ᠪᠤᠭᠤᠲᠤ ᠬᠤᠲᠠ ᠶᠢᠨ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ 2023 ᠣᠨ ᠤ ᠠᠵᠢᠯ ᠦᠢᠯᠡᠰ ᠤᠨ ᠨᠢᠭᠡᠴᠡ ᠶᠢᠨ ᠨᠡᠶᠢᠭᠡᠮ ᠨᠡᠶᠢᠲᠡ ᠠᠴᠠ ᠠᠵᠢᠯᠲᠠᠨ ᠡᠯᠰᠡᠬᠦ ᠶᠡᠷᠦᠩᠬᠡᠢ ᠬᠢᠷᠢ ᠪᠦᠲᠦᠮᠵᠢ ᠵᠢᠴᠢ ᠪᠡᠶ᠎ᠡ ᠶᠢᠨ ᠪᠠᠶᠢᠴᠠᠭᠠᠯᠲᠠ ᠳᠤ ᠣᠷᠣᠯᠴᠠᠬᠤ ᠪᠠᠷ ᠪᠠᠶᠢᠭ᠎ᠠ ᠢᠯᠡ ᠵᠠᠷᠯᠠᠯ
ᠨᠡᠶᠢᠲᠡᠯᠡᠭᠰᠡᠨ ᠴᠠᠭ᠄
2023/7/1
      ᠪᠤᠭᠤᠲᠤ ᠬᠤᠲᠠ ᠶᠢᠨ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ 2023 ᠣᠨ ᠤ ᠠᠵᠢᠯ ᠦᠢᠯᠡᠰ ᠤᠨ ᠨᠢᠭᠡᠴᠡ ᠶᠢᠨ ᠨᠡᠶᠢᠭᠡᠮ ᠠᠴᠠ ᠢᠯᠡ ᠪᠠᠷ ᠠᠵᠢᠯᠲᠠᠨ ᠡᠯᠰᠡᠬᠦ ᠨᠢᠭᠤᠷᠲᠠᠨ ᠰᠢᠯᠭᠠᠯᠲᠠ ᠶᠢᠨ ᠠᠵᠢᠯ ᠨᠢᠭᠡᠨᠲᠡ ᠳᠠᠭᠤᠰᠪᠠ᠂ ︽ᠪᠤᠭᠤᠲᠤ ᠬᠤᠲᠠ ᠶᠢᠨ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ 2023 ᠣᠨ ᠤ ᠠᠵᠢᠯ ᠦᠢᠯᠡᠰ ᠤᠨ ᠨᠢᠭᠡᠴᠡ ᠶᠢᠨ ᠨᠡᠶᠢᠭᠡᠮ ᠠᠴᠠ ᠢᠯᠡ ᠪᠠᠷ ᠠᠵᠢᠯᠲᠠᠨ ᠡᠯᠰᠡᠬᠦ ᠲᠣᠪᠴᠢ ᠳᠦᠷᠢᠮ︾᠎ ᠤᠨ ᠲᠣᠬᠢᠷᠠᠭᠤᠯᠤᠯᠲᠠ ᠶᠢ ᠦᠨᠳᠦᠰᠦᠯᠡᠨ᠂ ᠡᠳᠦᠭᠡ ᠶᠡᠷᠦᠩᠬᠡᠢ ᠬᠢᠷᠢ ᠪᠦᠲᠦᠮᠵᠢ ᠵᠢᠴᠢ ᠪᠡᠶ᠎ᠡ ᠶᠢᠨ ᠪᠠᠶᠢᠴᠠᠭᠠᠯᠲᠠ ᠳᠤ ᠣᠷᠣᠬᠤ ᠪᠠᠷ ᠪᠠᠶᠢᠭ᠎ᠠ ᠬᠥᠮᠥᠰ ᠢ ᠵᠠᠷᠯᠠᠨ ᠨᠡᠶᠢᠲᠡᠯᠡᠨ᠎ᠡ ︵ᠳᠠᠭᠠᠯᠳᠤᠭᠤᠯᠤᠯ ᠳᠤ ᠨᠠᠷᠢᠪᠴᠢᠯᠠᠨ ᠦᠵᠡᠭᠡᠷᠡᠢ︶᠃      ᠵᠠᠷᠯᠠᠨ ᠨᠡᠶᠢᠲᠡᠯᠡᠬᠦ ᠬᠤᠭᠤᠴᠠᠭ᠎ᠠ ᠨᠢ 5 ᠡᠳᠦᠷ᠂ 2023 ᠣᠨ ᠤ 7 ᠰᠠᠷ᠎ᠠ ᠶᠢᠨ 1᠎ ᠤ ᠡᠳᠦᠷ ᠠᠴᠠ 7 ᠰᠠᠷ᠎ᠠ ᠶᠢᠨ 5᠎ ᠤ ᠡᠳᠦᠷ ᠪᠣᠯᠲᠠᠯ᠎ᠠ᠃ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠬᠡᠷᠪᠡ ᠵᠠᠷᠯᠠᠨ ᠨᠡᠶᠢᠲᠡᠯᠡᠭᠰᠡᠨ ᠠᠭᠤᠯᠭ᠎ᠠ ᠳᠤ ᠣᠨᠳᠣᠣ ᠰᠠᠨᠠᠯ ᠲᠠᠢ ᠪᠣᠯ ᠤᠲᠠᠰᠤ᠂ ᠵᠠᠬᠢᠳᠠᠯ᠂ ᠰᠣᠷᠪᠤᠯᠵᠢᠯᠠᠭ᠎ᠠ᠂ ᠡᠯᠧᠺᠲᠷᠣᠨ ᠰᠢᠤᠳᠠᠨ ᠤ ᠵᠦᠢᠯ ᠤᠨ ᠬᠡᠯᠪᠡᠷᠢ ᠪᠠᠷ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠳᠤ ᠢᠯᠡ ᠪᠠᠷ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ︵ᠪᠤᠭᠤᠲᠤ ᠬᠤᠲᠠ ᠶᠢᠨ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶᠎ ᠲᠤ ᠲᠤᠰᠬᠠᠵᠤ᠂ ᠪᠠᠶᠢᠳᠠᠯ ᠢ ᠲᠤᠰᠬᠠᠬᠤ ᠳᠠᠭᠠᠨ ᠦᠨᠡᠨ ᠠᠴᠠ ᠵᠥᠪ ᠢ ᠡᠷᠢᠵᠦ᠂ ᠦᠨᠡᠨ ᠪᠣᠳᠠᠲᠠᠢ ᠪᠠᠶᠢᠬᠤ ᠬᠡᠷᠡᠭᠲᠡᠢ᠂ ᠤᠲᠠᠰᠤ᠂ ᠵᠠᠬᠢᠳᠠᠯ᠂ ᠰᠣᠷᠪᠤᠯᠵᠢᠯᠠᠭ᠎ᠠ᠂ ᠢᠮᠧᠯ ᠳᠤ ᠦᠨᠡᠨ ᠣᠪᠣᠭ ᠨᠡᠷ᠎ᠡ ᠵᠢᠴᠢ ᠬᠠᠷᠢᠯᠴᠠᠬᠤ ᠤᠲᠠᠰᠤ ᠪᠠᠨ ᠮᠡᠳᠡᠭᠳᠡᠬᠦ ᠪᠤᠶᠤ ᠲᠣᠳᠣᠷᠬᠠᠢ ᠪᠢᠴᠢᠬᠦ ᠬᠡᠷᠡᠭᠲᠡᠢ᠂ ᠡᠰᠡ ᠲᠡᠭᠡᠪᠡᠯ ᠬᠦᠯᠢᠶᠡᠨ ᠠᠪᠴᠤ ᠰᠢᠢᠳᠪᠦᠷᠢᠯᠡᠬᠦ ᠦᠭᠡᠢ᠃ᠬᠦᠯᠢᠶᠡᠨ ᠠᠪᠴᠤ ᠰᠢᠢᠳᠪᠦᠷᠢᠯᠡᠬᠦ ᠰᠠᠯᠠᠭ᠎ᠠ ᠮᠥᠴᠢᠷ ᠨᠢ ᠲᠤᠰᠬᠠᠭᠰᠠᠨ ᠬᠥᠮᠥᠨ ᠪᠠ ᠲᠤᠰᠬᠠᠭᠰᠠᠨ ᠪᠠᠶᠢᠳᠠᠯ ᠤᠨ ᠨᠢᠭᠤᠴᠠ ᠶᠢ ᠴᠢᠩᠭ᠎ᠠ ᠬᠠᠮᠠᠭᠠᠯᠠᠬᠤ ᠬᠡᠷᠡᠭᠲᠡᠢ᠃ᠵᠠᠷᠯᠠᠨ ᠨᠡᠶᠢᠲᠡᠯᠡᠬᠦ ᠬᠤᠭᠤᠴᠠᠭ᠎ᠠ ᠨᠢ ᠳᠦᠭᠦᠷᠪᠡᠯ᠂ ᠪᠠᠶᠠᠨ ᠣᠪᠣᠭ᠎ᠠ ᠠᠭᠤᠷᠬᠠᠢ ᠶᠢᠨ ᠣᠷᠣᠨ ᠤ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠢ ᠢᠯᠡ ᠪᠠᠷ ᠤᠷᠢᠬᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠪᠠᠶᠠᠨ ᠣᠪᠣᠭ᠎ᠠ ᠠᠭᠤᠷᠬᠠᠢ ᠶᠢᠨ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠰᠦᠯᠵᠢᠶ᠎ᠡ ᠪᠠ ᠪᠠᠶᠠᠨ ᠣᠪᠣᠭ᠎ᠠ ᠠᠭᠤᠷᠬᠠᠢ ᠶᠢᠨ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠸᠢᠴᠠᠲ ᠤᠨ ᠨᠡᠶᠢᠲᠡ ᠶᠢᠨ ᠳ᠋ᠤᠭᠠᠷ ᠢᠶᠠᠷ ᠳᠠᠮᠵᠢᠭᠤᠯᠤᠨ ︽ᠪᠤᠭᠤᠲᠤ ᠬᠤᠲᠠ ᠶᠢᠨ ᠪᠠᠶᠠᠨ ᠣᠪᠣᠭ᠎ᠠ ᠠᠭᠤᠷᠬᠠᠢ ᠶᠢᠨ ᠣᠷᠣᠨ ᠤ 2023 ᠣᠨ ᠤ ᠠᠵᠢᠯ ᠦᠢᠯᠡᠰ ᠤᠨ ᠨᠢᠭᠡᠴᠡ ᠶᠢᠨ ᠨᠡᠶᠢᠭᠡᠮ ᠠᠴᠠ ᠠᠵᠢᠯᠲᠠᠨ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠮᠡᠳᠡᠭᠳᠡᠯ︾᠎ ᠢ ᠨᠡᠶᠢᠲᠡᠯᠡᠨ᠎ᠡ᠃ ᠪᠡᠶ᠎ᠡ ᠶᠢᠨ ᠪᠠᠶᠢᠴᠠᠭᠠᠯᠲᠠ ᠳᠤ ᠣᠷᠣᠯᠴᠠᠭᠰᠠᠨ ᠰᠢᠯᠭᠠᠭᠤᠯᠤᠭᠴᠢ ᠡᠷᠬᠡᠪᠰᠢ ᠴᠠᠭ ᠲᠤᠬᠠᠢ ᠳᠤᠨᠢ ᠰᠦᠯᠵᠢᠶᠡᠨ ᠥᠷᠲᠡᠭᠡ ᠪᠤᠶᠤ ᠸᠢᠴᠠᠲ ᠤᠨ ᠨᠡᠶᠢᠲᠡ ᠶᠢᠨ ᠳ᠋ᠤᠭᠠᠷ ᠲᠤ ᠭᠠᠷᠴᠤ ᠪᠠᠶᠢᠴᠠᠭᠠᠨ ᠯᠠᠪᠯᠠᠬᠤ ᠬᠡᠷᠡᠭᠲᠡᠢ᠂ ᠲᠣᠰ ᠬᠥᠮᠥᠨ ᠨᠢ ᠬᠤᠯᠪᠣᠭᠳᠠᠯ ᠪᠦᠬᠦᠢ ᠮᠡᠳᠡᠭᠡ ᠵᠠᠩᠭᠢ ᠶᠢ ᠴᠠᠭ ᠲᠤᠬᠠᠢ ᠳᠤᠨᠢ ᠪᠠᠶᠢᠴᠠᠭᠠᠨ ᠦᠵᠡᠭᠰᠡᠨ ᠦᠭᠡᠢ ᠠᠴᠠ ᠪᠣᠯᠵᠤ᠂ ᠬᠤᠪᠢ ᠬᠥᠮᠥᠨ ᠤ ᠪᠡᠶ᠎ᠡ ᠶᠢᠨ ᠪᠠᠶᠢᠴᠠᠭᠠᠯᠲᠠ ᠶᠢ ᠨᠥᠯᠥᠭᠡᠯᠡᠪᠡᠯ ᠲᠣᠰ ᠬᠥᠮᠥᠨ ᠨᠢ ᠬᠠᠷᠢᠭᠤᠴᠠᠨ᠎ᠠ᠃         ᠯᠠᠪᠯᠠᠬᠤ ᠤᠲᠠᠰᠤ᠄ 0472-8518761         ᠬᠢᠨᠠᠯᠲᠠ ᠲᠠᠯᠪᠢᠬᠤ ᠤᠲᠠᠰᠤ᠄ 0472 ︱ 12388         ᠬᠦᠯᠢᠶᠡᠨ ᠠᠪᠤᠭᠰᠠᠨ ᠴᠠᠭ᠄ ᠦᠳᠡ ᠶᠢᠨ ᠡᠮᠦᠨ᠎ᠡ 8᠄ 30 ︱ 12᠄ 00 ᠦᠳᠡ ᠶᠢᠨ ᠬᠤᠶᠢᠨ᠎ᠠ 14᠄ 30 ︱ 17᠄ 30
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号