ᠮᠠᠨ ᠤ ᠣᠷᠣᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠯᠠᠪᠳᠠᠭᠤᠨ ᠪᠠᠲᠤᠲᠠᠢ | ᠲᠦᠯᠬᠢᠨ ᠠᠬᠢᠭᠤᠯᠵᠤ᠂ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠮᠡᠳᠡᠬᠦ ᠨᠣᠷᠮ᠎ᠠ ᠶᠢ ᠪᠦᠲᠦᠮᠵᠢᠲᠡᠶ ᠳᠡᠭᠡᠭᠰᠢᠯᠡᠭᠦᠯᠦᠨ᠂ ᠪᠠᠶᠢᠴᠠᠭᠠᠭᠳᠠᠬᠤ | ᠡᠲᠡᠭᠡᠳ ᠤᠨ ᠬᠠᠮᠵᠢᠯᠴᠠᠬᠤ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠶᠢᠨ ᠲᠤᠰᠠᠳᠠ᠂ 8 ᠳ᠋ᠤᠭᠠᠷ ᠰᠠᠷ᠎ᠠ ᠶᠢᠨ 22 ᠤᠨ ᠡᠳᠦᠷ᠂ ᠣᠷᠣᠨ ᠤ ᠠᠵᠤ ᠠᠬᠤᠢ ᠶᠢᠨ | ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠠᠴᠠ ︽ᠲᠠᠪᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ︾ ᠤᠨ ᠲᠥᠪᠯᠡᠷᠡᠩᠭᠦᠢ ᠤᠬᠠᠭᠤᠯᠭ᠎ᠠ ᠶᠢᠨ | ᠠᠵᠢᠯᠯᠠᠭ᠎ᠠ ᠥᠷᠨᠢᠭᠦᠯᠪᠡ᠃ | ᠤᠬᠠᠭᠤᠯᠭ᠎ᠠ ᠶᠢᠨ ᠲᠤᠬᠠᠢ ᠶᠢᠨ ᠲᠠᠯᠠᠪᠠᠢ ᠳᠤ᠂ ᠡᠩ ᠤᠨ ᠠᠯᠪᠠᠨ ᠭᠡᠷ ᠤᠨ ᠠᠵᠢᠯᠲᠠᠨ ᠠᠴᠠ ᠨᠠᠰᠢ ᠴᠠᠰᠢ ᠥᠩᠭᠡᠷᠡᠬᠦ ᠰᠠᠭᠤᠭᠠᠯᠢ ᠠᠷᠠᠳ ᠲᠤ ᠡᠪᠬᠡᠮᠡᠯ | ᠬᠠᠭᠤᠳᠠᠰᠤ᠂ ᠪᠠᠶᠢᠴᠠᠭᠠᠨ ᠲᠣᠳᠣᠷᠬᠠᠶᠢᠯᠠᠯᠲᠠ ᠶᠢᠨ ᠮᠡᠳᠡᠭᠳᠡᠯ ᠤᠨ ᠪᠢᠴᠢᠭ ᠲᠠᠷᠬᠠᠭᠠᠵᠤ᠂ ᠤᠯᠠᠨ ᠲᠦᠮᠡᠨ ᠳᠤ︽ᠲᠠᠪᠤᠨ ᠠᠵᠤ ᠠᠬᠤᠢ ᠶᠢ ᠲᠦᠭᠡᠮᠡᠯᠵᠢᠭᠦᠯᠬᠦ︾ | ᠬᠠᠮᠢᠶ᠎ᠠ ᠪᠦᠬᠦᠢ ᠮᠡᠳᠡᠯᠭᠡ ᠵᠢᠴᠢ ᠠᠵᠢᠯ ᠥᠷᠨᠢᠭᠦᠯᠬᠦ ᠵᠠᠩᠭᠢᠯᠠᠭ᠎ᠠ ᠶᠢᠨ ᠴᠡᠭ ᠤᠨ ᠲᠣᠬᠢᠷᠠᠭᠤᠯᠤᠯᠲᠠ ᠶᠢ ᠨᠢᠭᠤᠷᠳᠠᠨ ᠲᠠᠶᠢᠯᠪᠤᠷᠢᠯᠠᠵᠤ᠂ ᠤᠯᠠᠨ ᠲᠦᠮᠡᠨ ᠤ | ᠠᠩᠬᠠᠷᠴᠤ ᠪᠠᠶᠢᠭ᠎ᠠ ᠪᠠ ᠠᠩᠬᠠᠷᠴᠤ ᠪᠠᠶᠢᠭ᠎ᠠ ᠠᠰᠠᠭᠤᠳᠠᠯ ᠢ ᠬᠦᠯᠢᠴᠡᠩᠭᠦᠢ ᠪᠠᠷ ᠬᠠᠷᠢᠭᠤᠯᠵᠤ᠂ ᠤᠬᠠᠭᠤᠯᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ | ᠤᠬᠠᠭᠤᠯᠭ᠎ᠠ ᠶᠢᠨ ᠨᠥᠯᠥᠭᠡ ᠶᠢ ᠥᠷᠭᠡᠳᠬᠡᠪᠡ᠃ | ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠠᠴᠠ ᠭᠠᠳᠠᠨ᠎ᠠ᠂ ᠣᠷᠣᠨ ᠤ ᠠᠵᠤ ᠠᠬᠤᠢ ᠡᠩ ᠤᠨ ᠠᠯᠪᠠᠨ ᠭᠡᠷ ᠪᠠᠰᠠ ᠨᠡᠶᠢᠳᠡᠮ ᠪᠠᠶᠢᠴᠠᠭᠠᠯᠲᠠ ᠶᠢᠨ | ᠠᠭᠤᠯᠭ᠎ᠠ ᠲᠠᠢ ᠤᠶᠠᠯᠳᠤᠭᠤᠯᠤᠨ᠂ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠺᠠᠷᠲ᠋ᠣᠨ ᠣᠬᠤᠷ ᠹᠢᠯᠢᠮ ᠢ ᠦᠢᠯᠡᠳᠴᠦ᠂ ᠨᠡᠶᠢᠳᠡᠮ | ᠪᠠᠶᠢᠴᠠᠭᠠᠯᠲᠠ ᠶᠢᠨ ᠡᠲᠡᠭᠡᠳ ᠲᠤ ᠨᠢᠭᠡ ᠬᠤᠪᠢ ᠵᠠᠬᠢᠳᠠᠯ ᠢᠯᠡᠭᠡᠵᠦ᠂ ᠰᠢᠨ᠎ᠡ ᠵᠠᠭᠤᠴᠢᠯᠠᠭᠤᠷ ᠤᠨ ᠠᠷᠭ᠎ᠠ ᠪᠠᠷᠢᠯ ᠢ ᠬᠡᠷᠡᠭᠯᠡᠨ ᠠᠵᠤ ᠠᠬᠤᠢ ᠡᠩ ᠤᠨ | ᠤᠬᠠᠭᠤᠯᠭ᠎ᠠ ᠶᠢᠨ ᠬᠡᠪᠴᠢᠶ᠎ᠡ ᠶᠢ ᠥᠷᠭᠡᠳᠬᠡᠬᠦ ᠪᠠᠷ ᠬᠦᠴᠦᠯᠡᠨ ᠴᠢᠷᠮᠠᠶᠢᠪᠠ᠃ | | |