ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠨ ᠦᠢᠯᠡᠴᠢᠯᠡᠬᠦ ᠶᠢ ᠠᠬᠢᠭᠤᠯᠵᠤ ᠦᠨᠳᠦᠰᠦᠨ ᠱᠠᠲᠤᠨ ᠤ ᠡᠷᠡᠭᠦᠯ ᠮᠡᠨᠳᠦ ᠶᠢᠨ ᠰᠡᠷᠭᠡᠶᠢᠯᠡᠯᠲᠡ ᠢ ᠪᠠᠲᠤᠯᠠᠨ᠎ᠠ
ᠨᠡᠶᠢᠲᠡᠯᠡᠭᠰᠡᠨ ᠴᠠᠭ᠄
2024/1/17
     ᠭᠡᠷ ᠪᠦᠯᠢ ᠶᠢᠨ ᠡᠮᠴᠢ ᠶᠢᠨ ᠦᠢᠯᠡᠴᠢᠯᠡᠭᠡᠨ ᠤ ᠠᠭᠤᠯᠤᠭᠳᠠᠬᠤᠨ ᠢ ᠤᠯᠠᠮ ᠨᠢᠭᠡ ᠠᠯᠬᠤᠮ ᠴᠢᠩᠭᠠᠳᠬᠠᠵᠤ᠂ ᠪᠦᠲᠦᠮᠵᠢᠲᠡᠶ ᠭᠡᠷ᠎ᠡ ᠲᠣᠭᠲᠠᠬᠤ ᠶᠢ ᠠᠬᠢᠭᠤᠯᠤᠨ᠂ ᠭᠡᠷ᠎ᠡ ᠭᠦᠢᠴᠡᠳᠬᠡᠬᠦ ᠶᠢ ᠵᠢᠷᠤᠮᠵᠢᠭᠤᠯᠵᠤ᠂ ᠦᠢᠯᠡᠴᠢᠯᠡᠭᠡᠨ ᠤ ᠶᠠᠰᠤ ᠴᠢᠨᠠᠷ ᠪᠠ ᠭᠡᠷ᠎ᠡ ᠲᠣᠭᠲᠠᠭᠰᠠᠨ ᠰᠠᠭᠤᠭᠠᠯᠢ ᠠᠷᠠᠳ ᠤᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠲᠥᠯᠥᠭᠡ᠂ 1 ᠰᠠᠷ᠎ᠠ ᠶᠢᠨ 15᠎ ᠤ ᠡᠳᠦᠷ᠂ ᠲᠦᠩ ᠶᠠᠩ ᠳ᠋ᠣᠣ ᠬᠡᠷᠡᠭ ᠡᠷᠬᠢᠯᠡᠬᠦ ᠭᠠᠵᠠᠷ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡᠨ ᠤ ᠪᠦᠯᠬᠦᠮ ᠨᠡᠶᠢᠭᠡᠮ ᠲᠣᠭᠤᠷᠢᠭ᠂ ᠵᠡᠭᠡᠯᠢ ᠭᠤᠳᠤᠮᠵᠢ ᠳᠤ ᠭᠦᠨᠵᠡᠭᠡᠶᠢᠷᠡᠨ ᠲᠣᠭᠤᠷᠢᠨ ᠶᠠᠪᠤᠵᠤ ᠭᠡᠷ ᠤᠨ ᠡᠮᠴᠢ ᠶᠢᠨ ᠭᠡᠷ᠎ᠡ ᠲᠣᠭᠲᠠᠬᠤ ᠠᠵᠢᠯᠯᠠᠭ᠎ᠠ ᠥᠷᠨᠢᠭᠦᠯᠪᠡ᠃
    ᠠᠵᠢᠯᠯᠠᠭ᠎ᠠ ᠶᠢᠨ ᠳᠤᠮᠳᠠ᠂ ᠡᠮᠴᠢ ᠰᠤᠪᠢᠯᠠᠭᠴᠢᠳ ᠨᠠᠰᠤᠲᠠᠶᠢᠴᠤᠳ ᠲᠤ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠭᠰᠠᠨ ᠦᠢᠯᠡᠴᠢᠯᠡᠬᠦ ᠡᠲᠡᠭᠡᠳ᠂ ᠦᠢᠯᠡᠴᠢᠯᠡᠬᠦ ᠠᠷᠭ᠎ᠠ ᠮᠠᠶ᠋ᠢᠭ᠂ ᠦᠢᠯᠡᠴᠢᠯᠡᠬᠦ ᠠᠭᠤᠯᠭ᠎ᠠ ᠵᠡᠷᠭᠡ ᠶᠢ ᠨᠠᠷᠢᠨ ᠲᠠᠶᠢᠯᠪᠤᠷᠢᠯᠠᠵᠤ ᠥᠭᠭᠦᠭᠰᠡᠨ ᠪᠥᠭᠡᠳ ᠰᠠᠭᠤᠭᠠᠯᠢ ᠠᠷᠠᠳ ᠲᠤ ᠲᠠᠩᠰᠠ ᠡᠪᠬᠡᠮᠡᠯ ᠪᠠᠶᠢᠭᠤᠯᠤᠨ ᠭᠡᠷ᠎ᠡ ᠲᠣᠭᠲᠠᠵᠤ᠂ ᠰᠠᠭᠤᠭᠠᠯᠢ ᠠᠷᠠᠳ ᠲᠤ ᠨᠢᠭᠡ ᠳᠤ ᠨᠢᠭᠡ ᠶᠢᠨ ᠦᠢᠯᠡᠴᠢᠯᠡᠭᠡ ᠬᠠᠩᠭᠠᠭᠰᠠᠨ ᠪᠠᠶᠢᠨ᠎ᠠ᠃ ᠡᠭᠦᠨ ᠤ ᠬᠠᠮᠲᠤ᠂ ᠡᠮᠨᠡᠯᠭᠡ ᠶᠢᠨ ᠠᠵᠢᠯᠲᠠᠳ ᠪᠠᠰᠠ ᠰᠠᠭᠤᠭᠠᠯᠢ ᠠᠷᠠᠳ ᠲᠤ ᠦᠨ᠎ᠡ ᠲᠥᠯᠥᠪᠦᠷᠢ ᠦᠭᠡᠢ ᠪᠠᠷ ᠴᠢᠰᠤᠨ ᠳᠠᠷᠤᠯᠲᠠ ᠶᠢ ᠬᠡᠮᠵᠢᠬᠦ᠂ ᠴᠢᠰᠤᠨ ᠰᠢᠬᠢᠷ ᠢ ᠬᠡᠮᠵᠢᠬᠦ᠂ ᠲᠥᠬᠦᠮ ᠪᠡᠶ᠎ᠡ ᠶᠢᠨ ᠪᠠᠶᠢᠴᠠᠭᠠᠯᠲᠠ ᠪᠠ ᠡᠷᠡᠭᠦᠯ ᠮᠡᠨᠳᠦ ᠶᠢᠨ ᠯᠠᠪᠯᠠᠯᠲᠠ ᠥᠭᠴᠦ᠂ ᠲᠡᠳᠡᠨ ᠳᠤ ᠢᠳᠡᠭᠡᠨ ᠤᠮᠳᠠᠭᠠᠨ ᠢᠶᠠᠨ ᠵᠣᠬᠢᠰᠲᠠᠢ ᠪᠠᠶᠢᠯᠭᠠᠵᠤ᠂ ᠰᠢᠮ᠎ᠡ ᠲᠡᠵᠢᠭᠡᠯ ᠢᠶᠠᠨ ᠲᠡᠩᠴᠡᠭᠦᠷᠢᠲᠡᠢ ᠪᠠᠶᠢᠯᠭᠠᠬᠤ ᠶᠢ ᠰᠠᠨᠠᠭᠤᠯᠵᠤ᠂ ᠲᠡᠳᠡᠨ ᠳᠤ ᠢᠯᠡᠭᠦᠬᠡᠨ ᠪᠣᠯᠪᠠᠰᠤᠷᠠᠵᠤ᠂ ᠲᠣᠭᠲᠠᠭᠰᠠᠨ ᠬᠤᠭᠤᠴᠠᠭ᠎ᠠ ᠲᠠᠢ ᠪᠡᠶ᠎ᠡ ᠶᠢᠨ ᠪᠠᠶᠢᠴᠠᠭᠠᠯᠲᠠ ᠬᠢᠵᠦ᠂ ᠪᠡᠶ᠎ᠡ ᠨᠢ ᠡᠪ ᠦᠭᠡᠢ ᠪᠠᠶᠢᠪᠠᠯ ᠡᠷᠲᠡᠬᠡᠨ ᠡᠮᠨᠡᠯᠭᠡ ᠳᠤ ᠬᠦᠷᠴᠦ ᠪᠠᠶᠢᠴᠠᠭᠠᠨ ᠡᠮᠨᠡᠭᠦᠯᠵᠦ᠂ ᠡᠷᠡᠭᠦᠯ ᠴᠢᠭᠢᠷᠠᠭ ᠠᠮᠢᠳᠤᠷᠠᠯ ᠤᠨ ᠳᠠᠳᠬᠠᠯ ᠲᠠᠢ ᠪᠣᠯᠬᠤ ᠶᠢ ᠰᠠᠨᠠᠭᠤᠯᠵᠤ ᠪᠠᠶᠢᠨ᠎ᠠ᠃      ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠬᠠᠷᠢᠶᠠᠲᠤ ᠣᠷᠣᠨ ᠤ ᠰᠠᠭᠤᠭᠠᠯᠢ ᠠᠷᠠᠳ ᠤᠨ ︽ᠭᠡᠷ ᠪᠦᠯᠢ ᠶᠢᠨ ᠡᠮᠴᠢ︾᠎ ᠶᠢᠨ ᠲᠤᠬᠠᠢ ᠲᠠᠨᠢᠯᠲᠠ ᠶᠢ ᠳᠡᠭᠡᠭᠰᠢᠯᠡᠭᠦᠯᠵᠦ᠂ ᠰᠠᠭᠤᠭᠠᠯᠢ ᠠᠷᠠᠳ ᠯᠤᠭ᠎ᠠ ᠶᠢᠨ ᠨᠡᠪᠲᠡᠷᠡᠯᠴᠡᠭᠡ ᠬᠠᠷᠢᠯᠴᠠᠭ᠎ᠠ ᠪᠠ ᠦᠢᠯᠡᠴᠢᠯᠡᠭᠡᠨ ᠤ ᠬᠠᠷᠢᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠨ᠂ ᠭᠡᠷ ᠪᠦᠯᠢ ᠶᠢᠨ ᠡᠮᠴᠢ ᠶᠢᠨ ᠦᠢᠯᠡᠴᠢᠯᠡᠭᠡᠨ ᠤ ᠰᠠᠨᠠᠭᠠᠴᠢᠯᠠᠭᠠᠲᠤ ᠴᠢᠨᠠᠷ ᠢ ᠳᠡᠭᠡᠭᠰᠢᠯᠡᠭᠦᠯᠪᠡ᠃ ᠳᠠᠷᠠᠭᠠᠴᠢ ᠶᠢᠨ ᠠᠯᠬᠤᠮ ᠳᠤ᠂ ᠲᠦᠩ ᠶᠠᠩ ᠳ᠋ᠣᠣ ᠶᠢᠨ ᠬᠡᠷᠡᠭ ᠡᠷᠬᠢᠯᠡᠬᠦ ᠭᠠᠵᠠᠷ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠬᠢᠨ ᠠᠷᠠᠳ ᠲᠦᠮᠡᠨ ᠳᠤ ᠦᠢᠯᠡᠴᠢᠯᠡᠬᠦ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠤᠯᠠᠨ ᠶᠠᠩᠵᠤᠴᠢᠯᠠᠭᠰᠠᠨ᠂ ᠳᠣᠲᠣᠨᠣ ᠰᠢᠯᠢᠳᠡᠭ ᠦᠢᠯᠡᠴᠢᠯᠡᠭᠡ ᠬᠠᠩᠭᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠳᠥᠭᠦᠮ ᠳᠥᠲᠡ ᠡᠮ ᠡᠮᠨᠡᠯᠭᠡ ᠶᠢᠨ ᠦᠢᠯᠡᠴᠢᠯᠡᠭᠡ ᠠᠴᠠ ᠪᠣᠯᠤᠭᠰᠠᠨ ᠳᠣᠲᠣᠨᠣ ᠬᠠᠯᠠᠮᠵᠢᠯᠠᠯ ᠬᠦᠷᠲᠡᠭᠡᠬᠦ ᠶᠢ ᠦᠨᠡᠨᠬᠦ ᠪᠡᠶᠡᠯᠡᠭᠦᠯᠬᠦ ᠪᠣᠯᠣᠨ᠎ᠠ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号