ᠪᠠᠢ ᠶᠦᠨ ᠲᠣᠭᠤᠷᠢᠭ ᠤᠨ ᠡᠮ ᠡᠮᠨᠡᠯᠭᠡ ᠶᠢᠨ ᠪᠠᠲᠤᠯᠠᠪᠤᠷᠢ ᠶᠢᠨ ᠲᠣᠪᠴᠢᠶ᠎ᠠ 2024 ᠣᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠵᠥᠪᠯᠡᠯᠴᠡᠭᠡᠷ ᠲᠣᠭᠲᠠᠬᠤ ᠶᠣᠰᠣᠯᠠᠯ ᠶᠠᠪᠤᠭᠤᠯᠵᠠᠢ
ᠨᠡᠶᠢᠲᠡᠯᠡᠭᠰᠡᠨ ᠴᠠᠭ᠄
2024/1/26
     ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠤᠰᠠᠳᠠ᠂ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠳᠠᠬᠢ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠵᠥᠪᠳᠡᠯᠴᠡᠭᠡᠷ ᠤᠨ ᠴᠢᠬᠤᠯᠠ ᠦᠢᠯᠡᠳᠦᠯ ᠢ ᠦᠨᠡᠨᠬᠦ 2024 ᠣᠨ ᠤ 1 ᠰᠠᠷ᠎ᠠ ᠶᠢᠨ 24᠎ ᠤ ᠡᠳᠦᠷ᠂ ᠪᠠᠢ ᠶᠦᠨ ᠲᠣᠭᠤᠷᠢᠭ ᠤᠨ ᠡᠮ ᠡᠮᠨᠡᠯᠭᠡ‌‍ᠶᠢᠨ ᠪᠠᠲᠤᠯᠠᠭ᠎ᠠ ᠶᠢᠨ ᠲᠣᠪᠴᠢᠶ᠎ᠠ 2024 ᠣᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠬᠡᠯᠡᠯᠴᠡᠭᠡᠷ ᠲᠤ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠪᠠ᠃ ᠪᠠᠢ ᠶᠦᠨ ᠲᠣᠭᠤᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠳᠠᠷᠤᠭ᠎ᠠ ᠪᠣᠯᠣᠨ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠲᠥᠯᠥᠭᠡᠯᠡᠭᠴᠢ ᠲᠤᠰ ᠤᠳᠠᠭ᠎ᠠ ᠶᠢᠨ ᠶᠣᠰᠣᠯᠠᠯ ᠳᠤ ᠣᠷᠣᠯᠴᠠᠪᠠ᠃
     ᠬᠤᠷᠠᠯ ᠳᠡᠭᠡᠷ᠎ᠡ᠂ ᠡᠩ ᠲᠡᠷᠢᠭᠦᠨ ᠳᠤ ᠪᠠᠢ ᠶᠦᠨ ᠲᠣᠭᠤᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠳᠡᠳ᠋ ᠳᠠᠷᠤᠭ᠎ᠠ ᠹᠧᠩ ᠵᠢᠶᠠᠨ ᠶᠦᠨ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠪᠠᠭᠤᠯᠭᠠᠭᠰᠠᠨ ︽ᠪᠥᠬᠦ ᠣᠷᠣᠨ ᠤ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠢ ᠮᠡᠳᠡᠭᠳᠡᠯ︾᠎ ᠢ ᠨᠠᠷᠢᠨ ᠲᠠᠶᠢᠯᠪᠤᠷᠢᠯᠠᠵᠤ᠂ ᠬᠤᠷᠠᠯ ᠳᠤ ᠣᠷᠣᠯᠴᠠᠭᠰᠠᠨ ᠪᠥᠬᠦ ᠬᠥᠮᠥᠰ ᠰᠤᠷᠤᠯᠴᠠᠪᠠ᠃ ᠬᠠᠮᠤᠭ ᠤᠨ ᠰᠡᠭᠦᠯ ᠳᠤ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠲᠤᠬᠠᠢ ᠶᠢᠨ ᠲᠠᠯᠠᠪᠤᠷ ᠲᠤ 2024 ᠣᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠬᠡᠯᠡᠯᠴᠡᠭᠡᠷ ᠢ ᠨᠢᠭᠡᠳ
     ᠳᠠᠷᠠᠭᠠᠴᠢ ᠶᠢᠨ ᠠᠯᠬᠤᠮ ᠳᠤ᠂ ᠪᠠᠢ ᠶᠦᠨ ᠲᠣᠭᠤᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ 2024 ᠣᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠬᠤ ᠠᠵᠢᠯ ᠢ ᠰᠠᠶᠢᠲᠤᠷ ᠬᠢᠵᠦ᠂ ᠪᠢᠴᠢᠭ ᠮᠠᠲᠧᠷᠢᠶᠠᠯ ᠤᠨ ᠱᠠᠭᠠᠷᠳᠠᠯᠭ᠎ᠠ ᠶᠣᠰᠣᠭᠠᠷ᠂ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠵᠥᠪᠯᠡᠯᠴᠡᠭᠡᠷ ᠢ ᠭᠦᠢᠴᠡᠳᠬᠡᠬᠦ ᠶᠢ ᠬᠢᠨᠠᠨ ᠬᠠᠮᠢᠶᠠᠷᠬᠤ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠬᠢᠨᠠᠯᠲᠠ ᠬᠠᠮᠢᠶᠠᠷᠤᠯᠲᠠ ᠶᠢᠨ ᠪᠠᠶᠢᠩᠭᠤᠵᠢᠭᠰᠠᠨ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠮᠡᠬᠡᠯᠡᠨ ᠠᠪᠬᠤ ᠡᠯ᠎ᠡ ᠲᠦᠷᠦᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号