ᠥᠪᠥᠷ ᠮᠣᠩᠭᠤᠯ ᠤᠨ ᠠᠩᠬᠠᠳᠠᠭᠴᠢ ᠪᠦᠯᠦᠭ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ᠂ ᠵᠡᠭᠡᠯᠢ ᠲᠣᠭᠤᠷᠢᠭ ᠢ ᠨᠡᠶᠢᠲᠡᠯᠡᠪᠡ ᠮᠠᠨ ᠤ ᠬᠤᠲᠠ ᠶᠢᠨ ᠬᠤᠶᠠᠷ ᠲᠣᠰᠬᠤᠨ ᠪᠠᠯᠭᠠᠰᠤ ᠬᠤᠶᠠᠷ ᠵᠡᠭᠡᠯᠢ ᠲᠣᠭᠤᠷᠢᠭ ᠤᠨ ᠨᠡᠷᠡᠰ ᠤᠨ ᠵᠢᠭᠰᠠᠭᠠᠯᠲᠠ ᠳᠤ ᠣᠷᠣᠪᠠ
ᠨᠡᠶᠢᠲᠡᠯᠡᠭᠰᠡᠨ ᠴᠠᠭ᠄
2023/8/29
     ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ᠂ ᠵᠡᠭᠡᠯᠢ ᠲᠣᠭᠤᠷᠢᠭ ᠤᠨ ᠨᠡᠷᠡᠰ ᠢ ᠨᠡᠶᠢᠲᠡᠯᠡᠪᠡ᠃ ᠮᠠᠨ ᠤ ᠬᠤᠲᠠ ᠶᠢᠨ ᠴᠢᠩᠱᠠᠨ ᠲᠣᠭᠤᠷᠢᠭ ᠤᠨ ᠰᠢᠩ ᠱᠧᠩ ᠪᠠᠯᠭᠠᠰᠤᠨ ᠤ ᠳ᠋ᠦᠩ ᠳ᠋ᠡ ᠭᠧᠦ ᠲᠣᠰᠬᠤᠨ᠂ ᠲᠦᠮᠡᠳ ᠪᠠᠷᠠᠭᠤᠨ ᠬᠤᠰᠢᠭᠤᠨ ᠤ ᠱᠤᠸᠠᠩ ᠯᠦᠩ ᠪᠠᠯᠭᠠᠰᠤᠨ ᠤ 2 ᠲᠣᠰᠬᠤᠨ ᠪᠠᠯᠭᠠᠰᠤ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ ᠳᠤ ᠰᠣᠩᠭᠤᠭᠳᠠᠨ ᠣᠷᠣᠵᠤ᠂ ᠪᠤᠭᠤᠲᠤ ᠶᠢᠨ ᠠᠯᠲᠠᠨ ᠵᠡᠭᠡᠯᠢ ︵ᠳ᠋ᠦᠩ ᠾᠧ ᠲᠣᠭᠤᠷᠢᠭ ᠤᠨ ᠴᠢᠶᠣᠤ ᠵᠢᠶᠠ ᠶᠢᠨ ᠵᠡᠭᠡᠯᠢ ᠶᠢᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ︶᠂ ᠳᠠᠷᠬᠠᠨ ᠮᠤᠤᠮᠢᠩᠭᠠᠨ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠤᠨ ᠭᠠᠷ ᠤᠷᠠᠯᠠᠯ ᠤᠨ ᠨᠢᠭᠡᠳᠦᠭᠡᠷ ᠵᠡᠭᠡᠯᠢ ᠶᠢᠨ 2 ᠵᠡᠭᠡᠯᠢ ᠲᠣᠭᠤᠷᠢᠭ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠵᠡᠭᠡᠯᠢ ᠲᠣᠭᠤᠷᠢᠭ ᠲᠤ ᠰᠣᠩᠭᠤᠭᠳᠠᠨ ᠣᠷᠣᠪᠠ᠃      ᠴᠢᠩᠱᠠᠨ ᠲᠣᠭᠤᠷᠢᠭ ᠤᠨ ᠰᠢᠩ ᠱᠧᠩ ᠪᠠᠯᠭᠠᠰᠤᠨ ᠤ ᠳ᠋ᠦᠩ ᠳ᠋ᠡ ᠭᠧᠦ ᠲᠣᠰᠬᠤᠨ ᠪᠤᠭᠤᠲᠤ ᠶᠢᠨ ᠴᠠᠭᠠᠰᠤᠨ ᠬᠠᠶᠢᠴᠢᠯᠠᠮᠠᠯ᠂ ᠴᠥᠮ᠎ᠡ ᠶᠢᠨ ᠰᠡᠶᠢᠯᠦᠮᠡᠯ᠂ ᠭᠤᠯᠢᠷ ᠤᠨ ᠱᠤᠭᠤᠮᠠᠯ ᠵᠡᠷᠭᠡ 12 ᠵᠦᠢᠯ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠷᠥᠯ ᠵᠦᠢᠯ ᠳᠤ ᠲᠦᠰᠢᠭᠯᠡᠨ᠂ ᠤᠷᠠᠯᠢᠭ ᠤᠨ ᠲᠣᠭᠤᠷᠢᠭ ᠤᠨ ᠪᠡᠶᠡᠴᠢᠯᠡᠨ ᠣᠶᠢᠯᠠᠭᠠᠬᠤ ᠲᠥᠪ᠂ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠵᠡᠭᠡᠯᠢ᠂ ᠴᠠᠭᠠᠰᠤᠨ ᠬᠠᠶᠢᠴᠢᠯᠠᠮᠠᠯ ᠤᠨ ᠠᠵᠢᠯ ᠤᠨ ᠲᠠᠰᠤᠭ᠂ ᠪᠣᠳᠠᠰ ᠤᠨ ᠪᠤᠰᠤ ᠰᠣᠶᠣᠯ ᠤᠨ ᠥᠪ ᠤᠨ ᠰᠤᠳᠤᠯᠭᠠᠨ ᠤ ᠰᠠᠭᠤᠷᠢᠨ ᠵᠡᠷᠭᠡ ᠲᠠᠯᠠᠪᠤᠷ ᠢ ᠪᠠᠶᠢᠭᠤᠯᠵᠤ᠂ ᠰᠠᠭᠤᠷᠢᠨ ᠭᠠᠵᠠᠷ ᠤᠨ ᠬᠠᠲᠠᠭᠤ ᠬᠡᠷᠡᠭᠰᠡᠯ ᠤᠨ ᠲᠥᠬᠦᠭᠡᠷᠦᠮᠵᠢ ᠲᠠᠰᠤᠷᠠᠯᠲᠠ ᠦᠭᠡᠢ ᠲᠡᠭᠦᠯᠳᠡᠷᠵᠢᠵᠦ᠂ ᠤᠳᠤ ᠨᠢᠭᠡᠨᠲᠡ ᠳᠡᠯᠭᠡᠨ ᠦᠵᠡᠭᠦᠯᠬᠦ᠂ ᠪᠡᠶᠡᠴᠢᠯᠡᠨ ᠣᠶᠢᠯᠠᠭᠠᠬᠤ᠂ ᠲᠠᠶᠢᠯᠤᠮᠵᠢ ᠬᠢᠬᠦ᠂ ᠰᠤᠳᠤᠯᠤᠨ ᠰᠤᠷᠤᠯᠴᠠᠬᠤ ᠶᠢ ᠨᠢᠭᠡ ᠴᠣᠭᠴᠠᠵᠢᠭᠤᠯᠤᠭᠰᠠᠨ ᠤᠯᠠᠨ ᠴᠢᠳᠠᠮᠵᠢᠲᠤ ᠪᠣᠳᠠᠰ ᠤᠨ ᠪᠤᠰᠤ ᠰᠣᠶᠣᠯ ᠤᠨ ᠥᠪ ᠤᠨ ᠦᠢᠯᠡᠳᠦᠯᠭᠡ ᠶᠢᠨ ᠲᠠᠯᠠᠪᠤᠷ ᠪᠣᠯᠤᠭᠰᠠᠨ ᠪᠠᠶᠢᠨ᠎ᠠ᠃      ᠲᠦᠮᠡᠳ ᠪᠠᠷᠠᠭᠤᠨ ᠬᠤᠰᠢᠭᠤᠨ ᠤ ᠱᠤᠸᠠᠩ ᠯᠦᠩ ᠪᠠᠯᠭᠠᠰᠤ ᠶᠢᠨ ᠬᠢᠨ ᠨᠣᠬᠠᠢ ᠶᠢᠨ ᠲᠠᠭᠲᠤ᠂ ᠬᠠᠭᠤᠷᠮᠠᠭ ᠬᠥᠮᠥᠨ ᠤ ᠪᠦᠬᠡ ᠪᠥᠵᠢᠭ ᠵᠡᠷᠭᠡ 8 ᠵᠦᠢᠯ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠦᠷᠦᠯ ᠵᠦᠢᠯ ᠳᠤ ᠲᠦᠰᠢᠭᠯᠡᠵᠦ᠂ ᠳ᠋ᠥ᠋ᠩᠺᠸᠦ ᠲᠣᠰᠬᠤᠨ ᠤ ᠲᠡᠦᠬᠡ ᠶᠢᠨ ᠣᠷᠳᠣᠨ︵ᠵᠤᠤ ᠴᠠᠩ ᠹᠠ ᠰᠣᠶᠣᠯ ᠤᠨ ᠶᠡᠭᠡ ᠬᠦᠷᠢᠶᠡᠯᠡᠩ︶᠂ ᠭᠤᠤ ᠹᠦ᠋ ᠵᠦ ᠰᠣᠶᠣᠯ ᠤᠨ ᠶᠡᠭᠡ ᠬᠦᠷᠢᠶᠡᠯᠡᠩ᠂ ᠱᠤᠸᠠᠩ ᠯᠦᠩ ᠮᠦᠽᠧᠢ᠂ ᠡᠯ᠎ᠡ ᠲᠣᠰᠬᠤᠨ ᠤ ᠰᠣᠶᠣᠯ ᠤᠨ ᠶᠡᠭᠡ ᠬᠦᠷᠢᠶᠡᠯᠡᠩ ᠵᠡᠷᠭᠡ ᠲᠠᠯᠠᠪᠠᠢ ᠣᠷᠳᠣᠨ ᠢᠶᠠᠷ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ᠂ ᠲᠠᠷᠢᠶᠠᠯᠠᠬᠤ ᠰᠣᠶᠣᠯ ᠢ ᠳᠡᠯᠭᠡᠨ ᠦᠵᠡᠭᠦᠯᠵᠦ᠂ ᠰᠣᠶᠣᠯ ᠤᠨ ᠤᠬᠠᠭᠤᠯᠭ᠎ᠠ ᠶᠢ ᠥᠷᠨᠢᠭᠦᠯᠵᠡᠢ᠃ 2022 ᠣᠨ ᠳᠤ᠂ ᠱᠤᠸᠠᠩ ᠯᠦᠩ ᠪᠠᠯᠭᠠᠰᠤ ᠶᠢᠨ ᠱᠤᠸᠠᠩ ᠯᠦᠩ ᠲᠣᠰᠬᠤᠨ ᠢ ᠵᠢᠷᠭᠤᠳᠤᠭᠠᠷ ᠪᠦᠯᠦᠭ ᠤᠨ ᠳᠤᠮᠳᠠᠳᠤ ᠤᠯᠤᠰ ᠤᠨ ᠤᠯᠠᠮᠵᠢᠯᠠᠯᠲᠤ ᠲᠣᠰᠬᠤᠨ ᠢᠶᠠᠷ ᠨᠡᠷᠡᠶᠢᠳᠪᠡ᠃      ᠪᠤᠭᠤᠲᠤ ᠶᠢᠨ ᠠᠯᠲᠠᠨ ᠵᠡᠭᠡᠯᠢ ︵ᠳ᠋ᠦᠩ ᠾᠧ ᠲᠣᠭᠤᠷᠢᠭ ᠤᠨ ᠴᠢᠶᠣᠤ ᠵᠢᠶᠠ ᠶᠢᠨ ᠵᠡᠭᠡᠯᠢ ᠶᠢᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ︶᠎ ᠨᠢ ᠪᠤᠭᠤᠲᠤ ᠶᠢᠨ ᠡᠷᠲᠡᠨ ᠤ ᠬᠤᠲᠠ ᠶᠢᠨ ᠥᠩᠭᠡ ᠦᠵᠡᠮᠵᠢ ᠪᠠᠷ ᠣᠨᠴᠠᠯᠢᠭ ᠢᠶᠠᠨ ᠪᠣᠯᠭᠠᠵᠤ᠂ ᠬᠠᠭᠤᠴᠢᠨ ᠪᠤᠭᠤᠲᠤ ᠶᠢᠨ ᠬᠥᠭᠵᠢᠯ ᠪᠠᠳᠠᠷᠠᠯ ᠤᠨ ᠪᠠᠶᠢᠳᠠᠯ ᠢ ᠳᠠᠬᠢᠨᠲᠠ ᠢᠯᠡᠷᠡᠭᠦᠯᠪᠡ᠃ ᠵᠡᠭᠡᠯᠢ ᠲᠣᠭᠤᠷᠢᠭ ᠤᠨ ᠪᠠᠶᠢᠷᠢᠰᠢᠭᠤᠯᠤᠯᠲᠠ ᠳᠤ ᠪᠣᠳᠠᠰ ᠤᠨ ᠪᠤᠰᠤ ᠰᠣᠶᠣᠯ ᠤᠨ ᠥᠪ ᠤᠨ ᠭᠠᠷ ᠤᠷᠠᠯᠠᠯ ᠤᠨ ᠰᠣᠶᠣᠯ ᠤᠨ ᠲᠣᠭᠤᠷᠢᠭ᠂ ᠬᠢᠲᠠᠳ ᠡᠮ ᠡᠮᠨᠡᠯᠭᠡ ᠶᠢᠨ ᠰᠣᠶᠣᠯ ᠤᠨ ᠲᠣᠭᠤᠷᠢᠭ᠂ ᠴᠠᠢ ᠶᠢᠨ ᠰᠣᠶᠣᠯ ᠤᠨ ᠲᠣᠭᠤᠷᠢᠭ᠂ ᠢᠳᠡᠭᠡᠨ ᠤᠮᠳᠠᠭᠠᠨ ᠵᠤᠭ᠎ᠠ ᠴᠡᠩᠭᠡᠯ ᠤᠨ ᠲᠣᠭᠤᠷᠢᠭ ᠪᠣᠯᠣᠨ ᠤᠯᠠᠨ ᠨᠡᠶᠢᠲᠡ ᠶᠢᠨ ᠰᠣᠶᠣᠯ ᠤᠨ ᠡᠨᠧᠷᠭᠢ ᠣᠯᠭᠤᠬᠤ ᠲᠣᠭᠤᠷᠢᠭ ᠵᠡᠷᠭᠡ ᠪᠤᠢ᠂ ᠤᠳᠤ ᠪᠠᠶᠢᠭ᠎ᠠ ᠪᠤᠭᠤᠲᠤ ᠶᠢᠨ ᠴᠠᠭᠠᠰᠤᠨ ᠬᠠᠶᠢᠴᠢᠯᠠᠮᠠᠯ᠂ ᠯᠢᠦ ᠾᠧ ᠳᠡᠷ᠎ᠡ ᠦᠢᠯᠡᠳᠬᠦ ᠤᠷ᠎ᠠ ᠮᠡᠷᠭᠡᠵᠢᠯ᠂ ᠯᠠᠯᠤ ᠶᠢᠨ ᠴᠠᠢ ᠶᠢᠨ ᠱᠥᠯᠥ ᠦᠢᠯᠡᠳᠬᠦ ᠤᠷ᠎ᠠ ᠮᠡᠷᠭᠡᠵᠢᠯ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠦᠢᠯ ᠤᠨ ᠬᠤᠳᠠᠯᠳᠤᠭᠠᠨ ᠤ ᠡᠷᠦᠬᠡ ᠣᠷᠣᠵᠤ ᠰᠠᠭᠤᠪᠠ᠃ 2023 ᠣᠨ ᠳᠤ᠂ ᠲᠣᠰ ᠵᠡᠭᠡᠯᠢ ᠲᠣᠭᠤᠷᠢᠭ ᠨᠢ ᠪᠠᠰᠠ ᠤᠯᠤᠰ ᠤᠨ ᠲᠠᠰ ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠢᠶᠠᠷ ᠦᠨᠡᠯᠡᠭᠳᠡᠪᠡ᠃       ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠤᠨ ᠭᠠᠷ ᠤᠷᠠᠯᠠᠯ ᠤᠨ ᠵᠡᠭᠡᠯᠢ ᠨᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ ᠪᠠᠯᠭᠠᠰᠤ ᠶᠢᠨ ᠾᠧ ᠳ᠋ᠦᠩ ᠰᠢᠨ᠎ᠡ ᠲᠣᠭᠤᠷᠢᠭ ᠤᠨ ᠭᠤᠣᠯ ᠵᠠᠮ ᠤᠨ ᠤᠯᠠᠭᠠᠨᠴᠠᠪ ᠵᠠᠮ ᠤᠨ ᠳᠠᠭᠠᠤ ᠪᠠᠶᠢᠷᠢᠯᠠᠵᠤ᠂ ᠭᠤᠣᠯᠳᠠᠭᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠤᠬᠠᠢ ᠶᠢᠨ ᠭᠠᠵᠠᠷ ᠤᠨ ᠣᠨᠴᠠᠯᠢᠭᠲᠤ ᠴᠠᠭᠠᠨ ᠢᠳᠡᠭᠡᠨ ᠤ ᠦᠢᠯᠡᠳᠬᠡᠯ᠂ ᠮᠥᠩᠭᠦᠨ ᠵᠠᠰᠠᠯ ᠴᠢᠮᠡᠭᠯᠡᠯ ᠤᠨ ᠦᠢᠯᠡᠳᠬᠡᠯ᠂ ᠮᠣᠩᠭᠤᠯ ᠬᠤᠪᠴᠠᠰᠤ ᠵᠠᠰᠠᠯ ᠤᠨ ᠦᠢᠯᠡᠳᠬᠡᠯ᠂ ᠤᠯᠠᠮᠵᠢᠯᠠᠯᠲᠤ ᠭᠠᠷ ᠤᠷᠠᠯᠠᠯ ᠤᠨ ᠦᠢᠯᠡᠳᠬᠡᠯ᠂ ᠤᠯᠠᠮᠵᠢᠯᠠᠯᠲᠤ ᠮᠣᠩᠭᠤᠯ ᠬᠤᠭᠤᠯᠠ᠂ ᠮᠣᠩᠭᠤᠯ ᠡᠮᠨᠡᠯᠭᠡ ᠶᠢᠨ ᠣᠷᠳᠣᠨ ᠵᠡᠷᠭᠡ ᠤᠯᠠᠨ ᠲᠦᠷᠦᠯ ᠤᠨ ᠤᠯᠠᠮᠵᠢᠯᠠᠯᠲᠤ ᠰᠣᠶᠣᠯ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠳᠤ ᠬᠤᠷᠠᠨ ᠴᠤᠭᠯᠠᠷᠠᠵᠠᠢ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号