ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠄ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ︽ᠥᠴᠥᠬᠡᠨ ᠴᠦ ᠵᠠᠢ ᠦᠭᠡᠢ︾᠎ ᠨᠢ ᠡᠷᠬᠡ ᠪᠠᠨ ᠬᠠᠮᠠᠭᠠᠯᠠᠬᠤ ︽ᠰᠠᠶᠢᠨ ᠲᠠᠭᠤᠨ︾᠎ ᠢ ᠳᠠᠮᠵᠢᠭᠤᠯᠪᠠ
ᠨᠡᠶᠢᠲᠡᠯᠡᠭᠰᠡᠨ ᠴᠠᠭ᠄
2024/1/10
     ᠬᠥᠳᠡᠯᠮᠦᠷᠢᠴᠢᠳ ᠤᠨ ᠬᠠᠤᠯᠢ ᠰᠤᠷᠬᠤ᠂ ᠬᠠᠤᠯᠢ ᠮᠡᠳᠡᠬᠦ᠂ ᠬᠠᠤᠯᠢ ᠬᠡᠷᠡᠭᠯᠡᠬᠦ ᠴᠢᠳᠠᠪᠤᠷᠢ ᠶᠢ ᠪᠦᠲᠦᠮᠵᠢᠲᠡᠶ ᠴᠢᠩᠭᠠᠳᠬᠠᠵᠤ᠂ ᠠᠵᠢᠯᠴᠢᠨ ᠬᠡᠷᠡᠭᠯᠡᠬᠦ ᠰᠠᠶᠢᠨ ᠰᠠᠶᠢᠬᠠᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠪᠣᠶ ᠪᠣᠯᠭᠠᠵᠤ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ᠂ 1 ᠳ᠋ᠦᠭᠡᠷ ᠰᠠᠷ᠎ᠠ ᠶᠢᠨ 8᠎ ᠤ ᠡᠳᠦᠷ᠂ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠢ ᡁᠢ ᠪᠠᠷᠠᠭᠠᠨ ᠤ ᠭᠦᠢᠯᠭᠡᠭᠡᠨ ᠤ ᠺᠣᠮᠫᠠᠨᠢ ᠳᠤ ︽ᠬᠥᠳᠡᠯᠮᠦᠷᠢ ᠶᠢᠨ ᠬᠢᠨᠠᠨ ᠪᠠᠶᠢᠴᠠᠭᠠᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠨ ᠰᠠᠬᠢᠵᠤ᠂ ᠠᠵᠢᠯᠴᠢᠨ ᠬᠡᠷᠡᠭᠯᠡᠬᠦ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠬᠤ︾᠎ ᠪᠠᠷ ᠭᠤᠣᠯ ᠰᠡᠳᠦᠪ ᠪᠣᠯᠭᠠᠭᠰᠠᠨ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠶᠢᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
     ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠬᠥᠳᠡᠯᠮᠦᠷᠢ ᠶᠢᠨ ᠪᠠᠲᠤᠯᠠᠭ᠎ᠠ ᠶᠢᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠪᠠᠷ ᠬᠠᠷᠠᠯᠲᠠ ᠪᠣᠯᠭᠠᠵᠤ᠂ ᠣᠯᠠᠨ ᠲᠦᠮᠡᠨ ᠳᠤ ᠦᠢᠯᠡᠴᠢᠯᠡᠬᠦ᠂ ᠠᠵᠢᠯᠴᠢᠨ ᠢ ᠠᠩᠬᠠᠷᠬᠤ᠂ ᠠᠵᠤ ᠠᠬᠤᠶᠢᠯᠠᠯ ᠳᠤ ᠬᠠᠨᠳᠤᠭᠤᠯᠬᠤ ᠡᠭᠦᠳᠡᠨ ᠠᠴᠠ ᠥᠷᠭᠡᠨ ᠣᠯᠠᠨ ᠠᠵᠢᠯᠴᠢᠨ ᠳᠤ ᠬᠥᠳᠡᠯᠮᠦᠷᠢ ᠶᠢᠨ ᠪᠠᠲᠤᠯᠠᠭ᠎ᠠ ᠶᠢᠨ ᠬᠠᠮᠤᠭ ᠤᠨ ᠰᠢᠨ᠎ᠡ ᠮᠡᠳᠡᠭᠡ ᠵᠠᠩᠭᠢ ᠶᠢ ᠤᠯᠠᠮᠵᠢᠯᠠᠨ ᠥᠭᠴᠦ᠂ ᠬᠥᠳᠡᠯᠮᠦᠷᠢ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠲᠠᠶᠢᠯᠪᠤᠷᠢᠯᠠᠨ ᠥᠭᠴᠦ᠂ ᠬᠥᠳᠡᠯᠮᠦᠷᠢᠴᠢᠳ ᠤᠨ ᠬᠠᠤᠯᠢ ᠶᠣᠰᠣᠭᠠᠷ ᠠᠵᠢᠯᠯᠠᠬᠤ᠂ ᠡᠷᠬᠡ ᠪᠠᠨ ᠵᠦᠢ ᠵᠣᠬᠢᠰᠲᠠᠢ ᠬᠠᠮᠠᠭᠠᠯᠠᠬᠤ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ᠂ ᠥᠷᠭᠡᠨ ᠣᠯᠠᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠬᠠᠤᠯᠢ ᠶᠣᠰᠣᠨ ᠤ ᠬᠦᠰᠡᠯ ᠱᠠᠭᠠᠷᠳᠠᠯᠭ᠎ᠠ ᠶᠢ ᠭᠦᠢᠴᠡᠳ ᠪᠠᠲᠤᠯᠠᠨ᠎ᠠ᠃
     ᠲᠠᠷᠠᠭᠠᠴᠢ ᠶᠢᠨ ᠠᠯᠬᠤᠮ ᠳᠤ᠂ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ︽ᠬᠤᠶᠠᠷ ᠢ ᠣᠷᠣᠭᠤᠯᠵᠤ ᠭᠤᠷᠪᠠ ᠶᠢ ᠡᠷᠬᠢᠮᠯᠡᠬᠦ︾ ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠦᠨ᠎ᠡ᠂ ᠲᠤᠬᠠᠶᠢᠯᠠᠪᠠᠯ ᠭᠤᠣᠯᠳᠠᠯᠭ᠎ᠠ ᠲᠠᠢ ᠠᠵᠢᠯᠴᠢᠨ ᠬᠡᠷᠡᠭᠯᠡᠬᠦ ᠠᠵᠤ ᠠᠬᠤᠶᠢᠯᠠᠯ᠂ ᠭᠤᠣᠯᠳᠠᠯᠭ᠎ᠠ ᠲᠠᠢ ᠲᠥᠷᠥᠯ ᠵᠦᠢᠯ ᠤᠨ ᠪᠠᠷᠢᠯᠭ᠎ᠠ ᠶᠢᠨ ᠭᠠᠵᠠᠷ ᠲᠤ ᠣᠷᠣᠵᠤ᠂ ᠲᠥᠷᠥ ᠶᠢᠨ ᠪᠣᠳᠣᠯᠭ᠎ᠠ ᠶᠢ ᠡᠷᠬᠢᠮᠯᠡᠵᠦ᠂ ᠬᠠᠤᠯᠢ ᠲᠣᠭᠲᠠᠭᠠᠯ ᠢ ᠡᠷᠬᠢᠮᠯᠡᠵᠦ᠂ ᠡᠷᠬᠡ ᠪᠠᠨ ᠬᠠᠮᠠᠭᠠᠯᠠᠬᠤ ᠶᠢ ᠡᠷᠬᠢᠮᠯᠡᠨ᠎ᠡ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠬᠠᠤᠯᠢ︾ ︽ᠬᠥᠯᠥᠰᠦᠨ ᠠᠵᠢᠯᠴᠢᠨ ᠤ ᠴᠠᠯᠢᠩ ᠢ ᠥᠭᠬᠦ ᠶᠢ ᠪᠠᠲᠤᠯᠠᠬᠤ ᠳᠦᠷᠢᠮ︾᠎ ᠢ ᠬᠡᠷᠡᠭᠵᠢᠭᠦᠯᠬᠦ ᠲᠠᠢ ᠤᠶᠠᠯᠳᠤᠭᠤᠯᠤᠨ ᠨᠠᠩ ᠨᠠᠷᠢᠯᠢᠭ ᠣᠨᠣᠴᠠᠲᠠᠢ᠂ ᠨᠠᠩ ᠬᠠᠨᠳᠤᠯᠭᠠᠲᠤ ᠴᠢᠨᠠᠷᠲᠠᠢ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢ ᠥᠷᠨᠢᠭᠦᠯᠵᠦ᠂ ᠬᠥᠳᠡᠯᠮᠦᠷᠢ ᠶᠢᠨ ᠬᠦᠷᠢᠶᠡᠨ ᠳᠠᠬᠢ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠬᠦᠴᠦᠨ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠷᠠᠭᠤᠯᠤᠨ᠂ ᠬᠥᠮᠥᠨ ᠬᠡᠷᠡᠭᠯᠡᠬᠦ ᠨᠢᠭᠡᠴᠡ ᠶᠢᠨ ᠬᠠᠤᠯᠢ ᠶᠣᠰᠣᠭᠠᠷ ᠵᠢᠷᠤᠮᠵᠢᠭᠤᠨ ᠠᠵᠢᠯᠴᠢᠨ ᠬᠡᠷᠡᠭᠯᠡᠬᠦ᠂ ᠬᠥᠳᠡᠯᠮᠦᠷᠢᠯᠡᠭᠴᠢ ᠶᠢᠨ ᠵᠦᠢ ᠵᠣᠬᠢᠰᠲᠠᠢ ᠡᠷᠬᠡ ᠪᠠᠨ ᠬᠠᠮᠠᠭᠠᠯᠠᠬᠤ ᠶᠢ ᠤᠯᠠᠮ ᠨᠢᠭᠡ ᠠᠯᠬᠤᠮ ᠬᠥᠲᠥᠯᠥᠨ ᠵᠢᠯᠤᠭᠤᠳᠴᠤ᠂ ᠬᠠᠤᠯᠢ ᠶᠢ ᠬᠦᠨᠳᠦᠳᠬᠡᠬᠦ ᠬᠠᠤᠯᠢ ᠶᠢ ᠬᠦᠨᠳᠦᠳᠬᠡᠬᠦ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠬᠠᠤᠯᠢ ᠪᠠᠷ ᠵᠠᠰᠠᠬᠤ ᠣᠷᠴᠢᠨ ᠲᠣᠭᠤᠷᠢᠨ ᠢ ᠦᠨᠡᠨ ᠬᠦ ᠪᠣᠶ ᠪᠣᠯᠭᠠᠨ᠎ᠠ᠃
 
ᠢᠷᠡᠯᠲᠡ᠄ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号