ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ︽ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠯᠡ ᠰᠠᠷ᠎ᠠ ᠶᠢᠨ ᠨᠠᠢᠮᠠᠨ︾ᠭᠡᠬᠦ ᠭᠤᠣᠯ ᠰᠡᠳᠦᠪᠲᠦ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/1/19
     1 ᠰᠠᠷ᠎ᠠ ᠶᠢᠨ 17᠎ ᠤ ᠡᠳᠦᠷ᠂ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠬᠢᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠮᠡᠳᠡᠭᠡ ᠵᠠᠩᠭᠢᠴᠢ ᠪᠣᠯᠣᠨ ᠰᠢᠨᠵᠢᠯᠡᠬᠦ ᠤᠬᠠᠭᠠᠨ ᠮᠡᠷᠭᠡᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠵᠤ ︽ᠭᠦᠨ ᠰᠡᠳᠬᠢᠯᠭᠡ ᠲᠠᠢ ᠯᠡ ᠰᠠᠷ᠎ᠠ ᠶᠢᠨ ᠨᠠᠢᠮᠠᠨ︾ᠭᠡᠬᠦ ᠭᠤᠣᠯ ᠰᠡᠳᠦᠪᠲᠦ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠡᠢ ᠭᠡᠵᠦ ᠵᠦᠢᠷ ᠦᠭᠡᠨ ᠳᠤ︽ᠯᠡ ᠰᠠᠷ᠎ᠠ ᠶᠢᠨ ᠨᠠᠢᠮᠠᠨ︾ᠭᠡᠬᠦ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠡᠢ᠃      ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠭᠡ ᠵᠠᠩᠭᠢᠴᠢᠳ PPT᠎ ᠶᠢ ᠤᠬᠠᠭᠤᠯᠬᠤ ᠪᠠᠷ ᠳᠠᠮᠵᠢᠭᠤᠯᠤᠨ ᠰᠠᠭᠤᠭᠠᠯᠢ ᠠᠷᠠᠳ ᠲᠤ ᠯᠠ ᠰᠠᠷ᠎ᠠ ᠶᠢᠨ ᠨᠠᠢᠮᠠᠨ ᠤ ᠪᠠᠶᠠᠷ ᠤᠨ ᠲᠡᠦᠬᠡ ᠶᠢᠨ ᠡᠬᠢ ᠰᠤᠷᠪᠤᠯᠵᠢ᠂ ᠪᠠᠶᠠᠷ ᠤᠨ ᠡᠳᠦᠷ ᠤᠨ ᠵᠠᠩ ᠳᠠᠳᠬᠠᠯ᠂ ᠢᠳᠡᠭᠡᠨ ᠤᠮᠳᠠᠭᠠᠨ ᠤ ᠰᠣᠶᠣᠯ ᠵᠢᠴᠢ ᠬᠤᠯᠪᠣᠭᠳᠠᠯ ᠪᠦᠬᠦᠢ ᠤᠳᠬ᠎ᠠ ᠵᠣᠬᠢᠶᠠᠯ ᠢ ᠲᠦᠭᠡᠮᠡᠯᠵᠢᠭᠦᠯᠵᠡᠢ᠃ ᠡᠭᠦᠨ ᠤ ᠬᠠᠮᠲᠤ ᠰᠠᠭᠤᠭᠠᠯᠢ ᠠᠷᠠᠳ ᠲᠤ ᠡᠷᠡᠭᠦᠯ ᠮᠡᠨᠳᠦ ᠠᠮᠢᠳᠤᠷᠠᠯ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠪᠠ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠯᠭᠡ ᠶᠢ ᠢᠳᠡᠪᠬᠢᠲᠡᠢ ᠪᠠᠷ ᠲᠦᠭᠡᠮᠡᠯᠵᠢᠭᠦᠯᠵᠦ᠂ ᠪᠣᠬᠢᠷᠲᠤᠯ ᠦᠭᠡᠢ ᠡᠷᠡᠭᠦᠯ ᠴᠢᠭᠢᠷᠠᠭ ᠠᠷᠪᠢᠯᠠᠨ ᠭᠠᠮᠨᠠᠬᠤ ᠪᠣᠯᠪᠠᠰᠤᠨ ᠦᠢᠯᠡᠳᠪᠦᠷᠢᠯᠡᠯ᠂ ᠠᠮᠢᠳᠤᠷᠠᠯ ᠤᠨ ᠠᠷᠭ᠎ᠠ ᠮᠠᠶ᠋ᠢᠭ ᠢ ᠢᠳᠡᠪᠬᠢᠲᠡᠢ ᠪᠠᠷ ᠰᠠᠨᠠᠭᠠᠴᠢᠯᠠᠨ᠎ᠠ᠃ ᠠᠵᠢᠯᠯᠠᠭ᠎ᠠ ᠶᠢᠨ ᠳᠤᠮᠳᠠ᠂ ᠰᠠᠭᠤᠭᠠᠯᠢ ᠠᠷᠠᠳ ᠲᠤ ᠪᠠᠰᠠ ᠡᠷᠡᠭᠦᠯ ᠮᠡᠨᠳᠦ ᠵᠢᠴᠢ ᠢᠳᠡᠭᠡᠨ ᠤ ᠠᠮᠤᠷ ᠲᠦᠪᠰᠢᠨ ᠵᠡᠷᠭᠡ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢᠨ ᠤᠬᠠᠭᠤᠯᠭ᠎ᠠ ᠶᠢᠨ ᠳᠡᠪᠲᠡᠷ᠂ ᠠᠮᠠᠪᠴᠢ᠂ ᠤᠬᠠᠭᠤᠯᠭ᠎ᠠ ᠶᠢᠨ ᠭᠠᠷ ᠤᠭᠤᠲᠠ᠂ ᠤᠬᠠᠭᠤᠯᠭ᠎ᠠ ᠶᠢᠨ ᠪᠢᠷ ᠵᠡᠷᠭᠡ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠮᠠᠲ᠋ᠧᠷᠢᠶᠠᠯ ᠢ 50 ᠭᠠᠷᠤᠢ ᠬᠤᠪᠢ ᠲᠦᠭᠡᠭᠡᠭᠰᠡᠨ ᠪᠥᠭᠡᠳ ᠰᠢᠨ᠎ᠡ ᠵᠢᠯ ᠤᠨ ᠢᠷᠦᠭᠡᠯ ᠳᠡᠪᠰᠢᠭᠦᠯᠵᠦ᠂ ᠲᠡᠳᠡᠨ ᠳᠤ ᠬᠠᠯᠠᠭᠤᠨ ᠳᠤᠯᠠᠭᠠᠨ ᠪᠠ ᠬᠠᠶᠢᠷ᠎ᠠ ᠬᠠᠯᠠᠮᠵᠢ ᠶᠢ ᠬᠦᠷᠲᠡᠭᠡᠬᠦ ᠶᠢᠨ ᠬᠠᠮᠲᠤ ᠲᠣᠰ ᠪᠡᠶ᠎ᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠪᠠᠨ ᠳᠡᠭᠡᠭᠰᠢᠯᠡᠭᠦᠯᠦᠭᠰᠡᠨ ᠪᠠᠶᠢᠨ᠎ᠠ᠃      ᠯᠠ ᠰᠠᠷ᠎ᠠ  ᠎ ᠶᠢᠨ ᠨᠠᠢᠮᠠᠨ ᠤ ᠪᠠᠶᠠᠷ ᠪᠣᠯ ᠮᠠᠨ ᠤ ᠤᠯᠤᠰ ᠤᠨ ᠡᠷᠲᠡᠨ ᠤ ᠠᠷᠠᠳ ᠤᠨ ᠵᠠᠩ ᠦᠢᠯᠡ  ᠎ ᠶᠢᠨ ᠪᠠᠶᠠᠷ ᠤᠨ ᠡᠳᠦᠷ ᠶᠤᠮ᠂ ᠲᠡᠷᠡ ᠨᠢ ᠠᠯᠢ ᠡᠷᠲᠡᠨ ᠠᠴᠠ ᠠᠪᠤᠭᠠᠳ ᠡᠳᠦᠭᠡ ᠪᠣᠯᠲᠠᠯ᠎ᠠ ᠤᠯᠠᠮᠵᠢᠯᠠᠭᠳᠠᠵᠤ ᠢᠷᠡᠭᠰᠡᠨ ᠶᠤᠮ᠃ ᠯᠠ ᠰᠠᠷ᠎ᠠ  ᠎ ᠶᠢᠨ ᠨᠠᠢᠮᠠᠨ ᠤ ᠪᠠᠶᠠᠷ ᠭᠡᠬᠦ ᠡᠨᠡᠬᠦ ᠤᠯᠠᠮᠵᠢᠯᠠᠯᠲᠤ ᠪᠠᠶᠠᠷ ᠤᠨ ᠡᠳᠦᠷ ᠤᠨ ᠰᠣᠶᠣᠯ ᠤᠨ ᠲᠤᠬᠠᠢ ᠰᠢᠨᠵᠢᠯᠡᠬᠦ ᠤᠬᠠᠭᠠᠨ  ᠎ ᠢ ᠲᠦᠭᠡᠮᠡᠯᠵᠢᠭᠦᠯᠬᠦ ᠤᠬᠠᠭᠤᠯᠭ᠎ᠠ ᠪᠠᠷ ᠳᠠᠮᠵᠢᠭᠤᠯᠤᠨ᠂ ᠰᠠᠭᠤᠭᠠᠯᠢ ᠠᠷᠠᠳ ᠲᠤ ᠮᠠᠨ ᠤ ᠤᠯᠤᠰ ᠤᠨ ᠤᠯᠠᠮᠵᠢᠯᠠᠯᠲᠤ ᠪᠠᠶᠠᠷ ᠤᠨ ᠡᠳᠦᠷ ᠤᠨ ᠰᠣᠶᠣᠯ ᠤᠨ ᠷᠢᠳᠢ ᠰᠢᠳᠢ  ᠎ ᠶᠢ ᠤᠯᠠᠮ ᠨᠢᠭᠡ ᠠᠯᠬᠤᠮ ᠣᠶᠢᠯᠠᠭᠠᠭᠤᠯᠵᠤ᠂ ᠨᠡᠶᠢᠭᠡᠮ ᠲᠣᠭᠤᠷᠢᠭ ᠤᠨ ᠡᠶ᠎ᠡ ᠵᠣᠬᠢᠴᠠᠯ  ᠎ ᠢ ᠠᠬᠢᠭᠤᠯᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ  ᠎ ᠢ ᠳᠡᠭᠡᠭᠰᠢᠯᠡᠭᠦᠯᠬᠦ ᠳᠤ ᠠᠰᠢᠭᠲᠠᠢ ᠪᠣᠯᠭᠠᠵᠤ᠂ ᠠᠷᠪᠢᠲᠠᠢ ᠪᠣᠯᠪᠠᠰᠤᠨ ᠡᠷᠡᠭᠦᠯ ᠬᠡᠷᠡᠭᠯᠡᠭᠡᠨ ᠤ ᠣᠷᠴᠢᠨ ᠨᠥᠬᠦᠴᠡᠯ  ᠎ ᠢ ᠪᠤᠶ ᠪᠣᠯᠭᠠᠵᠠᠢ᠃
 
ᠢᠷᠡᠯᠲᠡ᠄ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号