ᠪᠠᠶᠠᠨ᠋ᠣ᠋ᠪᠣᠭ᠎ᠠ ᠠᠵᠤ ᠦᠢᠯᠡᠰ ᠤᠨ ᠬᠦᠷᠢᠶᠡᠯᠡᠩ ᠤᠨ ᠶᠡᠷᠦᠩᠬᠡᠢ ᠲᠥᠯᠦᠪᠵᠢᠭᠦᠯᠭᠡ ︵2023-2035︶︶᠎ ᠶᠢᠨ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡᠤᠯᠠᠨ ᠨᠡᠶᠢᠲᠡ ᠪᠠᠷ ᠢᠶᠠᠨ ᠣᠷᠣᠯᠴᠠᠬᠤ ᠶᠢ ᠠᠩᠬ᠎ᠠ ᠤᠳᠠᠭ᠎ᠠ ᠵᠠᠷᠯᠠᠨ ᠨᠡᠶᠢᠲᠡ᠊
ᠨᠡᠶᠢᠲᠡᠯᠡᠭᠰᠡᠨ ᠴᠠᠭ᠄
2023/6/20
     ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠬᠠᠤᠯᠢ︾ ᠪᠠ ︽ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠳᠤ ᠣᠯᠠᠨ ᠨᠡᠶᠢᠲᠡ ᠪᠠᠷ ᠢᠶᠠᠨ ᠣᠷᠣᠯᠴᠠᠬᠤ ᠠᠷᠭ᠎ᠠ︾ ᠵᠡᠷᠭᠡ ᠬᠠᠤᠯᠢ ᠴᠠᠭᠠᠵᠠ ᠪᠠ ᠬᠠᠤᠯᠢ ᠲᠣᠭᠲᠠᠭᠠᠯ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠪᠠᠶᠠᠨ᠋ᠣ᠋ᠪᠣᠭ᠎ᠠ ᠠᠵᠤ ᠦᠢᠯᠡᠰ ᠤᠨ ᠬᠦᠷᠢᠶᠡᠯᠡᠩ ᠤᠨ ᠶᠡᠷᠦᠩᠬᠡᠢ ᠲᠥᠯᠦᠪᠵᠢᠭᠦᠯᠭᠡ ᠶᠢᠨ ᠬᠠᠮᠢᠶ᠎ᠠ ᠪᠦᠬᠦᠢ ᠠᠭᠤᠯᠭ᠎ᠠ ᠶᠢ ᠣᠯᠠᠨ ᠨᠡᠶᠢᠲᠡ ᠳᠤ ᠳᠣᠣᠷᠠᠬᠢ ᠮᠡᠲᠦ ᠮᠡᠳᠡᠭᠡ ᠵᠠᠩᠭᠢ ᠶᠢ ᠵᠠᠷᠯᠠᠨ ᠨᠡᠶᠢᠲᠡᠯᠡᠨ᠎ᠡ᠄       ᠨᠢᠭᠡ᠂ ᠪᠠᠶᠠᠨ᠋ᠣ᠋ᠪᠣᠭ᠎ᠠ ᠠᠵᠤ ᠦᠢᠯᠡᠰ ᠤᠨ ᠬᠦᠷᠢᠶᠡᠯᠡᠩ ᠤᠨ ᠦᠨᠳᠦᠰᠦᠨ ᠪᠠᠶᠢᠳᠠᠯ       ︵1︶ ᠲᠥᠯᠦᠪᠵᠢᠭᠦᠯᠭᠡ ᠶᠢᠨ ᠬᠤᠭᠤᠴᠠᠭ᠎ᠠ ᠬᠢᠵᠠᠭᠠᠷ       ᠲᠥᠯᠦᠪᠵᠢᠭᠦᠯᠭᠡ ᠶᠢᠨ ᠬᠤᠭᠤᠴᠠᠭ᠎ᠠ ᠬᠢᠵᠠᠭᠠᠷ᠄ 2023 ︱ 2035 ᠣᠨ᠃ᠣᠶᠢᠷ᠎ᠠ ᠶᠢᠨ ᠬᠤᠭᠤᠴᠠᠭᠠᠨ ᠤ ᠵᠢᠯ ᠬᠤᠭᠤᠴᠠᠭ᠎ᠠ᠄ 2023 ᠣᠨ ︱ 2025 ᠣᠨ︔ᠳᠤᠮᠳᠠ ᠪᠠ ᠣᠷᠳᠣ ᠬᠤᠭᠤᠴᠠᠭᠠᠨ ᠤ ᠵᠢᠯ ᠬᠤᠭᠤᠴᠠᠭ᠎ᠠ᠄ 2026 ᠣᠨ ︱ 2035 ᠣᠨ       ︵2︶ ᠲᠥᠯᠦᠪᠵᠢᠭᠦᠯᠭᠡ ᠶᠢᠨ ᠬᠦᠷᠢᠶ᠎ᠡ ᠬᠡᠪᠴᠢᠶ᠎ᠡ     ᠠᠵᠤ ᠦᠢᠯᠡᠰ ᠤᠨ ᠬᠦᠷᠢᠶᠡᠯᠡᠩ ᠤᠨ ᠶᠡᠷᠦᠩᠬᠡᠢ ᠲᠥᠯᠦᠪᠵᠢᠭᠦᠯᠭᠡ᠄ ᠨᠡᠶᠢᠳᠡ ᠭᠤᠷᠪᠠᠨ ᠬᠦᠷᠢᠶᠡᠯᠡᠩ ᠲᠣᠭᠤᠷᠢᠭ ᠬᠤᠪᠢᠶᠠᠵᠤ᠂ ᠳᠤᠮᠳᠠ ᠬᠡᠰᠡᠭ ᠤᠨ ᠬᠦᠷᠢᠶᠡᠯᠡᠩ ᠲᠣᠭᠤᠷᠢᠭ᠂ ᠪᠠᠷᠠᠭᠤᠨ ᠬᠡᠰᠡᠭ ᠤᠨ ᠬᠦᠷᠢᠶᠡᠯᠡᠩ ᠲᠣᠭᠤᠷᠢᠭ᠂ ᠡᠮᠦᠨ᠎ᠡ ᠬᠡᠰᠡᠭ ᠤᠨ ᠬᠦᠷᠢᠶᠡᠯᠡᠩ ᠲᠣᠭᠤᠷᠢᠭ ᠢ ᠪᠠᠭᠲᠠᠭᠠᠨ᠎ᠠ᠃ᠶᠡᠷᠦᠩᠬᠡᠢ ᠲᠥᠯᠦᠪᠵᠢᠭᠦᠯᠭᠡ ᠳᠤ ᠬᠡᠷᠡᠭᠯᠡᠬᠦ ᠭᠠᠵᠠᠷ ᠤᠨ ᠲᠠᠯᠠᠪᠠᠶ ᠨᠢ 1103.23 ᠾᠧᠺᠲ᠋ᠠᠷ ᠪᠣᠯᠣᠨ᠎ᠠ᠃     ᠳᠤᠮᠳᠠ ᠬᠡᠰᠡᠭ ᠤᠨ ᠬᠦᠷᠢᠶᠡᠯᠡᠩ ᠲᠣᠭᠤᠷᠢᠭ ᠤᠨ ᠬᠦᠷᠢᠶ᠎ᠡ ᠬᠡᠪᠴᠢᠶ᠎ᠡ᠄ ᠪᠠᠷᠠᠭᠤᠨᠰᠢ ᠪᠠᠨ ᠪᠠ ᠷᠦᠨ ᠺᠣᠮᠫᠠᠨᠢ;ᠤᠮᠠᠷᠠᠰᠢ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠲᠡᠮᠦᠷ ᠤᠨ ᠠᠭᠤᠷᠬᠠᠢ ᠬᠦᠷᠦᠨ᠎ᠡ;ᠵᠡᠭᠦᠨᠰᠢ ᠪᠠᠨ ᠲᠡᠮᠦᠷ ᠤᠨ ᠠᠭᠤᠷᠬᠠᠢ ᠶᠢᠨ ᠲᠡᠰᠦᠷᠡᠭᠦᠯᠦᠭᠴᠢ ᠶᠢᠨ ᠬᠥᠮᠥᠷᠭᠡ;ᠡᠮᠦᠨ᠎ᠡ ᠠᠴᠠ ᠤᠯᠤᠰ ᠤᠨ ᠵᠠᠰᠠᠮᠠᠯ ᠵᠠᠮ 335 ᠬᠦᠷᠦᠨ᠎ᠡ᠃ᠲᠥᠯᠦᠪᠵᠢᠭᠦᠯᠭᠡ ᠳᠤ ᠬᠡᠷᠡᠭᠯᠡᠬᠦ ᠭᠠᠵᠠᠷ ᠤᠨ ᠲᠠᠯᠠᠪᠠᠶ ᠨᠢ 911.13 ᠾᠧᠺᠲ᠋ᠠᠷ ᠪᠣᠯᠣᠨ᠎ᠠ᠃      ᠪᠠᠷᠠᠭᠤᠨ ᠬᠡᠰᠡᠭ ᠤᠨ ᠬᠦᠷᠢᠶᠡᠯᠡᠩ ᠲᠣᠭᠤᠷᠢᠭ ᠤᠨ ᠬᠦᠷᠢᠶ᠎ᠡ ᠬᠡᠪᠴᠢᠶ᠎ᠡ᠄ ᠪᠠᠷᠠᠭᠤᠨᠰᠢ ᠪᠠᠨ ᠵᠠᠰᠠᠭ ᠵᠠᠬᠢᠷᠭᠠᠨ ᠤ ᠵᠠᠭᠠᠭ ᠱᠤᠭᠤᠮ︔ᠤᠮᠠᠷᠠᠰᠢ G335 ᠬᠦᠷᠦᠨ᠎ᠡ;ᠵᠡᠭᠦᠨᠰᠢ ᠪᠠᠨ ᠯᠦᠩ ᠶᠤᠸᠠᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠲᠠᠯᠠᠪᠠᠢ ᠬᠦᠷᠦᠨ᠎ᠡ;ᠡᠮᠦᠨᠡᠰᠢ ᠪᠠᠨ ᠯᠦᠩ ᠶᠤᠸᠠᠨ ᠤ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠲᠠᠯᠠᠪᠠᠢ ᠬᠦᠷᠦᠨ᠎ᠡ᠃ᠲᠥᠯᠦᠪᠵᠢᠭᠦᠯᠭᠡ ᠳᠤ ᠬᠡᠷᠡᠭᠯᠡᠬᠦ ᠭᠠᠵᠠᠷ ᠤᠨ ᠲᠠᠯᠠᠪᠠᠶ ᠨᠢ 150.09 ᠾᠧᠺᠲ᠋ᠠᠷ ᠪᠣᠯᠣᠨ᠎ᠠ᠃    ᠡᠮᠦᠨ᠎ᠡ ᠬᠡᠰᠡᠭ ᠤᠨ ᠬᠦᠷᠢᠶᠡᠯᠡᠩ ᠲᠣᠭᠤᠷᠢᠭ ᠤᠨ ᠬᠦᠷᠢᠶ᠎ᠡ ᠬᠡᠪᠴᠢᠶ᠎ᠡ᠄ ᠪᠠᠷᠠᠭᠤᠨᠰᠢ ᠪᠠᠨ ᠯᠦᠩ ᠶᠤᠸᠠᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠲᠠᠯᠠᠪᠠᠢ;ᠤᠮᠠᠷᠠᠰᠢ ᠯᠦᠩ ᠶᠤᠸᠠᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠲᠠᠯᠠᠪᠠᠢ ᠬᠦᠷᠦᠨ᠎ᠡ;ᠵᠡᠭᠦᠨᠰᠢ ᠪᠠᠨ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠡᠮᠦᠨ᠎ᠡ ᠦᠷᠳᠡᠭᠡ ᠬᠦᠷᠦᠨ᠎ᠡ︔ᠡᠮᠦᠨᠡᠰᠢ ᠪᠠᠨ ᠯᠦᠩ ᠶᠤᠸᠠᠨ ᠤ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠲᠠᠯᠠᠪᠠᠢ ᠬᠦᠷᠦᠨ᠎ᠡ᠃ᠲᠥᠯᠦᠪᠵᠢᠭᠦᠯᠭᠡ ᠳᠤ ᠬᠡᠷᠡᠭᠯᠡᠬᠦ ᠭᠠᠵᠠᠷ ᠤᠨ ᠲᠠᠯᠠᠪᠠᠶ ᠨᠢ 42.00 ᠾᠧᠺᠲ᠋ᠠᠷ ᠪᠣᠯᠣᠨ᠎ᠠ᠃      ︵3︶ ᠠᠵᠤ ᠦᠢᠯᠡᠰ ᠤᠨ ᠣᠷᠣᠨ ᠪᠠᠶᠢᠷᠢ ᠶᠢᠨ ᠲᠣᠭᠲᠠᠭᠠᠯᠲᠠ     ᠶᠡᠷᠦᠩᠬᠡᠢ ᠬᠠᠷᠠᠯᠲᠠ᠄ ᠪᠠᠶᠠᠨ᠋ᠣ᠋ᠪᠣᠭ᠎ᠠ ᠠᠵᠤ ᠦᠢᠯᠡᠰ ᠤᠨ ᠬᠦᠷᠢᠶᠡᠯᠡᠩ ᠢ ᠬᠤᠪᠣᠷ ᠰᠢᠷᠣᠢ ᠶᠢᠨ ᠬᠡᠷᠡᠭᠯᠡᠭᠡᠨ ᠤ ᠰᠢᠨ᠎ᠡ ᠮᠠᠲᠧᠷᠢᠶᠠᠯ᠂ ᠠᠭᠤᠷᠬᠠᠢ ᠶᠢᠨ ᠭᠠᠷᠤᠯᠲᠠ ᠵᠢᠴᠢ ᠦᠯᠡᠳᠡᠭᠳᠡᠯ ᠬᠦᠳᠡᠷ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ᠂ ᠹᠯᠣᠷ ᠤᠨ ᠬᠢᠮᠢ ᠶᠢᠨ ᠠᠵᠤ ᠦᠢᠯᠡᠳᠪᠦᠷᠢ᠂ ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ ᠦᠢᠯᠡᠳᠬᠦ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡ ᠵᠡᠷᠭᠡ ᠤᠯᠠᠨ ᠡᠰᠢᠵᠢᠭᠰᠡᠨ ᠠᠵᠤ ᠦᠢᠯᠡᠰ ᠤᠨ ᠬᠥᠭᠵᠢᠯᠲᠡ ᠶᠢᠨ ᠪᠦᠯᠦᠭᠯᠡᠯ ᠪᠣᠯᠭᠠᠨ ᠬᠥᠭᠵᠢᠭᠦᠯᠦᠨ᠎ᠡ᠃ ᠰᠢᠨ᠎ᠡ ᠰᠢᠨᠵᠢᠯᠡᠬᠦ ᠤᠬᠠᠭᠠᠨ ᠮᠡᠷᠭᠡᠵᠢᠯ᠂ ᠰᠢᠨ᠎ᠡ ᠠᠵᠤ ᠦᠢᠯᠡᠰ᠂ ᠰᠢᠨ᠎ᠡ ᠦᠢᠯᠡᠴᠢᠯᠡᠭᠡ ᠪᠠᠷ ᠬᠥᠳᠡᠯᠭᠡᠬᠦ ᠬᠦᠴᠦᠨ ᠪᠣᠯᠭᠠᠵᠤ᠂ ᠠᠭᠤᠰᠤᠯᠴᠠᠭᠤᠯᠤᠨ ᠦᠢᠯᠡᠳᠪᠦᠷᠢᠯᠡᠵᠦ ᠡᠳ᠋ᠰᠢᠭᠦᠯᠬᠦ᠂ ᠲᠣᠨᠤᠭ ᠲᠥᠬᠦᠭᠡᠷᠦᠮᠵᠢ ᠦᠢᠯᠡᠳᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ᠂ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ᠂ ᠲᠥᠬᠦᠷ ᠦᠢᠯᠡᠴᠢᠯᠡᠭᠡᠨ ᠵᠡᠷᠭᠡ ᠶᠡᠷᠦᠩᠬᠡᠶᠢᠯᠡᠭᠰᠡᠨ ᠴᠢᠳᠠᠮᠵᠢ ᠶᠢ ᠨᠢᠭᠡ ᠴᠣᠭᠴᠠᠵᠢᠭᠤᠯᠤᠭᠰᠠᠨ᠂ ᠰᠢᠨ᠎ᠡ ᠶᠢ ᠡᠭᠦᠳᠬᠦ᠂ ᠠᠭᠤᠰᠤᠯᠴᠠᠭᠤᠯᠬᠤ᠂ ᠠᠮᠢ ᠠᠬᠤᠢ ᠪᠠᠷ ᠣᠨᠴᠠᠯᠢᠭ ᠪᠣᠯᠭᠠᠭᠰᠠᠨ ᠤᠯᠤᠰ ᠤᠨ ᠲᠠᠰ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠪᠠᠶᠢᠭᠤᠯᠤᠨ᠎ᠠ᠃       ᠠᠵᠤ ᠦᠢᠯᠡᠰ ᠤᠨ ᠪᠠᠶᠢᠷᠢ ᠲᠣᠭᠲᠠᠭᠠᠯᠲᠠ᠄ ᠬᠦᠷᠢᠶᠡᠯᠡᠩ ᠲᠣᠭᠤᠷᠢᠭ ᠨᠢ ᠬᠤᠪᠣᠷ ᠰᠢᠷᠣᠢ ᠶᠢᠨ ᠬᠡᠷᠡᠭᠯᠡᠭᠡᠨ ᠤ ᠰᠢᠨ᠎ᠡ ᠮᠠᠲ᠋ᠧᠷᠢᠶᠠᠯ᠂ ᠠᠭᠤᠷᠬᠠᠢ ᠶᠢᠨ ᠭᠠᠷᠤᠯᠲᠠ ᠪᠠ ᠦᠢᠯᠡᠳᠦᠭᠳᠡᠯ ᠬᠦᠳᠡᠷ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠪᠠᠷ ᠭᠤᠣᠯᠯᠠᠬᠤ ᠠᠵᠤ ᠦᠢᠯᠡᠰ ᠪᠣᠯᠭᠠᠵᠤ᠂ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠂ ᠶᠡᠷᠦᠩᠬᠡᠶᠢᠯᠡᠭᠰᠡᠨ ᠠᠵᠤ ᠦᠢᠯᠡᠰ᠂ ᠬᠢᠮᠢ ᠶᠢᠨ ᠠᠵᠤ ᠦᠢᠯᠡᠳᠪᠦᠷᠢ ᠪᠠᠷ ᠲᠤᠰᠠᠯᠠᠬᠤ ᠠᠵᠤ ᠦᠢᠯᠡᠰ ᠪᠣᠯᠭᠠᠨ᠎ᠠ᠃      ᠬᠦᠷᠢᠶᠡᠯᠡᠩ ᠲᠣᠭᠤᠷᠢᠭ ᠟ᠣᠨ ᠠᠵᠤ ᠦᠢᠯᠡᠰ ᠟ᠣᠨ ᠬᠥᠭᠵᠢᠯᠲᠡ ᠶᠢᠨ ᠲᠥᠯᠦᠪᠵᠢᠭᠦᠯᠭᠡ ᠲᠠᠪᠤᠨ ᠲᠥᠷᠥᠯ ᠟ᠣᠨ ᠠᠵᠤ ᠦᠢᠯᠡᠰ ᠟ᠣᠨ ᠴᠢᠳᠠᠮᠵᠢᠲᠤ ᠣᠷᠣᠨ᠄ ᠬᠤᠪᠣᠷ ᠰᠢᠷᠣᠢ ᠶᠢᠨ ᠬᠡᠷᠡᠭᠯᠡᠭᠡᠨ ᠟ᠣ ᠰᠢᠨ᠎ᠡ ᠮᠠ⌲ᠧᠷᠢᠶᠠᠯ ᠟ᠣᠨ ᠠᠵᠤ ᠦᠢᠯᠡᠰ ᠟ᠣᠨ ᠣᠷᠣᠨ᠂ ᠠᠭᠤᠷᠬᠠᠢ ᠶᠢᠨ ᠭᠠᠷᠤᠯᠲᠠ ᠬᠢᠭᠡᠳ ᠦᠯᠡᠳᠡᠭᠳᠡᠯ ᠬᠦᠳᠡᠷ ᠟ᠣᠨ ᠡᠬᠢ ᠪᠠᠶᠠᠯᠢᠭ ᠟ᠢ ᠶᠡᠷᠦᠩᠬᠡᠶᠢᠯᠡᠨ ᠠᠰᠢᠭᠯᠠᠬᠤ ᠠᠵᠤ ᠦᠢᠯᠡᠰ ᠟ᠣᠨ ᠣᠷᠣᠨ᠂ ᠶᠡᠷᠦᠩᠬᠡᠶᠢᠯᠡᠨ ᠠᠰᠢᠭᠯᠠᠬᠤ ᠠᠵᠤ ᠦᠢᠯᠡᠰ ᠟ᠣᠨ ᠣᠷᠣᠨ᠂ ᠤᠳᠤ ᠦᠶ᠎ᠡ ᠶᠢᠨ ᠪᠠᠷᠠᠭᠠᠨ᢭ᠣ ᠭᠦᠢᠯᠭᠡᠭᠡᠨ ᠟ᠣ ᠠᠵᠤ ᠦᠢᠯᠡᠰ ᠟ᠣᠨ ᠣᠷᠣᠨ᠂ ᠬᠢᠮᠢ ᠶᠢᠨ ᠠᠵᠤ ᠦᠢᠯᠡᠳᠪᠦᠷᠢ ᠶᠢᠨ ᠲᠥᠪᠯᠡᠷᠡᠭᠰᠡᠨ ᠠᠵᠤ ᠦᠢᠯᠡᠰ ᠟ᠣᠨ ᠣᠷᠣᠨ᠃      ᠬᠤᠶᠠᠷ᠂ ᠪᠦᠲᠦᠭᠡᠨ ᠪᠠᠶᠢᠭᠤᠯᠬᠤ ᠨᠢᠭᠡᠴᠢ ᠶᠢᠨ ᠨᠡᠷᠡᠶᠢᠳᠦᠯ ᠪᠠ ᠬᠠᠷᠢᠯᠴᠠᠬᠤ ᠠᠷᠭ᠎ᠠ ᠮᠠᠶ᠋ᠢᠭ     ᠪᠦᠲᠦᠭᠡᠨ ᠪᠠᠶᠢᠭᠤᠯᠤᠯᠲᠠ ᠶᠢᠨ ᠨᠢᠭᠡᠴᠡ ᠶᠢᠨ ᠨᠡᠷᠡᠶᠢᠳᠦᠯ᠄ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ      ᠬᠠᠷᠢᠯᠴᠠᠬᠤ ᠬᠥᠮᠥᠨ᠄ ᠶᠠᠩ ᠯᠢ ᠵᠢᠶᠦ᠋ᠨ ᠤ ᠬᠠᠷᠢᠯᠴᠠᠬᠤ ᠤᠲᠠᠰᠤ᠄ 0472 ︱ 8511109     ᠭᠤᠷᠪᠠ᠂ ᠦᠨᠡᠯᠡᠬᠦ ᠠᠵᠢᠯ ᠢ ᠡᠭᠦᠷᠭᠡᠯᠡᠵᠦ ᠪᠠᠶᠢᠭ᠎ᠠ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠪᠠᠶᠢᠭᠤᠯᠤᠮᠵᠢ ᠶᠢᠨ ᠨᠡᠷᠡᠶᠢᠳᠦᠯ ᠪᠠ ᠬᠠᠷᠢᠯᠴᠠᠬᠤ ᠠᠷᠭ᠎ᠠ ᠮᠠᠶ᠋ᠢᠭ     ᠣᠷᠴᠢᠨ ᠲᠣᠭᠤᠷᠢᠨ ᠤ ᠦᠨᠡᠯᠡᠯᠲᠡ ᠶᠢᠨ ᠨᠢᠭᠡᠴᠡ᠄ ᠵᠥᠩ ᠶᠧ ᠪᠠᠷᠠᠭᠤᠨ ᠬᠤᠶᠢᠲᠤ ᠶᠢᠨ ᠢᠨᠵᠧᠨᠧᠷᠢᠩ ᠤᠨ ᠮᠡᠷᠭᠡᠵᠢᠯ ᠤᠨ ᠬᠢᠵᠠᠭᠠᠷᠲᠤ ᠺᠣᠮᠫᠠᠨᠢ      ᠬᠠᠶ᠋ᠢᠭ᠄ ᠥᠪᠥᠷ ᠮᠣᠩᠭᠤᠯ ᠤᠨ ᠪᠤᠭᠤᠲᠤ ᠬᠤᠲᠠ ᠶᠢᠨ ᠺᠦᠨ ᠲᠣᠭᠤᠷᠢᠭ ᠤᠨ ᠪᠣᠯᠣᠳ ᠲᠡᠮᠦᠷ ᠶᠡᠭᠡ ᠵᠡᠭᠡᠯᠢ ᠶᠢᠨ 87 ᠳ᠋ᠤᠭᠠᠷ ᠨᠣᠮᠧᠷ᠄ 014010      ᠬᠠᠷᠢᠯᠴᠠᠬᠤ ᠬᠥᠮᠥᠨ᠄ ᠵᠢᠶᠠᠩ ᠵᠢᠶᠧ ᠶᠢᠨ ᠬᠠᠷᠢᠯᠴᠠᠬᠤ ᠤᠲᠠᠰᠤ᠄ 0472 ︱ 6966750      ᠹᠠᠺᠰ᠄ 0472-6966791      ᠳᠥᠷᠪᠡ᠂ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠠᠵᠢᠯ ᠤᠨ ᠵᠢᠷᠤᠮ ᠪᠠ ᠭᠤᠣᠯ ᠠᠵᠢᠯ ᠤᠨ ᠠᠭᠤᠯᠭ᠎ᠠ     ᠲᠥᠷᠥᠯ ᠵᠦᠢᠯ ᠢ ᠵᠠᠯᠭᠠᠨ ᠠᠪᠤᠭᠰᠠᠨ ᠤ ᠳᠠᠷᠠᠭ᠎ᠠ᠂ ᠣᠷᠣᠨ ᠪᠦᠰᠡ ᠶᠢᠨ ᠣᠷᠴᠢᠨ ᠲᠣᠭᠤᠷᠢᠨ ᠤ ᠣᠳᠣᠬᠢ ᠪᠠᠶᠢᠳᠠᠯ ᠢ ᠪᠠᠶᠢᠴᠠᠭᠠᠵᠤ᠂ ᠲᠥᠯᠦᠪᠵᠢᠭᠦᠯᠭᠡ ᠶᠢ ᠦᠨᠳᠦᠰᠦᠯᠡᠨ ᠵᠦᠢ ᠵᠣᠬᠢᠰᠲᠠᠢ ᠵᠠᠳᠠᠯᠤᠯᠲᠠ ᠬᠢᠬᠦ ᠵᠢᠴᠢ ᠠᠵᠤ ᠦᠢᠯᠡᠳᠪᠦᠷᠢ ᠶᠢᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠣᠷᠴᠢᠨ ᠲᠣᠭᠤᠷᠢᠨ ᠳᠤ ᠤᠴᠠᠷᠠᠭᠤᠯᠵᠤ ᠮᠡᠳᠡᠬᠦ ᠨᠥᠯᠥᠭᠡ ᠶᠢ ᠲᠥᠰᠥᠭᠡᠯᠡᠵᠦ ᠵᠠᠳᠠᠯᠤᠯᠲᠠ ᠬᠢᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠠᠷᠭ᠎ᠠ ᠪᠣᠳᠣᠯᠭ᠎ᠠ ᠶᠢ ᠳᠤᠷᠠᠳᠤᠨ᠂ ᠣᠷᠴᠢᠨ ᠲᠣᠭᠤᠷᠢᠨ ᠤ ᠨᠥᠯᠥᠭᠡᠯᠡᠯ ᠤᠨ ᠮᠡᠳᠡᠭᠦᠯᠦᠯᠲᠡ ᠶᠢᠨ ᠪᠢᠴᠢᠭ ᠢ ᠨᠠᠶᠢᠷᠠᠭᠤᠯᠤᠨ ᠵᠣᠬᠢᠶᠠᠵᠤ᠂ ᠳᠡᠭᠡᠭᠰᠢ ᠮᠡᠳᠡᠭᠦᠯᠬᠦ ᠶᠢ ᠪᠡᠶᠡᠯᠡᠭᠦᠯᠵᠦ᠂ ᠲᠤᠰᠬᠠᠢ ᠮᠡᠷᠭᠡᠵᠢᠯᠲᠡᠨ ᠵᠢᠴᠢ ᠤᠳᠤᠷᠢᠳᠤᠯᠭ᠎ᠠ ᠶᠢᠨ ᠰᠠᠨᠠᠯ ᠢ ᠬᠤᠷᠢᠶᠠᠭᠰᠠᠨ ᠤ ᠳᠠᠷᠠᠭ᠎ᠠ ᠵᠠᠰᠠᠪᠤᠷᠢ ᠣᠷᠣᠭᠤᠯᠵᠤ᠂ ᠳᠠᠷᠠᠭ᠎ᠠ ᠨᠢ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠃      ᠲᠠᠪᠤ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠣᠯ ᠵᠦᠢᠯ ᠤᠳ      ᠲᠠ ᠲᠤᠰ ᠲᠥᠯᠦᠪᠵᠢᠭᠦᠯᠭᠡ ᠶᠢᠨ ᠲᠥᠰᠥᠯ ᠤᠨ ᠲᠤᠬᠠᠢ ᠣᠶᠢᠯᠠᠭᠠᠭᠰᠠᠨ ᠬᠡᠮᠵᠢᠶ᠎ᠡ;      ᠲᠥᠯᠦᠪᠵᠢᠭᠦᠯᠭᠡ ᠶᠢ ᠬᠡᠷᠡᠭᠵᠢᠭᠦᠯᠬᠦ ᠨᠢ ᠲᠠᠨ ᠤ ᠦᠢᠯᠡᠳᠪᠦᠷᠢᠯᠡᠯ ᠪᠠ ᠠᠮᠢᠳᠤᠷᠠᠯ ᠳᠤ ᠠᠰᠢᠭ ᠦᠭᠡᠢ ᠨᠥᠯᠥᠭᠡ ᠦᠵᠡᠭᠦᠯᠬᠦ ᠡᠰᠡᠬᠦ;      ᠲᠥᠯᠦᠪᠵᠢᠭᠦᠯᠭᠡ ᠶᠢ ᠬᠡᠷᠡᠭᠵᠢᠭᠦᠯᠬᠦ ᠨᠢ ᠡᠷᠬᠢᠨ ᠲᠣᠭᠤᠷᠢᠨ ᠤ ᠣᠷᠴᠢᠨ ᠲᠣᠭᠤᠷᠢᠨ ᠳᠤ ᠶᠠᠮᠠᠷ ᠨᠥᠯᠥᠭᠡ ᠦᠵᠡᠭᠦᠯᠬᠦ;      ᠲᠥᠯᠦᠪᠵᠢᠭᠦᠯᠭᠡ ᠶᠢᠨ ᠬᠡᠷᠡᠭᠵᠢᠭᠦᠯᠦᠯᠲᠡ ᠨᠢ ᠲᠤᠬᠠᠢ ᠶᠢᠨ ᠭᠠᠵᠠᠷ ᠤᠨ ᠠᠵᠤ ᠠᠬᠤᠢ ᠳᠤ ᠲᠦᠯᠬᠢᠴᠡ ᠦᠢᠯᠡᠳᠦᠯ ᠦᠵᠡᠭᠦᠯᠦᠭᠰᠡᠨ ᠡᠰᠡᠬᠦ;      ᠲᠠ ᠠᠵᠤ ᠦᠢᠯᠡᠳᠪᠦᠷᠢ ᠶᠢᠨ ᠬᠦᠷᠢᠶᠡᠯᠡᠩ ᠢ ᠡ᠊ᠨᠳᠡ ᠭᠠᠵᠠᠷ ᠰᠣᠩᠭᠤᠵᠤ ᠪᠠᠶᠢᠭᠤᠯᠬᠤ ᠶᠢ ᠵᠥᠪᠰᠢᠶᠡᠷᠡᠨ᠎ᠡ ᠦᠸ ᠦᠭᠡᠢ ᠦᠸ;      ᠲᠠᠨ ᠤ ᠨᠤᠷᠠᠭᠠᠵᠤ ᠨᠡᠭᠦᠯᠭᠡᠬᠦ ᠶᠢ ᠲᠥᠪᠬᠢᠨᠡᠭᠦᠯᠬᠦ ᠱᠠᠭᠠᠷᠳᠠᠯᠭ᠎ᠠ;      ᠲᠤᠰ ᠲᠥᠯᠦᠪᠵᠢᠭᠦᠯᠭᠡ ᠶᠢ ᠬᠡᠷᠡᠭᠵᠢᠭᠦᠯᠬᠦ ᠲᠤᠬᠠᠢ ᠲᠠᠨ ᠤ ᠣᠪᠣᠷ;      ᠲᠠ ᠲᠥᠯᠦᠪᠵᠢᠭᠦᠯᠭᠡ ᠳᠤ ᠶᠠᠮᠠᠷ ᠰᠠᠨᠠᠯ ᠪᠠ ᠱᠠᠭᠠᠷᠳᠠᠯᠭ᠎ᠠ ᠲᠠᠢ ᠪᠤᠢ?         ᠵᠢᠷᠭᠤᠭ᠎ᠠ᠂ ᠣᠯᠠᠨ ᠨᠡᠶᠢᠲᠡ ᠶᠢᠨ ᠰᠠᠨᠠᠯ ᠳᠤᠷᠠᠳᠬᠤ ᠠᠷᠭ᠎ᠠ ᠬᠡᠯᠪᠡᠷᠢ      ᠲᠣᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ 10 ᠠᠵᠢᠯᠯᠠᠬᠤ ᠡᠳᠦᠷ ᠤᠨ ᠳᠣᠲᠣᠷ᠎ᠠ᠂ ᠣᠯᠠᠨ ᠨᠡᠶᠢᠲᠡ ᠪᠠᠷ ᠢᠶᠠᠨ ᠳ᠋ᠢᠶᠠᠩᠬᠤᠸᠠ᠂ ᠵᠠᠬᠢᠳᠠᠯ᠂ ᠡᠯᠧᠺᠲᠷᠣᠨ ᠰᠢᠤᠳᠠᠨ ᠤ ᠵᠦᠢᠯ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠦᠲᠦᠭᠡᠨ ᠪᠠᠶᠢᠭᠤᠯᠤᠯᠲᠠ ᠶᠢᠨ ᠨᠢᠭᠡᠴᠡ ᠪᠤᠶᠤ ᠲᠡᠭᠦᠨ ᠤ ᠨᠠᠶᠢᠳᠠᠭᠰᠠᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠪᠠᠶᠢᠭᠤᠯᠤᠮᠵᠢ ᠳᠤ ᠡᠷᠬᠢᠮ ᠨᠠᠨᠳᠢᠨ ᠰᠠᠨᠠᠯ ᠢᠶᠠᠨ ᠳᠡᠪᠰᠢᠭᠦᠯᠵᠦ ᠪᠣᠯᠣᠨ᠎ᠠ᠃ᠤᠯᠠᠨ ᠨᠡᠶᠢᠲᠡ ᠶᠢᠨ ᠰᠠᠨᠠᠯ ᠢ ᠬᠤᠷᠢᠶᠠᠬᠤ ᠳᠠᠭᠠᠨ ᠲᠤᠰᠬᠠᠭᠴᠢ ᠶᠢᠨ ᠦᠨᠡᠨ ᠪᠣᠳᠠᠲᠠᠢ ᠣᠪᠣᠭ ᠨᠡᠷ᠎ᠡ᠂ ᠬᠠᠷᠢᠯᠴᠠᠬᠤ ᠬᠠᠶ᠋ᠢᠭ᠂ ᠠᠵᠢᠯᠯᠠᠵᠤ ᠪᠠᠶᠢᠭ᠎ᠠ ᠨᠢᠭᠡᠴᠢ ᠪᠠ ᠤᠲᠠᠰᠤᠨ ᠨᠣᠮᠧᠷ ᠢᠶᠠᠨ ᠬᠠᠩᠭᠠᠬᠤ ᠶᠢ ᠰᠠᠨᠠᠭᠠᠴᠢᠯᠠᠵᠤ᠂ ᠬᠠᠷᠢᠭᠤᠴᠠᠬᠤ ᠪᠠ ᠪᠠᠶᠢᠳᠠᠯ ᠢ ᠬᠢᠨᠠᠨ ᠬᠠᠷᠭᠤᠭᠤᠯᠬᠤ ᠳᠤ ᠲᠦᠬᠦᠮ ᠪᠣᠯᠭᠠᠬᠤ ᠶᠢᠨ ᠲᠥᠯᠥᠭᠡ᠂ ᠳᠥᠭᠦᠮ ᠦᠭᠡᠢ ᠭᠠᠵᠠᠷ ᠢ ᠨᠢ ᠠᠭᠤᠴᠢᠯᠠᠬᠤ ᠶᠢ ᠬᠢᠴᠢᠶᠡᠩᠭᠦᠶᠢᠯᠡᠨ ᠬᠦᠰᠡᠨ᠎ᠡ᠃  ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ
 
ᠢᠷᠡᠯᠲᠡ᠄ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号