ᠪᠤᠭᠤᠲᠤ ᠬᠤᠲᠠ ᠶᠢᠨ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢᠨ 2023 ᠣᠨ ᠤ ᠡᠮᠴᠢᠯᠡᠭᠡᠨ ᠤ ᠲᠤᠰᠬᠠᠢ ᠮᠡᠷᠭᠡᠵᠢᠯ ᠤᠨ ᠠᠵᠢᠯᠲᠠᠨ ᠢ ᠢᠯᠡ ᠪᠠᠷ ᠤᠷᠢᠨ ᠡᠯᠰᠡᠬᠦ ᠨᠢᠭᠤᠷᠲᠠᠨ ᠰᠢᠯᠭᠠᠯᠲᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2023/6/20
      ︽ᠪᠤᠭᠤᠲᠤ ᠬᠤᠲᠠ ᠶᠢᠨ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢᠨ 2023 ᠣᠨ ᠤ ᠡᠮᠴᠢᠯᠡᠭᠡᠨ ᠤ ᠲᠤᠰᠬᠠᠢ ᠮᠡᠷᠭᠡᠵᠢᠯ ᠤᠨ ᠠᠵᠢᠯᠲᠠᠨ ᠢ ᠢᠯᠡ ᠪᠠᠷ ᠤᠷᠢᠬᠤ ᠲᠣᠪᠴᠢ ᠳᠦᠷᠢᠮ︾᠎ ᠤᠨ ᠱᠠᠭᠠᠷᠳᠠᠯᠭ᠎ᠠ ᠶᠢ ᠦᠨᠳᠦᠰᠦᠯᠡᠨ᠂ ᠡᠮᠨᠡᠯᠭᠡ ᠶᠢᠨ ᠬᠤᠷᠢᠶ᠎ᠠ ᠶᠢᠨ ᠢᠯᠡ ᠪᠠᠷ ᠤᠷᠢᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠢᠷᠢ ᠬᠡᠮ ᠤᠨ ᠬᠢᠨᠠᠨ ᠪᠠᠶᠢᠴᠠᠭᠠᠯᠲᠠ ᠪᠠᠷ ᠳᠡᠮᠵᠢᠨ᠂ ᠡᠳᠦᠭᠡ ᠡᠯᠰᠡᠬᠦ ᠨᠥᠬᠦᠴᠡᠯ ᠳᠤ ᠨᠡᠶᠢᠴᠡᠬᠦ ᠨᠢᠭᠤᠷᠲᠠᠨ ᠰᠢᠯᠭᠠᠯᠲᠠ ᠳᠤ ᠣᠷᠣᠯᠴᠠᠭᠰᠠᠳ ᠢ ᠨᠡᠶᠢᠲᠡᠯᠡᠶ᠎ᠡ᠂ ᠪᠣᠳᠠᠲᠠᠢ ᠨᠡᠷᠡᠰ ᠢ ᠳᠠᠭᠠᠯᠳᠤᠭᠤᠯᠤᠯ ᠳᠤ ᠦᠵᠡ᠃     ᠨᠢᠭᠤᠷᠲᠠᠨ ᠰᠢᠯᠭᠠᠯᠲᠠ ᠳᠤ ᠣᠷᠣᠯᠴᠠᠭᠰᠠᠳ 2023 ᠣᠨ ᠤ 6 ᠰᠠᠷ᠎ᠠ ᠶᠢᠨ 25᠎ ᠤ ᠡᠳᠦᠷ ᠤᠨ ᠥᠷᠯᠥᠭᠡ ᠶᠢᠨ 7:00-7:30᠎ ᠲᠤ ᠪᠠᠢ ᠶᠦᠨ ᠠᠭᠤᠷᠬᠠᠢ ᠶᠢᠨ ᠲᠣᠭᠤᠷᠢᠭ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠨᠢᠭᠡᠳᠦᠭᠡᠷ ᠳᠠᠪᠬᠤᠷᠯᠢᠭ ᠲᠤ ᠬᠦᠷᠴᠦ ᠰᠢᠯᠭᠠᠭᠤᠯᠬᠤ ᠵᠥᠪᠰᠢᠶᠡᠷᠡᠯ ᠤᠨ ᠦᠨᠡᠮᠯᠡᠯ ᠢᠶᠠᠨ ᠠᠪᠤᠭᠠᠷᠠᠢ᠃       ᠨᠢᠭᠡ᠂ ᠨᠢᠭᠤᠷᠲᠠᠨ ᠰᠢᠯᠭᠠᠬᠤ ᠴᠠᠭ᠄ 2023 ᠣᠨ ᠤ 6 ᠰᠠᠷ᠎ᠠ ᠶᠢᠨ 25᠎ ᠤ ᠡᠳᠦᠷ ︵ᠭᠠᠷᠠᠭ ᠤᠨ ᠡᠳᠦᠷ︶᠎ ᠤᠨ ᠥᠷᠯᠥᠭᠡ ᠶᠢᠨ 7᠄ 00 ᠴᠠᠭ ᠠᠴᠠ ᠡᠬᠢᠯᠡᠨ ᠭᠠᠷ ᠤᠨ ᠥᠰᠥᠭ ᠵᠢᠷᠤᠬᠤ ᠶᠢᠨ ᠬᠠᠮᠲᠤ ᠲᠤᠬᠠᠢ ᠶᠢᠨ ᠲᠠᠯᠠᠪᠤᠷ ᠲᠤ ᠰᠢᠪᠠᠭ᠎ᠠ ᠰᠤᠭᠤᠯᠵᠤ᠂ 8᠄ 00 ᠴᠠᠭ ᠲᠤ ᠨᠢᠭᠤᠷᠲᠠᠨ ᠰᠢᠯᠭᠠᠯᠲᠠ ᠵᠢᠩᠬᠢᠨᠢ ᠪᠠᠷ ᠡᠬᠢᠯᠡᠨ᠎ᠡ᠂ ᠨᠢᠭᠤᠷᠲᠠᠨ ᠰᠢᠯᠭᠠᠯᠲᠠ ᠡᠬᠢᠯᠡᠭᠰᠡᠨ ᠤ ᠳᠠᠷᠠᠭ᠎ᠠ 5 ᠮᠢᠨᠦ᠋ᠲ ᠤᠨ ᠳᠠᠷᠠᠭ᠎ᠠ ᠰᠢᠯᠭᠠᠯᠲᠠ ᠶᠢᠨ ᠲᠠᠯᠠᠪᠤᠷ ᠲᠤ ᠬᠦᠷᠴᠦ ᠳᠡᠶᠢᠯᠦᠭᠰᠡᠨ ᠦᠭᠡᠢ ᠰᠢᠯᠭᠠᠭᠤᠯᠤᠭᠴᠢ ᠶᠢ ᠰᠢᠯᠭᠠᠯᠲᠠ ᠪᠠᠨ ᠬᠠᠶᠠᠭᠰᠠᠨ ᠢᠶᠠᠷ ᠪᠤᠳᠤᠨ᠎ᠠ᠃     ᠬᠤᠶᠠᠷ᠂ ᠰᠢᠯᠭᠠᠭᠤᠯᠤᠭᠴᠢ ᠡᠷᠬᠡᠪᠰᠢ ᠰᠢᠯᠭᠠᠭᠤᠯᠬᠤ ᠵᠥᠪᠰᠢᠶᠡᠷᠡᠯ ᠤᠨ ᠦᠨᠡᠮᠯᠡᠯ᠂ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠪᠤᠶᠤ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠤᠭ ᠮᠠᠲ᠋ᠧᠷᠢᠶᠠᠯ ᠢᠶᠠᠨ ᠠᠪᠴᠤ ᠶᠠᠪᠤᠪᠠᠯ ᠰᠠᠶ᠋ᠢ ᠰᠢᠯᠭᠠᠯᠲᠠ ᠶᠢᠨ ᠲᠠᠯᠠᠪᠤᠷ ᠲᠤ ᠣᠷᠣᠵᠤ ᠨᠢᠭᠤᠷᠲᠠᠨ ᠰᠢᠯᠭᠠᠵᠤ ᠪᠣᠯᠣᠨ᠎ᠠ᠃       ᠭᠤᠷᠪᠠ᠂ ᠨᠢᠭᠤᠷᠲᠠᠨ ᠰᠢᠯᠭᠠᠬᠤ ᠭᠠᠵᠠᠷ᠄ ᠪᠤᠭᠤᠲᠤ ᠬᠤᠲᠠ ᠶᠢᠨ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ︵ᠦᠨᠳᠦᠰᠦᠲᠡᠨ ᠤ ᠵᠠᠮ︶᠎ ᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠭ᠎ᠠ᠃       ᠳᠥᠷᠪᠡ᠂ ᠠᠰᠠᠭᠤᠨ ᠯᠠᠪᠯᠠᠬᠤ ᠤᠲᠠᠰᠤ᠄ 0472 ︱ 8511627 ᠪᠤᠭᠤᠲᠤ ᠬᠤᠲᠠ ᠶᠢᠨ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ                           2023 ᠣᠨ ᠤ 6 ᠰᠠᠷ᠎ᠠ ᠶᠢᠨ 20᠎ ᠤ ᠡᠳᠦᠷ
 
ᠢᠷᠡᠯᠲᠡ᠄ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号