ᠰᠢᠩ ᠭᠤᠸᠠᠩ ᠨᠡᠶᠢᠭᠡᠮ ᠲᠣᠭᠤᠷᠢᠭ ︽ᠡᠪᠦᠯ ᠤᠨ ᠤᠯᠠᠷᠢᠯ ᠤᠨ ᠠᠮᠢᠰᠬᠤᠯ ᠤᠨ ᠵᠠᠮ ᠤᠨ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ︾ ᠡᠷᠡᠭᠦᠯ ᠮᠡᠨᠳᠦ ᠶᠢᠨ ᠮᠡᠳᠡᠯᠭᠡ ᠶᠢᠨ ᠲᠠᠶᠢᠯᠤᠮᠵᠢ ᠥᠷᠨᠢᠭᠦᠯᠪᠡ
ᠨᠡᠶᠢᠲᠡᠯᠡᠭᠰᠡᠨ ᠴᠠᠭ᠄
2024/1/18
     ᠬᠠᠷᠢᠶᠠᠲᠤ ᠣᠷᠣᠨ ᠤ ᠨᠠᠰᠤᠲᠠᠶᠢᠴᠤᠳ ᠤᠨ ᠡᠪᠦᠯ ᠤᠨ ᠤᠯᠠᠷᠢᠯ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠤᠬᠠᠮᠰᠠᠷ ᠢ ᠳᠡᠭᠡᠭᠰᠢᠯᠡᠭᠦᠯᠵᠦ᠂ ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠨ ᠤ ᠥᠷᠭᠡᠵᠢᠨ ᠳᠡᠯᠭᠡᠷᠡᠬᠦ ᠶᠢ ᠪᠠᠭᠠᠰᠬᠠᠨ᠂ ᠬᠠᠷᠢᠶᠠᠲᠤ ᠣᠷᠣᠨ ᠤ ᠨᠠᠰᠤᠲᠠᠶᠢᠴᠤᠳ ᠤᠨ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠦᠨᠡᠨ ᠬᠦ ᠪᠠᠲᠤᠯᠠᠬᠤ ᠶᠢᠨ ᠲᠥᠯᠥᠭᠡ᠂ 1 ᠰᠠᠷ᠎ᠠ ᠶᠢᠨ 17᠎ ᠤ ᠡᠳᠦᠷ᠂ ᠰᠢᠩ ᠭᠤᠸᠠᠩ ᠨᠡᠶᠢᠭᠡᠮ ᠲᠣᠭᠤᠷᠢᠭ ᠲᠤ ︽ᠡᠪᠦᠯ ᠤᠨ ᠤᠯᠠᠷᠢᠯ ᠤᠨ ᠠᠮᠢᠰᠬᠤᠯ ᠤᠨ ᠵᠠᠮ ᠤᠨ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ︾ ᠡᠷᠡᠭᠦᠯ ᠮᠡᠨᠳᠦ ᠶᠢᠨ ᠮᠡᠳᠡᠯᠭᠡ ᠶᠢᠨ ᠲᠠᠶᠢᠯᠤᠮᠵᠢ ᠥᠷᠨᠢᠭᠦᠯᠪᠡ᠃
     ᠲᠠᠶᠢᠯᠤᠮᠵᠢ ᠳᠤ᠂ ᠨᠡᠶᠢᠭᠡᠮ ᠲᠣᠭᠤᠷᠢᠭ ᠤᠨ ᠠᠵᠢᠯᠲᠠᠳ ᠰᠠᠭᠤᠭᠠᠯᠢ ᠠᠷᠠᠳ ᠢ ᠵᠣᠬᠢᠶᠠᠨ ᠪᠠᠶᠢᠭᠤᠯᠤᠨ ︽ᠡᠪᠦᠯ ᠤᠨ ᠤᠯᠠᠷᠢᠯ ᠤᠨ ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ︾ ᠵᠢᠵᠢᠭ ᠸᠢᠳᠢᠤ᠋ ᠶᠢ ᠦᠵᠡᠭᠦᠯᠵᠦ᠂ ᠲᠥᠬᠦᠮ ᠣᠶᠢᠯᠠᠭᠠᠮᠵᠢᠲᠠᠢ ᠦᠭᠡ ᠬᠡᠯᠡ ᠪᠠᠷ ᠰᠠᠭᠤᠭᠠᠯᠢ ᠠᠷᠠᠳ ᠲᠤ ᠠᠮᠢᠰᠬᠤᠯ ᠤᠨ ᠵᠠᠮ ᠤᠨ ᠡᠪᠡᠳᠴᠢᠨ ᠤ ᠬᠠᠯᠳᠠᠪᠤᠷᠢᠯᠠᠬᠤ ᠡᠬᠢ ᠰᠤᠷᠪᠤᠯᠵᠢ᠂ ᠬᠠᠯᠳᠠᠪᠤᠷᠢᠯᠠᠬᠤ ᠠᠷᠭ᠎ᠠ ᠵᠠᠮ ᠵᠡᠷᠭᠡ ᠮᠡᠳᠡᠯᠭᠡ ᠶᠢ ᠲᠦᠭᠡᠮᠡᠯᠵᠢᠭᠦᠯᠵᠡᠢ᠃ ᠡᠭᠦᠨ ᠤ ᠬᠠᠮᠲᠤ᠂ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠬᠠᠷᠢᠶᠠᠲᠤ ᠣᠷᠣᠨ ᠤ ᠪᠠᠨ ᠰᠠᠭᠤᠭᠠᠯᠢ ᠠᠷᠠᠳ ᠵᠢᠴᠢ ᠠᠵᠢᠯ ᠶᠠᠪᠤᠳᠠᠯ ᠬᠢᠬᠦ ᠪᠠᠷ ᠢᠷᠡᠭᠰᠡᠨ ᠰᠠᠭᠤᠭᠠᠯᠢ ᠠᠷᠠᠳ ᠲᠤ ᠠᠮᠢᠰᠬᠤᠯ ᠤᠨ ᠵᠠᠮ ᠤᠨ ᠡᠪᠡᠳᠴᠢᠨ ᠡᠮᠭᠡᠭ ᠢ ᠰᠡᠷᠭᠡᠶᠢᠯᠡᠬᠦ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠬᠠᠮᠠᠭᠠᠯᠠᠬᠤ ᠠᠷᠭ᠎ᠠ ᠬᠡᠮᠵᠢᠶ᠎ᠡ ᠪᠠᠨ ᠰᠠᠶᠢᠲᠤᠷ ᠬᠢᠬᠦ ᠶᠢ ᠣᠯᠠᠨ ᠳᠤ ᠰᠠᠨᠠᠭᠤᠯᠪᠠ᠃      ᠲᠣᠰ ᠤᠳᠠᠭᠠᠨ ᠤ ᠡᠷᠡᠭᠦᠯ ᠮᠡᠨᠳᠦ ᠶᠢᠨ ᠮᠡᠳᠡᠯᠭᠡ ᠶᠢᠨ ᠲᠠᠶᠢᠯᠤᠮᠵᠢ ᠨᠢ ᠨᠠᠰᠤᠲᠠᠶᠢᠴᠤᠳ ᠲᠤ ᠡᠪᠦᠯ ᠤᠨ ᠤᠯᠠᠷᠢᠯ ᠤᠨ ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠨ ᠤ ᠬᠤᠯᠪᠣᠭᠳᠠᠯ ᠪᠦᠬᠦᠢ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢᠨ ᠲᠤᠬᠠᠢ ᠤᠯᠠᠮ ᠨᠢᠭᠡ ᠠᠯᠬᠤᠮ ᠣᠶᠢᠯᠠᠭᠠᠯᠲᠠ ᠥᠭᠴᠦ᠂ ᠰᠠᠭᠤᠭᠠᠯᠢ ᠠᠷᠠᠳ ᠤᠨ ᠡᠪᠦᠯ ᠤᠨ ᠤᠯᠠᠷᠢᠯ ᠤᠨ ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠡᠷᠡᠭᠦᠯ ᠮᠡᠨᠳᠦ ᠶᠢᠨ ᠤᠬᠠᠮᠰᠠᠷ ᠢ ᠪᠦᠲᠦᠮᠵᠢᠲᠡᠶ ᠪᠠᠷ ᠨᠡᠮᠡᠭᠳᠡᠭᠦᠯᠦᠨ᠂ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠡᠪᠦᠯ ᠤᠨ ᠤᠯᠠᠷᠢᠯ ᠤᠨ ᠡᠪᠡᠳᠴᠢᠨ ᠡᠮᠭᠡᠭ ᠡᠭᠦᠰᠬᠦ ᠤᠳᠠᠭ᠎ᠠ ᠶᠢ ᠪᠠᠭᠠᠰᠬᠠᠪᠠ᠃
 
ᠢᠷᠡᠯᠲᠡ᠄ ᠰᠢᠩ ᠭᠤᠸᠠᠩ ᠨᠡᠶᠢᠭᠡᠮ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号