ᠮᠠᠨ ᠤ ᠬᠤᠲᠠ ᠰᠣᠶᠣᠯ ᠪᠡᠶ᠎ᠡ ᠶᠢᠨ ᠲᠠᠮᠢᠷ ᠤᠨ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠬᠡᠷᠡᠭᠯᠡᠭᠡᠨ ᠤ ᠰᠣᠯᠢᠯᠴᠠᠭᠠᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/8/28
     8 ᠰᠠᠷ᠎ᠠ ᠶᠢᠨ 25᠎ ᠤ ᠡᠳᠦᠷ᠂ ᠮᠠᠨ ᠤ ᠬᠤᠲᠠ ᠰᠣᠶᠣᠯ ᠪᠡᠶ᠎ᠡ ᠶᠢᠨ ᠲᠠᠮᠢᠷ ᠤᠨ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠬᠡᠷᠡᠭᠯᠡᠭᠡᠨ ᠤ ᠰᠣᠯᠢᠯᠴᠠᠭᠠᠨ ᠤ ᠠᠵᠢᠯᠯᠠᠭ᠎ᠠ ᠥᠷᠨᠢᠭᠦᠯᠪᠡ᠃      ᠤᠯᠤᠰ ᠤᠨ ᠰᠣᠶᠣᠯ ᠪᠠ ᠵᠤᠭᠠᠴᠠᠯ ᠤᠨ ᠶᠠᠮᠤᠨ ᠤ ᠠᠵᠤ ᠦᠢᠯᠡᠰ ᠤᠨ ᠬᠥᠭᠵᠢᠯᠲᠡ ᠶᠢᠨ ᠵᠤᠷᠭᠠᠨ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠪᠡᠶ᠎ᠡ ᠶᠢᠨ ᠲᠠᠮᠢᠷ ᠤᠨ ᠠᠵᠤ ᠠᠬᠤᠢ ᠶᠢᠨ ᠵᠤᠷᠭᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠭᠤᠣᠯ ᠵᠤᠷᠢᠯᠳᠠᠳᠤ ᠶᠠᠷᠢᠶ᠎ᠠ ᠲᠠᠯᠪᠢᠵᠤ᠂ ᠳᠤᠮᠳᠠᠳᠤ ᠤᠯᠤᠰ ᠤᠨ ᠰᠣᠶᠣᠯ ᠤᠨ ᠵᠠᠭᠤᠴᠢᠯᠠᠭᠤᠷ ᠤᠨ ᠪᠦᠯᠦᠭᠯᠡᠯ ᠤᠨ ᠬᠠᠷᠢᠭᠤᠴᠠᠯᠭᠠᠲᠠᠨ ᠰᠣᠯᠢᠯᠴᠠᠨ ᠬᠤᠪᠢᠶᠠᠯᠴᠠᠵᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠤᠭᠠᠴᠠᠯ ᠤᠨ ᠲᠢᠩᠬᠢᠮ ᠤᠨ ᠳᠡᠳ᠋ ᠳᠠᠷᠤᠭ᠎ᠠ ᠸᠧᠢ ᡁᠢ ᡁᠢ ᠪᠠᠶᠠᠷ ᠤᠨ ᠦᠭᠡ ᠬᠡᠯᠡᠪᠡ᠃  ᠬᠤᠲᠠ  ᠎ ᠶᠢᠨ ᠳᠡᠳ᠋ ᠳᠠᠷᠤᠭ᠎ᠠ ᠵᠠᠩ ᠪᠢᠨ ᠬᠤᠷᠠᠯ ᠡᠷᠭᠢᠯᠡᠪᠡ᠃      ᠸᠧᠢ ᡁᠢ ᡁᠢ ᠪᠠᠶᠠᠷ ᠤᠨ ᠦᠭᠡ ᠳᠡᠭᠡᠨ᠄︽ᠰᠣᠶᠣᠯ ᠵᠤᠭᠠᠴᠠᠯ ᠤᠨ ᠦᠢᠯᠡᠰ ᠢ ᠭᠦᠨᠵᠡᠭᠡᠢ ᠠᠭᠤᠰᠤᠯᠴᠠᠭᠤᠯᠤᠨ ᠬᠥᠭᠵᠢᠭᠦᠯᠬᠦ ᠪᠠᠶᠢᠷᠢᠰᠢᠯ ᠢ ᠪᠤᠢ ᠪᠣᠯᠭᠠᠬᠤ ᠪᠣᠯ ᠵᠤᠭᠠᠴᠠᠯ ᠤᠨ ᠬᠦᠴᠦᠷᠬᠡᠭ ᠣᠷᠣᠨ ᠤ ᠪᠦᠲᠦᠭᠡᠨ ᠪᠠᠶᠢᠭᠤᠯᠤᠯᠲᠠ ᠶᠢ ᠵᠣᠭᠰᠤᠭᠠᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠠᠬᠤᠢ ᠲᠠᠯᠠᠪᠠᠢ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠪᠣᠯᠣᠨ᠎ᠠ᠃ ᠡᠨᠡ ᠵᠢᠯ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠᠨ ᠲᠠᠰᠤᠷᠠᠯᠲᠠ ᠦᠭᠡᠢ ᠨᠡᠮᠡᠭᠳᠡᠭᠦᠯᠵᠦ ᠂ ᠵᠠᠬ᠎ᠠ ᠳᠡᠯᠭᠡᠭᠦᠷ ᠤᠨ ᠢᠲᠡᠭᠡᠯ ᠢ ᠬᠥᠭᠵᠢᠭᠡᠬᠦ᠂ ᠬᠡᠷᠡᠭᠯᠡᠭᠡᠨ ᠤ ᠳᠠᠯᠳᠠ ᠬᠦᠴᠦᠨ ᠢ ᠬᠥᠭᠵᠢᠭᠡᠬᠦ᠂ ᠨᠠᠷᠠᠲᠤ ᠲᠥᠷᠥᠯ ᠲᠡᠮᠳᠡᠭᠲᠦ ᠶᠢᠨ ᠳᠦᠷᠢ ᠲᠥᠷᠬᠦ ᠶᠢ ᠪᠣᠶ ᠪᠣᠯᠭᠠᠬᠤ ᠵᠡᠷᠭᠡ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠣᠭᠰᠠᠨ ᠪᠠᠶᠢᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠰᠣᠶᠣᠯ ᠢᠶᠠᠷ ᠵᠤᠭᠠᠴᠠᠯ ᠢ ᠱᠤᠭᠤᠬᠤ᠂ ᠵᠤᠭᠠᠴᠠᠯ ᠢᠶᠠᠷ ᠰᠣᠶᠣᠯ ᠢ ᠲᠤᠪᠤᠶᠢᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ᠰᠣᠶᠣᠯ ᠵᠤᠭᠠᠴᠠᠯ ᠤᠨ ᠦᠢᠯᠡᠰ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠬᠤ ᠲᠠᠯ᠎ᠠ ᠪᠠᠷ ᠪᠦᠬᠦ ᠤᠯᠤᠰ ᠤᠨ ᠡᠮᠦᠨ᠎ᠡ ᠡᠩᠨᠡᠭᠡᠨ ᠳᠤ ᠶᠠᠪᠤᠵᠤ᠂ ᠤᠯᠠᠨ ᠢᠶᠠᠷ ᠢᠶᠠᠨ ᠥᠪᠥᠷ ᠮᠣᠩᠭᠤᠯ ᠳᠤ ᠢᠷᠡᠵᠤ᠂ ᠥᠪᠥᠷ ᠮᠣᠩᠭᠤᠯ ᠤᠨ ᠵᠤᠭᠠᠴᠠᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠵᠦ᠂ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠰᠠᠶᠢᠨ ᠰᠠᠶᠢᠬᠠᠨ ᠢᠷᠡᠭᠡᠳᠦᠢ ᠶᠢ ᠬᠠᠮᠲᠤᠪᠠᠷ ᠴᠣᠭᠴᠠᠯᠠᠬᠤ ᠶᠢ ᠴᠢᠩ ᠰᠡᠳᠬᠢᠯ ᠠᠴᠠ ᠪᠠᠨ ᠪᠠᠶᠠᠷᠯᠠᠨ ᠤᠭᠲᠤᠵᠤ ᠪᠠᠶᠢᠨ᠎ᠠ︾ᠭᠡᠵᠦ ᠬᠡᠯᠡᠪᠡ᠃      ᠲᠤᠰ ᠤᠳᠠᠭᠠᠨ ᠤ ᠰᠣᠯᠢᠯᠴᠠᠭᠠᠨ ᠤ ᠠᠵᠢᠯᠯᠠᠭ᠎ᠠ ᠨᠢ 7 ᠰᠠᠷ᠎ᠠ ᠶᠢᠨ 24᠎ ᠤ ᠡᠳᠦᠷ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ︽ᠪᠡᠶ᠎ᠡ ᠶᠢᠨ ᠲᠠᠮᠢᠷ ᠰᠡᠯᠡᠭᠦᠴᠡᠯ᠂ ᠰᠣᠶᠣᠯ ᠵᠢᠭᠤᠯᠴᠢᠯᠠᠯ ᠵᠡᠷᠭᠡ ᠦᠢᠯᠡᠴᠢᠯᠡᠭᠡᠨ ᠤ ᠬᠡᠷᠡᠭᠯᠡᠭᠡ  ᠶᠢ ᠲᠦᠯᠬᠢᠨ ᠠᠬᠢᠭᠤᠯᠬᠤ︾ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ  ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ ᠶᠤᠮ᠃ ᠲᠦᠷᠦ ᠶᠢᠨ ᠪᠣᠳᠣᠯᠭ᠎ᠠ᠂ ᠠᠵᠤ ᠦᠢᠯᠡᠰ᠂ ᠮᠥᠩᠭᠦᠨ ᠭᠦᠢᠯᠭᠡᠭᠡ ᠵᠡᠷᠭᠡ ᠤᠯᠠᠨ ᠵᠦᠢᠯ ᠤᠨ ᠠᠷᠭ᠎ᠠ ᠵᠠᠮ ᠢᠶᠠᠷ ᠰᠣᠶᠣᠯ ᠪᠡᠶ᠎ᠡ ᠶᠢᠨ ᠲᠠᠮᠢᠷ ᠤᠨ ᠵᠤᠭᠠᠴᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠬᠤ᠂ ᠰᠣᠶᠣᠯ ᠪᠡᠶ᠎ᠡ ᠶᠢᠨ ᠲᠠᠮᠢᠷ ᠤᠨ ᠵᠤᠭᠠᠴᠠᠯ ᠤᠨ ᠬᠡᠷᠡᠭᠯᠡᠭᠡᠨ ᠤ ᠰᠢᠨ᠎ᠡ ᠬᠥᠳᠡᠯᠭᠡᠬᠦ ᠬᠦᠴᠦᠨ ᠢ ᠬᠥᠭᠵᠢᠭᠡᠬᠦ᠂ ᠰᠣᠶᠣᠯ ᠪᠡᠶ᠎ᠡ ᠶᠢᠨ ᠲᠠᠮᠢᠷ ᠤᠨ ᠵᠤᠭᠠᠴᠠᠯ ᠤᠨ ᠠᠵᠤ ᠦᠢᠯᠡᠰ ᠤᠨ ᠪᠦᠬᠦ ᠲᠠᠯ᠎ᠠ ᠶᠢᠨ ᠠᠭᠤᠰᠤᠯᠴᠠᠯ᠂ ᠥᠨᠳᠥᠷ ᠪᠦᠲᠦᠮᠵᠢᠲᠡᠢ ᠬᠥᠭᠵᠢᠯᠲᠡ ᠳᠤ ᠬᠦᠴᠦ ᠨᠡᠮᠡᠷᠢᠯᠡᠬᠦ ᠵᠡᠷᠭᠡ ᠬᠠᠯᠠᠮᠰᠢᠯ ᠠᠰᠠᠭᠤᠳᠠᠯ ᠤᠨ ᠲᠤᠬᠠᠢ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃       ᠬᠤᠷᠠᠯ ᠤᠨ ᠲᠤᠬᠠᠢ ᠶᠢᠨ ᠲᠠᠯᠠᠪᠠᠢ ᠳᠤ ᠪᠠᠰᠠ ᠰᠣᠶᠣᠯ ᠪᠡᠶ᠎ᠡ ᠶᠢᠨ ᠲᠠᠮᠢᠷ ᠤᠨ ᠵᠤᠭᠠᠴᠠᠯ ᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠬᠡᠷᠡᠭᠯᠡᠭᠡ ᠶᠢᠨ ᠰᠣᠯᠢᠯᠴᠠᠭᠠᠨ ᠤ ᠠᠵᠢᠯᠯᠠᠭ᠎ᠠ ᠶᠢ ᠬᠤᠪᠢᠶᠠᠯᠴᠠᠨ ᠡᠳ᠋ᠯᠡᠬᠦ᠂ ᠰᠣᠶᠣᠯ ᠪᠡᠶ᠎ᠡ ᠶᠢᠨ ᠲᠠᠮᠢᠷ ᠤᠨ ᠵᠤᠭᠠᠴᠠᠯ ᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠬᠡᠷᠡᠭᠯᠡᠭᠡ ᠶᠢᠨ ᠲᠣᠭᠤᠷᠢᠭ ᠰᠢᠷᠡᠭᠡᠨ ᠤ ᠶᠠᠷᠢᠯᠴᠠᠬᠤ ᠬᠤᠷᠠᠯ ᠬᠢᠪᠡ᠃      ᠤᠯᠤᠰ ᠤᠨ ᠰᠣᠶᠣᠯ ᠪᠠ ᠵᠤᠭᠠᠴᠠᠯ ᠤᠨ ᠶᠠᠮᠤᠨ ᠤ ᠠᠵᠤ ᠦᠢᠯᠡᠰ ᠤᠨ ᠬᠥᠭᠵᠢᠯᠲᠡ ᠶᠢᠨ ᠵᠤᠷᠭᠠᠨ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠪᠡᠶ᠎ᠡ ᠶᠢᠨ ᠲᠠᠮᠢᠷ ᠤᠨ ᠠᠵᠤ ᠠᠬᠤᠢ ᠶᠢᠨ ᠵᠤᠷᠭᠠᠨ ᠪᠣᠯᠣᠨ ᠪᠦᠬᠦ ᠤᠯᠤᠰ ᠤᠨ 20 ᠭᠠᠷᠤᠢ ᠮᠤᠵᠢ ᠣᠷᠣᠨ ᠬᠤᠳᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠬᠡᠰᠡᠭ ᠰᠣᠶᠣᠯ ᠪᠠ ᠵᠤᠭᠠᠴᠠᠯ ᠤᠨ ᠠᠵᠤ ᠠᠬᠤᠶᠢᠯᠠᠯ᠂ ᠪᠡᠶ᠎ᠡ ᠶᠢᠨ ᠲᠠᠮᠢᠷ ᠤᠨ ᠠᠵᠤ ᠠᠬᠤᠶᠢᠯᠠᠯ᠂ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠢᠨᠲ᠋ᠥᠷ ᠰᠦᠯᠵᠢᠶᠡᠨ ᠤ ᠲᠠᠪᠴᠠᠩ᠂ ᠠᠵᠢᠯ ᠲᠦᠷᠦᠯ ᠤᠨ ᠨᠡᠶᠢᠭᠡᠮᠯᠢᠭ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号