ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ 2023 ᠣᠨ ᠤ ᠵᠡᠮᠳᠡᠭᠴᠦᠳ ᠤᠨ ᠠᠵᠢᠯ ᠣᠯᠭᠤᠯᠲᠠ ᠶᠢᠨ ᠪᠠᠲᠤᠯᠠᠭ᠎ᠠ ᠶᠢᠨ ᠮᠥᠩᠭᠦ ᠶᠢ ᠬᠢᠨᠠᠨ ᠬᠠᠷᠭᠤᠭᠤᠯᠵᠤ ᠭᠡᠷᠡᠴᠢᠯᠡᠬᠦ ᠵᠢᠴᠢ ᠲᠠᠲᠠᠪᠤᠷᠢᠯᠠᠬᠤ ᠵᠠᠷᠯᠠᠯ
ᠨᠡᠶᠢᠲᠡᠯᠡᠭᠰᠡᠨ ᠴᠠᠭ᠄
2023/7/11
ᠡᠯ᠎ᠡ ᠬᠥᠮᠥᠨ ᠬᠡᠷᠡᠭᠯᠡᠬᠦ ᠨᠢᠭᠡᠴᠡ᠄       ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠲᠤ ᠬᠤᠷᠠᠯ ᠤᠨ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︵ᠥᠪᠥᠷ ᠡᠳ᠋ ᠤᠨ ᠵᠠᠰᠠᠭ ᠭᠠᠶᠢᠯᠢ ᠶᠢᠨ ᠲᠣᠭᠲᠠᠭᠠᠯ ﹇2021﹈ 3 ᠳ᠋ᠤᠭᠠᠷ ᠲᠣᠭᠠᠲᠤ︶᠂ ︽ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠬᠦ ᠲᠤᠬᠠᠢ ᠠᠯᠪᠠᠨ ᠵᠠᠷ︾ ︵ᠡᠳ᠋ ᠤᠨ ᠵᠠᠰᠠᠭ ᠤᠨ ᠶᠠᠮᠤᠨ ᠤ ᠠᠯᠪᠠᠨ ᠵᠠᠷ 2023 ᠣᠨ ᠤ 8 ᠳ᠋ᠤᠭᠠᠷ ᠲᠣᠭᠠᠲᠤ︶᠎ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠡᠳᠦᠭᠡ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ 2023 ᠣᠨ ᠤ ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠶᠢ ᠬᠢᠨᠠᠨ ᠬᠠᠷᠭᠤᠭᠤᠯᠵᠤ ᠭᠡᠷᠡᠴᠢᠯᠡᠬᠦ ᠵᠢᠴᠢ ᠲᠠᠲᠠᠪᠤᠷᠢᠯᠠᠬᠤ ᠠᠵᠢᠯ ᠤᠨ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄       ᠨᠢᠭᠡ᠂ ᠬᠢᠨᠠᠨ ᠬᠠᠷᠭᠤᠭᠤᠯᠵᠤ ᠭᠡᠷᠡᠴᠢᠯᠡᠬᠦ᠂ ᠲᠠᠲᠠᠪᠤᠷᠢᠯᠠᠬᠤ ᠡᠲᠡᠭᠡᠳ      ᠲᠣᠰ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠨᠠᠮ ᠵᠠᠰᠠᠭ ᠤᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠪᠦᠯᠬᠦᠮ᠂ ᠠᠵᠤ ᠠᠬᠤᠶᠢᠯᠠᠯ᠂ ᠠᠷᠠᠳ  ᠎ ᠠᠴᠠ ᠡᠷᠭᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠢ ︵ᠳᠣᠷᠣᠭᠰᠢ ᠬᠥᠮᠥᠨ ᠬᠡᠷᠡᠭᠯᠡᠬᠦ ᠨᠢᠭᠡᠴᠢ ᠭᠡᠵᠦ ᠲᠣᠪᠴᠢᠯᠠᠨ᠎ᠠ︶᠃      ᠬᠥᠮᠥᠨ ᠬᠡᠷᠡᠭᠯᠡᠬᠦ ᠨᠢᠭᠡᠴᠡ ᠨᠢ ᠲᠣᠰ ᠨᠢᠭᠡᠴᠡ ᠶᠢᠨ ᠢᠶᠠᠨ ᠠᠵᠢᠯ ᠳᠤ ᠪᠠᠶᠢᠭ᠎ᠠ ᠠᠵᠢᠯᠲᠠᠨ ᠠᠵᠢᠯᠴᠢᠨ ᠤ ᠶᠡᠷᠦᠩᠬᠡᠢ ᠲᠤᠭ᠎ᠠ ᠶᠢᠨ 1.5%᠎ ᠶᠢᠨ ᠬᠠᠷᠢᠴᠠᠯ ᠳᠤ ᠬᠦᠷᠴᠦ ᠵᠡᠮᠳᠡᠭᠴᠦᠳ ᠲᠤ ᠠᠵᠢᠯ ᠣᠯᠭᠤᠬᠤ ᠪᠠᠷ ᠲᠣᠬᠢᠷᠠᠭᠤᠯᠤᠭᠰᠠᠨ ᠪᠠᠶᠢᠪᠠᠯ᠂ ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠶᠢ ᠬᠠᠤᠯᠢ ᠶᠣᠰᠣᠭᠠᠷ ᠲᠤᠰᠢᠶᠠᠬᠤ ᠬᠡᠷᠡᠭᠲᠡᠢ᠃      ᠬᠥᠮᠥᠨ ᠬᠡᠷᠡᠭᠯᠡᠬᠦ ᠨᠢᠭᠡᠴᠡ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ ᠦᠨᠡᠮᠯᠡᠯ︾ ︵1  ᠎ ᠠᠴᠠ 2 ᠲᠠᠰ᠂ ᠣᠶᠤᠨ ᠤ ᠪᠤᠶᠤ ᠣᠶᠤᠨ ᠮᠡᠳᠡᠷᠡᠯ ᠤᠨ ᠵᠡᠮᠳᠡᠭ ᠤᠨ 3  ᠎ ᠠᠴᠠ 4 ᠲᠠᠰ︶ ᠪᠤᠶᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭ ᠴᠡᠷᠢᠭ ᠤᠨ ᠦᠨᠡᠮᠯᠡᠯ︾ ︵1  ᠎ ᠠᠴᠠ 3 ᠲᠠᠰ︶᠎ ᠲᠠᠢ ᠬᠥᠮᠥᠨ ᠢ 1 ᠨᠡᠷ᠎ᠡ ᠲᠣᠬᠢᠷᠠᠭᠤᠯᠤᠨ ᠠᠵᠢᠯ ᠣᠯᠭᠤᠭᠰᠠᠨ ᠪᠠᠶᠢᠪᠠᠯ᠂ 2 ᠨᠡᠷᠡᠰ ᠵᠡᠮᠳᠡᠭᠴᠦᠳ ᠢ ᠲᠣᠬᠢᠷᠠᠭᠤᠯᠤᠨ ᠠᠵᠢᠯ ᠣᠯᠭᠤᠭᠰᠠᠨ ᠢᠶᠠᠷ ᠪᠤᠳᠤᠨ᠎ᠠ᠃     ᠵᠡᠮᠳᠡᠭᠴᠦᠳ ᠲᠤ ᠠᠵᠢᠯ ᠣᠯᠭᠤᠬᠤ ᠪᠠᠷ ᠲᠣᠬᠢᠷᠠᠭᠤᠯᠤᠭᠰᠠᠨ ᠦᠭᠡᠢ ᠬᠥᠮᠥᠨ ᠬᠡᠷᠡᠭᠯᠡᠬᠦ ᠨᠢᠭᠡᠴᠡ ᠨᠢ ᠵᠡᠮᠳᠡᠭ ᠠᠵᠢᠯᠲᠠᠨ ᠠᠵᠢᠯᠴᠢᠨ ᠢ ᠬᠢᠨᠠᠨ ᠬᠠᠷᠭᠤᠭᠤᠯᠵᠤ ᠦᠨᠡᠮᠰᠢᠬᠦ ᠴᠢᠬᠤᠯᠠ ᠦᠭᠡᠢ᠂ ᠰᠢᠭᠤᠳ ᠡᠯᠧᠺᠲᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠠᠷ ᠳᠠᠮᠵᠢᠬᠤ ᠪᠤᠶᠤ ᠲᠤᠬᠠᠢ ᠶᠢᠨ ᠭᠠᠵᠠᠷ ᠤᠨ ᠭᠤᠣᠯᠴᠢᠯᠠᠨ ᠬᠠᠮᠢᠶᠠᠷᠬᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠬᠦᠷᠴᠦ ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠶᠢ ᠪᠡᠶ᠎ᠡ ᠪᠠᠨ ᠳᠠᠭᠠᠭᠠᠵᠤ ᠭᠤᠶᠤᠴᠢᠯᠠᠨ ᠮᠡᠳᠡᠭᠦᠯᠵᠦ ᠲᠤᠰᠢᠶᠠᠨ᠎ᠠ᠃       ᠬᠤᠶᠠᠷ᠂ ᠬᠢᠨᠠᠨ ᠬᠠᠷᠭᠤᠭᠤᠯᠵᠤ ᠭᠡᠷᠡᠴᠢᠯᠡᠬᠦ ᠴᠠᠭ ᠬᠤᠭᠤᠴᠠᠭ᠎ᠠ ᠵᠢᠴᠢ ᠠᠷᠭ᠎ᠠ ᠮᠠᠶ᠋ᠢᠭ       ︵ᠨᠢᠭᠡ︶ ᠴᠠᠭ      ᠵᠡᠮᠳᠡᠭ ᠬᠥᠮᠥᠨ ᠪᠤᠶᠤ ᠵᠡᠮᠳᠡᠭ ᠴᠡᠷᠢᠭ ︵1 ︱ 8 ᠲᠠᠰ︶᠎ ᠤᠨ ᠠᠵᠢᠯᠲᠠᠨ ᠠᠵᠢᠯᠴᠢᠨ ᠳᠤ ᠠᠵᠢᠯ ᠣᠯᠭᠤᠬᠤ ᠪᠠᠷ ᠨᠢᠭᠡᠨᠲᠡ ᠲᠣᠬᠢᠷᠠᠭᠤᠯᠤᠭᠰᠠᠨ ᠬᠥᠮᠥᠨ ᠬᠡᠷᠡᠭᠯᠡᠬᠦ ᠨᠢᠭᠡᠴᠡ 2023 ᠣᠨ ᠤ 6 ᠳ᠋ᠤᠭᠠᠷ ᠰᠠᠷ᠎ᠠ ᠶᠢᠨ 1᠎ ᠤ ᠡᠳᠦᠷ ᠠᠴᠠ 2023 ᠣᠨ ᠤ 9 ᠳ᠋ᠦᠭᠡᠷ ᠰᠠᠷ᠎ᠠ ᠶᠢᠨ 30᠎ ᠤ ᠡᠳᠦᠷ ᠪᠣᠯᠲᠠᠯ᠎ᠠ ᠬᠢᠨᠠᠨ ᠬᠠᠷᠭᠤᠭᠤᠯᠵᠤ ᠭᠡᠷᠡᠴᠢᠯᠡᠨ᠎ᠡ᠂ 2022 ᠣᠨ ᠳᠤ ᠵᠡᠮᠳᠡᠭᠴᠦᠳ ᠲᠤ ᠠᠵᠢᠯ ᠣᠯᠭᠤᠬᠤ ᠪᠠᠷ ᠨᠢᠭᠡᠨᠲᠡ ᠲᠣᠬᠢᠷᠠᠭᠤᠯᠤᠭᠰᠠᠨ ᠬᠥᠮᠥᠨ ᠬᠡᠷᠡᠭᠯᠡᠬᠦ ᠨᠢᠭᠡᠴᠡ ᠲᠣᠭᠲᠠᠭᠰᠠᠨ ᠴᠠᠭ ᠬᠤᠭᠤᠴᠠᠭᠠᠨ ᠳᠤ ᠬᠢᠨᠠᠨ ᠬᠠᠷᠭᠤᠭᠤᠯᠵᠤ ᠭᠡᠷᠡᠴᠢᠯᠡᠭᠰᠡᠨ ᠦᠭᠡᠢ ᠪᠠᠶᠢᠪᠠᠯ᠂ ᠵᠡᠮᠳᠡᠭᠴᠦᠳ ᠲᠤ ᠠᠵᠢᠯ ᠣᠯᠭᠤᠭᠰᠠᠨ ᠦᠭᠡᠢ ᠪᠠᠷ ᠦᠵᠡᠨ᠎ᠡ᠃︵ᠬᠤᠶᠠᠷ︶ ᠠᠷᠭ᠎ᠠ ᠮᠠ⌶ᠢᠭ       1. ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ ︵ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠨ᠎ᠡ︶᠄ ᠬᠥᠮᠥᠨ ᠬᠡᠷᠡᠭᠯᠡᠬᠦ ᠨᠢᠭᠡᠴᠡ PC ᠦᠵᠦᠭᠦᠷ ᠤᠨ ᠬᠠᠤᠯᠢ ᠶᠢᠨ ᠬᠥᠮᠥᠨ ᠤ ᠲᠠᠩᠰᠠᠨ ᠨᠣᠮᠧᠷ ᠢᠶᠠᠷ ᠳᠠᠮᠵᠢᠭᠤᠯᠤᠨ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠣᠷ ︵https://zwfw.nmg.gov.cn/︶᠎ ᠲᠤ ᠣᠷᠣᠵᠤ᠂ ᠭᠠᠶᠢᠯᠢ ᠶᠢᠨ ᠶᠠᠪᠤᠳᠠᠯ ᠤᠨ ᠳᠡᠩᠰᠡᠯᠡᠨ ᠲᠡᠮᠳᠡᠭᠯᠡᠭᠰᠡᠨ ᠭᠠᠵᠠᠷ ᠤᠨ ᠪᠠᠶᠢᠭ᠎ᠠ ᠵᠠᠰᠠᠭ ᠵᠠᠬᠢᠷᠭᠠᠨ ᠤ ᠣᠷᠣᠨ ᠢ ᠰᠣᠩᠭᠤᠨ᠂ ︽ᠪᠥᠬᠦ ᠤᠯᠤᠰ ᠤᠨ ᠵᠡᠮᠳᠡᠭᠴᠦᠳ ᠤᠨ ᠬᠠᠷᠢᠴᠠᠯ ᠢᠶᠠᠷ ᠠᠵᠢᠯ ᠣᠯᠣᠭᠰᠠᠨ ᠪᠠᠶᠢᠳᠠᠯ ᠢ ᠰᠦᠯᠵᠢᠶᠡᠨ ᠳᠡᠭᠡᠷ᠎ᠡ ᠭᠡᠷᠡᠴᠢᠯᠡᠨ ᠮᠠᠭᠠᠳᠯᠠᠬᠤ︾ ᠵᠦᠢᠯᠡᠰ ᠢ ᠡᠷᠢᠵᠦ᠂ ᠦᠢᠯᠡᠴᠢᠯᠡᠭᠡᠨ ᠤ ᠵᠦᠢᠯᠡᠰ ᠲᠤ ᠣᠷᠣᠭᠤᠯᠪᠠᠯ᠂ ︽ᠰᠦᠯᠵᠢᠶᠡᠨ ᠳᠡᠭᠡᠷ᠎ᠡ ᠭᠦᠢᠴᠡᠳᠬᠡᠨ᠎ᠡ︾ ︱ ︽ᠪᠢ ᠭᠤᠶᠤᠴᠢᠯᠠᠨ ᠮᠡᠳᠡᠭᠦᠯᠦᠨ᠎ᠡ︾ ᠭᠡᠳᠡᠭ ᠢ ᠲᠣᠪᠴᠢᠯᠠᠵᠤ᠂ ᠰᠦᠯᠵᠢᠶᠡᠨ ᠳᠡᠭᠡᠷ᠎ᠡ ᠪᠡᠶ᠎ᠡ ᠪᠠᠨ ᠳᠠᠭᠠᠭᠠᠵᠤ ᠭᠦᠢᠴᠡᠳᠬᠡᠨ᠎ᠡ᠃       2. ᠴᠣᠩᠬᠤ ᠪᠠᠷ ᠭᠦᠢᠴᠡᠳᠬᠡᠬᠦ ︵ᠲᠤᠬᠠᠢ ᠶᠢᠨ ᠲᠠᠯᠠᠪᠤᠷ ᠲᠤ ᠭᠦᠢᠴᠡᠳᠬᠡᠬᠦ︶᠄ ᠬᠥᠮᠥᠨ ᠬᠡᠷᠡᠭᠯᠡᠬᠦ ᠨᠢᠭᠡᠴᠡ ᠬᠢᠨᠠᠨ ᠬᠠᠷᠭᠤᠭᠤᠯᠵᠤ ᠭᠡᠷᠡᠴᠢᠯᠡᠬᠦ ᠮᠠᠲ᠋ᠧᠷᠢᠶᠠᠯ ᠢᠶᠠᠨ ᠠᠪᠴᠤ ᠭᠠᠶᠢᠯᠢ ᠶᠢᠨ ᠶᠠᠪᠤᠳᠠᠯ ᠤᠨ ᠳᠡᠩᠰᠡᠯᠡᠨ ᠲᠡᠮᠳᠡᠭᠯᠡᠭᠰᠡᠨ ᠭᠠᠵᠠᠷ ᠤᠨ ᠪᠠᠶᠢᠭ᠎ᠠ ᠵᠠᠰᠠᠭ ᠵᠠᠬᠢᠷᠭᠠᠨ ᠤ ᠣᠷᠣᠨ ᠤ ᠵᠡᠮᠳᠡᠭᠴᠦᠳ ᠲᠤ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠪᠤᠶᠤ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠴᠣᠩᠬᠤᠨ ᠳᠤ ᠬᠦᠷᠴᠦ ᠬᠢᠨᠠᠨ ᠬᠠᠷᠭᠤᠭᠤᠯᠵᠤ ᠭᠡᠷᠡᠴᠢᠯᠡᠨ᠎ᠡ᠃ᠴᠣᠩᠬᠤ ᠪᠠᠷ ᠭᠦᠢᠴᠡᠳᠬᠡᠬᠦ ᠳᠤ ᠡᠷᠬᠡᠪᠰᠢ ᠴᠠᠭᠠᠰᠤᠨ ᠮᠠᠲ᠋ᠧᠷᠢᠶᠠᠯ ᠬᠠᠩᠭᠠᠬᠤ ᠬᠡᠷᠡᠭᠲᠡᠢ᠄      ︵1︶ ᠬᠥᠮᠥᠨ ᠬᠡᠷᠡᠭᠯᠡᠬᠦ ᠨᠢᠭᠡᠴᠢ ᠶᠢᠨ ᠡᠵᠡᠩᠨᠡᠯᠲᠡ ᠶᠢᠨ ᠦᠨᠡᠮᠯᠡᠯ ᠪᠤᠶᠤ ᠬᠠᠤᠯᠢ ᠶᠢᠨ ᠬᠥᠮᠥᠨ ᠤ ᠦᠨᠡᠮᠯᠡᠯ ︵ᠬᠠᠭᠤᠯᠪᠤᠷᠢ ᠳᠡᠪᠲᠡᠷ ᠤᠨ ᠪᠠᠭᠤᠯᠭᠠᠪᠤᠷᠢ 1 ᠬᠤᠪᠢ︶;     ︵2︶ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ ᠦᠨᠡᠮᠯᠡᠯ︾ ᠪᠤᠶᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭ ᠴᠡᠷᠢᠭ ᠤᠨ ᠦᠨᠡᠮᠯᠡᠯ︾ ︵1 ︱ 8 ᠲᠠᠰ︶᠎ ᠤᠨ ᠦᠨᠡᠮᠯᠡᠯ ︵ᠤᠭ ᠮᠠᠲ᠋ᠧᠷᠢᠶᠠᠯ ᠵᠢᠴᠢ ᠪᠠᠭᠤᠯᠭᠠᠪᠤᠷᠢ 1 ᠬᠤᠪᠢ︶︔     ︵3︶ ᠵᠡᠮᠳᠡᠭ ᠠᠵᠢᠯᠲᠠᠨ ᠠᠵᠢᠯᠴᠢᠨ ᠤ ᠬᠥᠳᠡᠯᠮᠦᠷᠢ ᠶᠢᠨ ᠭᠡᠷ᠎ᠡ ᠪᠤᠶᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠣᠷᠣᠨ ᠲᠣᠭᠠᠨ ᠳᠤ ᠪᠠᠶᠢᠭ᠎ᠠ ᠭᠡᠷᠡᠴᠢ ︵ᠪᠠᠭᠤᠯᠭᠠᠪᠤᠷᠢ ᠨᠢ 1 ᠬᠤᠪᠢ︶;     ︵4︶ ᠵᠡᠮᠳᠡᠭ ᠠᠵᠢᠯᠲᠠᠨ ᠠᠵᠢᠯᠴᠢᠨ ᠤ ᠳᠡᠭᠡᠷ᠎ᠡ ᠵᠢᠯ ᠤᠨ ᠨᠠᠰᠤᠵᠢᠯ ᠤᠨ ᠠᠰᠠᠷᠠᠮᠵᠢ᠂ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠭᠰᠠᠨ ᠲᠡᠮᠳᠡᠭᠯᠡᠯ ︵ᠤᠭ ᠮᠠᠲ᠋ᠧᠷᠢᠶᠠᠯ ᠨᠢ 1 ᠬᠤᠪᠢ᠂ ᠰᠢᠰᠲ᠋ᠧᠮ ᠨᠢ ᠨᠠᠰᠤᠵᠢᠯ ᠤᠨ ᠠᠰᠠᠷᠠᠮᠵᠢ᠂ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠪᠠᠶᠢᠳᠠᠯ ᠢ ᠠᠦ᠋ᠲ᠋ᠣ᠋ ᠬᠠᠷᠭᠤᠭᠤᠯᠤᠨ ᠰᠢᠯᠭᠠᠵᠤ ᠳᠡᠶᠢᠯᠬᠦ ᠦᠭᠡᠢ ᠦᠶ᠎ᠡ ᠳᠤ ᠡᠷᠬᠡᠪᠰᠢ ᠬᠤᠪᠢ ᠬᠥᠮᠥᠨ ᠤ ᠣᠷᠣᠯᠴᠠᠭᠰᠠᠨ ᠪᠠᠲᠤᠯᠠᠭ᠎ᠠ ᠶᠢᠨ ᠲᠣᠳᠣᠷᠬᠠᠶᠢᠯᠠᠯᠲᠠ ᠶᠢ ᠬᠠᠩᠭᠠᠬᠤ ᠬᠡᠷᠡᠭᠲᠡᠢ︶︔    ︵5︶ ᠬᠥᠮᠥᠨ ᠬᠡᠷᠡᠭᠯᠡᠬᠦ ᠨᠢᠭᠡᠴᠢ ᠳᠡᠭᠡᠷ᠎ᠡ ᠵᠢᠯ ᠳᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠᠷ ᠳᠠᠮᠵᠢᠭᠤᠯᠤᠨ ᠵᠡᠮᠳᠡᠭ ᠠᠵᠢᠯᠲᠠᠨ ᠠᠵᠢᠯᠴᠢᠨ ᠳᠤ ᠴᠠᠯᠢᠩ ᠥᠭᠭᠦᠭᠰᠡᠨ ᠭᠡᠷᠡᠴᠢ ︵ᠪᠠᠭᠤᠯᠭᠠᠪᠤᠷᠢ ᠨᠢ 1 ᠬᠤᠪᠢ᠂ ᠰᠢᠰᠲ᠋ᠧᠮ ᠨᠢ ᠵᠡᠮᠳᠡᠭᠴᠦᠳ ᠤᠨ ᠴᠠᠯᠢᠩ ᠤᠨ ᠪᠠᠶᠢᠳᠠᠯ ᠢ ᠥᠪᠡᠷ ᠢᠶᠠᠨ ᠬᠢᠨᠠᠨ ᠰᠢᠯᠭᠠᠵᠤ ᠳᠡᠶᠢᠯᠬᠦ ᠦᠭᠡᠢ ᠦᠶ᠎ᠡ ᠳᠤ ᠬᠠᠩᠭᠠᠬᠤ ᠴᠢᠬᠤᠯᠠᠲᠠᠢ ᠪᠠᠶᠢᠳᠠᠭ︶;       3. ᠭᠡᠷᠡᠴᠢᠯᠡᠨ ᠮᠠᠭᠠᠳᠯᠠᠭᠰᠠᠨ ᠦᠷ᠎ᠡ ᠳ᠋ᠦᠩ ᠢ ᠬᠢᠨᠠᠨ ᠬᠠᠷᠭᠤᠭᠤᠯᠬᠤ      ᠬᠥᠮᠥᠨ ᠬᠡᠷᠡᠭᠯᠡᠬᠦ ᠨᠢᠭᠡᠴᠡ ᠬᠢᠨᠠᠨ ᠬᠠᠷᠭᠤᠭᠤᠯᠵᠤ ᠭᠡᠷᠡᠴᠢᠯᠡᠭᠡᠳ ᠪᠠᠲᠤᠯᠠᠭᠰᠠᠨ ᠤ ᠳᠠᠷᠠᠭ᠎ᠠ᠂ ᠠᠮᠠᠯᠠᠯᠲᠠ ᠪᠠᠨ ᠭᠦᠢᠴᠡᠳᠬᠡᠵᠦ ᠳᠠᠭᠤᠰᠬᠠᠬᠤ  ᠎ ᠠᠴᠠ ᠡᠮᠦᠨ᠎ᠡ ᠴᠠᠭ ᠲᠤᠬᠠᠢ ᠳᠤᠨᠢ ︽ᠮᠤᠵᠢ ᠠᠯᠤᠰᠯᠠᠨ ᠨᠡᠶᠢᠳᠡᠮ ᠰᠢᠢᠳᠪᠦᠷᠢᠯᠡᠬᠦ︾ ᠭᠤᠶᠤᠴᠢᠯᠠᠨ ᠮᠡᠳᠡᠭᠦᠯᠬᠦ ᠰᠢᠰᠲ᠋ᠧᠮ ᠳᠤ ᠣᠷᠣᠵᠤ᠂ ᠮᠡᠳᠡᠭᠳᠡᠯ ᠤᠨ ᠮᠡᠳᠡᠭᠡ ᠵᠠᠩᠭᠢ ᠶᠢ ᠣᠯᠵᠤ᠂ ᠭᠦᠢᠴᠡᠳᠬᠡᠭᠰᠡᠨ ᠪᠠᠶᠢᠳᠠᠯ ᠢ ᠣᠶᠢᠯᠠᠭᠠᠵᠤ ᠪᠣᠯᠣᠨ᠎ᠠ᠃ᠨᠢᠭᠡᠨᠲᠡ ᠰᠢᠢᠳᠪᠦᠷᠢᠯᠡᠵᠦ ᠳᠠᠭᠤᠰᠬᠠᠭᠰᠠᠨ ᠪᠠᠶᠢᠪᠠᠯ᠂ ᠡᠯᠧᠺᠲᠷᠣᠨ ᠦᠨᠡᠮᠰᠢᠯ ᠤᠨ ᠪᠢᠴᠢᠭ ᠢ ᠪᠠᠭᠤᠯᠭᠠᠵᠤ ᠳᠠᠷᠤᠮᠠᠯᠯᠠᠨ᠎ᠠ᠃ᠭᠤᠷᠪᠠ᠂ ᠲᠠᠲᠠᠪᠤᠷᠢᠯᠠᠬᠤ ᠴᠠᠭ ᠬᠤᠭᠤᠴᠠᠭ᠎ᠠ ᠬᠢᠭᠡᠳ ᠲᠤᠰᠢᠶᠠᠬᠤ ᠠᠷᠭ᠎ᠠ ᠮᠠ⌶ᠢᠭ     ︵ᠨᠢᠭᠡ︶ ᠴᠠᠭ     ᠵᠡᠮᠳᠡᠭᠴᠦᠳ ᠢ ᠲᠣᠬᠢᠷᠠᠭᠤᠯᠤᠭᠰᠠᠨ ᠦᠭᠡᠢ ᠬᠥᠮᠥᠨ ᠬᠡᠷᠡᠭᠯᠡᠬᠦ ᠨᠢᠭᠡᠴᠡ᠄ 2023 ᠣᠨ ᠤ 10 ᠰᠠᠷ᠎ᠠ ᠶᠢᠨ 31᠎ ᠤ ᠡᠳᠦᠷ ᠪᠣᠯᠲᠠᠯ᠎ᠠ     ᠵᠡᠮᠳᠡᠭᠴᠦᠳ ᠢ ᠲᠣᠬᠢᠷᠠᠭᠤᠯᠤᠭᠰᠠᠨ ᠬᠥᠮᠥᠨ ᠬᠡᠷᠡᠭᠯᠡᠬᠦ ᠨᠢᠭᠡᠴᠡ᠄ 2023 ᠣᠨ ᠤ 6 ᠳ᠋ᠤᠭᠠᠷ ᠰᠠᠷ᠎ᠠ ᠶᠢᠨ 1᠎ ᠤ ᠡᠳᠦᠷ ᠠᠴᠠ 2023 ᠣᠨ ᠤ 10 ᠳ᠋ᠤᠭᠠᠷ ᠰᠠᠷ᠎ᠠ ᠶᠢᠨ 31᠎ ᠤ ᠡᠳᠦᠷ ᠪᠣᠯᠲᠠᠯ᠎ᠠ᠃      ︵ᠬᠤᠶᠠᠷ︶ ᠠᠷᠭ᠎ᠠ ᠮᠠ⌶ᠢᠭ     ᠡᠯᠧᠺᠲᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠠᠷ ᠪᠤᠶᠤ ᠲᠤᠬᠠᠢ ᠶᠢᠨ ᠭᠠᠵᠠᠷ ᠤᠨ ᠭᠠᠶᠢᠯᠢ ᠶᠢᠨ ᠶᠠᠪᠤᠳᠠᠯ ᠤᠨ ᠡᠷᠭᠢᠯᠡᠨ ᠬᠠᠮᠢᠶᠠᠷᠬᠤ ᠪᠠᠶᠢᠭᠤᠯᠭ᠎ᠠ ᠳᠤ ᠬᠦᠷᠴᠦ     ︵ᠭᠤᠷᠪᠠ︶ ᠲᠠᠲᠠᠪᠤᠷᠢᠯᠠᠨ ᠲᠤᠰᠢᠶᠠᠬᠤ ᠪᠠᠷᠢᠮᠵᠢᠶ᠎ᠠ    ᠪᠠᠲᠤᠯᠠᠭ᠎ᠠ ᠶᠢᠨ ᠮᠥᠩᠭᠦ ᠶᠢᠨ ᠵᠢᠯ ᠤᠨ ᠲᠤᠰᠢᠶᠠᠬᠤ ᠲᠤᠭ᠎ᠠ = ︵ᠳᠡᠭᠡᠷ᠎ᠡ ᠵᠢᠯ ᠤᠨ ᠬᠥᠮᠥᠨ ᠬᠡᠷᠡᠭᠯᠡᠬᠦ ᠨᠢᠭᠡᠴᠡ ᠶᠢᠨ ᠠᠵᠢᠯ ᠳᠤ ᠪᠠᠶᠢᠭ᠎ᠠ ᠠᠵᠢᠯᠲᠠᠨ ᠠᠵᠢᠯᠴᠢᠨ ᠤ ᠲᠤᠭ᠎ᠠ × 1.5% ︱ ᠳᠡᠭᠡᠷ᠎ᠡ ᠵᠢᠯ ᠤᠨ ᠬᠥᠮᠥᠨ ᠬᠡᠷᠡᠭᠯᠡᠬᠦ ᠨᠢᠭᠡᠴᠡ ᠶᠢᠨ ᠪᠣᠳᠠᠲᠠᠢ ᠲᠣᠬᠢᠷᠠᠭᠤᠯᠤᠭᠰᠠᠨ ᠵᠡᠮᠳᠡᠭᠴᠦᠳ ᠤᠨ ᠠᠵᠢᠯ ᠣᠯᠣᠭᠰᠠᠨ ᠬᠥᠮᠥᠨ ᠤ ᠲᠤᠭ᠎ᠠ︶ × ᠳᠡᠭᠡᠷ᠎ᠡ ᠵᠢᠯ ᠤᠨ ᠬᠥᠮᠥᠨ ᠬᠡᠷᠡᠭᠯᠡᠬᠦ ᠨᠢᠭᠡᠴᠡ ᠶᠢᠨ ᠠᠵᠢᠯ ᠳᠤ ᠪᠠᠶᠢᠭ᠎ᠠ ᠠᠵᠢᠯᠲᠠᠨ ᠠᠵᠢᠯᠴᠢᠨ ᠤ ᠵᠢᠯ ᠤᠨ ᠳᠤᠮᠳᠠᠴᠢ ᠴᠠᠯᠢᠩ᠃     ᠪᠠᠲᠤᠯᠠᠭ᠎ᠠ ᠶᠢᠨ ᠮᠥᠩᠭᠦ ᠲᠠᠲᠠᠪᠤᠷᠢᠯᠠᠬᠤ ᠪᠠᠷᠢᠮᠵᠢᠶ᠎ᠠ ᠶᠢᠨ ᠳᠡᠭᠡᠳᠦ ᠬᠢᠵᠠᠭᠠᠷ ᠢ ᠲᠤᠬᠠᠢ ᠶᠢᠨ ᠭᠠᠵᠠᠷ ᠤᠨ ᠨᠡᠶᠢᠭᠡᠮ ᠤᠨ ᠳᠤᠮᠳᠠᠴᠢ ᠴᠠᠯᠢᠩ ᠤᠨ 2 ᠳᠠᠬᠢᠨ ᠢᠶᠠᠷ ᠬᠡᠷᠡᠭᠵᠢᠭᠦᠯᠦᠨ᠎ᠡ᠃       ᠳᠥᠷᠪᠡ᠂ ᠲᠥᠷᠥ ᠶᠢᠨ ᠪᠣᠳᠣᠯᠭ᠎ᠠ ᠶᠢᠨ ᠬᠥᠩᠭᠡᠯᠡᠵᠦ ᠬᠡᠯᠲᠦᠷᠢᠭᠦᠯᠬᠦ      ︵ᠨᠢᠭᠡ︶ ᠲᠠᠰ ᠬᠤᠪᠢᠶᠠᠨ ᠲᠠᠲᠠᠪᠤᠷᠢᠯᠠᠬᠤ ᠶᠢ ᠬᠡᠷᠡᠭᠵᠢᠭᠦᠯᠦᠨ᠎ᠡ᠃2023 ᠣᠨ ᠤ 1 ᠳ᠋ᠦᠭᠡᠷ ᠰᠠᠷ᠎ᠠ ᠶᠢᠨ 1᠎ ᠤ ᠡᠳᠦᠷ ᠠᠴᠠ 2027 ᠣᠨ ᠤ 12 ᠳ᠋ᠤᠭᠠᠷ ᠰᠠᠷ᠎ᠠ ᠶᠢᠨ 31᠎ ᠤ ᠡᠳᠦᠷ ᠪᠣᠯᠲᠠᠯ᠎ᠠ᠂ ᠬᠥᠮᠥᠨ ᠬᠡᠷᠡᠭᠯᠡᠬᠦ ᠨᠢᠭᠡᠴᠡ ᠠᠴᠠ ᠵᠡᠮᠳᠡᠭᠴᠦᠳ ᠲᠤ ᠠᠵᠢᠯ ᠣᠯᠭᠤᠭᠰᠠᠨ ᠬᠠᠷᠢᠴᠠᠯ ᠢ 1% ︵ᠪᠠᠭᠲᠠᠨ᠎ᠠ︶  ᠎ ᠠᠴᠠ 1.5% ︵ᠪᠠᠭᠲᠠᠬᠤ ᠦᠭᠡᠢ︶᠎ ᠶᠢᠨ ᠬᠤᠭᠤᠷᠣᠨᠳᠤ ᠲᠣᠬᠢᠷᠠᠭᠤᠯᠤᠭᠰᠠᠨ ᠪᠠᠶᠢᠪᠠᠯ᠂ ᠲᠤᠰᠢᠶᠠᠪᠠᠰᠤ ᠵᠣᠬᠢᠬᠤ ᠰᠦᠢᠳᠬᠡᠯ ᠤᠨ ᠲᠣᠭᠠᠨ ᠤ 50%᠎ ᠪᠠᠷ ᠪᠠᠲᠤᠯᠠᠭ᠎ᠠ ᠶᠢᠨ ᠮᠥᠩᠭᠦ ᠲᠠᠲᠠᠪᠤᠷᠢᠯᠠᠨ᠎ᠠ︔ᠬᠥᠮᠥᠨ ᠬᠡᠷᠡᠭᠯᠡᠬᠦ ᠨᠢᠭᠡᠴᠡ ᠵᠡᠮᠳᠡᠭᠴᠦᠳ ᠲᠤ ᠠᠵᠢᠯ ᠣᠯᠭᠤᠬᠤ ᠬᠠᠷᠢᠴᠠᠯ ᠨᠢ 1%  ᠎ ᠠᠴᠠ ᠳᠣᠷᠣᠭᠰᠢ ᠪᠠᠶᠢᠪᠠᠯ ︵ᠵᠡᠮᠳᠡᠭᠴᠦᠳ ᠲᠤ ᠠᠵᠢᠯ ᠣᠯᠭᠤᠬᠤ ᠦᠭᠡᠢ ᠬᠥᠮᠥᠨ ᠬᠡᠷᠡᠭᠯᠡᠬᠦ ᠨᠢᠭᠡᠴᠡ ᠪᠠᠭᠲᠠᠨ᠎ᠠ︶᠎ ᠨᠢ ᠲᠤᠰᠢᠶᠠᠪᠠᠰᠤ ᠵᠣᠬᠢᠬᠤ ᠰᠦᠢᠳᠬᠡᠯ ᠤᠨ ᠲᠣᠭᠠᠨ ᠤ 90%᠎ ᠪᠠᠷ ᠪᠠᠲᠤᠯᠠᠭ᠎ᠠ ᠶᠢᠨ ᠮᠥᠩᠭᠦ ᠲᠠᠲᠠᠪᠤᠷᠢᠯᠠᠨ᠎ᠠ᠃     ︵ᠬᠤᠶᠠᠷ︶ ᠵᠢᠵᠢᠭ ᠪᠢᠴᠢᠯ ᠠᠵᠤ ᠠᠬᠤᠶᠢᠯᠠᠯ ᠤᠨ ᠪᠠᠲᠤᠯᠠᠭ᠎ᠠ ᠶᠢᠨ ᠮᠥᠩᠭᠦ ᠲᠠᠲᠠᠪᠤᠷᠢᠯᠠᠬᠤ ᠶᠢ ᠲᠦᠷ ᠬᠡᠯᠲᠦᠷᠢᠭᠦᠯᠦᠨ᠎ᠡ᠃2023 ᠣᠨ ᠤ 1 ᠳ᠋ᠦᠭᠡᠷ ᠰᠠᠷ᠎ᠠ ᠶᠢᠨ 1᠎ ᠤ ᠡᠳᠦᠷ ᠠᠴᠠ 2027 ᠣᠨ ᠤ 12 ᠳ᠋ᠤᠭᠠᠷ ᠰᠠᠷ᠎ᠠ ᠶᠢᠨ 31᠎ ᠤ ᠡᠳᠦᠷ ᠪᠣᠯᠲᠠᠯ᠎ᠠ᠂ ᠠᠵᠢᠯ ᠳᠤ ᠪᠠᠶᠢᠭ᠎ᠠ ᠠᠵᠢᠯᠲᠠᠨ ᠠᠵᠢᠯᠴᠢᠨ ᠤ ᠲᠤᠭ᠎ᠠ ᠨᠢ 30 ᠬᠥᠮᠥᠨ ︵ᠪᠠᠭᠲᠠᠨ᠎ᠠ︶  ᠎ ᠠᠴᠠ ᠳᠣᠷᠣᠭᠰᠢᠬᠢ ᠠᠵᠤ ᠠᠬᠤᠶᠢᠯᠠᠯ  ᠎ ᠠᠴᠠ ᠵᠡᠮᠳᠡᠭᠴᠦᠳ ᠤᠨ ᠠᠵᠢᠯ ᠣᠯᠭᠤᠯᠲᠠ ᠶᠢᠨ ᠪᠠᠲᠤᠯᠠᠭ᠎ᠠ ᠶᠢᠨ ᠮᠥᠩᠭᠦ ᠲᠠᠲᠠᠪᠤᠷᠢᠯᠠᠬᠤ ᠶᠢ ᠲᠦᠷ ᠬᠡᠯᠲᠦᠷᠢᠭᠦᠯᠦᠨ᠎ᠡ᠃        ᠭᠠᠶᠢᠯᠢ ᠶᠢᠨ ᠶᠠᠪᠤᠳᠠᠯ ᠣᠨ        ᠠᠭᠤᠷᠬᠠᠢ ᠶᠢᠨ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠄ 0472 ︱ 8512366               ᠵᠡᠮᠳᠡᠭᠴᠦᠳ ᠤᠨ ᠬᠤᠯᠪᠣᠭᠠᠨ ᠤ ᠠᠰᠠᠭᠤᠨ ᠯᠠᠪᠯᠠᠬᠤ ᠳ᠋ᠢᠶᠠᠩᠬᠤᠸᠠ               ᠪᠠᠶ᠋ᠬᠠᠤᠪᠤᠭ᠎ᠠ‌ᠠᠭᠤᠷᠬᠠᠢ ᠶᠢᠨ ᠣᠷᠣᠨ ᠤ ᠵᠡᠮᠳᠡᠭᠴᠦᠳ ᠤᠨ ᠬᠤᠯᠪᠣᠭ᠎ᠠ᠄ 0472 ︱ 8516260
 
ᠢᠷᠡᠯᠲᠡ᠄ ᠵᠡᠮᠳᠡᠭᠴᠦᠳ ᠤᠨ ᠬᠤᠯᠪᠣᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号