ᠪᠠᠶᠢᠴᠠᠭᠠᠯᠲᠠ ᠳᠤ ᠢᠯᠡᠷᠡᠭᠦᠯᠦᠭᠰᠡᠨ ᠢᠶᠠᠷ᠂ 90.1% ᠶᠢᠨ ᠰᠣᠷᠪᠤᠯᠵᠢᠯᠠᠭ᠎ᠠ ᠬᠦᠯᠢᠶᠡᠭᠰᠡᠳ ᠤᠨ | ᠢᠯᠡᠷᠬᠡᠶᠢᠯᠡᠭᠰᠡᠨ ᠢᠶᠠᠷ᠂ ᠮᠠᠨ ᠤ ᠬᠤᠲᠠ ᠶᠢᠨ ᠵᠢᠭᠤᠯᠴᠢᠯᠠᠯ ᠤᠨ ᠶᠡᠷᠦᠩᠬᠡᠢ ᠴᠣᠭᠴᠠ ᠳᠤ ᠬᠠᠨᠤᠮᠵᠢᠲᠠᠶ ᠪᠠᠶᠢᠨ᠎ᠠ᠂ | ᠢᠯᠠᠩᠭᠤᠶ᠎ᠠ ᠪᠠᠶᠢᠭᠠᠯᠢ ᠶᠢᠨ ᠥᠩᠭᠡ ᠦᠵᠡᠮᠵᠢ᠂ ᠬᠥᠮᠥᠨ ᠰᠣᠶᠣᠯ ᠤᠨ ᠣᠨᠴᠠᠯᠢᠭ᠂ ᠦᠵᠡᠮᠵᠢ ᠶᠢᠨ ᠣᠷᠣᠨ ᠤ ᠣᠷᠴᠢᠨ | ᠠᠬᠤᠢ ᠶᠢᠨ ᠡᠷᠡᠭᠦᠯ ᠬᠠᠮᠠᠭᠠᠯᠠᠯ ᠤᠨ ᠨᠥᠬᠦᠴᠡᠯ ᠵᠡᠷᠭᠡ ᠭᠦᠢᠴᠡᠳᠬᠡᠯ ᠲᠤᠭ᠎ᠠ ᠶᠢᠨ ᠲᠠᠯ᠎ᠠ ᠪᠠᠷ ᠬᠢ ᠬᠠᠨᠤᠮᠵᠢ ᠶᠢᠨ ᠬᠡᠮᠵᠢᠶ᠎ᠡ | ᠨᠡᠯᠢᠶᠡᠳ ᠥᠨᠳᠥᠷ ᠪᠠᠶᠢᠨ᠎ᠠ᠃ ᠰᠣᠷᠪᠤᠯᠵᠢᠯᠠᠭ᠎ᠠ ᠬᠦᠯᠢᠶᠡᠭᠰᠡᠳ ᠤᠨ ᠦᠵᠡᠬᠦ ᠪᠠᠷ᠂ ᠰᠠᠶᠢᠬᠠᠨ ᠲᠠᠯ᠎ᠠ᠂ ᠣᠯᠢᠮᠫᠢᠺ ᠤᠨ | ᠴᠡᠴᠡᠷᠯᠢᠭ ᠵᠡᠷᠭᠡ ᠪᠠᠶᠢᠭᠠᠯᠢ ᠶᠢᠨ ᠦᠵᠡᠮᠵᠢ ᠶᠢᠨ ᠣᠷᠣᠨ ᠤ ᠲᠣᠭᠤᠷᠢᠨ ᠵᠤᠭᠠᠴᠠᠬᠤ ᠵᠠᠮ ᠱᠤᠭᠤᠮ ᠤᠨ | ᠲᠥᠯᠦᠪᠵᠢᠭᠦᠯᠭᠡ ᠵᠦᠢ ᠵᠣᠬᠢᠰᠲᠠᠢ ᠪᠠᠶᠢᠵᠤ᠂ ᠲᠠᠪᠤᠨ ᠵᠣᠣ᠂ ᠴᠢᠶᠣᠤ ᠵᠢᠶᠠ ᠶᠢᠨ ᠵᠡᠭᠡᠯᠢ ᠵᠡᠷᠭᠡ ᠬᠥᠮᠥᠨ ᠰᠣᠶᠣᠯ ᠤᠨ | ᠦᠵᠡᠮᠵᠢ ᠶᠢᠨ ᠣᠷᠣᠨ ᠤ ᠭᠤᠣᠯ ᠰᠡᠳᠦᠪᠲᠦ ᠣᠨᠴᠠᠯᠢᠭ ᠢᠯᠡ ᠲᠣᠳᠣ ᠪᠠᠶᠢᠵᠤ᠂ ᠦᠵᠡᠮᠵᠢ ᠶᠢᠨ ᠣᠷᠣᠨ ᠤ | ᠲᠥᠯᠦᠪᠵᠢᠭᠦᠯᠭᠡ ᠶᠡᠷᠦᠩᠬᠡᠢ ᠳᠡᠭᠡᠨ ᠰᠢᠯᠢᠳᠡᠭ ᠪᠠᠶᠢᠵᠤ᠂ ᠳᠠᠯᠳᠠ ᠳᠠᠪᠠᠭᠤᠯᠢᠭ ᠲᠠᠯ᠎ᠠ ᠲᠠᠢ ᠪᠠᠶᠢᠨ᠎ᠠ᠃ | ᠮᠠᠨ ᠤ ᠬᠤᠲᠠ ᠶᠢᠨ ᠵᠢᠭᠤᠯᠴᠢᠯᠠᠯ ᠤᠨ ᠦᠢᠯᠡᠰ ᠤᠨ ᠦᠷᠭᠦᠯᠵᠢᠯᠡᠬᠦ ᠬᠥᠭᠵᠢᠯᠲᠡ ᠶᠢ ᠨᠠᠩ ᠰᠠᠶᠢᠨ | ᠠᠬᠢᠭᠤᠯᠬᠤ ᠶᠢᠨ ᠲᠥᠯᠥᠭᠡ᠂ ᠲᠦᠷᠦᠭᠦᠬᠡᠨ ᠳᠤ᠂ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠷᠠᠳ ᠤᠨ | ᠵᠠᠰᠠᠭ ᠤᠨ ᠣᠷᠳᠣᠨ ᠤ ᠠᠷᠠᠳ ᠤᠨ ᠰᠠᠨᠠᠭ᠎ᠠ ᠶᠢᠨ ᠪᠠᠶᠢᠴᠠᠭᠠᠯᠲᠠ ᠶᠢᠨ ᠲᠥᠪ ᠠᠴᠠ ᠵᠢᠭᠤᠯᠴᠢᠯᠠᠯ ᠤᠨ ᠬᠠᠨᠤᠮᠵᠢ ᠶᠢᠨ | ᠬᠡᠮᠵᠢᠶ᠎ᠡ ᠶᠢᠨ ᠪᠠᠶᠢᠴᠠᠭᠠᠯᠲᠠ ᠶᠢ ᠥᠷᠨᠢᠭᠦᠯᠵᠦ᠂ ᠮᠠᠨ ᠤ ᠬᠤᠲᠠ ᠶᠢᠨ ᠰᠠᠭᠤᠭᠠᠯᠢ ᠠᠷᠠᠳ ᠬᠠᠨᠤᠮᠵᠢ ᠶᠢᠨ ᠬᠡᠮᠵᠢᠶ᠎ᠡ | ᠨᠡᠯᠢᠶᠡᠳ ᠥᠨᠳᠥᠷ ᠪᠠᠶᠢᠨ᠎ᠠ᠃ | ᠣᠳᠣᠬᠢ ᠪᠠᠶᠢᠳᠠᠯ᠄ ᠰᠠᠭᠤᠭᠠᠯᠢ ᠠᠷᠠᠳ ᠤᠨ ᠵᠤᠭᠠᠴᠠᠬᠤ ᠪᠠᠷ ᠭᠠᠷᠬᠤ ᠬᠦᠰᠡᠯ ᠡᠷᠡᠮᠡᠯᠵᠡᠯ ᠳᠡᠭᠡᠭᠰᠢᠯᠡᠵᠦ᠂ | ᠴᠡᠴᠡᠷᠯᠢᠭ ᠨᠢ ᠲᠡᠷᠢᠭᠦᠨ ᠰᠣᠩᠭᠤᠯᠲᠠ ᠶᠢᠨ ᠭᠠᠵᠠᠷ ᠪᠣᠯᠪᠠ ᠃ | ᠡᠨᠡ ᠵᠢᠯ᠂ ᠰᠠᠭᠤᠭᠠᠯᠢ ᠠᠷᠠᠳ ᠤᠨ ᠵᠤᠭᠠᠴᠠᠬᠤ ᠪᠠᠷ ᠭᠠᠷᠬᠤ ᠬᠦᠰᠡᠯ ᠢᠯᠡᠳᠲᠡ ᠳᠡᠭᠡᠭᠰᠢᠯᠡᠵᠦ᠂ ᠪᠠᠶᠠᠷ | ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠲᠤ ᠪᠤᠭᠤᠲᠤ ᠬᠤᠲᠠ ᠶᠢᠨ ᠬᠠᠷᠢᠶ᠎ᠠ ᠲᠣᠭᠤᠷᠢᠭ ᠲᠤ ᠵᠤᠭᠠᠴᠠᠬᠤ ᠪᠠᠷ | ᠭᠠᠷᠬᠤ ᠨᠢ 58.8% ᠶᠢ ᠡᠵᠡᠯᠡᠨ᠎ᠡ᠃ ᠡᠭᠦᠨ ᠳᠤ᠂ ᠴᠡᠴᠡᠷᠯᠢᠭ ᠤᠨ ᠠᠭᠤᠳᠠᠮ ᠲᠠᠯᠠᠪᠠᠶ ᠨᠢ ᠬᠤᠲᠠ ᠶᠢᠨ ᠠᠷᠠᠳ ᠤᠨ | ᠵᠤᠭ᠎ᠠ ᠴᠡᠩᠭᠡᠯ ᠤᠨ ᠭᠤᠣᠯ ᠵᠢᠭᠰᠠᠭᠠᠯ ᠤᠨ ᠭᠠᠵᠠᠷ ᠪᠣᠯᠤᠭᠰᠠᠨ ᠪᠠᠶᠢᠨ᠎ᠠ᠃ | 2022 ᠣᠨ ᠤ ᠡᠴᠦᠰ ᠪᠣᠯᠲᠠᠯ᠎ᠠ᠂ ᠪᠤᠭᠤᠲᠤ ᠬᠤᠲᠠ ᠳᠤ ᠨᠡᠶᠢᠲᠡ 109 ᠴᠡᠴᠡᠷᠯᠢᠭ ᠤᠨ ᠲᠠᠯᠠᠪᠠᠶ ᠲᠠᠢ | ᠪᠠᠶᠢᠵᠤ᠂ ᠲᠠᠯᠠᠪᠠᠶ ᠨᠢ 1 ᠲᠦᠮᠡᠨ ᠲᠡᠭᠰᠢ ᠳᠥᠷᠪᠡᠯᠵᠢᠨ ᠮᠧᠲᠷ ᠢ ᠳᠠᠪᠠᠭᠰᠠᠨ ᠴᠡᠴᠡᠷᠯᠢᠭ 67 ᠪᠠᠶᠢᠨ᠎ᠠ᠃ | ᠪᠠᠶᠢᠴᠠᠭᠠᠯᠲᠠ ᠳᠤ ᠢᠯᠡᠷᠡᠭᠦᠯᠦᠭᠰᠡᠨ ᠢᠶᠠᠷ᠂ 63.76% ᠶᠢᠨ ᠰᠠᠭᠤᠭᠠᠯᠢ ᠠᠷᠠᠳ ᠵᠤᠭᠠᠴᠠᠬᠤ ᠪᠠᠷ ᠭᠠᠷᠴᠤ ᠴᠡᠴᠡᠷᠯᠢᠭ ᠪᠠ | ᠤᠷᠭᠤᠮᠠᠯ ᠤᠨ ᠬᠦᠷᠢᠶᠡᠯᠡᠩ ᠢ ᠰᠣᠩᠭᠤᠭᠰᠠᠨ ᠪᠠᠶᠢᠨ᠎ᠠ᠃ ᠴᠢᠶᠣᠤ ᠵᠢᠶᠠ ᠶᠢᠨ ᠵᠡᠭᠡᠯᠢ ᠶᠢ ᠲᠡᠰ ᠳᠡᠪᠰᠢᠭᠦᠯᠦᠨ | ᠥᠭᠡᠷᠡᠴᠢᠯᠡᠬᠦ ᠳᠤ ᠪᠠᠰᠠ ᠮᠠᠰᠢ ᠤᠯᠠᠨ ᠵᠤᠭᠠᠴᠠᠭᠰᠠᠳ ᠤᠨ ᠠᠩᠬᠠᠷᠤᠯ ᠢ ᠲᠠᠲᠠᠵᠤ᠂ 35.2% ᠤᠨ ᠰᠠᠭᠤᠭᠠᠯᠢ ᠠᠷᠠᠳ | ᠡᠷᠲᠡᠨ ᠤ ᠬᠤᠳᠠ ᠡᠷᠲᠡᠨ ᠤ ᠵᠡᠭᠡᠯᠢ ᠪᠠᠯᠭᠠᠰᠤᠨ ᠳᠤ ᠬᠦᠷᠴᠦ ᠵᠤᠭᠠᠴᠠᠨ ᠨᠠᠭᠠᠳᠪᠠ᠃ ᠲᠣᠮᠣ ᠬᠡᠯᠪᠡᠷᠢ ᠶᠢᠨ | ᠬᠤᠳᠠᠯᠳᠤᠭᠠᠨ ᠤ ᠲᠣᠭᠤᠷᠢᠭ ᠨᠢ ᠰᠥᠨᠢ ᠶᠢᠨ ᠠᠵᠤ ᠠᠬᠤᠢ ᠶᠢᠨ ᠬᠥᠭᠵᠢᠯ ᠪᠠᠳᠠᠷᠠᠯ ᠢ ᠳᠠᠶᠢᠴᠢᠯᠠᠵᠤ᠂ 25.4% | ᠶᠢᠨ ᠰᠠᠭᠤᠭᠠᠯᠢ ᠠᠷᠠᠳ ᠢ ᠲᠠᠲᠠᠵᠤ ᠪᠠᠶᠢᠨ᠎ᠠ᠃ ᠮᠦᠽᠧᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ᠂ | ᠨᠣᠮ ᠤᠨ ᠰᠠᠩ ᠵᠡᠷᠭᠡ ᠰᠣᠶᠣᠯ ᠤᠨ ᠲᠠᠯᠠᠪᠤᠷ ᠭᠠᠵᠠᠷ ᠨᠢ ᠭᠡᠷ ᠪᠦᠯᠢ ᠪᠠᠷ ᠢᠶᠠᠨ ᠵᠤᠭᠠᠴᠠᠬᠤ ᠬᠠᠯᠠᠭᠤᠨ ᠭᠠᠵᠠᠷ ᠪᠣᠯᠵᠤ᠂ | 25.1% ᠶᠢᠨ ᠰᠠᠭᠤᠭᠠᠯᠢ ᠠᠷᠠᠳ ᠤᠨ ᠬᠦᠷᠢᠶᠡᠯᠡᠯ ᠢ ᠣᠯᠣᠭᠰᠠᠨ ᠪᠠᠶᠢᠨ᠎ᠠ᠃ ᠡᠭᠦᠨ ᠠᠴᠠ ᠭᠠᠳᠠᠨ᠎ᠠ᠂ ᠬᠡᠭᠡᠷ᠎ᠡ | ᠪᠠᠭᠤᠳᠠᠯᠯᠠᠬᠤ᠂ ᠰᠢᠷᠠᠮᠠᠯ ᠢᠳᠡᠭᠡᠨ᠂ ᠲᠠᠷᠢᠶᠠᠴᠢᠨ ᠠᠶᠢᠯ ᠤᠨ ᠵᠤᠭᠠᠴᠠᠯ᠂ ᠲᠡᠭᠦᠪᠦᠷᠢ ᠶᠢᠨ ᠬᠦᠷᠢᠶᠡᠯᠡᠩ ᠵᠡᠷᠭᠡ ᠰᠢᠨ᠎ᠡ ᠪᠠᠷ | ᠮᠠᠨᠳᠤᠭᠰᠠᠨ ᠵᠤᠭᠠᠴᠠᠯ ᠤᠨ ᠵᠣᠷᠢᠭᠰᠠᠨ ᠭᠠᠵᠠᠷ ᠤᠯᠠᠮ ᠠᠴᠠ ᠤᠯᠠᠮ ᠣᠯᠠᠨ ᠰᠠᠭᠤᠭᠠᠯᠢ ᠠᠷᠠᠳ ᠤᠨ ᠲᠠᠭᠠᠰᠢᠶᠠᠯ ᠢ ᠣᠯᠵᠤ | ᠪᠠᠶᠢᠨ᠎ᠠ᠃ ᠦᠨᠡᠯᠡᠯᠲᠡ᠄ 90.1% ᠶᠢᠨ ᠰᠣᠷᠪᠤᠯᠵᠢᠯᠠᠭ᠎ᠠ ᠬᠦᠯᠢᠶᠡᠭᠰᠡᠳ ᠮᠠᠨ ᠤ ᠬᠤᠲᠠ ᠶᠢᠨ ᠵᠢᠭᠤᠯᠴᠢᠯᠠᠯ ᠤᠨ ᠪᠦᠬᠦᠯᠢ | ᠴᠣᠭᠴᠠ ᠳᠤ ᠬᠠᠨᠤᠮᠵᠢᠲᠠᠶ ᠪᠠᠶᠢᠨ᠎ᠠ ᠃ | ᠪᠠᠶᠢᠴᠠᠭᠠᠯᠲᠠ ᠳᠤ ᠢᠯᠡᠷᠡᠭᠦᠯᠦᠭᠰᠡᠨ ᠢᠶᠠᠷ᠂ 90.1% ᠶᠢᠨ ᠰᠣᠷᠪᠤᠯᠵᠢᠯᠠᠭ᠎ᠠ ᠬᠦᠯᠢᠶᠡᠭᠰᠡᠳ ᠤᠨ | ᠢᠯᠡᠷᠬᠡᠶᠢᠯᠡᠭᠰᠡᠨ ᠢᠶᠠᠷ᠂ ᠮᠠᠨ ᠤ ᠬᠤᠲᠠ ᠶᠢᠨ ᠵᠢᠭᠤᠯᠴᠢᠯᠠᠯ ᠤᠨ ᠶᠡᠷᠦᠩᠬᠡᠢ ᠴᠣᠭᠴᠠ ᠳᠤ ᠬᠠᠨᠤᠮᠵᠢᠲᠠᠶ ᠪᠠᠶᠢᠨ᠎ᠠ᠂ | ᠢᠯᠠᠩᠭᠤᠶ᠎ᠠ ᠪᠠᠶᠢᠭᠠᠯᠢ ᠶᠢᠨ ᠥᠩᠭᠡ ᠦᠵᠡᠮᠵᠢ᠂ ᠬᠥᠮᠥᠨ ᠰᠣᠶᠣᠯ ᠤᠨ ᠣᠨᠴᠠᠯᠢᠭ᠂ ᠦᠵᠡᠮᠵᠢ ᠶᠢᠨ ᠣᠷᠣᠨ ᠤ ᠣᠷᠴᠢᠨ | ᠠᠬᠤᠢ ᠶᠢᠨ ᠡᠷᠡᠭᠦᠯ ᠬᠠᠮᠠᠭᠠᠯᠠᠯ ᠤᠨ ᠨᠥᠬᠦᠴᠡᠯ ᠵᠡᠷᠭᠡ ᠭᠦᠢᠴᠡᠳᠬᠡᠯ ᠲᠤᠭ᠎ᠠ ᠶᠢᠨ ᠲᠠᠯ᠎ᠠ ᠪᠠᠷ ᠬᠢ ᠬᠠᠨᠤᠮᠵᠢ ᠶᠢᠨ ᠬᠡᠮᠵᠢᠶ᠎ᠡ | ᠨᠡᠯᠢᠶᠡᠳ ᠥᠨᠳᠥᠷ ᠪᠠᠶᠢᠨ᠎ᠠ᠃ | ᠰᠣᠷᠪᠤᠯᠵᠢᠯᠠᠭ᠎ᠠ ᠬᠦᠯᠢᠶᠡᠭᠰᠡᠳ ᠤᠨ ᠦᠵᠡᠬᠦ ᠪᠠᠷ᠂ ᠰᠠᠶᠢᠬᠠᠨ ᠲᠠᠯ᠎ᠠ᠂ ᠣᠯᠢᠮᠫᠢᠺ ᠤᠨ ᠴᠡᠴᠡᠷᠯᠢᠭ ᠵᠡᠷᠭᠡ ᠪᠠᠶᠢᠭᠠᠯᠢ | ᠶᠢᠨ ᠦᠵᠡᠮᠵᠢ ᠶᠢᠨ ᠣᠷᠣᠨ ᠤ ᠲᠣᠭᠤᠷᠢᠨ ᠵᠤᠭᠠᠴᠠᠬᠤ ᠵᠠᠮ ᠱᠤᠭᠤᠮ ᠤᠨ ᠲᠥᠯᠦᠪᠵᠢᠭᠦᠯᠭᠡ ᠨᠢ ᠵᠦᠢ ᠵᠣᠬᠢᠰᠲᠠᠢ | ᠪᠠᠶᠢᠵᠤ᠂ ᠦ᠋ ᠳ᠋ᠠᠩ ᠵᠣᠣ᠂ ᠴᠢᠶᠣᠤ ᠵᠢᠶᠠ ᠶᠢᠨ ᠵᠡᠭᠡᠯᠢ ᠵᠡᠷᠭᠡ ᠬᠥᠮᠥᠨ ᠰᠣᠶᠣᠯ ᠤᠨ ᠦᠵᠡᠮᠵᠢ ᠶᠢᠨ ᠣᠷᠣᠨ ᠤ ᠭᠤᠣᠯ | ᠰᠡᠳᠦᠪᠲᠦ ᠣᠨᠴᠠᠯᠢᠭ ᠨᠢ ᠢᠯᠡ ᠲᠣᠳᠣ ᠪᠠᠶᠢᠵᠤ᠂ ᠦᠵᠡᠮᠵᠢ ᠶᠢᠨ ᠣᠷᠣᠨ ᠤ ᠲᠥᠯᠦᠪᠵᠢᠭᠦᠯᠭᠡ ᠨᠢ ᠶᠡᠷᠦᠩᠬᠡᠢ ᠳᠡᠭᠡᠨ | ᠰᠢᠯᠢᠳᠡᠭ ᠪᠠᠶᠢᠵᠤ᠂ ᠳᠠᠯᠳᠠ ᠳᠠᠪᠠᠭᠤᠯᠢᠭ ᠲᠠᠢ ᠪᠠᠶᠢᠨ᠎ᠠ᠃ | ᠡᠭᠦᠨ ᠤ ᠵᠡᠷᠭᠡ ᠳᠤ᠂ ᠪᠠᠶᠢᠴᠠᠭᠠᠯᠲᠠ ᠳᠤ ᠢᠯᠡᠷᠡᠭᠦᠯᠦᠭᠰᠡᠨ ᠢᠶᠠᠷ᠂ ᠮᠠᠨ ᠤ ᠬᠤᠲᠠ ᠶᠢᠨ ᠵᠢᠭᠤᠯᠴᠢᠯᠠᠯ ᠤᠨ | ᠦᠵᠡᠮᠵᠢ ᠶᠢᠨ ᠭᠠᠵᠠᠷ ᠶᠡᠷᠦᠩᠬᠡᠢ ᠳᠡᠭᠡᠨ ᠨᠡᠯᠢᠶᠡᠳ ᠲᠠᠷᠠᠬᠠᠢ ᠪᠤᠲᠠᠷᠬᠠᠢ ᠪᠠᠶᠢᠬᠤ ᠪᠥᠭᠡᠳ ᠰᠡᠯᠡᠭᠦᠴᠡᠨ ᠠᠮᠠᠷᠠᠬᠤ | ᠲᠥᠷᠥᠯ ᠤᠨ ᠵᠢᠭᠤᠯᠴᠢᠯᠠᠯ ᠤᠨ ᠦᠢᠯᠡᠳᠬᠦᠨ ᠤ ᠬᠠᠩᠭᠠᠯᠭ᠎ᠠ ᠨᠡᠯᠢᠶᠡᠳ ᠴᠥᠭᠡᠨ ᠪᠠᠶᠢᠵᠤ᠂ ᠵᠢᠭᠤᠯᠴᠢᠯᠠᠭᠴᠢᠳ ᠤᠨ | ᠵᠣᠭᠰᠣᠬᠤ ᠴᠠᠭ ᠢ ᠪᠦᠲᠦᠮᠵᠢᠲᠡᠶ ᠤᠷᠲᠤᠳᠬᠠᠵᠤ ᠳᠡᠶᠢᠯᠬᠦ ᠦᠭᠡᠢ ᠠᠴᠠ ᠪᠣᠯᠵᠤ᠂ ᠬᠤᠨᠤᠭ ᠪᠠᠭᠤᠳᠠᠯ᠂ ᠢᠳᠡᠭᠡᠨ | ᠤᠮᠳᠠᠭᠠᠨ ᠵᠡᠷᠭᠡ ᠨᠡᠮᠡᠯᠲᠡ ᠵᠢᠭᠤᠯᠴᠢᠯᠠᠯ ᠤᠨ ᠬᠡᠷᠡᠭᠯᠡᠭᠡᠨ ᠤ ᠬᠡᠷᠡᠭᠴᠡᠭᠡ ᠪᠠᠭ᠎ᠠ ᠪᠣᠯᠵᠤ᠂ ᠪᠦᠬᠦ᠋ᠢᠯᠡ ᠵᠢᠭᠤᠯᠴᠢᠯᠠᠯ ᠤᠨ | ᠬᠡᠷᠡᠭᠯᠡᠭᠡᠨ ᠤ ᠵᠣᠭᠤᠰ ᠤᠨ ᠲᠤᠭ᠎ᠠ ᠶᠡᠭᠡ ᠪᠢᠰᠢ ᠪᠣᠯᠵᠠᠢ᠂ 24% ᠶᠢᠨ ᠰᠣᠷᠪᠤᠯᠵᠢᠯᠠᠭ᠎ᠠ ᠬᠦᠯᠢᠶᠡᠭᠰᠡᠳ ᠦᠵᠡᠮᠵᠢ ᠶᠢᠨ | ᠣᠷᠣᠨ ᠤ ᠡᠷᠬᠢᠨ ᠲᠣᠭᠤᠷᠢᠨ ᠳᠤ ᠬᠤᠨᠤᠭ ᠦᠭᠡᠢ ᠭᠡᠵᠦ ᠢᠯᠡᠷᠬᠡᠶᠢᠯᠡᠪᠡ᠃ ᠵᠢᠭᠤᠯᠴᠢᠯᠠᠯ ᠤᠨ ᠬᠡᠷᠡᠭᠯᠡᠭᠡᠨ ᠤ ᠬᠠᠩᠭᠠᠯᠭ᠎ᠠ | ᠬᠦᠷᠦᠯᠴᠡᠬᠦ ᠦᠭᠡᠢ᠂ ᠦᠵᠡᠮᠵᠢ ᠶᠢᠨ ᠣᠷᠣᠨ ᠤ ᠡᠷᠬᠢᠨ ᠲᠣᠭᠤᠷᠢᠨ ᠤ ᠵᠣᠴᠢᠳ ᠤᠨ ᠪᠠᠭᠤᠳᠠᠯ ᠤᠨ ᠲᠤᠭ᠎ᠠ ᠬᠡᠮᠵᠢᠶ᠎ᠡ | ᠶᠡᠷᠦᠩᠬᠡᠢ ᠳᠡᠭᠡᠨ ᠴᠥᠭᠡᠨ ᠪᠠᠶᠢᠵᠤ᠂ ᠠᠷᠠᠳ ᠤᠨ ᠪᠠᠭᠤᠳᠠᠯ᠂ ᠵᠣᠴᠢᠳ ᠤᠨ ᠪᠠᠭᠤᠳᠠᠯ ᠵᠡᠷᠭᠡ ᠰᠢᠨ᠎ᠡ ᠮᠠᠶ᠋ᠢᠭ ᠤᠨ | ᠬᠤᠨᠤᠭ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠪᠠᠰᠠ ᠬᠥᠭᠵᠢᠯᠲᠡ ᠶᠢᠨ ᠡᠬᠢᠨ ᠤ ᠬᠤᠭᠤᠴᠠᠭᠠᠨ ᠳᠠᠭᠠᠨ ᠪᠠᠶᠢᠵᠤ᠂ | ᠨᠠᠷᠠᠲᠤ ᠲᠥᠷᠥᠯ ᠲᠡᠮᠳᠡᠭᠲᠦ ᠶᠢᠨ ᠦᠢᠯᠡᠳᠦᠯ ᠢᠶᠠᠷ ᠳᠤᠲᠠᠮᠠᠭ ᠪᠠᠶᠢᠨ᠎ᠠ᠃ ᠪᠤᠭᠤᠲᠤ ᠶᠢᠨ ᠦᠵᠡᠮᠵᠢ ᠶᠢᠨ ᠣᠷᠣᠨ ᠤ | ᠢᠳᠡᠭᠡᠨ ᠤᠮᠳᠠᠭᠠᠨ ᠤ ᠣᠯᠠᠩᠬᠢ ᠨᠢ ᠵᠢᠵᠢᠭ ᠢᠳᠡᠭᠡᠨ ᠤ ᠳᠡᠯᠭᠡᠭᠦᠷᠴᠢᠨ ᠪᠠᠶᠢᠵᠤ᠂ ᠬᠤᠭᠤᠯᠠᠨ ᠤ ᠲᠥᠷᠥᠯ ᠵᠦᠢᠯ ᠨᠢ | ᠲᠠᠩ ᠴᠤᠯᠭᠤᠢ ᠪᠠᠶᠢᠵᠤ᠂ ᠦᠵᠡᠮᠵᠢ ᠶᠢᠨ ᠣᠷᠣᠨ ᠤ ᠡᠷᠬᠢᠨ ᠲᠣᠭᠤᠷᠢᠨ ᠤ ᠢᠳᠡᠭᠡᠨ ᠤᠮᠳᠠᠭᠠᠨ ᠤ ᠦᠢᠯᠡᠰ ᠨᠢ | ᠨᠡᠶᠢᠳᠡᠮ ᠳᠡᠭᠡᠨ ᠬᠡᠪᠴᠢᠶ᠎ᠡ ᠲᠠᠢ ᠪᠣᠯᠣᠭᠠᠳᠤᠢ ᠪᠠᠶᠢᠨ᠎ᠠ᠃ | ᠰᠠᠨᠠᠭᠤᠯᠤᠮᠵᠢ᠄ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠢᠳᠡᠪᠬᠢᠲᠡᠢ ᠪᠠᠷ ᠨᠡᠭᠡᠭᠡᠨ | ᠬᠥᠭᠵᠢᠭᠦᠯᠵᠦ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ ᠃ | ᠰᠣᠷᠪᠤᠯᠵᠢᠯᠠᠭ᠎ᠠ ᠬᠦᠯᠢᠶᠡᠭᠰᠡᠳ ᠤᠨ ᠰᠠᠨᠠᠭᠤᠯᠤᠭᠰᠠᠨ ᠢᠶᠠᠷ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠭᠠᠵᠠᠷ | ᠣᠷᠣᠨ ᠤ ᠳᠠᠪᠠᠭᠤᠯᠢᠭ ᠢᠶᠠᠨ ᠢᠳᠡᠪᠬᠢᠲᠡᠢ ᠪᠠᠳᠠᠷᠠᠭᠤᠯᠵᠤ᠂ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ | ᠬᠥᠭᠵᠢᠭᠦᠯᠬᠦ ᠬᠡᠷᠡᠭᠲᠡᠢ᠂ ᠵᠢᠱᠢᠶᠡᠯᠡᠪᠡᠯ ᠬᠥᠳᠡᠭᠡ ᠲᠣᠰᠬᠤᠨ ᠤ ᠵᠢᠭᠤᠯᠴᠢᠯᠠᠯ ᠤᠨ ᠦᠢᠯᠡᠳᠬᠦᠨ ᠤ ᠦᠢᠯᠡᠴᠢᠯᠡᠭᠡᠨ ᠤ | ᠰᠢᠰᠲ᠋ᠧᠮ ᠢ ᠪᠠᠶᠢᠭᠤᠯᠵᠤ᠂ ᠠᠵᠤ ᠦᠢᠯᠡᠳᠪᠦᠷᠢ ᠶᠢᠨ ᠵᠢᠭᠤᠯᠴᠢᠯᠠᠯ ᠢ ᠨᠡᠭᠡᠭᠡᠨ ᠬᠥᠭᠵᠢᠭᠦᠯᠵᠦ᠂ ᠵᠢᠭᠤᠯᠴᠢᠯᠠᠭᠴᠢᠳ ᠲᠤ | ᠨᠠᠩ ᠡᠯᠪᠡᠭ ᠪᠠᠶᠠᠯᠢᠭ ᠵᠠᠬ᠎ᠠ ᠳᠡᠯᠭᠡᠭᠦᠷ ᠤᠨ ᠰᠣᠩᠭᠤᠯᠲᠠ ᠬᠠᠩᠭᠠᠬᠤ ᠬᠡᠷᠡᠭᠲᠡᠢ᠃ | ᠵᠢᠭᠤᠯᠴᠢᠯᠠᠯ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠣᠯ ᠵᠢᠭᠤᠯᠴᠢᠯᠠᠯ ᠤᠨ ᠵᠣᠷᠢᠭᠰᠠᠨ | ᠭᠠᠵᠠᠷ ᠤᠨ ᠬᠥᠭᠵᠢᠯᠲᠡ ᠶᠢᠨ ᠰᠠᠭᠤᠷᠢ ᠴᠢᠨᠠᠷᠲᠠᠢ ᠨᠥᠬᠦᠴᠡᠯ ᠪᠣᠯᠬᠤ ᠪᠥᠭᠡᠳ ᠪᠠᠰᠠ ᠴᠤ ᠵᠢᠭᠤᠯᠴᠢᠯᠠᠭᠴᠢ ᠶᠢᠨ | ᠵᠢᠭᠤᠯᠴᠢᠯᠠᠯ ᠤᠨ ᠭᠠᠵᠠᠷ ᠰᠣᠩᠭᠤᠬᠤ ᠶᠢᠨ ᠦᠨᠳᠦᠰᠦᠨ ᠪᠣᠳᠣᠯᠬᠢᠯᠠᠬᠤ ᠬᠦᠴᠦᠨ ᠵᠦᠢᠯ ᠪᠣᠯᠣᠨ᠎ᠠ᠃ ᠰᠣᠷᠪᠤᠯᠵᠢᠯᠠᠭ᠎ᠠ | ᠬᠦᠯᠢᠶᠡᠭᠰᠡᠳ ᠤᠨ ᠦᠵᠡᠬᠦ ᠪᠠᠷ᠂ ᠬᠤᠨᠤᠭ ᠤᠨ ᠵᠣᠴᠢᠯᠠᠬᠤ ᠣᠯᠠᠨ ᠡᠰᠢᠲᠦ ᠰᠢᠰᠲ᠋ᠧᠮ ᠢ ᠪᠠᠶᠢᠭᠤᠯᠵᠤ᠂ ᠵᠣᠴᠢᠳ ᠤᠨ | ᠪᠠᠭᠤᠳᠠᠯ ᠤᠨ ᠦᠢᠯᠡᠴᠢᠯᠡᠭᠡᠨ ᠤ ᠲᠥᠷᠥᠯ ᠵᠦᠢᠯ ᠢ ᠪᠠᠶᠠᠯᠢᠭᠵᠢᠭᠤᠯᠤᠨ᠂ ᠲᠠᠰᠤᠷᠠᠯᠲᠠ ᠦᠭᠡᠢ ᠨᠡᠮᠡᠭᠳᠡᠵᠦ ᠪᠠᠶᠢᠭ᠎ᠠ ᠣᠯᠠᠨ | ᠡᠰᠢᠲᠦ ᠵᠢᠭᠤᠯᠴᠢᠯᠠᠯ ᠤᠨ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠡᠷᠡᠭᠴᠡᠭᠡ ᠳᠤ ᠵᠣᠬᠢᠴᠠᠭᠤᠯᠵᠤ᠂ ᠣᠷᠣᠨ ᠪᠦᠰᠡ ᠶᠢᠨ | ᠣᠨᠴᠠᠯᠢᠭ ᠪᠠ ᠰᠣᠶᠣᠯ ᠤᠨ ᠣᠨᠴᠠᠯᠢᠭ ᠪᠦᠬᠦᠢ ᠵᠣᠴᠢᠳ ᠤᠨ ᠪᠠᠭᠤᠳᠠᠯ ᠤᠨ ᠬᠥᠭᠵᠢᠯᠲᠡ ᠶᠢ ᠲᠦᠯᠬᠢᠨ ᠠᠬᠢᠭᠤᠯᠬᠤ | ᠶᠢᠨ ᠬᠠᠮᠲᠤ ᠬᠤᠨᠤᠭ ᠤᠨ ᠣᠷᠴᠢᠨ ᠲᠣᠭᠤᠷᠢᠨ ᠤ ᠠᠮᠤᠷ ᠲᠦᠪᠰᠢᠨ ᠡᠷᠡᠭᠦᠯ ᠬᠠᠮᠠᠭᠠᠯᠠᠯ ᠢ ᠴᠢᠬᠤᠯᠠᠴᠢᠯᠠᠨ᠂ | ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠵᠢᠭᠤᠯᠴᠢᠯᠠᠯ ᠢᠳᠡᠭᠡᠨ ᠤᠮᠳᠠᠭᠠᠨ ᠤ ᠣᠯᠠᠨ | ᠶᠠᠩᠵᠤᠴᠢᠯᠠᠯᠲᠠ ᠶᠢ ᠪᠡᠶᠡᠯᠡᠭᠦᠯᠵᠦ᠂ ᠬᠡᠷᠡᠭᠯᠡᠭᠴᠢᠳ ᠤᠨ ᠣᠯᠠᠨ ᠲᠠᠰ ᠳᠠᠪᠬᠤᠷᠭ᠎ᠠ ᠶᠢᠨ᠂ ᠣᠯᠠᠨ ᠶᠠᠩᠵᠤ ᠶᠢᠨ | ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠳᠤ ᠡᠭᠦᠨ ᠤ ᠬᠠᠮᠲᠤ᠂ ᠵᠤᠭᠠᠴᠠᠭᠰᠠᠳ ᠤᠨ ᠳᠤᠷ᠎ᠠ ᠪᠠᠬ᠎ᠠ ᠲᠠᠢ᠂ ᠤᠷᠠᠨ | ᠰᠠᠶᠢᠬᠠᠨ ᠤ ᠫᠷᠣᠭ᠍ᠷᠠᠮ ᠤᠨ ᠠᠭᠤᠯᠭ᠎ᠠ ᠶᠢ ᠪᠠᠶᠠᠯᠢᠭᠵᠢᠭᠤᠯᠬᠤ ᠳᠤ ᠴᠢᠭᠯᠡᠭᠦᠯᠦᠨ᠂ ᠨᠠᠩ ᠣᠯᠠᠨ ᠵᠤᠭ᠎ᠠ ᠴᠡᠩᠭᠡᠯ ᠤᠨ | ᠲᠥᠬᠦᠭᠡᠷᠦᠮᠵᠢ ᠶᠢ ᠴᠢᠷᠮᠠᠶᠢᠨ ᠪᠠᠶᠢᠭᠤᠯᠵᠤ᠂ ᠵᠤᠭᠠᠴᠠᠭᠰᠠᠳ ᠤᠨ ᠣᠷᠣᠯᠴᠠᠬᠤ ᠴᠢᠨᠠᠷ ᠢᠶᠠᠷ ᠨᠡᠯᠢᠶᠡᠳ ᠴᠢᠩᠭ᠎ᠠ ᠵᠤᠭ᠎ᠠ | ᠴᠡᠩᠭᠡᠯ ᠤᠨ ᠵᠦᠢᠯᠡᠰ ᠢ ᠪᠣᠶ ᠪᠣᠯᠭᠠᠵᠤ᠂ ᠵᠤᠭ᠎ᠠ ᠴᠡᠩᠭᠡᠯ ᠤᠨ ᠰᠠᠯᠠᠭ᠎ᠠ ᠮᠥᠴᠢᠷ᠂ ᠦᠵᠡᠮᠵᠢ ᠶᠢᠨ ᠣᠷᠣᠨ ᠤ ᠰᠠᠯᠠᠭ᠎ᠠ | ᠮᠥᠴᠢᠷ ᠪᠠ ᠪᠠᠷᠠᠭ᠎ᠠ ᠬᠤᠳᠠᠯᠳᠤᠨ ᠠᠪᠬᠤ ᠰᠠᠯᠠᠭ᠎ᠠ ᠮᠥᠴᠢᠷ ᠤᠨ ᠬᠤᠯᠪᠤᠭᠠᠯᠠᠨ ᠬᠥᠳᠡᠯᠦᠯᠴᠡᠵᠦ ᠪᠦᠲᠦᠭᠡᠨ | ᠪᠠᠶᠢᠭᠤᠯᠬᠤ ᠶᠢ ᠠᠬᠢᠭᠤᠯᠵᠤ᠂ ᠰᠠᠯᠠᠭ᠎ᠠ ᠮᠥᠴᠢᠷ ᠤᠨ ᠡᠵᠡᠩᠨᠡᠨ ᠪᠣᠷᠣᠯᠠᠭᠤᠯᠤᠯᠲᠠ ᠶᠢ ᠥᠷᠭᠡᠳᠬᠡᠨ᠂ ᠰᠠᠯᠠᠭ᠎ᠠ ᠮᠥᠴᠢᠷ ᠤᠨ | ᠠᠵᠤ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ | ︽ᠪᠤᠭᠤᠲᠤ ᠶᠢᠨ ᠣᠨᠴᠠᠯᠢᠭᠲᠤ ᠵᠤᠭᠠᠴᠠᠯ ᠤᠨ ᠲᠠᠸᠠᠷ ᠤᠨ ᠤᠬᠠᠭᠤᠯᠭ᠎ᠠ ᠶᠢᠨ ᠡᠷᠴᠢᠮ ᠢ ᠴᠢᠨᠠᠭᠰᠢᠳᠠ | ᠴᠢᠩᠭᠠᠷᠠᠭᠤᠯᠵᠤ᠂ ᠪᠤᠭᠤᠲᠤ ᠶᠢᠨ ᠵᠤᠭᠠᠴᠠᠯ ᠤᠨ ᠲᠦᠷᠦᠯ ᠲᠡᠮᠳᠡᠭ ᠢ ᠡᠭᠦᠳᠬᠦ ᠶᠢ ᠬᠦᠰᠡᠵᠦ ᠪᠠᠶᠢᠨ᠎ᠠ︾᠃ ︽ᠪᠤᠭᠤᠲᠤ ᠶᠢᠨ | ᠵᠤᠭᠠᠴᠠᠯ ᠤᠨ ᠵᠠᠬ᠎ᠠ ᠳᠡᠯᠭᠡᠭᠦᠷ ᠢ ᠤᠯᠠᠮ ᠠᠴᠠ ᠤᠯᠠᠮ ᠬᠥᠭᠵᠢᠶᠡᠨᠲᠡᠢ ᠪᠣᠯᠭᠠᠵᠤ᠂ ᠬᠡᠷᠡᠭᠯᠡᠭᠡᠨ ᠤ ᠬᠥᠳᠡᠯᠭᠡᠬᠦ ᠬᠦᠴᠦᠨ ᠢ | ᠤᠯᠠᠮ ᠠᠴᠠ ᠤᠯᠠᠮ ᠡᠷᠴᠢᠮᠲᠡᠢ ᠪᠣᠯᠭᠠᠨ᠎ᠠ︕︾ᠭᠡᠵᠦ ᠬᠡᠯᠡᠪᠡ᠃ ᠵᠠᠷᠢᠮ ᠰᠣᠷᠪᠤᠯᠵᠢᠯᠠᠭ᠎ᠠ ᠬᠦᠯᠢᠶᠡᠭᠰᠡᠳ ᠤᠨ | ᠢᠯᠡᠷᠬᠡᠶᠢᠯᠡᠭᠰᠡᠨ ᠃ | |