ᠣᠯᠠᠨ ᠰᠠᠯᠠᠭ᠎ᠠ ᠮᠥᠴᠢᠷ ᠬᠠᠮᠲᠤᠷᠠᠨ ᠬᠠᠤᠯᠢ ᠬᠡᠷᠡᠭᠵᠢᠭᠦᠯᠵᠦ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠴᠡᠭᠴᠡᠯᠡᠪᠡ
ᠨᠡᠶᠢᠲᠡᠯᠡᠭᠰᠡᠨ ᠴᠠᠭ᠄
2023/8/1
     7 ᠰᠠᠷ᠎ᠠ ᠶᠢᠨ 28᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠤᠭᠠᠴᠠᠯ ᠤᠨ ᠲᠢᠩᠬᠢᠮ ᠲᠦᠷᠦᠭᠦᠯᠡᠵᠦ᠂ ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠪᠤᠭᠤᠲᠤ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠬᠥᠬᠡᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠣᠷᠳᠣᠰ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠵᠡᠷᠭᠡ ᠣᠯᠠᠨ ᠨᠢᠭᠡᠴᠡ ᠲᠠᠢ ᠬᠤᠯᠪᠤᠭᠠᠯᠠᠨ᠂ ︽ᠬᠥᠬᠡᠬᠤᠲᠠ ᠪᠤᠭᠤᠲᠤ ᠣᠷᠳᠣᠰ︾᠎ ᠤᠨ ᠭᠠᠵᠠᠷ ᠣᠷᠣᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠵᠢᠷᠤᠮᠵᠢᠯ ᠦᠭᠡᠢ᠂ ᠪᠣᠯᠪᠠᠰᠤᠨ ᠪᠤᠰᠤ ᠦᠶᠯᠡ ᠠᠵᠢᠯᠯᠠᠭ᠎ᠠ ᠳᠤ ᠴᠢᠭᠯᠡᠭᠦᠯᠦᠨ ᠬᠠᠮᠲᠤᠷᠠᠨ ᠬᠠᠤᠯᠢ ᠬᠡᠷᠡᠭᠵᠢᠭᠦᠯᠦᠨ᠎ᠡ᠃       ᠲᠤᠬᠠᠢ ᠶᠢᠨ ᠡᠳᠦᠷ᠂ ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠢᠷᠠᠮᠥᠶᠢᠨ ᠪᠠᠯᠭᠠᠰᠤᠨ ᠤ ᠲᠡᠭᠷᠢ ᠶᠢᠨ ᠣᠷᠳᠣᠨ ᠤ ᠲᠠᠯ᠎ᠠ ᠨᠤᠲᠤᠭ᠂ ᠮᠣᠩᠭᠤᠯ ᠸᠠᠩ ᠴᠧᠩ᠂ ᠵᠦᠢᠨ ᠠᠶᠢᠯᠢ ᠵᠡᠷᠭᠡ ᠵᠤᠭᠠᠴᠠᠯ ᠤᠨ ᠦᠵᠡᠮᠵᠢ ᠶᠢᠨ ᠣᠷᠣᠨ ᠢᠶᠠᠷ ᠲᠣᠭᠤᠷᠢᠨ ᠦᠵᠡᠪᠡ᠃ ᠣᠶᠢᠷ᠎ᠠ ᠶᠢᠨ ᠬᠤᠭᠤᠴᠠᠭᠠᠨ ᠳᠤ ᠢᠯᠡᠷᠡᠭᠰᠡᠨ ᠪᠣᠯᠪᠠᠰᠤᠨ ᠪᠤᠰᠤ ᠬᠢᠮᠳᠠ ᠦᠨ᠎ᠡ ᠶᠢᠨ ᠵᠢᠭᠤᠯᠴᠢᠯᠠᠯ᠂ ᠪᠣᠯᠪᠠᠰᠤᠨ ᠪᠤᠰᠤ ᠪᠠᠷ ᠵᠣᠴᠢᠨ ᠳᠠᠶᠢᠯᠠᠬᠤ ᠦᠵᠡᠭᠳᠡᠯ ᠳᠤ ᠴᠢᠭᠯᠡᠭᠦᠯᠦᠨ ᠲᠤᠬᠠᠢ ᠶᠢᠨ ᠭᠠᠵᠠᠷ ᠲᠤᠨᠢ ᠬᠦᠷᠴᠦ ᠰᠤᠷᠪᠤᠯᠵᠢᠯᠠᠨ᠂ ᠲᠤᠬᠠᠢ ᠶᠢᠨ ᠲᠠᠯᠠᠪᠤᠷ ᠲᠤᠨᠢ ᠪᠠᠶᠢᠴᠠᠭᠠᠨ ᠵᠢᠭᠰᠠᠭᠠᠵᠤ᠂ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠤᠨ ᠲᠤᠬᠠᠶᠢᠯᠠᠭᠰᠠᠨ ᠠᠵᠢᠯ ᠢ ᠵᠥᠪᠰᠢᠶᠡᠷᠡᠭᠦᠯᠦᠭᠰᠡᠨ ᠦᠭᠡᠢ ᠪᠠᠷ ᠡᠵᠡᠩᠨᠡᠬᠦ᠂ ᠬᠤᠳᠠᠯ ᠬᠠᠭᠤᠷᠮᠠᠭ ᠤᠬᠠᠭᠤᠯᠭ᠎ᠠ ᠬᠢᠬᠦ᠂ ᠵᠢᠭᠤᠯᠴᠢᠯᠠᠯ ᠤᠨ ᠬᠥᠲᠥᠴᠢ ᠠᠴᠠ ᠵᠢᠭᠤᠯᠴᠢᠯᠠᠭᠴᠢᠳ ᠢ ᠮᠡᠬᠡᠯᠡᠨ ᠰᠦᠷᠳᠡᠭᠦᠯᠬᠦ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠬᠢᠷᠢ ᠲᠦᠪᠰᠢᠨ ᠳᠣᠣᠷ᠎ᠠ ᠵᠡᠷᠭᠡ ᠠᠰᠠᠭᠤᠳᠠᠯ ᠣᠷᠣᠰᠢᠵᠤ ᠪᠠᠶᠢᠬᠤ ᠡᠰᠡᠬᠦ ᠶᠢ ᠭᠤᠣᠯᠳᠠᠯᠭ᠎ᠠ ᠲᠠᠢ ᠪᠠᠷ ᠪᠠᠶᠢᠴᠠᠭᠠᠵᠤ ᠭᠡᠷᠡᠴᠢ ᠠᠪᠤᠨ᠎ᠠ᠃       ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠳᠤᠭᠤᠶᠢᠯᠠᠩ ᠰᠢᠷᠠᠮᠥᠶᠢᠨ ᠪᠠᠯᠭᠠᠰᠤᠨ ᠳᠤ ︽ᠬᠥᠬᠡᠬᠤᠲᠠ ᠪᠤᠭᠤᠲᠤ ᠣᠷᠳᠣᠰ︾ ᠣᠷᠣᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠠᠮᠲᠤᠷᠠᠭᠰᠠᠨ ᠬᠠᠤᠯᠢ ᠬᠡᠷᠡᠭᠵᠢᠭᠦᠯᠬᠦ ᠲᠤᠬᠠᠢ ᠶᠢᠨ ᠲᠠᠯᠠᠪᠠᠶ ᠶᠢᠨ ᠠᠵᠢᠯ ᠤᠨ ᠶᠠᠷᠢᠯᠴᠠᠬᠤ ᠬᠤᠷᠠᠯ ᠬᠢᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠣᠶᠢᠷ᠎ᠠ ᠶᠢᠨ ᠬᠤᠭᠤᠴᠠᠭᠠᠨ ᠤ ︽ᠬᠥᠬᠡᠬᠤᠲᠠ ᠪᠤᠭᠤᠲᠤ ᠣᠷᠳᠣᠰ︾᠎ ᠤᠨ ᠭᠠᠵᠠᠷ ᠣᠷᠣᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠲᠤ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠤᠨ ᠲᠣᠭᠤᠷᠢᠨ ᠳᠤ᠂ ᠨᠢᠭᠤᠷᠲᠠᠨ᠂ ᠴᠡᠭ ᠠᠴᠠ ᠴᠡᠭ ᠲᠤ ᠬᠦᠷᠬᠦ ᠲᠤᠬᠠᠢ ᠶᠢᠨ ᠲᠠᠯᠠᠪᠤᠷ ᠲᠤᠨᠢ ᠵᠠᠯᠠᠷᠠᠭᠤᠯᠤᠨ᠂ ᠪᠥᠬᠦ ᠲᠠᠯ᠎ᠠ ᠪᠠᠷ ᠵᠠᠯᠠᠷᠠᠭᠤᠯᠵᠤ᠂ ᠳᠣᠩᠰᠣᠯᠭᠠᠯᠲᠠ ᠶᠢ ᠪᠣᠶ ᠪᠣᠯᠭᠠᠵᠤ᠂ ᠬᠤᠯᠪᠤᠭᠠᠯᠠᠨ ᠬᠠᠤᠯᠢ ᠬᠡᠷᠡᠭᠵᠢᠭᠦᠯᠬᠦ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠣᠭᠲᠣᠬᠠᠨ ᠴᠤ ᠠᠭᠤᠴᠢᠯᠠᠬᠤ ᠦᠭᠡᠢ ᠣᠪᠣᠷ ᠢᠶᠠᠷ᠂ ᠡᠶᠢᠮᠦᠷᠬᠦ ᠠᠰᠠᠭᠤᠳᠠᠯ ᠡᠭᠦᠰᠬᠦ ᠶᠢ ᠦᠨᠳᠦᠰᠦ ᠰᠤᠷᠪᠤᠯᠵᠢ  ᠎ ᠠᠴᠠ ᠨᠢ ᠰᠡᠷᠭᠡᠶᠢᠯᠡᠨ ᠬᠤᠷᠢᠭᠯᠠᠨ᠎ᠠ᠃       ᠬᠤᠷᠠᠯ ᠠᠴᠠ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠤᠭᠠᠴᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠴᠡᠭᠴᠡᠯᠡᠨ ᠵᠠᠰᠠᠬᠤ ᠶᠢ ᠭᠦᠨᠵᠡᠭᠡᠢ ᠥᠷᠨᠢᠭᠦᠯᠵᠦ᠂ ︽ᠣᠶᠢᠯᠠᠭᠠᠬᠤ ᠰᠡᠳᠬᠢᠬᠦᠢ︾᠎ ᠶᠢ ᠴᠢᠩᠭᠠᠳᠬᠠᠵᠤ᠂ ᠦᠨᠳᠦᠰᠦ ᠰᠤᠷᠪᠤᠯᠵᠢ ᠶᠢ ᠨᠢ ᠭᠦᠨᠵᠡᠭᠡᠢ ᠠᠭᠤᠳᠠᠯᠵᠤ᠂ ᠬᠡᠷᠡᠭᠴᠡᠭᠡ ᠲᠠᠢ ᠪᠥᠭᠡᠳ ᠲᠤᠰᠠᠲᠠᠢ ᠠᠷᠭᠠᠴᠠᠬᠤ ᠠᠷᠭ᠎ᠠ ᠪᠣᠯᠣᠨ ᠦᠨᠳᠦᠰᠦᠨ ᠠᠴᠠ ᠨᠢ ᠵᠠᠰᠠᠬᠤ ᠠᠷᠭ᠎ᠠ ᠪᠣᠳᠣᠯᠭ᠎ᠠ ᠶᠢ ᠭᠠᠷᠭᠠᠬᠤ ᠬᠡᠷᠡᠭᠲᠡᠢ᠃ ᠣᠳᠣᠬᠠᠨ ᠤ ᠪᠠᠶᠢᠳᠠᠯ ᠳᠠᠭᠠᠨ ᠰᠠᠭᠤᠷᠢᠯᠠᠵᠤ᠂ ᠠᠯᠤᠰ ᠬᠤᠯᠠ ᠶᠢ ᠪᠣᠳᠣᠯᠬᠢᠯᠠᠵᠤ᠂ ᠠᠩᠬᠠᠷᠤᠯ ᠲᠥᠪᠯᠡᠷᠡᠭᠰᠡᠨ ᠠᠰᠠᠭᠤᠳᠠᠯ᠂ ᠬᠠᠯᠠᠮᠰᠢᠯ ᠭᠠᠵᠠᠷ ᠣᠷᠣᠨ᠂ ᠭᠤᠣᠯᠳᠠᠯᠭ᠎ᠠ ᠲᠠᠢ ᠬᠦᠷᠢᠶ᠎ᠡ ᠶᠢ ᠳᠤᠪᠤᠶᠢᠯᠭᠠᠵᠤ᠂ ᠳᠦᠷᠢᠮ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠰᠠᠶᠢᠨ ᠰᠠᠶᠢᠬᠠᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠦᠴᠦᠲᠡᠢ ᠬᠠᠮᠠᠭᠠᠯᠠᠬᠤ ᠬᠡᠷᠡᠭᠲᠡᠢ︔ ᠰᠠᠨᠠᠭᠠᠴᠢᠯᠠᠭ᠎ᠠ ᠠᠴᠠ ᠪᠠᠨ ᠦᠭᠡ ᠬᠡᠯᠡᠬᠦ ᠶᠢ ᠪᠠᠷᠢᠮᠲᠠᠯᠠᠵᠤ᠂ ᠨᠡᠶᠢᠭᠡᠮ ᠤᠨ ᠠᠩᠬᠠᠷᠤᠯ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ ᠢᠳᠡᠪᠬᠢ ᠬᠦᠴᠦᠨ ᠢ ᠢᠳᠡᠪᠬᠢᠲᠡᠢ ᠤᠯᠠᠮᠵᠢᠯᠠᠵᠤ᠂ ᠵᠤᠭᠠᠴᠠᠯ ᠤᠨ ᠬᠥᠭᠵᠢᠯᠲᠡ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠪᠠᠷᠢᠮᠲᠠᠯᠠᠵᠤ᠂ ᠲᠣᠭᠲᠠᠴᠠ ᠶᠢ ᠰᠢᠯᠤᠭᠤᠳᠬᠠᠵᠤ᠂ ᠰᠠᠯᠠᠭ᠎ᠠ ᠮᠥᠴᠢᠷ ᠤᠨ ᠭᠤᠣᠯᠯᠠᠨ ᠬᠠᠮᠢᠶᠠᠷᠬᠤ ᠬᠠᠷᠢᠭᠤᠴᠠᠯᠭ᠎ᠠ᠂ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠴᠡᠭᠴᠡᠯᠡᠨ ᠵᠠᠰᠠᠬᠤ ᠪᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠢ ᠪᠠᠶᠢᠩᠭᠤᠵᠢᠭᠤᠯᠬᠤ᠂ ᠤᠷᠳᠤ ᠬᠤᠭᠤᠴᠠᠭ᠎ᠠ ᠪᠠᠷ ᠪᠦᠲᠦᠮᠵᠢᠲᠡᠢ ᠪᠣᠯᠭᠠᠬᠤ᠂ ᠳᠦᠷᠢᠮᠵᠢᠭᠦᠯᠬᠦ ᠶᠢ ᠠᠬᠢᠭᠤᠯᠬᠤ ᠬᠡᠷᠡᠭᠲᠡᠢ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号