣᠯᠣᠨ᠎ᠠ᠃     ᠰᠦᠢᠳᠬᠡᠯ ᠪᠤᠴᠠᠭᠠᠬᠤ ᠨᠥᠬᠦᠴᠡᠯ ᠳᠤ ᠨᠡᠶᠢᠴᠡᠭᠰᠡᠨ ᠬᠥᠮᠥᠰ᠂ ᠲᠣᠭᠲᠠᠭᠰᠠᠨ ᠴᠠᠭ ᠤᠨ ᠳᠣᠲᠣᠷ᠎ᠠ᠂ ︽ᠨᠡᠷ᠎ᠡ ᠮᠡᠳᠡᠭᠦᠯᠬᠦ ᠬᠦᠰᠦᠨᠦᠭᠲᠦ︾ 1 ᠬᠤᠪᠢ᠂ ︽ᠰᠢᠯᠭᠠᠯᠲᠠ ᠶᠢᠨ ᠶᠠᠪᠤᠳᠠᠯ ᠤᠨ ᠰᠦᠢᠳᠬᠡᠯ ᠢ ᠬᠠᠰᠤᠵᠤ ᠬᠡᠯᠲᠦᠷᠢᠭᠦᠯᠬᠦ ᠭᠤᠶᠤᠴᠢᠯᠠᠯ ᠤᠨ ᠬᠦᠰᠦᠨᠦᠭᠲᠦ︾ 1 ᠬᠤᠪᠢ᠂ ᠪᠡᠶ᠎ᠡ ᠶᠢᠨ ᠦᠨᠡᠮᠯᠡᠯ ᠤᠨ ᠬᠠᠭᠤᠯᠪᠤᠷᠢ 1 ᠬᠤᠪᠢ᠂ ᠮᠠᠯᠵᠢᠬᠤ ᠲᠠᠷᠢᠶᠠᠯᠠᠬᠤ ᠣᠷᠣᠨ ᠤ ᠶᠠᠳᠠᠭᠤ  ᠎ ᠠᠴᠠ ᠠᠩᠭᠢᠵᠢᠷᠠᠭᠤᠯᠬᠤ ︵ᠡᠳ᠋ᠯᠡᠬᠦ ᠲᠥᠷᠥ ᠶᠢᠨ ᠪᠣᠳᠣᠯᠭ᠎ᠠ︶ ᠪᠠ ᠬᠢᠨᠠᠨ ᠰᠢᠯᠭᠠᠬᠤ ᠡᠷᠦᠬᠡ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ ᠭᠡᠷ ᠪᠦᠯᠢ ᠶᠢᠨ ᠰᠢᠯᠭᠠᠯᠲᠠ ᠳᠤ ᠨᠡᠷ᠎ᠡ ᠮᠡᠳᠡᠭᠦᠯᠦᠭᠰᠡᠳ ᠤᠨ ᠪᠠᠶᠢᠭ᠎ᠠ ᠬᠤᠰᠢᠭᠤ ᠰᠢᠶᠠᠨ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠭᠠᠷᠭᠠᠭᠰᠠᠨ ᠶᠠᠳᠠᠭᠤ  ᠎ ᠠᠴᠠ ᠠᠩᠭᠢᠵᠢᠷᠠᠭᠤᠯᠬᠤ ︵ᠡᠳ᠋ᠯᠡᠬᠦ ᠲᠥᠷᠥ ᠶᠢᠨ ᠪᠣᠳᠣᠯᠭ᠎ᠠ︶ ᠪᠠ ᠬᠢᠨᠠᠨ ᠰᠢᠯᠭᠠᠬᠤ ᠡᠷᠦᠬᠡ ᠶᠢᠨ ᠭᠡᠷᠡᠴᠢᠯᠡᠯ᠂ ᠶᠠᠳᠠᠭᠤ  ᠎ ᠠᠴᠠ ᠠᠩᠭᠢᠵᠢᠷᠠᠭᠤᠯᠬᠤ ︵ᠡᠳ᠋ᠯᠡᠬᠦ ᠲᠥᠷᠥ ᠶᠢᠨ ᠪᠣᠳᠣᠯᠭ᠎ᠠ︶ ᠪᠠ ᠬᠢᠨᠠᠨ ᠰᠢᠯᠭᠠᠬᠤ ᠡᠷᠦᠬᠡ ᠶᠢᠨ ᠭᠡᠷ ᠪᠦᠯᠢ ᠶᠢᠨ ᠦᠨᠳᠦᠰᠦᠨ ᠪᠠᠶᠢᠳᠠᠯ ᠤᠨ ᠲᠠᠩᠰᠠ ᠡᠪᠬᠡᠮᠡᠯ ᠤᠨ ᠺᠠᠷᠲ ᠤᠨ ᠬᠠᠭᠤᠯᠪᠤᠷᠢ ᠶᠢ ᠦᠨᠳᠦᠰᠦᠯᠡᠨ᠂ ᠪᠠᠶᠢᠭ᠎ᠠ ᠭᠠᠵᠠᠷ ᠤᠨ ᠬᠤᠰᠢᠭᠤ ᠰᠢᠶᠠᠨ ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠵᠦ ᠥᠭᠭᠦᠭᠰᠡᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠭᠡᠷᠡᠴᠢ ᠪᠤᠶᠤ ᠳᠣᠣᠷ᠎ᠠ ᠪᠠᠲᠤᠯᠠᠭ᠎ᠠ ᠶᠢᠨ ᠪᠠᠭᠤᠯᠭᠠᠪᠤᠷᠢ︔2022 ᠣᠨ ᠤ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠲᠡᠭᠦᠰᠬᠦ ᠰᠤᠷᠤᠭᠴᠢ ᠲᠡᠭᠦᠨ ᠤ ᠲᠡᠭᠦᠰᠦᠭᠰᠡᠨ ᠦᠨᠡᠮᠯᠡᠯ ᠵᠢᠴᠢ ᠪᠠᠭᠤᠯᠭᠠᠪᠤᠷᠢ ᠪᠠᠷ ᠢᠶᠠᠨ 2023 ᠣᠨ ᠳᠤ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠲᠡᠭᠦᠰᠦᠭᠰᠡᠳ ᠲᠡᠭᠦᠨ ᠤ ᠲᠡᠭᠦᠰᠦᠭᠰᠡᠨ ᠦᠨᠡᠮᠯᠡᠯ ︵ᠬᠠᠷᠠᠬᠠᠨ ᠲᠡᠭᠦᠰᠦᠭᠡ ᠦᠭᠡᠢ ᠪᠣᠯ᠂ ᠪᠠᠶᠢᠭ᠎ᠠ ᠰᠤᠷᠭᠠᠭᠤᠯᠢ ᠶᠢᠨ ᠭᠠᠷᠭᠠᠭᠰᠠᠨ ᠭᠡᠷᠡᠴᠢ ᠪᠠᠷ ᠢᠶᠠᠨ︶ ᠵᠢᠴᠢ ᠪᠠᠭᠤᠯᠭᠠᠪᠤᠷᠢ ᠪᠠᠨ ᠠᠪᠴᠤ᠂ ᠲᠣᠰ ᠬᠥᠮᠥᠨ ︵ᠪᠤᠶᠤ ᠪᠤᠰᠤᠳ ᠬᠥᠮᠥᠨ ᠣᠷᠣᠯᠠᠨ ᠭᠦᠢᠴᠡᠳᠬᠡᠨ᠎ᠡ︶ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠤᠶᠤ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠹᠧᠢ ᠳ᠋ᠢ ᠠᠵᠤ ᠠᠬᠤᠢ ᠶᠢᠨ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠬᠦᠷᠢᠶᠡᠯᠡᠩ ᠤᠨ ᠭᠤᠣᠯ ᠠᠰᠠᠷ ᠲᠤ ᠬᠦᠷᠴᠦ ᠬᠢᠨᠠᠨ ᠬᠠᠷᠭᠤᠭᠤᠯᠵᠤ ᠨᠤᠲᠠᠯᠠᠭᠠᠳ ᠰᠦᠢᠳᠬᠡᠯ ᠪᠤᠴᠠᠭᠠᠬᠤ ᠭᠠᠷᠳᠠᠮ ᠢ ᠭᠦᠢᠴᠡᠳᠬᠡᠨ᠎ᠡ᠃ᠬᠥᠩᠭᠡᠯᠡᠵᠦ ᠬᠡᠯᠲᠦᠷᠢᠭᠦᠯᠦᠭᠰᠡᠨ ᠵᠠᠷᠤᠳᠠᠯ  ᠎ ᠢ ᠨᠢᠭᠡ ᠰᠠᠷ᠎ᠠ  ᠎ ᠶᠢᠨ ᠳᠣᠲᠣᠷ᠎ᠠ ᠨᠡᠷ᠎ᠡ ᠮᠡᠳᠡᠭᠦᠯᠬᠦ ᠦᠶ᠎ᠡ ᠳᠤ ᠬᠡᠷᠡᠭᠯᠡᠬᠦ ᠪᠠᠩᠬᠢ  ᠎ ᠶᠢᠨ ᠳᠠᠩᠰᠠᠨ ᠡᠷᠦᠬᠡ ᠳᠤ ᠣᠷᠣᠭᠤᠯᠬᠤ ᠬᠡᠷᠡᠭᠲᠡᠢ᠃ᠪᠢᠷ ᠤᠨ ᠰᠢᠯᠭᠠᠯᠲᠠ ᠳᠤ ᠬᠡᠷᠪᠡ ᠰᠢᠯᠭᠠᠯᠲᠠ ᠳᠤ ᠰᠠᠭᠠᠲᠠᠪᠠᠯ ᠵᠠᠷᠤᠳᠠᠯ  ᠎ ᠢ ᠪᠤᠴᠠᠭᠠᠬᠤ ᠦᠭᠡᠢ᠃ᠰᠢᠯᠭᠠᠭᠤᠯᠤᠭᠴᠢ ᠲᠣᠭᠲᠠᠭᠰᠠᠨ ᠴᠠᠭ ᠤᠨ ᠳᠣᠲᠣᠷ᠎ᠠ ᠭᠠᠷ ᠭᠦᠢᠴᠡᠳᠬᠡᠯ ᠬᠢᠵᠦ᠂ ᠬᠤᠭᠤᠴᠠᠭ᠎ᠠ  ᠎ ᠠᠴᠠ ᠬᠡᠲᠦᠷᠡᠪᠡᠯ ᠳᠠᠭᠢᠵᠤ ᠭᠥᠯᠢᠶᠡᠨ ᠠᠪᠴᠤ ᠰᠢᠢᠳᠪᠦᠷᠢᠯᠡᠬᠦ ᠦᠭᠡᠢ᠃ᠬᠤᠳᠠᠯ ᠢᠶᠠᠷ ᠵᠣᠬᠢᠶᠠᠨ ᠬᠠᠭᠤᠷᠮᠠᠭ ᠢᠶᠠᠷ ᠦᠢᠯᠡᠳᠦᠭᠰᠡᠳ ᠤᠨ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ ᠡᠯᠰᠡᠨ ᠬᠡᠷᠡᠭᠯᠡᠬᠦ ᠬᠢᠷᠢ ᠬᠡᠮ ᠢ ᠨᠢ ᠬᠠᠰᠤᠨ᠎ᠠ᠃        ᠰᠢᠢᠳᠪᠦᠷᠢᠯᠡᠭᠰᠡᠨ ᠴᠠᠭ᠄ 2023 ᠣᠨ ᠤ 6 ᠰᠠᠷ᠎ᠠ ᠶᠢᠨ 19᠎ ᠤ ᠡᠳᠦᠷ ︱ 6 ᠰᠠᠷ᠎ᠠ ᠶᠢᠨ 21᠎ ᠤ ᠡᠳᠦᠷ       ︵ᠦᠳᠡ ᠶᠢᠨ ᠡᠮᠦᠨ᠎ᠡ 9᠄ 00 ︱ 12᠄ 00 ᠦᠳᠡ ᠶᠢᠨ ᠬᠤᠶᠢᠨ᠎ᠠ 14᠄ 30 ︱ 17᠄ 00︶ᠭᠦᠢᠴᠡᠳᠬᠡᠬᠦ ᠬᠠᠶ᠋ᠢᠭ᠄      1. ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ 308 ᠲᠠᠰᠤᠭ ︵ᠥᠪᠥᠷ ᠮᠣᠩᠭᠤᠯ ᠤᠨ ᠪᠤᠭᠤᠲᠤ ᠬᠤᠲᠠ ᠶᠢᠨ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠬᠤᠪᠣᠷ ᠰᠢᠷᠣᠢ ᠵᠠᠮ ᠤᠨ 12 ᠳ᠋ᠤᠭᠠᠷ ᠨᠣᠮᠧᠷ︶᠎ ᠤᠨ ᠬᠠᠷᠢᠯᠴᠠᠬᠤ ᠤᠲᠠᠰᠤ᠄ 0472 ︱ 8518761       2. ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠹᠧᠢ ᠳ᠋ᠢ ᠠᠵᠤ ᠠᠬᠤᠢ ᠶᠢᠨ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠬᠦᠷᠢᠶᠡᠯᠡᠩ ᠤᠨ ᠭᠤᠣᠯ ᠠᠰᠠᠷ ︵ᠥᠪᠥᠷ ᠮᠣᠩᠭᠤᠯ ᠤᠨ ᠪᠤᠭᠤᠲᠤ ᠬᠤᠲᠠ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠲᠤᠨ ᠭᠤᠣᠯ ᠶᠡᠭᠡ ᠵᠡᠭᠡᠯᠢ ᠬᠢᠭᠡᠳ ᠱᠣ ᠭᠤᠸᠠᠩ ᠵᠠᠮ ᠤᠨ ᠠᠭᠤᠯᠵᠠᠷ  ᠎ ᠠᠴᠠ ᠪᠠᠷᠠᠭᠤᠨᠰᠢ 100 ᠮᠧᠲᠷ ᠤᠨ ᠵᠠᠮ ᠤᠨ ᠬᠤᠶᠢᠰᠢ︶        ᠬᠠᠷᠢᠯᠴᠠᠬᠤ ᠬᠥᠮᠥᠨ᠄ ᠯᠢ ᠴᠢᠶᠠᠨ ᠤ ᠬᠠᠷᠢᠯᠴᠠᠬᠤ ᠤᠲᠠᠰᠤ᠄ 15049296765      ᠳᠠᠭᠠᠯᠳᠤᠭᠤᠯᠤᠯ᠄ ᠪᠤᠭᠤᠲᠤ ᠬᠤᠲᠠ ᠶᠢᠨ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ 2023 ᠣᠨ ᠤ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠠᠵᠢᠯᠲᠠᠨ ᠡᠯᠰᠡᠬᠦ ᠳᠤ ᠨᠡᠷ᠎ᠡ ᠮᠡᠳᠡᠭᠦᠯᠬᠦ ᠰᠦᠢᠳᠬᠡᠯ ᠢ ᠬᠠᠰᠤᠵᠤ ᠬᠡᠯᠲᠦᠷᠢᠭᠦᠯᠬᠦ ᠭᠤᠶᠤᠴᠢᠯᠠᠯ ᠤᠨ ᠬᠦᠰᠦᠨᠦᠭᠲᠦ       ᠪᠤᠭᠤᠲᠤ ᠬᠤᠲᠠ ᠶᠢᠨ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ 2023 ᠣᠨ ᠳᠤ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠠᠵᠢᠯᠲᠠᠨ ᠡᠯᠰᠡᠬᠦ               ᠰᠢᠯᠭᠠᠯᠲᠠ ᠳᠤ ᠨᠡᠷ᠎ᠡ ᠮᠡᠳᠡᠭᠦᠯᠬᠦ ᠰᠦᠢᠳᠬᠡᠯ ᠢ ᠬᠠᠰᠤᠵᠤ ᠬᠡᠯᠲᠦᠷᠢᠭᠦᠯᠬᠦ ᠭᠤᠶᠤᠴᠢᠯᠠᠯ ᠤᠨ ᠬᠦᠰᠦᠨᠦᠭᠲᠦ doc
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号