︽ᠤᠮᠠᠷᠠᠲᠤ ᠶᠢᠨ ᠰᠣᠶᠣᠯ ᠢ ᠪᠠᠳᠠᠷᠠᠭᠤᠯᠵᠤ ᠰᠣᠶᠣᠯ ᠤᠨ ᠥᠨᠳᠦᠷᠯᠢᠭ ᠢ ᠴᠣᠭᠴᠠᠯᠠᠶ᠎ᠠ︾ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠰᠣᠶᠣᠯ ᠤᠳᠬ᠎ᠠ ᠤᠷᠠᠯᠢᠭ ᠤᠨ ᠰᠣᠯᠢᠯᠴᠠᠭᠠᠨ ᠤ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/19
      ᠤᠮᠠᠷᠠᠲᠤ ᠬᠢᠯᠢ ᠶᠢᠨ ᠰᠣᠶᠣᠯ ᠢ ᠤᠯᠠᠮ ᠨᠢᠭᠡ ᠠᠯᠬᠤᠮ ᠪᠠᠳᠠᠷᠠᠭᠤᠯᠬᠤ ᠶᠢᠨ ᠲᠥᠯᠥᠭᠡ᠂ ᠰᠣᠶᠣᠯ ᠤᠨ ᠥᠨᠳᠦᠷᠯᠢᠭ ᠢ ᠴᠣᠭᠴᠠᠯᠠᠵᠤ᠂ ᠪᠦᠬᠦ ᠲᠠᠯ᠎ᠠ  ᠪᠠᠷ ᠣᠯᠠᠨ ᠬᠠᠷᠠᠭᠠᠰᠤ  ᠪᠠᠷ ︽ᠳᠡᠯᠡᠬᠡᠢ ᠶᠢᠨ ᠬᠤᠪᠣᠷ ᠰᠢᠷᠣᠢ ᠶᠢᠨ ᠨᠤᠲᠤᠭ︾ ᡺ ᠪᠠᠶ᠋ᠬᠤᠪᠤᠭ᠎ᠠ ᠶᠢᠨ ᠦᠯᠢᠭᠡᠷ ᠢ ᠰᠠᠶᠢᠲᠤᠷ ᠶᠠᠷᠢᠵᠤ᠂ ᠤᠳᠬ᠎ᠠ ᠤᠷᠠᠯᠢᠭ ᠤᠨ ᠬᠦᠴᠦᠨ ᠢᠶᠠᠷ ᠠᠭᠤᠷᠬᠠᠢ ᠶᠢᠨ ᠣᠷᠣᠨ ᠤ ᠲᠡᠦᠬᠡ ᠶᠢᠨ ᠭᠤᠸ᠎ᠠ ᠰᠠᠶᠢᠬᠠᠨ᠂ ᠠᠭᠤᠯᠠ ᠤᠰᠤᠨ ᠤ ᠭᠤᠸ᠎ᠠ ᠰᠠᠶᠢᠬᠠᠨ᠂ ᠰᠣᠶᠣᠯ ᠤᠨ ᠭᠤᠸ᠎ᠠ ᠰᠠᠶᠢᠬᠠᠨ ᠢ ᠳᠡᠯᠭᠡᠨ ᠦᠵᠡᠭᠦᠯᠵᠦ᠂ ᠪᠦᠬᠦ ᠣᠷᠣᠨ ᠤ ᠬᠥᠪᠡᠭᠦᠳ ᠥᠬᠢᠳ ᠤᠨ ᠲᠡᠮᠡᠴᠡᠯ ᠤᠨ ᠵᠣᠷᠢᠭ᠂ ᠡᠭᠦᠳᠦᠨ ᠪᠦᠲᠦᠭᠡᠬᠦ ᠬᠦᠴᠦᠨ᠂ ᠬᠥᠭᠵᠢᠯᠲᠡ ᠶᠢᠨ ᠦᠷ᠎ᠡ ᠪᠦᠲᠦᠭᠡᠯ ᠢ ᠪᠢᠴᠢᠵᠦ᠂ 1 ᠰᠠᠷ᠎ᠠ ᠶᠢᠨ 17᠎ ᠤ ᠡᠳᠦᠷ᠂ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠣᠷᠣᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠣᠷᠣᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠠᠴᠠ ᠭᠤᠣᠯᠯᠠᠨ ᠡᠷᠭᠢᠯᠡᠵᠦ᠂ ᠣᠷᠣᠨ ᠤ ᠰᠣᠶᠣᠯ ᠪᠡᠶ᠎ᠡ ᠶᠢᠨ ᠲᠠᠮᠢᠷ ᠤᠨ ᠲᠣᠪᠴᠢᠶ᠎ᠠ᠂ ᠣᠷᠣᠨ ᠤ ᠰᠣᠶᠣᠯ ᠤᠨ ᠣᠷᠳᠣᠨ ᠤ ᠳᠠᠭᠠᠭᠠᠴᠢᠯᠠᠨ ᠡᠷᠭᠢᠯᠡᠭᠰᠡᠨ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ︽ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠵᠤ ᠰᠣᠶᠣᠯ ᠤᠨ ᠥᠨᠳᠦᠷᠯᠢᠭ ᠢ ᠴᠣᠭᠴᠠᠯᠠᠶ᠎ᠠ︾ ᠭᠡᠬᠦ ᠰᠣᠶᠣᠯ ᠤᠳᠬ᠎ᠠ ᠤᠷᠠᠯᠢᠭ ᠤᠨ ᠰᠣᠯᠢᠯᠴᠠᠭᠠᠨ ᠤ ᠶᠠᠷᠢᠯᠴᠠᠬᠤ ᠬᠤᠷᠠᠯ ᠬᠤᠷᠠᠯᠳᠤᠪᠠ᠃ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠮᠠ ᠯᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠣᠷᠣᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠲᠡᠷᠢᠭᠦᠯᠡᠭᠴᠢ᠂ ᠬᠠᠮ ᠵᠠᠭᠤᠴᠢᠯᠠᠭᠤᠷ ᠤᠨ ᠲᠥᠪ ᠤᠨ ᠡᠷᠬᠢᠯᠡᠭᠴᠢ ᠶᠠᠩ ᠰᠢᠸ ᠴᠢᠨ᠂ ᠣᠷᠣᠨ ᠤ ᠰᠣᠶᠣᠯ ᠪᠡᠶ᠎ᠡ ᠶᠢᠨ ᠲᠠᠮᠢᠷ ᠵᠤᠭᠠᠴᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠳᠡᠳ᠋ ᠳᠠᠷᠤᠭ᠎ᠠ ᠶᠠᠩ ᠰᠢᠶᠣᠣ ᠰᠢᠶᠠ᠂ ᠣᠷᠣᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ ᠰᠢᠩ ᠰᠢᠢ᠂ ᠣᠷᠣᠨ ᠤ ᠰᠣᠶᠣᠯ ᠤᠨ ᠣᠷᠳᠣᠨ ᠤ ᠳᠠᠷᠤᠭ᠎ᠠ ᠴᠢᠶᠣᠤ ᠸᠥ᠋ᠨ ᠰᠢᠶᠠ ᠵᠢᠴᠢ ᠪᠦᠬᠦ ᠣᠷᠣᠨ ᠤ 40 ᠭᠠᠷᠤᠢ ᠤᠳᠬ᠎ᠠ ᠵᠣᠬᠢᠶᠠᠯ᠂ ᠭᠡᠷᠡᠯ ᠵᠢᠷᠤᠭ᠂ ᠪᠥᠵᠢᠭ᠂ ᠳᠠᠭᠤᠤ ᠬᠥᠭᠵᠢᠮ ᠤᠨ ᠬᠦᠷᠢᠶᠡᠨ ᠤ ᠤᠳᠬ᠎ᠠ ᠤᠷᠠᠯᠢᠭᠴᠢᠳ ᠤᠨ ᠲᠥᠯᠥᠭᠡᠯᠡᠭᠴᠢ ᠶᠠᠷᠢᠯᠴᠠᠬᠤ ᠬᠤᠷᠠᠯ ᠳᠤ ᠣᠷᠣᠯᠴᠠᠪᠠ᠃
     ᠶᠠᠷᠢᠯᠴᠠᠬᠤ ᠬᠤᠷᠠᠯ ᠤᠨ ᠲᠤᠬᠠᠢ ᠶᠢᠨ ᠲᠠᠯᠠᠪᠠᠢ ᠳᠤ 2023 ᠣᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠠᠵᠢᠯ ᠤᠨ ᠬᠢᠯᠠᠰ ᠴᠡᠭ ᠢ ᠡᠷᠭᠢᠴᠡᠭᠦᠯᠵᠦ᠂ 2024 ᠣᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠠᠵᠢᠯ ᠤᠨ ᠲᠥᠯᠥᠪᠯᠡᠭᠡ ᠶᠢ ᠳᠤᠷᠠᠳᠪᠠ︔ 2024 ᠣᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠬᠤᠭᠤᠴᠠᠭ᠎ᠠ ᠰᠣᠯᠢᠬᠤ ᠠᠵᠢᠯ ᠢ ᠪᠠᠶᠢᠷᠢᠯᠠᠭᠤᠯᠪᠠ︔ ᠲᠤᠬᠠᠢ ᠶᠢᠨ ᠲᠠᠯᠠᠪᠠᠢ ᠶᠢᠨ ᠡᠯ᠎ᠡ ᠤᠳᠬ᠎ᠠ ᠤᠷᠠᠯᠢᠭᠴᠢᠳ ᠤᠨ ᠨᠡᠶᠢᠭᠡᠮᠯᠢᠭ᠂ ᠰᠢᠨ᠎ᠡ ᠤᠳᠬ᠎ᠠ ᠤᠷᠠᠯᠢᠭ ᠤᠨ ᠬᠠᠮᠲᠤᠯᠢᠭ ᠤᠨ ᠬᠤᠷᠠᠯ ᠳᠤ ᠣᠷᠣᠯᠴᠠᠭᠰᠠᠨ ᠲᠥᠯᠥᠭᠡᠯᠡᠭᠴᠢ︽ᠤᠮᠠᠷᠠᠲᠤ ᠶᠢᠨ ᠰᠣᠶᠣᠯ ᠢ ᠪᠠᠳᠠᠷᠠᠭᠤᠯᠵᠤ ᠰᠣᠶᠣᠯ ᠤᠨ ᠥᠨᠳᠦᠷᠯᠢᠭ ᠢ ᠴᠣᠭᠴᠠᠯᠠᠬᠤ︾ᠲᠤᠬᠠᠢ ᠪᠦᠬᠦ ᠣᠷᠣᠨ ᠤ ᠤᠳᠬ᠎ᠠ ᠤᠷᠠᠯᠢᠭ ᠤᠨ ᠦᠢᠯᠡᠰ ᠤᠨ ᠬᠥᠭᠵᠢᠯ ᠴᠡᠴᠡᠭᠯᠡᠯ ᠢ ᠠᠬᠢᠭᠤᠯᠵᠤ᠂︽ᠳᠡᠯᠡᠬᠡᠢ ᠶᠢᠨ ᠬᠤᠪᠣᠷ ᠰᠢᠷᠣᠢ ᠶᠢᠨ ᠨᠤᠲᠤᠭ︾᠎ ᠢ ᠰᠠᠶᠢᠲᠤᠷ ᠶᠠᠷᠢᠨ᠎ᠠ ︱ ᠪᠠᠶᠠᠨ᠋ᠣ᠋ᠪᠣᠭ᠎ᠠ ᠶᠢᠨ ᠦᠯᠢᠭᠡᠷ ᠤᠨ ᠲᠤᠬᠠᠢ ᠪᠤᠳᠤᠭᠰᠠᠨ ᠢᠶᠠᠨ ᠠᠭᠤᠵᠢᠷᠠᠲᠠᠯ᠎ᠠ ᠶᠠᠷᠢᠵᠤ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠪᠠ᠂ ᠡᠨᠡ ᠬᠤᠭᠤᠴᠠᠭᠠᠨ ᠳᠤ ᠠᠯᠳᠠᠨ ᠦᠭᠡ᠂ ᠠᠯᠳᠠᠨ ᠠᠷᠭ᠎ᠠ ᠤᠬᠠᠭᠠᠨ ᠲᠠᠰᠤᠷᠠᠯᠳᠡ ᠦᠭᠡᠢ ᠶᠠᠪᠤᠭᠳᠠᠵᠤ᠂ ᠠᠭᠤᠷ ᠠᠮᠢᠰᠬᠤᠯ ᠬᠦᠷ ᠬᠥᠭᠵᠢᠶᠡᠨ ᠢᠶᠠᠷ ᠪᠢᠯᠬᠠᠨ᠎ᠠ᠃      ᠮᠠ ᠯᠢ ᠶᠠᠷᠢᠶᠠᠨ ᠳᠠᠭᠠᠨ ᠢᠯᠡᠷᠬᠡᠶᠢᠯᠡᠭᠰᠡᠨ ᠨᠢ᠂ ᠪᠦᠬᠦ ᠣᠷᠣᠨ ᠤ ᠥᠷᠭᠡᠨ ᠣᠯᠠᠨ ᠤᠳᠬ᠎ᠠ ᠤᠷᠠᠯᠢᠭ ᠤᠨ ᠠᠵᠢᠯᠲᠠᠳ ᠦᠵᠡᠯ ᠰᠠᠨᠠᠭ᠎ᠠ ᠪᠠᠨ ᠨᠢᠭᠡᠳᠬᠡᠨ᠂ ᠬᠦᠴᠦᠨ ᠴᠢᠳᠠᠯ ᠢᠶᠠᠨ ᠨᠢᠭᠲᠠᠷᠠᠭᠤᠯᠵᠤ᠂ ᠬᠡᠬᠦᠳᠡᠭ ᠴᠡᠭᠡᠵᠢᠨ ᠳᠡᠭᠡᠨ ᠶᠡᠭᠡ ᠲᠠᠯ᠎ᠠ  ᠎ ᠶᠢ ᠰᠢᠨ᠎ᠡ ᠰᠣᠶᠣᠯ ᠤᠨ ᠤᠬᠠᠮᠰᠠᠷ ᠢ ᠪᠠᠲᠤ ᠪᠤᠶ ᠪᠣᠯᠭᠠᠵᠤ᠂ ᠠᠷᠠᠳ ᠲᠦᠮᠡᠨ ᠳᠤ ᠦᠢᠯᠡᠴᠢᠯᠡᠬᠦ ᠵᠣᠬᠢᠶᠠᠨ ᠪᠦᠲᠦᠭᠡᠬᠦ ᠤᠳᠤᠷᠢᠳᠤᠮᠵᠢ ᠶᠢ ᠪᠠᠷᠢᠮᠲᠠᠯᠠᠵᠤ᠂ ᠤᠳᠬ᠎ᠠ ᠤᠷᠠᠯᠢᠭ ᠤᠨ ᠴᠡᠴᠡᠭᠯᠡᠯᠲᠡ ᠬᠥᠭᠵᠢᠯᠲᠡ ᠶᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ ᠂ ᠣᠯᠠᠨ ᠲᠠᠯ᠎ᠠ ᠶᠢᠨ ᠬᠦᠴᠦᠨ ᠢ ᠢᠳᠡᠪᠬᠢᠲᠡᠢ ᠪᠠᠷ ᠡᠮᠬᠢᠯᠡᠨ ᠨᠡᠶᠢᠯᠡᠭᠦᠯᠵᠦ᠂ ᠠᠳᠠᠯᠢ ᠪᠤᠰᠤ ᠬᠦᠷᠢᠶᠡᠨ ᠤ ᠣᠯᠣᠯᠴᠠᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠭᠠᠵᠠᠷ ᠣᠷᠣᠨ ᠤ ᠰᠣᠶᠣᠯ ᠤᠨ ᠠᠭᠤᠯᠤᠭᠳᠠᠬᠤᠨ ᠤ ᠲᠣᠭᠤᠷᠢᠨ ᠳᠤ ᠦᠵᠡᠯ ᠰᠠᠨᠠᠭᠠᠴᠢ ᠴᠢᠨᠠᠷ᠂ ᠤᠷᠠᠯᠢᠭᠴᠢ ᠴᠢᠨᠠᠷ ᠪᠠ ᠰᠣᠨᠢᠷᠬᠠᠯᠲᠤ ᠴᠢᠨᠠᠷ ᠢ ᠨᠢᠭᠡᠳᠬᠡᠭᠰᠡᠨ᠂ ᠴᠢᠩᠭ᠎ᠠ ᠲᠠᠲᠠᠬᠤ ᠬᠦᠴᠦᠨ ᠪᠠ ᠨᠥᠯᠥᠭᠡᠯᠡᠬᠦ ᠬᠦᠴᠦᠨ ᠲᠠᠢ ᠰᠣᠳᠣᠨ ᠪᠦᠲᠦᠭᠡᠯ ᠢ ᠨᠠᠩ ᠣᠯᠠᠨ ᠵᠣᠬᠢᠶᠠᠨ ᠪᠦᠲᠦᠭᠡᠵᠦ᠂ ︽ᠳᠡᠯᠡᠬᠡᠢ ᠶᠢᠨ ᠬᠤᠪᠣᠷ ᠰᠢᠷᠣᠢ ᠶᠢᠨ ᠨᠤᠲᠤᠭ︾ ︱ ᠪᠠᠶᠠᠨ᠋ᠣ᠋ᠪᠣᠭ᠎ᠠ ᠣᠷᠣᠨ ᠤ ᠰᠣᠶᠣᠯ ᠤᠨ ᠨᠠᠷᠠᠲᠤ ᠲᠥᠷᠥᠯ ᠲᠡᠮᠳᠡᠭᠲᠦ ᠶᠢ ᠳᠠᠭᠤᠷᠢᠰᠬᠠᠵᠤ᠂ ᠰᠣᠶᠣᠯ ᠤᠨ ᠥᠨᠳᠦᠷᠯᠢᠭ ᠢ ᠡᠭᠦᠳᠦᠨ ᠪᠦᠲᠦᠭᠡᠬᠦ ᠶᠢ ᠣᠶᠢᠯᠠᠭᠠᠭᠳᠠᠬᠤᠨ  ᠎ ᠠᠴᠠ ᠬᠠᠮᠲᠤ ᠶᠢᠨ ᠲᠠᠨᠢᠯᠲᠠ ᠪᠣᠯᠭᠠᠨ ᠬᠤᠪᠢᠷᠠᠭᠤᠯᠵᠤ᠂ ᠬᠠᠮᠲᠤ ᠶᠢᠨ ᠲᠠᠨᠢᠯᠲᠠ  ᠎ ᠠᠴᠠ ᠪᠣᠳᠠᠲᠠᠢ ᠠᠵᠢᠯᠯᠠᠭ᠎ᠠ ᠪᠣᠯᠭᠠᠨ ᠬᠤᠪᠢᠷᠠᠭᠤᠯᠬᠤ ᠶᠢ ᠠᠬᠢᠭᠤᠯᠤᠨ᠎ᠠ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号