ᠪᠤᠭᠤᠲᠤ ᠬᠤᠲᠠ ᠶᠢᠨ ︽ᠤᠷᠠᠯᠢᠭ︾ · ᠠᠵᠤ ᠠᠬᠤᠶᠢᠯᠠᠯ ᠤᠨ ᠢᠷᠡᠭᠡᠳᠦᠢ ᠶᠢᠨ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2023/6/28
     6 ᠳ᠋ᠤᠭᠠᠷ ᠰᠠᠷ᠎ᠠ ᠶᠢᠨ 17᠎ ᠤ ᠡᠳᠦᠷ᠂ ᠪᠤᠭᠤᠲᠤ ᠬᠤᠲᠠ ᠶᠢᠨ ︽ᠤᠷᠠᠯᠢᠭ︾ · ᠠᠵᠤ ᠠᠬᠤᠶᠢᠯᠠᠯ ᠤᠨ ᠢᠷᠡᠭᠡᠳᠦᠢ ᠶᠢᠨ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠵᠢᠴᠢ ︽ᠬᠠᠮᠤᠭ ᠤᠨ ᠭᠤᠶᠣ︾ ᠬᠥᠬᠡᠬᠤᠲᠠ᠂ ᠯᠢ ᠳ᠋ᠧ ᠭᠧ ᠵᠢᠩ ᠥᠪᠥᠷ ᠮᠣᠩᠭᠤᠯ ᠤᠨ ᠮᠢᠩᠭᠠᠨ ᠲᠣᠰᠬᠤᠨ ᠵᠠᠭᠤᠨ ᠲᠠᠯᠠᠪᠤᠷ ᠭᠦᠶᠦᠯᠲᠡ ᠶᠢᠨ ᠲᠣᠭᠯᠠᠯᠲᠠ ᠶᠢᠨ ᠭᠦᠶᠠᠩ ᠰᠢᠶᠠᠨ ᠤ ᠲᠤᠰᠬᠠᠢ ᠲᠠᠯᠠᠪᠤᠷ ᠠᠵᠢᠯᠯᠠᠭ᠎ᠠ ᠴᠦᠨ ᠺᠦᠨ ᠱᠠᠨ ᠠᠭᠤᠯᠠᠨ ᠤ ᠦᠵᠡᠮᠵᠢ ᠶᠢᠨ ᠣᠷᠣᠨ ᠤ ᠵᠤᠭᠠᠴᠠᠭᠰᠠᠳ ᠢ ᠭᠥᠯᠢᠶᠡᠨ ᠠᠪᠬᠤ ᠲᠥᠪ ᠲᠠᠯᠠᠪᠠᠶ ᠳᠤ ᠶᠠᠪᠤᠭᠳᠠᠪᠠ᠃       ᠵᠤᠨ ᠤ ᠤᠯᠠᠷᠢᠯ ᠤᠨ ᠴᠦᠨ ᠺᠦᠨ ᠱᠠᠨ ᠠᠭᠤᠯᠠᠨ ᠤ ᠦᠵᠡᠮᠵᠢ ᠶᠢᠨ ᠣᠷᠣᠨ ᠤ ᠵᠤᠭᠠᠴᠠᠭᠰᠠᠳ ᠢ ᠬᠦᠯᠢᠶᠡᠨ ᠠᠪᠬᠤ ᠲᠥᠪ ᠤᠨ ᠠᠭᠤᠳᠠᠮ ᠲᠠᠯᠠᠪᠠᠢ ᠳᠤ ᠬᠥᠮᠥᠰ ᠬᠤᠷᠠᠨ ᠴᠤᠭᠯᠠᠷᠠᠵᠤ᠂ ᠬᠦᠷ ᠬᠥᠭᠵᠢᠶᠡᠨ ᠢᠶᠠᠷ ᠪᠢᠯᠬᠠᠨ᠎ᠠ᠃ ᠬᠦᠰ᠂ ᠯᠢᠳᠥᠭᠸ ᠵᠢᠩ ᠣᠷᠭᠢᠯᠤᠮ᠎ᠠ ᠬᠠᠯᠠᠭᠤᠨ ᠰᠡᠳᠬᠢᠯᠭᠡ ᠪᠣᠯᠣᠨ ᠭᠤᠶᠢᠳᠠ ᠰᠠᠶᠢᠬᠠᠨ ᠤᠷ᠎ᠠ ᠮᠡᠷᠭᠡᠵᠢᠯ ᠢᠶᠠᠷ ᠢᠶᠠᠨ ᠦᠵᠡᠭᠴᠢᠳ ᠲᠤ ᠭᠤᠶᠢᠳᠠ ᠰᠠᠶᠢᠬᠠᠨ ᠲᠣᠭᠯᠠᠯᠲᠠ ᠭᠠᠷᠭᠠᠵᠤ᠂ ᠬᠠᠷᠠᠩᠭ᠎ᠠ ᠬᠡᠩᠭᠡᠷᠭᠡ ᠳᠡᠯᠡᠳᠴᠦ᠂ ᠳᠠᠭᠤᠤ ᠳᠠᠭᠤᠯᠠᠵᠤ᠂ ᠪᠥᠵᠢᠭ ᠪᠥᠵᠢᠭᠯᠡᠵᠦ᠂ ᠱᠤᠭ ᠵᠦᠴᠦᠭᠡ ᠲᠣᠭᠯᠠᠵᠤ ᠡᠬᠢᠯᠡᠪᠡ ᠁ ᠭᠤᠶᠢᠳᠠ ᠰᠠᠶᠢᠬᠠᠨ ᠲᠣᠭᠯᠠᠯᠲᠠ ᠨᠢ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠪᠠᠭ᠋ᠠᠷᠬᠠᠯ ᠢ ᠲᠠᠲᠠᠪᠠ᠃       ᠣᠶᠢᠷ᠎ᠠ ᠶᠢᠨ ᠵᠢᠯ ᠠᠴᠠ᠂ ᠭᠦᠶᠠᠩ ᠰᠢᠶᠠᠨ ᠤ ᠬᠢᠨ ᠬᠥᠳᠡᠭᠡ ᠠᠵᠤ ᠠᠬᠤᠢ ᠰᠣᠶᠣᠯ ᠵᠤᠭᠠᠴᠠᠯ ᠢ ᠠᠭᠤᠰᠤᠯᠴᠠᠭᠤᠯᠤᠨ ᠬᠥᠭᠵᠢᠭᠦᠯᠬᠦ ᠶᠢ ᠴᠢᠬᠤᠯᠠ ᠠᠵᠢᠯ ᠪᠣᠯᠭᠠᠬᠤ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ︽ᠲᠠᠪᠤᠨ ᠨᠢᠭᠡ ᠶᠢᠨ ᠢᠨᠵᠧᠨᠧᠷᠢᠩ ᠤᠨ ᠱᠠᠩᠨᠠᠯ︾ᠭᠡᠬᠦ ᠳᠠᠭᠤᠤ︽ᠦᠵᠡᠰᠬᠦᠯᠡᠩᠲᠦ ᠰᠠᠶᠢᠬᠠᠨ ᠲᠠᠯ᠎ᠠ ᠨᠤᠲᠤᠭ ᠤᠨ ᠭᠡᠷ ᠪᠦᠯᠢ︾ᠪᠣᠯᠣᠨ ᠪᠤᠭᠤᠲᠤ ᠬᠤᠳᠠ ᠶᠢᠨ︽ᠲᠠᠪᠤᠨ ᠨᠢᠭᠡ ᠶᠢᠨ ᠢᠨᠵᠧᠨᠧᠷᠢᠩ ᠤᠨ ᠱᠠᠩᠨᠠᠯ︾ᠭᠡᠬᠦ ᠮᠡᠳᠡᠭᠡᠯᠡᠯ ᠤᠨ ᠤᠷᠠᠨ ᠵᠣᠬᠢᠶᠠᠯ ︽ᠦᠭᠡ ᠬᠡᠯᠡᠬᠦ·ᠳᠣᠲᠣᠨᠣᠴᠢᠯᠠᠬᠤ︾ᠵᠡᠷᠭᠡ ᠪᠠᠷ ᠲᠥᠯᠥᠭᠡᠯᠡᠭᠦᠯᠦᠭᠰᠡᠨ ᠨᠢᠭᠡ ᠪᠦᠯᠦᠭ ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠵᠡᠢ︔ ︽ᠴᠢᠨ ᠤᠯᠤᠰ ᠤᠨ ᠤᠷᠳᠤ ᠴᠠᠭᠠᠨ ᠬᠡᠷᠡᠮ ᠢᠶᠠᠷ ᠠᠶᠠᠯᠠᠬᠤ︾᠂︽ᠰᠦᠯᠵᠢᠶᠡᠨ ᠤ ᠤᠯᠠᠭᠠᠨ ᠥᠩᠭᠡ ᠪᠠᠷ ᠺᠠᠯᠠᠰᠢᠶᠠᠨ ᠳᠤ ᠴᠣᠬᠢᠯᠲᠠ ᠥᠭᠬᠦ︾ᠵᠡᠷᠭᠡ ᠠᠯᠢ ᠤᠯᠠᠨ ᠰᠣᠶᠣᠯ ᠤᠷᠠᠯᠢᠭ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ︔ ︽41°᠎ ᠤᠨ ᠭᠦᠶᠠᠩ ᠡᠷᠭᠦᠬᠦ︾ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠬᠦᠴᠦᠯᠡᠨ ᠡᠭᠦᠳᠪᠡ︔ ᠬᠤᠨᠴᠢᠷ ᠤᠨ ᠶᠠᠷᠢᠶᠠᠨ ᠤ ᠲᠠᠪᠴᠠᠩ ᠵᠡᠷᠭᠡ ᠣᠷᠣᠨ ᠨᠤᠲᠤᠭ ᠤᠨ ᠣᠨᠴᠠᠯᠢᠭ ᠲᠠᠢ᠂ ᠲᠤᠬᠠᠢ ᠶᠢᠨ ᠭᠠᠵᠠᠷ ᠤᠨ ᠲᠠᠷᠢᠶᠠᠴᠢᠳ ᠢ ᠳᠠᠶᠢᠴᠢᠯᠠᠨ ᠪᠠᠶᠠᠵᠢᠭᠤᠯᠬᠤ ᠰᠢᠷᠢᠰ ᠠᠵᠢᠯᠯᠠᠭ᠎ᠠ ᠶᠢ ᠤᠬᠠᠭᠠᠯᠠᠨ ᠡᠷᠭᠢᠯᠡᠵᠦ᠂ ᠨᠠᠷᠠ ᠶᠢ ᠪᠠᠬᠢᠵᠢᠭᠦᠯᠬᠦ ᠶᠢᠨ ᠭᠤᠸ᠎ᠠ ᠰᠠᠶᠢᠬᠠᠨ᠂ ᠰᠠᠶᠢᠨ ᠰᠠᠶᠢᠬᠠᠨ᠂ ᠬᠥᠭᠵᠢᠯ ᠪᠠᠳᠠᠷᠠᠯ ᠢ ᠭᠦᠢᠴᠡᠳ ᠳᠡᠯᠭᠡᠨ ᠦᠵᠡᠭᠦᠯᠵᠦ᠂ ᠦᠵᠡᠰᠬᠦᠯᠡᠩᠲᠦ ᠰᠠᠶᠢᠬᠠᠨ ᠪᠠᠶᠠᠨ ᠴᠢᠨᠡᠭᠡᠯᠢᠭ ᠵᠣᠯ ᠵᠢᠷᠭᠠᠯᠲᠤ ᠠᠮᠢᠵᠢᠷᠠᠯ ᠤᠨ ᠬᠦᠴᠦᠨ ᠡᠶ᠎ᠡ ᠵᠣᠬᠢᠴᠠᠯ ᠲᠠᠢ ᠨᠠᠷᠠ ᠶᠢ ᠪᠠᠬᠢᠵᠢᠭᠦᠯᠬᠦ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠳᠤ ᠪᠠᠲᠤ ᠪᠠᠬᠢ ᠪᠠᠲᠤᠯᠠᠭ᠎ᠠ ᠬᠠᠩᠭᠠᠭᠰᠠᠨ ᠪᠠᠶᠢᠨ᠎ᠠ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号