ᠣᠶᠢᠷ᠎ᠠ ᠶᠢᠨ ᠬᠤᠭᠤᠴᠠᠭᠠᠨ ᠳᠤ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ | ᠣᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠳᠤ ᠪᠠᠶᠢᠩᠭᠤ ᠲᠣᠬᠢᠶᠠᠯᠳᠤᠳᠠᠭ ︽ᠬᠠᠮᠢᠭ᠎ᠠ ᠣᠴᠢᠵᠤ ᠭᠦᠢᠴᠡᠳᠬᠡᠬᠦ ᠪᠠᠨ ᠮᠡᠳᠡᠬᠦ ᠦᠭᠡᠢ᠂ ᠭᠡᠷ ᠤᠨ | ᠣᠶᠢᠷ᠎ᠠ ᠬᠠᠪᠢ ᠳᠤ ᠬᠠᠮᠢᠭ᠎ᠠ ᠭᠦᠢᠴᠡᠳᠬᠡᠪᠡᠯ ᠬᠠᠮᠤᠭ ᠤᠨ ᠲᠥᠬᠦᠮ︾ ᠪᠠᠶᠢᠬᠤ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠡᠷᠡᠭᠯᠡᠬᠦ ᠳᠤ | ᠲᠥᠬᠦᠮ︾ ᠪᠠᠶᠢᠬᠤ ᠵᠠᠷᠴᠢᠮ ᠢ ᠪᠠᠷᠢᠮᠲᠠᠯᠠᠨ᠂ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ︵ᠪᠤᠭᠤᠲᠤ ᠶᠢᠨ ᠥᠷᠲᠡᠭᠡ | ᠴᠡᠭ︶ ᠳᠤ ︽ᠪᠤᠭᠤᠲᠤ ᠶᠢᠨ ᠵᠠᠰᠠᠭ ᠤᠨ ᠶᠠᠪᠤᠳᠠᠯ ᠤᠨ ᠭᠠᠵᠠᠷ ᠤᠨ ᠵᠢᠷᠤᠭ︾ ᠢ ᠰᠦᠯᠵᠢᠶᠡᠨ ᠳᠤ ᠣᠷᠣᠭᠤᠯᠤᠨ ᠬᠡᠷᠡᠭᠯᠡᠪᠡ᠃ᠵᠠᠰᠠᠭ ᠤᠨ ᠶᠠᠪᠤᠳᠠᠯ ᠤᠨ | ᠭᠠᠵᠠᠷ ᠤᠨ ᠵᠢᠷᠤᠭ ᠨᠢ ᠤᠯᠠᠮᠵᠢᠯᠠᠯᠲᠤ ᠬᠡᠷᠡᠭ ᠶᠠᠪᠤᠳᠠᠯ ᠰᠢᠢᠳᠪᠦᠷᠢᠯᠡᠬᠦ ᠵᠦᠭᠯᠡᠭᠦᠷ ᠪᠣᠯᠤᠭᠰᠠᠨ ᠤ ᠬᠤᠪᠢ ᠳᠤ ᠬᠤᠲᠠ ᠶᠢᠨ ᠠᠷᠠᠳ ᠤᠨ ᠬᠡᠷᠡᠭ ᠶᠠᠪᠤᠳᠠᠯ | ᠰᠢᠢᠳᠪᠦᠷᠢᠯᠡᠬᠦ ᠶᠢ ᠵᠢᠭᠠᠨ ᠵᠢᠯᠤᠭᠤᠳᠬᠤ ᠶᠢᠨ ᠨᠢᠭᠡᠨ ᠨᠥᠬᠦᠪᠦᠷᠢ ᠪᠣᠯᠤᠭᠰᠠᠨ ᠤ ᠬᠤᠪᠢ ᠳᠤ᠂ ᠳᠥᠷᠪᠡᠨ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ᠂ ᠬᠡᠷᠡᠭ ᠶᠠᠪᠤᠳᠠᠯ ᠢᠶᠠᠷ ᠭᠤᠣᠯ ᠪᠣᠯᠭᠠᠨ᠂ ᠵᠠᠰᠠᠭ ᠤᠨ ᠶᠠᠪᠤᠳᠠᠯ ᠤᠨ | ᠦᠢᠯᠡᠴᠢᠯᠡᠭᠡ᠂ ᠰᠦᠯᠵᠢᠶᠡᠨ ᠠᠴᠠ ᠭᠠᠳᠠᠨᠠᠬᠢ ᠲᠣᠣᠷ ᠴᠡᠭ᠂ ᠭᠠᠵᠠᠷ ᠵᠦᠢ ᠶᠢᠨ ᠮᠡᠳᠡᠭᠡ ᠵᠠᠩᠭᠢ ᠶᠢᠨ ᠣᠷᠭᠠᠨᠢᠭ ᠬᠤᠯᠪᠣᠭ᠎ᠠ ᠶᠢ ᠪᠣᠶ ᠪᠣᠯᠭᠠᠵᠤ᠂ ᠬᠡᠷᠡᠭ | ᠶᠠᠪᠤᠳᠠᠯ ᠭᠦᠢᠴᠡᠳᠭᠡᠭᠴᠢ ᠶᠢᠨ ︽ᠶᠠᠭᠠᠬᠢᠪᠠᠯ ᠵᠣᠬᠢᠬᠤ︾ ︽ᠶᠠᠭᠤ ᠭᠦᠢᠴᠡᠳᠬᠡᠬᠦ︾ ︽ᠬᠠᠮᠢᠭ᠎ᠠ ᠣᠴᠢᠵᠤ ᠭᠦᠢᠴᠡᠳᠬᠡᠬᠦ︾ ᠭᠤᠷᠪᠠᠨ ᠭᠤᠣᠯ ᠬᠡᠷᠡᠭᠴᠡᠭᠡ ᠶᠢ | ᠰᠢᠢᠳᠪᠦᠷᠢᠯᠡᠨ᠎ᠡ᠃ | ᠪᠤᠭᠤᠲᠤ ᠬᠤᠲᠠ ᠶᠢᠨ ᠵᠠᠰᠠᠭ ᠤᠨ ᠶᠠᠪᠤᠳᠠᠯ ᠤᠨ ᠭᠠᠵᠠᠷ ᠤᠨ ᠵᠢᠷᠤᠭ ᠲᠤ 1 ᠬᠤᠲᠠ ᠶᠢᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠶᠡᠭᠡ ᠲᠢᠩᠬᠢᠮ᠂ 10 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠤᠪᠢᠶᠠᠷᠢ ᠲᠥᠪ᠂ 84 ᠪᠠᠯᠭᠠᠰᠤ ︵ᠵᠡᠭᠡᠯᠢ ᠭᠤᠳᠤᠮᠵᠢ︶ ᠶᠢᠨ ᠠᠷᠠᠳ ᠲᠤ ᠲᠥᠬᠦᠮ | ᠦᠵᠡᠭᠦᠯᠬᠦ ᠦᠢᠯᠡᠴᠢᠯᠡᠭᠡᠨ ᠤ ᠲᠥᠪ᠂ 780 ᠲᠣᠰᠬᠤᠨ ︵ᠨᠡᠶᠢᠭᠡᠮ ᠲᠣᠭᠤᠷᠢᠭ︶ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠶᠢ | ᠴᠤᠭᠯᠠᠷᠠᠭᠤᠯᠵᠤ᠂ ᠨᠢᠭᠡ ᠵᠢᠷᠤᠭ ᠰᠦᠯᠵᠢᠶ᠎ᠡ ᠪᠠᠷ ᠵᠠᠰᠠᠭ ᠤᠨ ᠶᠠᠪᠤᠳᠠᠯ ᠤᠨ ᠲᠣᠣᠷ ᠴᠢᠭ᠋ ᠪᠠᠶᠢᠭᠤᠯᠬᠤ᠂ ᠨᠢᠭᠡ ᠲᠣᠪᠴᠢ ᠪᠠᠷ ᠦᠢᠯᠡᠴᠢᠯᠡᠭᠡᠨ ᠤ ᠮᠡᠳᠡᠭᠡ | ᠵᠠᠩᠭᠢ ᠶᠢ ᠡᠷᠢᠬᠦ ᠶᠢ ᠪᠡᠶᠡᠯᠡᠭᠦᠯᠪᠡ᠃ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠣᠷ ︵ᠪᠤᠭᠤᠲᠤ ᠶᠢᠨ ᠥᠷᠲᠡᠭᠡ︶ ᠤᠨ | ᠣᠨᠴᠠᠯᠢᠭᠲᠤ ᠲᠤᠰᠬᠠᠢ ᠣᠷᠣᠨ ᠢᠶᠠᠷ ᠳᠠᠮᠵᠢᠭᠤᠯᠤᠨ ︽ᠪᠤᠭᠤᠲᠤ ᠶᠢᠨ ᠵᠠᠰᠠᠭ ᠤᠨ ᠶᠠᠪᠤᠳᠠᠯ ᠤᠨ ᠭᠠᠵᠠᠷ ᠤᠨ ᠵᠢᠷᠤᠭ︾ ᠲᠤ ᠣᠷᠣᠵᠤ᠂ ᠤᠴᠢᠷ ᠶᠠᠪᠤᠳᠠᠯ | ᠰᠢᠢᠳᠪᠦᠷᠢᠯᠡᠬᠦ ᠣᠯᠠᠨ ᠲᠦᠮᠡᠨ ᠣᠷᠣᠨ ᠪᠠᠶᠢᠷᠢ ᠲᠣᠭᠲᠠᠭᠠᠬᠤ ᠡᠷᠬᠡ ᠶᠢᠨ ᠬᠢᠵᠠᠭᠠᠷ ᠢᠶᠠᠨ ᠨᠡᠭᠡᠭᠡᠭᠰᠡᠨ ᠤ ᠳᠠᠷᠠᠭ᠎ᠠ᠂ ᠰᠢᠰᠲ᠋ᠧᠮ ᠨᠢ ᠣᠳᠣᠬᠠᠨ ᠤ ᠣᠷᠣᠨ | ᠪᠠᠶᠢᠷᠢ ᠪᠠᠨ ᠠᠶᠠᠨᠳᠠᠭᠠᠨ ᠣᠯᠵᠤ ᠪᠣᠯᠣᠨ᠎ᠠ᠂ ᠡᠷᠬᠢᠨ ᠲᠣᠭᠤᠷᠢᠨ ᠤ ᠪᠣᠳᠠᠲᠠᠢ ᠲᠣᠣᠷ ᠴᠡᠭ ᠢ ᠲᠣᠪᠴᠢᠳᠠᠭᠰᠠᠨ ᠤ ᠳᠠᠷᠠᠭ᠎ᠠ ᠡᠯ᠎ᠡ ᠤᠴᠢᠷ ᠶᠠᠪᠤᠳᠠᠯ | ᠰᠢᠢᠳᠪᠦᠷᠢᠯᠡᠬᠦ ᠴᠡᠭ ᠤᠨ ᠲᠣᠪᠴᠢ ᠲᠠᠨᠢᠯᠴᠠᠭᠤᠯᠭ᠎ᠠ᠂ ᠠᠵᠢᠯᠯᠠᠬᠤ ᠴᠠᠭ᠂ ᠠᠰᠠᠭᠤᠨ ᠯᠠᠪᠯᠠᠬᠤ ᠳ᠋ᠢᠶᠠᠩᠬᠤᠸᠠ᠂ ᠪᠣᠳᠠᠲᠠᠢ ᠣᠷᠣᠨ ᠪᠠᠶᠢᠷᠢ᠂ ᠨᠡᠶᠢᠲᠡ ᠶᠢᠨ | ᠮᠠᠰᠢᠨ ᠲᠡᠷᠭᠡᠨ ᠤ ᠵᠠᠮ ᠱᠤᠭᠤᠮ᠂ ᠵᠠᠮ ᠤᠨ ᠵᠠᠮᠴᠢ ᠵᠡᠷᠭᠡ ᠶᠢ ᠰᠢᠭᠤᠳ ᠳᠦᠷᠰᠦᠯᠢᠭ ᠢᠶᠠᠷ ᠣᠯᠵᠤ ᠬᠠᠷᠠᠵᠤ᠂ ᠠᠵᠤ ᠠᠬᠤᠶᠢᠯᠠᠯ ᠤᠨ ᠣᠯᠠᠨ ᠲᠦᠮᠡᠨ ᠤ | ᠤᠴᠢᠷ ᠶᠠᠪᠤᠳᠠᠯ ᠰᠢᠢᠳᠪᠦᠷᠢᠯᠡᠬᠦ ᠭᠠᠵᠠᠷ ᠢᠶᠠᠨ ᠰᠣᠩᠭᠤᠬᠤ ᠳᠤ ᠪᠦᠷᠢᠨ ᠭᠦᠢᠴᠡᠳ ᠯᠠᠪᠯᠠᠯᠲᠠ ᠶᠢᠨ ᠦᠨᠳᠦᠰᠦᠯᠡᠯ ᠬᠠᠩᠭᠠᠵᠤ ᠪᠣᠯᠣᠨ᠎ᠠ᠃ᠤᠯᠠᠨ ᠲᠦᠮᠡᠨ | ᠪᠠᠰᠠ ᠥᠪᠡᠷ ᠢᠶᠠᠨ ᠡᠵᠡᠨ ᠮᠡᠳᠡᠵᠤ ᠭᠠᠵᠠᠷ ᠣᠷᠣᠨ ᠢᠶᠠᠨ ᠦᠨᠳᠦᠰᠦᠯᠡᠨ ᠬᠡᠷᠡᠭ ᠡᠷᠬᠢᠯᠡᠬᠦ ᠭᠠᠵᠠᠷ ᠢ ᠡᠷᠢᠵᠦ ᠪᠣᠯᠣᠨ᠎ᠠ᠃ | ᠲᠠᠷᠠᠭᠠᠴᠢ ᠶᠢᠨ ᠠᠯᠬᠤᠮ ᠳᠤ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ | ᠠᠴᠠ ᠵᠠᠰᠠᠭ ᠤᠨ ᠶᠠᠪᠤᠳᠠᠯ ᠤᠨ ᠲᠣᠭᠠᠴᠢᠯᠠᠭᠰᠠᠨ ᠭᠠᠵᠠᠷ ᠤᠨ ᠵᠢᠷᠤᠭ ᠢ ᠦᠷᠭᠦᠯᠵᠢᠯᠡᠨ ᠰᠢᠯᠢᠳᠡᠭᠵᠢᠭᠦᠯᠵᠦ᠂ ᠣᠯᠠᠨ ᠲᠦᠮᠡᠨ ᠤ ᠬᠡᠷᠡᠭᠴᠡᠭᠡ ᠪᠦᠬᠦᠢ ᠥᠨᠳᠥᠷ | ᠳᠠᠪᠲᠠᠮᠵᠢᠲᠤ ᠦᠢᠯᠡᠴᠢᠯᠡᠭᠡ ᠳᠤ ᠴᠢᠭᠯᠡᠭᠦᠯᠦᠨ᠂ ᠡᠯ᠎ᠡ ᠠᠵᠢᠯ ᠶᠠᠪᠤᠳᠠᠯ ᠭᠦᠢᠴᠡᠳᠬᠡᠬᠦ ᠴᠡᠭ ᠤᠨ ᠭᠦᠢᠴᠡᠳᠬᠡᠵᠦ ᠪᠣᠯᠬᠤ ᠵᠦᠢᠯᠡᠰ ᠤᠨ ᠬᠠᠮᠢᠶ᠎ᠠ ᠪᠦᠬᠦᠢ ᠮᠡᠳᠡᠭᠡ | ᠵᠠᠩᠭᠢ ᠶᠢ ᠪᠠᠶᠢᠴᠠᠭᠠᠨ ᠯᠠᠪᠯᠠᠬᠤ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠡᠯ᠎ᠡ ᠲᠥᠷᠥᠯ ᠤᠨ ᠲᠤᠰᠬᠠᠢ ᠰᠡᠳᠦᠪᠲᠦ ᠦᠢᠯᠡᠴᠢᠯᠡᠭᠡᠨ ᠤ ᠪᠠᠶᠢᠴᠠᠭᠠᠨ | ᠯᠠᠪᠯᠠᠯᠲᠠ ᠶᠢ ᠥᠷᠭᠡᠳᠬᠡᠨ᠎ᠡ᠂ ᠵᠢᠱᠢᠶᠡᠯᠡᠪᠡᠯ ᠳᠤᠯᠠᠭᠠᠯᠠᠭ᠎ᠠ ᠶᠢᠨ ᠡᠵᠡᠩᠨᠡᠯᠲᠡ ᠶᠢᠨ ᠲᠣᠣᠷ ᠴᠡᠭ᠂ ᠰᠢᠲᠠᠮᠠᠬᠠᠢ ᠬᠡᠢ ᠶᠢᠨ ᠡᠵᠡᠩᠨᠡᠯᠲᠡ ᠶᠢᠨ ᠲᠣᠣᠷ ᠴᠡᠭ᠂ | ᠲᠡᠷᠭᠡᠨ ᠵᠣᠭᠰᠣᠭᠠᠯ ᠵᠡᠷᠭᠡ᠃ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠣᠣᠷ ᠴᠢᠭ᠋ ᠢ ᠪᠦᠬᠦᠨ ᠢ ᠬᠠᠮᠤᠷᠬᠤ ᠶᠢ ᠬᠦᠴᠦᠯᠡᠨ ᠪᠡᠶᠡᠯᠡᠭᠦᠯᠵᠦ᠂ ᠨᠢᠭᠡ | ᠬᠠᠭᠤᠳᠠᠰᠤ ᠬᠡᠷᠡᠭᠯᠡᠭᠡᠨ ᠤ ᠠᠬᠤᠢ ᠪᠠᠶᠢᠳᠠᠯ ᠢ ᠪᠠᠶᠠᠯᠢᠭᠵᠢᠭᠤᠯᠤᠨ᠂ ᠠᠵᠢᠯ ᠶᠠᠪᠤᠳᠠᠯ ᠭᠦᠢᠴᠡᠳᠬᠡᠬᠦ ᠠᠵᠤ ᠠᠬᠤᠶᠢᠯᠠᠯ ᠪᠠ ᠣᠯᠠᠨ ᠲᠦᠮᠡᠨ ᠳᠤ ︽ᠬᠤᠷᠤᠭᠤᠨ | ᠦᠵᠦᠭᠦᠷ ᠢ ᠨᠢ ᠪᠠᠶᠢᠴᠠᠭᠠᠵᠤ᠂ ᠣᠶᠢᠷ᠎ᠠ ᠬᠠᠪᠢ ᠳᠤᠨᠢ ᠭᠦᠢᠴᠡᠳᠬᠡᠬᠦ︾ ᠳᠥᠭᠦᠮ ᠳᠥᠲᠡ ᠥᠨᠳᠥᠷ ᠪᠦᠲᠦᠮᠵᠢᠲᠡᠶ ᠦᠢᠯᠡᠴᠢᠯᠡᠭᠡᠨ ᠤ ᠣᠶᠢᠯᠠᠭᠠᠯᠲᠠ ᠶᠢ | ᠦᠨᠡᠨᠬᠦ ᠮᠡᠳᠡᠷᠡᠭᠦᠯᠬᠦ ᠬᠡᠷᠡᠭᠲᠡᠢ᠃ |