8 ᠰᠠᠷ᠎ᠠ ᠶᠢᠨ 25 ᠤ ᠡᠳᠦᠷ᠂ ᠮᠠᠨ ᠤ ᠬᠤᠲᠠ ᠰᠣᠶᠣᠯ ᠪᠡᠶ᠎ᠡ ᠶᠢᠨ ᠲᠠᠮᠢᠷ ᠤᠨ ᠵᠢᠭᠤᠯᠴᠢᠯᠠᠯ ᠢ | ᠠᠭᠤᠰᠤᠯᠴᠠᠭᠤᠯᠤᠨ ᠬᠥᠭᠵᠢᠭᠦᠯᠬᠦ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠬᠡᠷᠡᠭᠯᠡᠭᠡᠨ ᠤ ᠰᠣᠯᠢᠯᠴᠠᠭᠠᠨ ᠤ | ᠠᠵᠢᠯᠯᠠᠭ᠎ᠠ ᠥᠷᠨᠢᠭᠦᠯᠪᠡ᠃ | ᠤᠯᠤᠰ ᠤᠨ ᠰᠣᠶᠣᠯ ᠪᠠ ᠵᠤᠭᠠᠴᠠᠯ ᠤᠨ ᠶᠠᠮᠤᠨ ᠤ ᠠᠵᠤ ᠦᠢᠯᠡᠰ ᠤᠨ ᠬᠥᠭᠵᠢᠯᠲᠡ ᠶᠢᠨ ᠵᠤᠷᠭᠠᠨ᠂ ᠤᠯᠤᠰ ᠤᠨ | ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠪᠡᠶ᠎ᠡ ᠶᠢᠨ ᠲᠠᠮᠢᠷ ᠤᠨ ᠠᠵᠤ ᠠᠬᠤᠢ ᠶᠢᠨ ᠵᠤᠷᠭᠠᠨ ᠤ ᠬᠠᠮᠢᠶ᠎ᠠ ᠪᠦᠬᠦᠢ | ᠬᠠᠷᠢᠭᠤᠴᠠᠯᠭᠠᠲᠠᠨ ᠭᠤᠣᠯ ᠵᠤᠷᠢᠯᠳᠠᠳᠤ ᠶᠠᠷᠢᠶ᠎ᠠ ᠲᠠᠯᠪᠢᠵᠤ᠂ ᠳᠤᠮᠳᠠᠳᠤ ᠤᠯᠤᠰ ᠤᠨ ᠰᠣᠶᠣᠯ ᠤᠨ ᠵᠠᠭᠤᠴᠢᠯᠠᠭᠤᠷ ᠤᠨ | ᠪᠦᠯᠦᠭᠯᠡᠯ ᠤᠨ ᠬᠠᠷᠢᠭᠤᠴᠠᠯᠭᠠᠲᠠᠨ ᠰᠣᠯᠢᠯᠴᠠᠨ ᠬᠤᠪᠢᠶᠠᠯᠴᠠᠵᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ | ᠵᠤᠭᠠᠴᠠᠯ ᠤᠨ ᠲᠢᠩᠬᠢᠮ ᠤᠨ ᠳᠡᠳ᠋ ᠳᠠᠷᠤᠭ᠎ᠠ ᠸᠧᠢ ᡁᠢ ᡁᠢ ᠪᠠᠶᠠᠷ ᠤᠨ ᠦᠭᠡ ᠬᠡᠯᠡᠪᠡ᠃ ᠬᠤᠲᠠ ᠶᠢᠨ ᠳᠡᠳ᠋ ᠳᠠᠷᠤᠭ᠎ᠠ | ᠵᠠᠩ ᠪᠢᠨ ᠬᠤᠷᠠᠯ ᠡᠷᠭᠢᠯᠡᠪᠡ᠃ | ᠸᠧᠢ ᡁᠢ ᡁᠢ ᠪᠠᠶᠠᠷ ᠤᠨ ᠦᠭᠡ ᠳᠡᠭᠡᠨ᠄︽ᠰᠣᠶᠣᠯ ᠵᠤᠭᠠᠴᠠᠯ ᠤᠨ ᠦᠢᠯᠡᠰ ᠢ ᠭᠦᠨᠵᠡᠭᠡᠢ ᠠᠭᠤᠰᠤᠯᠴᠠᠭᠤᠯᠤᠨ | ᠬᠥᠭᠵᠢᠭᠦᠯᠬᠦ ᠪᠠᠶᠢᠷᠢᠰᠢᠯ ᠢ ᠪᠤᠢ ᠪᠣᠯᠭᠠᠬᠤ ᠪᠣᠯ ᠵᠤᠭᠠᠴᠠᠯ ᠤᠨ ᠬᠦᠴᠦᠷᠬᠡᠭ ᠣᠷᠣᠨ ᠤ ᠪᠦᠲᠦᠭᠡᠨ ᠪᠠᠶᠢᠭᠤᠯᠤᠯᠲᠠ ᠶᠢ | ᠵᠣᠭᠰᠤᠭᠠᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠠᠬᠤᠢ ᠲᠠᠯᠠᠪᠠᠢ ᠶᠢ | ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠪᠣᠯᠣᠨ᠎ᠠ᠃ ᠡᠨᠡ | ᠵᠢᠯ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠡᠬᠢ ᠪᠠᠶᠠᠯᠢᠭ ᠤᠨ | ᠳᠠᠪᠠᠭᠤᠯᠢᠭ ᠲᠠᠭᠠᠨ ᠰᠠᠭᠤᠷᠢᠯᠠᠨ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠᠨ ᠲᠠᠰᠤᠷᠠᠯᠲᠠ ᠦᠭᠡᠢ ᠨᠡᠮᠡᠭᠳᠡᠭᠦᠯᠵᠦ᠂ | ᠵᠠᠬ᠎ᠠ ᠳᠡᠯᠭᠡᠭᠦᠷ ᠤᠨ ᠢᠲᠡᠭᠡᠯ ᠢ ᠬᠥᠭᠵᠢᠭᠡᠬᠦ᠂ ᠬᠡᠷᠡᠭᠯᠡᠭᠡᠨ ᠤ ᠳᠠᠯᠳᠠ ᠬᠦᠴᠦᠨ ᠢ ᠬᠥᠭᠵᠢᠭᠡᠬᠦ᠂ ᠨᠠᠷᠠᠲᠤ ᠲᠥᠷᠥᠯ | ᠲᠡᠮᠳᠡᠭᠲᠦ ᠶᠢᠨ ᠳᠦᠷᠢ ᠲᠥᠷᠬᠦ ᠶᠢ ᠪᠣᠶ ᠪᠣᠯᠭᠠᠬᠤ ᠵᠡᠷᠭᠡ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠣᠭᠰᠠᠨ ᠪᠠᠶᠢᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠰᠣᠶᠣᠯ ᠢᠶᠠᠷ ᠵᠤᠭᠠᠴᠠᠯ ᠢ ᠱᠤᠭᠤᠬᠤ᠂ ᠵᠤᠭᠠᠴᠠᠯ ᠢᠶᠠᠷ ᠰᠣᠶᠣᠯ ᠢ | ᠲᠤᠪᠤᠶᠢᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ᠰᠣᠶᠣᠯ ᠵᠤᠭᠠᠴᠠᠯ ᠤᠨ ᠦᠢᠯᠡᠰ ᠤᠨ ᠭᠦᠨᠵᠡᠭᠡᠢ ᠠᠭᠤᠰᠤᠯᠴᠠᠨ | ᠬᠥᠭᠵᠢᠬᠦ ᠶᠢ ᠠᠬᠢᠭᠤᠯᠬᠤ ᠲᠠᠯ᠎ᠠ ᠪᠠᠷ ᠪᠦᠬᠦ ᠤᠯᠤᠰ ᠤᠨ ᠡᠮᠦᠨ᠎ᠡ ᠡᠩᠨᠡᠭᠡᠨ ᠳᠤ ᠶᠠᠪᠤᠵᠤ᠂ ᠤᠯᠠᠨ ᠢᠶᠠᠷ ᠢᠶᠠᠨ ᠥᠪᠥᠷ | ᠮᠣᠩᠭᠤᠯ ᠳᠤ ᠢᠷᠡᠵᠤ᠂ ᠥᠪᠥᠷ ᠮᠣᠩᠭᠤᠯ ᠤᠨ ᠵᠤᠭᠠᠴᠠᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠵᠦ᠂ | ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠰᠠᠶᠢᠨ ᠰᠠᠶᠢᠬᠠᠨ ᠢᠷᠡᠭᠡᠳᠦᠢ ᠶᠢ ᠬᠠᠮᠲᠤᠪᠠᠷ ᠴᠣᠭᠴᠠᠯᠠᠬᠤ ᠶᠢ ᠴᠢᠩ | ᠰᠡᠳᠬᠢᠯ ᠠᠴᠠ ᠪᠠᠨ ᠪᠠᠶᠠᠷᠯᠠᠨ ᠤᠭᠲᠤᠵᠤ ᠪᠠᠶᠢᠨ᠎ᠠ︾ᠭᠡᠵᠦ ᠬᠡᠯᠡᠪᠡ᠃ | ᠲᠤᠰ ᠤᠳᠠᠭᠠᠨ ᠤ ᠰᠣᠯᠢᠯᠴᠠᠭᠠᠨ ᠤ ᠠᠵᠢᠯᠯᠠᠭ᠎ᠠ ᠨᠢ 7 ᠰᠠᠷ᠎ᠠ ᠶᠢᠨ 24 ᠤ ᠡᠳᠦᠷ ᠤᠨ ᠲᠥᠪ ᠤᠨ ᠤᠯᠤᠰ | ᠲᠥᠷᠥ ᠶᠢᠨ ᠲᠣᠪᠴᠢᠶᠠᠨ ᠤ ᠬᠤᠷᠠᠯ ᠤᠨ ︽ᠪᠡᠶ᠎ᠡ ᠶᠢᠨ ᠲᠠᠮᠢᠷ ᠰᠡᠯᠡᠭᠦᠴᠡᠯ᠂ ᠰᠣᠶᠣᠯ ᠵᠢᠭᠤᠯᠴᠢᠯᠠᠯ ᠵᠡᠷᠭᠡ | ᠦᠢᠯᠡᠴᠢᠯᠡᠭᠡᠨ ᠤ ᠬᠡᠷᠡᠭᠯᠡᠭᠡ ᠶᠢ ᠲᠦᠯᠬᠢᠨ ᠠᠬᠢᠭᠤᠯᠬᠤ︾ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ ᠶᠤᠮ᠃ ᠲᠦᠷᠦ ᠶᠢᠨ ᠪᠣᠳᠣᠯᠭ᠎ᠠ᠂ ᠠᠵᠤ ᠦᠢᠯᠡᠰ᠂ ᠮᠥᠩᠭᠦᠨ ᠭᠦᠢᠯᠭᠡᠭᠡ ᠵᠡᠷᠭᠡ | ᠤᠯᠠᠨ ᠵᠦᠢᠯ ᠤᠨ ᠠᠷᠭ᠎ᠠ ᠵᠠᠮ ᠢᠶᠠᠷ ᠰᠣᠶᠣᠯ ᠪᠡᠶ᠎ᠡ ᠶᠢᠨ ᠲᠠᠮᠢᠷ ᠤᠨ ᠵᠤᠭᠠᠴᠠᠯ ᠤᠨ ᠠᠭᠤᠰᠤᠯᠴᠠᠨ ᠬᠥᠭᠵᠢᠬᠦ ᠶᠢ | ᠠᠬᠢᠭᠤᠯᠬᠤ᠂ ᠰᠣᠶᠣᠯ ᠪᠡᠶ᠎ᠡ ᠶᠢᠨ ᠲᠠᠮᠢᠷ ᠤᠨ ᠵᠤᠭᠠᠴᠠᠯ ᠤᠨ ᠬᠡᠷᠡᠭᠯᠡᠭᠡᠨ ᠤ ᠰᠢᠨ᠎ᠡ ᠬᠥᠳᠡᠯᠭᠡᠬᠦ ᠬᠦᠴᠦᠨ ᠢ ᠬᠥᠭᠵᠢᠭᠡᠬᠦ᠂ | ᠰᠣᠶᠣᠯ ᠪᠡᠶ᠎ᠡ ᠶᠢᠨ ᠲᠠᠮᠢᠷ ᠤᠨ ᠵᠤᠭᠠᠴᠠᠯ ᠤᠨ ᠠᠵᠤ ᠦᠢᠯᠡᠰ ᠤᠨ ᠪᠦᠬᠦ ᠲᠠᠯ᠎ᠠ ᠶᠢᠨ ᠠᠭᠤᠰᠤᠯᠴᠠᠯ᠂ ᠥᠨᠳᠥᠷ ᠪᠦᠲᠦᠮᠵᠢᠲᠡᠢ | ᠬᠥᠭᠵᠢᠯᠲᠡ ᠳᠤ ᠬᠦᠴᠦ ᠨᠡᠮᠡᠷᠢᠯᠡᠬᠦ ᠵᠡᠷᠭᠡ ᠬᠠᠯᠠᠮᠰᠢᠯ ᠠᠰᠠᠭᠤᠳᠠᠯ ᠤᠨ ᠲᠤᠬᠠᠢ ᠰᠠᠨᠠᠯ ᠢᠶᠠᠨ ᠰᠣᠯᠢᠯᠴᠠᠵᠤ ᠰᠤᠳᠤᠯᠤᠨ | ᠶᠠᠷᠢᠯᠴᠠᠪᠠ᠃ | ᠬᠤᠷᠠᠯ ᠤᠨ ᠲᠤᠬᠠᠢ ᠶᠢᠨ ᠲᠠᠯᠠᠪᠠᠢ ᠳᠤ ᠪᠠᠰᠠ ᠰᠣᠶᠣᠯ ᠪᠡᠶ᠎ᠡ ᠶᠢᠨ ᠲᠠᠮᠢᠷ ᠤᠨ ᠵᠤᠭᠠᠴᠠᠯ ᠢ ᠠᠭᠤᠰᠤᠯᠴᠠᠭᠤᠯᠤᠨ | ᠬᠥᠭᠵᠢᠭᠦᠯᠬᠦ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠬᠡᠷᠡᠭᠯᠡᠭᠡ ᠶᠢᠨ ᠰᠣᠯᠢᠯᠴᠠᠭᠠᠨ ᠤ ᠠᠵᠢᠯᠯᠠᠭ᠎ᠠ ᠶᠢ | ᠬᠤᠪᠢᠶᠠᠯᠴᠠᠨ ᠡᠳ᠋ᠯᠡᠬᠦ᠂ ᠰᠣᠶᠣᠯ ᠪᠡᠶ᠎ᠡ ᠶᠢᠨ ᠲᠠᠮᠢᠷ ᠤᠨ ᠵᠤᠭᠠᠴᠠᠯ ᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠬᠡᠷᠡᠭᠯᠡᠭᠡ ᠶᠢᠨ ᠲᠣᠭᠤᠷᠢᠭ ᠰᠢᠷᠡᠭᠡᠨ ᠤ ᠶᠠᠷᠢᠯᠴᠠᠬᠤ ᠬᠤᠷᠠᠯ ᠬᠢᠪᠡ᠃ | ᠤᠯᠤᠰ ᠤᠨ ᠰᠣᠶᠣᠯ ᠪᠠ ᠵᠤᠭᠠᠴᠠᠯ ᠤᠨ ᠶᠠᠮᠤᠨ ᠤ ᠠᠵᠤ ᠦᠢᠯᠡᠰ ᠤᠨ ᠬᠥᠭᠵᠢᠯᠲᠡ ᠶᠢᠨ ᠵᠤᠷᠭᠠᠨ᠂ ᠤᠯᠤᠰ ᠤᠨ | ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠪᠡᠶ᠎ᠡ ᠶᠢᠨ ᠲᠠᠮᠢᠷ ᠤᠨ ᠠᠵᠤ ᠠᠬᠤᠢ ᠶᠢᠨ ᠵᠤᠷᠭᠠᠨ ᠪᠣᠯᠣᠨ ᠪᠦᠬᠦ | ᠤᠯᠤᠰ ᠤᠨ 20 ᠭᠠᠷᠤᠢ ᠮᠤᠵᠢ ᠣᠷᠣᠨ ᠬᠤᠳᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠬᠡᠰᠡᠭ ᠰᠣᠶᠣᠯ ᠪᠠ | ᠵᠤᠭᠠᠴᠠᠯ ᠤᠨ ᠠᠵᠤ ᠠᠬᠤᠶᠢᠯᠠᠯ᠂ ᠪᠡᠶ᠎ᠡ ᠶᠢᠨ ᠲᠠᠮᠢᠷ ᠤᠨ ᠠᠵᠤ ᠠᠬᠤᠶᠢᠯᠠᠯ᠂ ᠮᠥᠩᠭᠦᠨ ᠭᠦᠢᠯᠭᠡᠭᠡᠨ ᠤ ᠪᠠᠶᠢᠭᠤᠯᠤᠮᠵᠢ᠂ | ᠢᠨᠲ᠋ᠥᠷ ᠰᠦᠯᠵᠢᠶᠡᠨ ᠤ ᠲᠠᠪᠴᠠᠩ᠂ ᠠᠵᠢᠯ ᠲᠦᠷᠦᠯ ᠤᠨ ᠨᠡᠶᠢᠭᠡᠮᠯᠢᠭ ᠤᠨ ᠬᠠᠷᠢᠭᠤᠴᠠᠯᠭᠠᠲᠠᠨ ᠨᠥᠬᠦᠳ ᠬᠤᠷᠠᠯ ᠳᠤ | ᠣᠷᠣᠯᠴᠠᠪᠠ᠃ |