ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠲᠣᠭᠲᠠᠭᠠᠬᠤ ᠭᠤᠣᠯ ᠴᠣᠭᠴᠠ ᠶᠢ ᠨᠡᠶᠢᠲᠡᠯᠡᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/7/25
ᠣᠷᠣᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠬᠤᠯᠪᠣᠭᠳᠠᠯ ᠪᠦ᠋ᠬᠦᠢ ᠨᠢᠭᠡᠴᠡ ᠨᠦᠭᠦᠳ ᠲᠤ᠄      ᠵᠠᠰᠠᠭ ᠵᠠᠬᠢᠷᠭᠠᠨ ᠤ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠵᠤ ᠳᠠᠩᠰᠠᠯᠠᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ︽ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ ᠲᠣᠭᠲᠠᠴᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠵᠢᠯᠤᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ﹇2018﹈ 115 ᠳ᠋ᠤᠭᠠᠷ ᠲᠣᠭᠠᠲᠤ︶᠎ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠬᠤ ᠪᠠ ᠳᠡᠩᠰᠡᠯᠡᠵᠦ ᠬᠢᠨᠠᠯᠲᠠ ᠲᠠᠯᠪᠢᠬᠤ ᠠᠷᠭ᠎ᠠ︾ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 191 ᠳ᠋ᠦᠭᠡᠷ ᠲᠣᠭᠠᠲᠤ︶᠎ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ︽ᠪᠥᠬᠦ ᠣᠷᠣᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠳᠡᠩᠰᠡᠯᠡᠵᠦ ᠬᠢᠨᠠᠯᠲᠠ ᠲᠠᠯᠪᠢᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠢ ᠮᠡᠳᠡᠭᠳᠡᠯ︾ ︵ᠥᠪᠥᠷ ᠰᠧ ᠲᠦᠩ ﹇2020﹈ 2 ᠳ᠋ᠤᠭᠠᠷ ᠲᠣᠭᠠᠲᠤ︶᠎ ᠤᠨ ᠱᠠᠭᠠᠷᠳᠠᠯᠭ᠎ᠠ ᠶᠣᠰᠣᠭᠠᠷ᠂ ᠣᠷᠣᠨ ᠤ ᠵᠠᠰᠠᠭ ᠤᠨ ᠣᠷᠳᠣᠨ  ᠎ ᠠᠴᠠ ᠣᠷᠣᠨ ᠤ ᠲᠣᠰ ᠱᠠᠲᠤᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠲᠣᠭᠲᠠᠭᠠᠬᠤ ᠭᠤᠣᠯ ᠴᠣᠭᠴᠠ ᠶᠢ ᠡᠮᠬᠢᠯᠡᠨ ᠳᠢᠭᠯᠡᠵᠦ᠂ ᠡᠳᠦᠭᠡ ᠨᠡᠶᠢᠲᠡᠯᠡᠪᠡ ︵ᠨᠡᠷᠡᠰ ᠤᠨ ᠵᠢᠭᠰᠠᠭᠠᠯᠲᠠ ᠶᠢ ᠳᠠᠭᠠᠯᠳᠤᠭᠤᠯᠤᠯ ᠳᠤ ᠦᠵᠡ︶᠃      ᠲᠣᠰ ᠨᠡᠷᠡᠰ ᠤᠨ ᠵᠢᠭᠰᠠᠭᠠᠯᠲᠠ ᠶᠢ ᠲᠣᠭᠲᠠᠭᠠᠬᠤ ᠭᠤᠣᠯ ᠴᠣᠭᠴᠠ  ᠎ ᠠᠴᠠ ᠪᠤᠰᠤᠳ ᠨᠢᠭᠡᠴᠡ᠂ ᠪᠠᠶᠢᠭᠤᠯᠤᠮᠵᠢ ︵ᠡᠯ᠎ᠡ ᠲᠥᠷᠥᠯ ᠤᠨ ᠲᠦᠷ ᠴᠠᠭ ᠤᠨ ᠪᠠᠶᠢᠭᠤᠯᠤᠮᠵᠢ᠂ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠵᠢᠴᠢ ᠲᠡᠭᠦᠨ ᠤ ᠠᠯᠪᠠᠨ ᠭᠡᠷ᠂ ᠰᠠᠯᠠᠭ᠎ᠠ ᠮᠥᠴᠢᠷ ᠤᠨ ᠳᠣᠲᠣᠭᠠᠳᠤ ᠪᠠᠶᠢᠭᠤᠯᠤᠮᠵᠢ᠂ ᠲᠣᠮᠢᠯᠠᠭᠰᠠᠨ ᠪᠠᠶᠢᠭᠤᠯᠤᠮᠵᠢ᠂ ᠰᠠᠯᠠᠭ᠎ᠠ ᠮᠥᠴᠢᠷ ᠤᠨ ᠬᠠᠮᠢᠶᠠᠷᠴᠤ ᠪᠠᠶᠢᠭ᠎ᠠ ᠬᠤᠶᠠᠳᠤᠭᠠᠷ ᠳᠡᠰ ᠤᠨ ᠨᠢᠭᠡᠴᠡ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠭᠠᠷ ᠨᠠᠶᠢᠳᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠪᠠᠭᠲᠠᠨ᠎ᠠ︶᠎ ᠨᠤᠭᠤᠳ ᠲᠣᠰ ᠨᠢᠭᠡᠴᠡ᠂ ᠲᠣᠰ ᠪᠠᠶᠢᠭᠤᠯᠤᠮᠵᠢ ᠶᠢᠨ ᠨᠡᠷ᠎ᠡ ᠪᠠᠷ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠨ ᠲᠠᠷᠬᠠᠭᠠᠵᠤ ᠪᠣᠯᠬᠤ ᠦᠭᠡᠢ᠃ ᠲᠡᠭᠦᠨ ᠤ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠵᠦᠢᠯᠡᠰ ᠨᠢ ᠵᠢᠷᠤᠮᠵᠢᠯ ᠤᠨ ᠴᠢᠨᠠᠷᠲᠠᠢ ᠪᠢᠴᠢᠭ  ᠮᠠᠲ᠋ᠧᠷᠢᠶᠠᠯ ᠲᠣᠭᠲᠠᠭᠠᠬᠤ ᠦᠨᠡᠨᠬᠦ ᠴᠢᠬᠤᠯᠠ ᠲᠠᠢ ᠪᠣᠯ ᠲᠤᠰ ᠨᠡᠷᠡᠰ  ᠤᠨ ᠵᠢᠭᠰᠠᠭᠠᠯᠲᠠ ᠳᠠᠬᠢ ᠲᠣᠭᠲᠠᠭᠠᠬᠤ ᠭᠤᠣᠯ ᠴᠣᠭᠴᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠳᠡᠪᠰᠢᠭᠦᠯᠦᠨ ᠲᠣᠭᠲᠠᠭᠠᠯᠭᠠᠨ᠎ᠠ᠃       ᠲᠤᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ᠂ ᠨᠡᠷᠡᠰ ᠤᠨ ᠵᠢᠭᠰᠠᠭᠠᠯᠲᠠ ᠳᠠᠬᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠬᠤ ᠭᠤᠣᠯ ᠴᠣᠭᠴᠠ ᠥᠪᠡᠷ ᠤᠨ ᠨᠡᠷ᠎ᠡ ᠪᠠᠷ ᠢᠶᠠᠨ ᠵᠠᠰᠠᠭ ᠵᠠᠬᠢᠷᠭᠠᠨ ᠤ ᠡᠭᠦᠷᠭᠡ ᠬᠠᠷᠢᠭᠤᠴᠠᠯᠭ᠎ᠠ ᠶᠢᠨ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶᠡᠨ ᠳᠠᠬᠢ ᠬᠡᠷᠡᠭ ᠶᠠᠪᠤᠳᠠᠯ ᠳᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠭᠰᠠᠨ ᠪᠣᠯ ᠡᠷᠬᠡᠪᠰᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠬᠤ ᠪᠠ ᠳᠡᠩᠰᠡᠯᠡᠵᠦ ᠬᠢᠨᠠᠯᠲᠠ ᠲᠠᠯᠪᠢᠬᠤ ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 191 ᠳ᠋ᠦᠭᠡᠷ ᠲᠣᠭᠠᠲᠤ︶᠎ ᠶᠢᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ᠂ ᠬᠠᠤᠯᠢ ᠪᠠᠷ ᠲᠣᠭᠲᠠᠭᠠᠭᠰᠠᠨ ᠡᠷᠬᠡ ᠶᠢᠨ ᠬᠢᠵᠠᠭᠠᠷ ᠪᠠ ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ ᠢ ᠦᠨᠳᠦᠰᠦᠯᠡᠨ ᠲᠣᠭᠲᠠᠭᠠᠨ ᠶᠠᠪᠤᠭᠤᠯᠤᠭᠰᠠᠨ ᠤ ᠳᠠᠷᠠᠭ᠎ᠠ ᠰᠠᠶ᠋ᠢ ᠭᠠᠳᠠᠭᠰᠢ ᠨᠡᠶᠢᠲᠡᠯᠡᠵᠦ ᠪᠣᠯᠣᠨ᠎ᠠ᠂ ᠡᠭᠦᠨ ᠤ ᠬᠠᠮᠲᠤ ᠲᠣᠭᠲᠠᠭᠠᠭᠰᠠᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠣᠶᠤᠨᠴᠢᠯᠠᠭᠰᠠᠨ ᠨᠢᠭᠡ ᠴᠣᠭᠴᠠᠵᠢᠭᠰᠠᠨ ᠲᠠᠪᠴᠠᠩ ᠢ ᠪᠦᠷᠢᠳᠬᠡᠨ ᠳᠠᠩᠰᠠᠯᠠᠬᠤ ᠬᠡᠷᠡᠭᠲᠡᠢ᠃       ᠵᠢᠷᠤᠮᠵᠢᠯ ᠣᠨ ᠴᠢᠨᠠᠷᠲᠠᠢ ᠪᠢᠴᠢᠭ ᠮᠠ⌲ᠧᠷᠢᠶᠠᠯ ᠲᠣᠭᠲᠠᠭᠠᠬᠤ ᠭᠤᠣᠯ ᠴᠣᠭᠴᠠ ᠳᠤ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠵᠦ᠂ ᠵᠠᠰᠠᠭ ᠣᠨ ᠣᠷᠳᠣᠨ ᠣ ᠪᠠᠶᠢᠭᠤᠯᠤᠮᠵᠢ ᠶᠢᠨ ᠥᠭᠡᠷᠡᠴᠢᠯᠡᠯᠲᠡ ᠪᠣᠯᠣᠨ ᠬᠠᠤᠯᠢ ᠴᠠᠭᠠᠵᠠ᠂ ᠬᠠᠤᠯᠢ ᠲᠣᠭᠲᠠᠭᠠᠯ ᠣᠨ ᠲᠣᠬᠢᠷᠠᠭᠤᠯᠤᠯᠲᠠ ᠶᠢ ᠦᠨᠳᠦᠰᠦᠯᠡᠨ᠂ ᠵᠢᠷᠤᠮᠵᠢᠯ ᠟ᠣᠨ ᠴᠢᠨᠠᠷᠲᠠᠢ ᠪᠢᠴᠢᠭ ᠮᠠ ᠧᠷᠢᠶᠠᠯ ᠲᠣᠭᠲᠠᠭᠠᠬᠤ ᠭᠤᠣᠯ ᠴᠣᠭᠴᠠ ᠶᠢ ᠴᠠᠭ ᠲᠤᠬᠠᠢ ᠲᠤᠨᠢ ᠬᠢᠨᠠᠨ ᠬᠠᠷᠭᠤᠭᠤᠯᠬᠤ ᠶᠢᠨ ᠬᠠᠮᠲᠤ ᠨᠡᠶᠢᠭᠡᠮ ᠎ ᠲᠤ ᠨᠡᠶᠢᠲᠡᠯᠡᠬᠦ ᠬᠡᠷᠡᠭᠲᠡᠢ᠃     ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                               2023 ᠣᠨ ᠤ 7 ᠰᠠᠷ᠎ᠠ ᠶᠢᠨ 18᠎ ᠤ ᠡᠳᠦᠷ
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号