【︽ᠬᠤᠶᠠᠷ ᠬᠤᠷᠠᠯ︾᠎ ᠳᠤ ᠠᠩᠬᠠᠷᠤᠯ ᠢᠶᠠᠨ ᠲᠥᠪᠯᠡᠷᠡᠭᠦᠯᠪᠡ】 ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠢᠯᠠᠯᠲᠠ ᠲᠠᠢ ᠪᠠᠷ ᠲᠡᠭᠦᠰᠪᠡ
ᠨᠡᠶᠢᠲᠡᠯᠡᠭᠰᠡᠨ ᠴᠠᠭ᠄
2024/1/26
      1 ᠰᠠᠷ᠎ᠠ ᠶᠢᠨ 25 ᠎ ᠤ ᠦᠳᠡ ᠶᠢᠨ ᠬᠤᠶᠢᠨ᠎ᠠ᠂ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠲᠣᠭᠤᠷᠢᠭ ᠤᠨ ᠨᠠᠮ ᠵᠠᠰᠠᠭ ᠤᠨ ᠲᠣᠮᠣ ᠠᠰᠠᠷ ᠤᠨ ᠨᠢᠭᠡᠳᠦᠭᠡᠷ ᠳᠠᠪᠬᠤᠷᠯᠢᠭ ᠤᠨ ᠬᠤᠷᠠᠯ ᠤᠨ ᠲᠢᠩᠬᠢᠮ ᠳᠤ ᠤᠷᠢᠳ ᠬᠤᠵᠢᠳ ᠭᠤᠷᠪᠠᠳᠤᠭᠠᠷ᠂ ᠳᠥᠷᠪᠡᠳᠦᠭᠡᠷ ᠤᠳᠠᠭ᠎ᠠ ᠶᠢᠨ ᠪᠦᠬᠦᠳᠡ ᠬᠤᠷᠠᠯ ᠬᠢᠵᠦ᠂ ᠶᠡᠭᠡ ᠬᠤᠷᠠᠯ ᠤᠨ ᠲᠣᠭᠲᠠᠭᠰᠠᠨ ᠵᠥᠪᠯᠡᠬᠦ ᠵᠦᠢᠯ ᠤᠳ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠢᠯᠠᠯᠲᠠ ᠲᠠᠢ ᠪᠠᠷ ᠲᠡᠭᠦᠰᠪᠡ᠃      ᠦ᠋ ᠺᠠᠢ᠂ ᠵᠠᠩ ᠡᡁᠸ ᠱᠧᠩ᠂ ᠰᠢᠩ ᠺᠠᠢ᠂ ᠦ᠋ ᡁᠢ ᠬᠤᠩ᠂ ᠯᠢᠦ ᠬᠠᠢ ᠶᠠᠨ᠂ ᠲᠠᠨ ᠰᠢᠤᠸᠠᠢ ᠸᠥ᠋ᠨ᠂ ᠹᠧᠢ ᠪᠦᠦ ᠷᠦᠩ᠂ ᠰᠢᠶᠣᠣ ᠭᠤᠸᠠᠩ ᠬᠠᠨ᠂ ᠶᠠᠩ ᠡᠯ ᠶᠠᠨ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ ᠹᠧᠢ ᠪᠦᠦ ᠷᠦᠩ᠂ ᠵᠠᠩ ᠾᠧ ᠱᠧᠩ ᠲᠣᠰ ᠲᠣᠰ ᠪᠥᠬᠦᠳᠡ ᠬᠤᠷᠠᠯ ᠢ ᠡᠷᠭᠢᠯᠡᠪᠡ᠃
    ᠳ᠋ᠢᠩ ᠪᠦᠦ ᠱᠣ᠂ ᠵᠣᠣ ᠳ᠋ᠧ ᠬᠦᠶ᠂ ᠪᠠᠢ ᠶᠦᠩ ᠭᠠᠩ᠂ ᠮᠠ ᠯᠢ᠂ ᠰᠦ ᠷᠦᠢ ᠹᠧᠩ᠂ ᠴᠧᠨ ᠫᠧᠢ ᠶᠤᠸᠠᠨ᠂ ᠳ᠋ᠤᠸᠠᠨ ᠷᠠᠨ᠂ ᠶᠠᠩ ᠶᠢᠨ᠂ ᠯᠢᠦ ᠰᠢᠶᠣᠣ ᠰᠢᠶᠠ᠂ ᠵᠣᠣ ᠵᠧᠨ᠂ ᠶᠠᠩ ᠱᠣ ᠫᠢᠩ᠂ ᠯᠢ ᠰᠢᠶᠣᠣ ᠨᠠ᠂ ᠯᠢᠦ ᠰᠢᠶᠣᠣ ᠵᠢᠶᠧ᠂ ᠯᠢᠦ ᠰᠢᠦᠢ᠂ ᠵᠢᠶᠠ ᠮᠢᠨ ᠵᠡᠷᠭᠡ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠭᠦᠨ ᠨᠠᠷ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠪᠠ᠃      ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠭᠰᠠᠳ ᠲᠤ ᠪᠠᠰᠠ ᠤᠷᠢᠯᠭ᠎ᠠ ᠪᠠᠷ ᠬᠤᠷᠠᠯ ᠳᠤ ᠰᠤᠯᠠ ᠣᠷᠣᠯᠴᠠᠭᠰᠠᠨ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠵᠢᠢ ᠬᠤᠢ ᠯᠢᠩ᠂ ᠳ᠋ᠦᠩ ᠵᠢᠶᠦ᠋ᠨ ᠶᠠᠨ ᠪᠤᠢ᠃
     ᠪᠠᠶ᠋ᠬᠠᠣᠪᠤ ᠠᠭᠤᠷᠬᠠᠢ ᠶᠢᠨ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠳᠤ ᠣᠷᠣᠯᠴᠠᠬᠤ ᠶᠣᠰᠣᠲᠠᠢ ᠲᠥᠯᠥᠭᠡᠯᠡᠭᠴᠢ 137 ᠬᠥᠮᠥᠨ᠂ ᠲᠣᠰ ᠤᠳᠠᠭᠠᠨ ᠤ ᠪᠥᠬᠦᠳᠡ ᠬᠤᠷᠠᠯᠳᠤᠭᠠᠨ ᠳᠤ ᠣᠷᠣᠯᠴᠠᠬᠤ ᠲᠥᠯᠥᠭᠡᠯᠡᠭᠴᠢ 124 ᠬᠥᠮᠥᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠨ᠎ᠡ᠃       ᠶᠡᠭᠡ ᠬᠤᠷᠠᠯ ᠠᠴᠠ ᠶᠡᠷᠦᠩᠬᠡᠢ ᠪᠢᠯᠧᠲ ᠬᠢᠨᠠᠭᠴᠢ᠂ ᠪᠢᠯᠧᠲ ᠬᠢᠨᠠᠭᠴᠢ ᠶᠢᠨ ᠨᠡᠷᠡᠰ ᠢ ᠪᠠᠲᠤᠯᠠᠵᠤ᠂ ᠨᠡᠷ᠎ᠡ ᠪᠢᠴᠢᠬᠦ ᠦᠭᠡᠢ ᠪᠠᠷ ᠪᠢᠯᠧᠲ ᠥᠭᠬᠦ ᠠᠷᠭ᠎ᠠ ᠪᠠᠷ ᠯᠢᠦ ᠰᠢᠶᠣᠣ ᠵᠢᠶᠸ᠂ ᠯᠢᠦ ᠰᠢᠦᠢ᠂ ᠬᠦᠩ ᠶᠠᠩ᠂ ᠵᠢᠶᠠ ᠮᠢᠨ᠂ ᠡᠷᠳᠡᠨᠢ  ᠶᠢ ᠲᠣᠭᠤᠷᠢᠭ ᠤᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠡᠰᠢᠭᠦᠨ ᠢᠶᠠᠷ ᠰᠣᠩᠭᠤᠵᠤ᠂ ᠳ᠋ᠤᠸᠠᠨ ᠷᠠᠨ  ᠢ ᠲᠣᠭᠤᠷᠢᠭ ᠤᠨ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠪᠠᠷ ᠰᠣᠩᠭᠤᠪᠠ᠃ ᠪᠢᠯᠧᠲ ᠪᠦᠷᠢᠳᠬᠡᠭᠰᠡᠨ ᠦᠷ᠎ᠡ ᠳ᠋ᠦᠩ ᠢ ᠦᠨᠳᠦᠰᠦᠯᠡᠨ᠂ ᠲᠡᠷᠢᠭᠦᠯᠡᠭᠴᠢᠳ ᠤᠨ ᠪᠦᠯᠬᠦᠮ ᠤᠨ ᠳᠥᠷᠪᠡᠳᠦᠭᠡᠷ ᠤᠳᠠᠭ᠎ᠠ ᠶᠢᠨ ᠬᠤᠷᠠᠯ ᠠᠴᠠ ᠬᠠᠤᠯᠢ ᠶᠣᠰᠣᠭᠠᠷ ᠬᠢᠨᠠᠨ ᠪᠠᠶᠢᠴᠠᠭᠠᠭᠠᠳ᠂ ᠭᠠᠳᠠᠭᠰᠢ ᠭᠠᠷᠴᠤ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠰᠠᠶᠢᠵᠢᠷᠠᠭᠤᠯᠬᠤ ᠵᠡᠷᠭᠡ 16 ᠲᠦᠷᠦᠯ ᠵᠦᠢᠯ ᠢ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠥᠭᠬᠦ ᠶᠢ ᠬᠡᠷᠡᠭᠵᠢᠭᠦᠯᠬᠦ ᠲᠦᠷᠦᠯ ᠵᠦᠢᠯ ᠪᠣᠯᠭᠠᠬᠤ ᠪᠠᠷ ᠲᠣᠭᠲᠠᠪᠠ᠃      ᠰᠢᠨ᠎ᠡ ᠪᠠᠷ ᠰᠣᠩᠭᠤᠭᠳᠠᠭᠰᠠᠨ ᠲᠣᠭᠤᠷᠢᠭ ᠤᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ᠂ ᠲᠣᠭᠤᠷᠢᠭ ᠤᠨ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠦᠨᠳᠦᠰᠦᠨ ᠬᠠᠤᠯᠢ ᠳᠤ ᠲᠥᠪ ᠴᠢᠩᠭ᠎ᠠ ᠪᠠᠷ ᠲᠠᠩᠭᠠᠷᠢᠭᠯᠠᠪᠠ᠃       ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠵᠠᠩ ᠾᠧ ᠱᠧᠩ ᠳᠥᠷᠪᠡᠳᠦᠭᠡᠷ ᠤᠳᠠᠭ᠎ᠠ ᠶᠢᠨ ᠪᠦᠬᠦᠳᠡ ᠬᠤᠷᠠᠯ ᠪᠣᠯᠣᠨ ᠲᠡᠭᠦᠰᠬᠦ ᠶᠣᠰᠣᠯᠠᠯ ᠢ ᠡᠷᠬᠢᠯᠡᠪᠡ᠃      ᠶᠡᠭᠡ ᠬᠤᠷᠠᠯ ᠠᠴᠠ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ  ᠶᠢ ᠪᠠᠲᠤᠯᠠᠵᠤ᠂ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠥᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ᠂ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ 2023 ᠣᠨ ᠤ ᠡᠳ᠋ ᠤᠨ ᠵᠠᠰᠠᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠪᠠ 2024 ᠣᠨ ᠤ ᠡᠳ᠋ ᠤᠨ ᠵᠠᠰᠠᠭ ᠤᠨ ᠲᠥᠰᠥᠪ ᠤᠨ ᠲᠥᠰᠥᠯ ᠤᠨ ᠲᠤᠬᠠᠢ ᠰᠢᠢᠳᠪᠦᠷᠢ᠂ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ᠂ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ᠂ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ᠃      ᠵᠠᠩ ᠾᠧ ᠱᠧᠩ᠂ ᠣᠷᠣᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠲᠥᠯᠥᠭᠡᠯᠡᠭᠴᠢᠳ ᠪᠣᠯᠣᠨ ᠬᠤᠷᠠᠯ ᠳᠤ ᠣᠷᠣᠯᠴᠠᠭᠰᠠᠨ ᠨᠥᠬᠦᠳ ᠤᠨ ᠬᠠᠮᠲᠤ ᠶᠢᠨ ᠴᠢᠷᠮᠠᠶᠢᠯᠭ᠎ᠠ ᠪᠠᠷ᠂ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠡᠯ᠎ᠡ ᠵᠦᠢᠯ ᠤᠨ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ ᠶᠡᠭᠡ ᠬᠤᠷᠠᠯ ᠤᠨ ᠬᠤᠭᠤᠴᠠᠭᠠᠨ ᠳᠤ᠂ ᠪᠦᠬᠦ ᠲᠥᠯᠥᠭᠡᠯᠡᠭᠴᠢᠳ ᠤᠯᠤᠰ ᠲᠦᠷᠦ ᠶᠢᠨ ᠣᠷᠭᠢᠯᠤᠮ᠎ᠠ ᠬᠠᠯᠠᠭᠤᠨ ᠰᠡᠳᠬᠢᠯᠭᠡ ᠪᠠᠷ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠴᠢᠩᠭ᠎ᠠ ᠬᠠᠷᠢᠭᠤᠴᠠᠯᠭ᠎ᠠ ᠡᠭᠦᠷᠭᠡᠯᠡᠯ ᠪᠠ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃ ᠶᠡᠭᠡ ᠬᠤᠷᠠᠯ ᠨᠢ ᠠᠷᠠᠳᠴᠢᠯᠠᠯ ᠢ ᠭᠦᠢᠴᠡᠳ ᠪᠠᠳᠠᠷᠠᠭᠤᠯᠵᠤ᠂ ᠬᠠᠤᠯᠢ ᠶᠢ ᠴᠢᠩᠭ᠎ᠠ ᠵᠢᠷᠤᠮᠯᠠᠨ ᠠᠵᠢᠯᠯᠠᠵᠤ᠂ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠣᠯᠣᠨ︽ᠵᠠᠰᠠᠭ ᠤᠨ ᠣᠷᠳᠣᠨ ᠬᠤᠶᠠᠷ ᠬᠤᠷᠢᠶ᠎ᠠ︾ᠵᠡᠷᠭᠡ ᠡᠯ᠎ᠡ ᠵᠦᠢᠯ ᠤᠨ ᠮᠡᠳᠡᠭᠦᠯᠦᠯᠲᠡ ᠶᠢ ᠬᠢᠨᠠᠨ ᠵᠥᠪᠯᠡᠵᠦ ᠵᠥᠪᠰᠢᠶᠡᠷᠡᠵᠦ᠂ ᠰᠣᠩᠭᠤᠭᠤᠯᠢ ᠶᠢᠨ ᠡᠭᠦᠷᠭᠡ ᠶᠢ ᠤᠷᠤᠭᠰᠢᠲᠠᠢ ᠪᠡᠶᠡᠯᠡᠭᠦᠯᠪᠡ᠂ ᠡᠨᠡ ᠪᠣᠯ ᠲᠤᠭ ᠢᠶᠠᠨ ᠥᠨᠳᠥᠷ ᠮᠠᠨᠳᠤᠭᠤᠯᠵᠤ᠂ ᠪᠦᠯᠬᠦᠮᠳᠡᠨ ᠲᠡᠮᠡᠴᠡᠵᠦ᠂ ᠪᠣᠳᠠᠲᠠᠢ ᠶᠢ ᠡᠷᠬᠢᠮᠯᠡᠨ ᠥᠨᠳᠥᠷ ᠦᠷ᠎ᠡ ᠠᠰᠢᠭ ᠲᠠᠢ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠨᠢᠭᠲᠠᠷᠠᠭᠤᠯᠤᠭᠰᠠᠨ ᠶᠡᠭᠡ ᠬᠤᠷᠠᠯ ᠪᠣᠯᠣᠨ᠎ᠠ᠃      ᠵᠠᠩ ᠡᡁᠸ ᠱᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠲᠠᠪᠤᠳᠤᠭᠠᠷ ᠪᠦᠬᠦᠳᠡ ᠬᠤᠷᠠᠯ ᠠᠴᠠ ᠪᠦᠬᠦ ᠣᠷᠣᠨ ᠤ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠭᠯᠡᠯ ᠢ ᠲᠣᠳᠣᠷᠬᠠᠢ ᠵᠢᠭᠠᠵᠤ᠂ ᠠᠷᠭ᠎ᠠ ᠵᠠᠮ ᠢ ᠲᠣᠳᠣᠷᠬᠠᠶᠢᠯᠠᠵᠠᠢ᠃ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠪᠣᠯᠣᠨ ᠪᠥᠬᠦ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠣᠶᠤᠨ ᠤᠬᠠᠭᠠᠨ ᠪᠠ ᠬᠦᠴᠦᠨ ᠴᠢᠳᠠᠯ ᠢᠶᠠᠨ ᠲᠣᠰ ᠤᠳᠠᠭᠠᠨ ᠤ ᠶᠡᠭᠡ ᠬᠤᠷᠠᠯ  ᠎ ᠠᠴᠠ ᠲᠣᠭᠲᠠᠭᠠᠭᠰᠠᠨ ᠬᠠᠷᠠᠯᠲᠠ ᠡᠭᠦᠷᠭᠡ ᠳᠡᠭᠡᠷ᠎ᠡ ᠨᠢᠭᠲᠠᠷᠠᠭᠤᠯᠤᠨ᠂ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠣᠶ ᠪᠣᠯᠭᠠᠵᠤ᠂ ᠪᠣᠳᠠᠲᠠᠢ ᠪᠠᠷ ᠠᠵᠢᠯᠯᠠᠬᠤ ᠤᠬᠠᠮᠰᠠᠷ ᠢᠶᠠᠨ ᠴᠢᠩᠭᠠᠷᠠᠭᠤᠯᠤᠨ᠂ ᠠᠤᠭ᠎ᠠ ᠲᠥᠰᠥᠪ ᠢ ᠰᠠᠶᠢᠨ ᠰᠠᠶᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ ᠪᠠᠷ ᠬᠦᠴᠦᠯᠡᠨ ᠴᠢᠷᠮᠠᠶᠢᠬᠤ ᠬᠡᠷᠡᠭᠲᠡᠢ᠃ ᠤᠯᠤᠰ ᠲᠦᠷᠦ ᠶᠢᠨ ᠴᠢᠭᠯᠡᠯ ᠢᠶᠠᠨ ᠪᠠᠲᠤᠳᠬᠠᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠤᠶᠤᠨ ᠰᠠᠨᠠᠭ᠎ᠠ ᠪᠠᠨ ᠨᠢᠭᠲᠠᠷᠠᠭᠤᠯᠵᠤ ᠰᠦᠭ ᠰᠦᠨᠡᠰᠦ ᠪᠠᠨ ᠴᠣᠭᠴᠠᠯᠠᠬᠤ ᠶᠢ ᠪᠠᠷᠢᠮᠲᠠᠯᠠᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾᠎ ᠶᠢ ᠦᠨᠡᠨᠴᠢ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠬᠦ ᠬᠡᠷᠡᠭᠲᠡᠢ᠃ ︽ᠨᠠᠮ ᠤᠨ ᠬᠤᠷᠢᠶ᠎ᠠ ᠶᠢᠨ ᠠᠵᠢᠯ ᠤᠨ ᠭᠤᠣᠯᠳᠠᠯᠭ᠎ᠠ ᠪᠣᠯ ᠳᠠᠷᠤᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠭᠤᠣᠯᠳᠠᠯᠭ᠎ᠠ ᠮᠥᠨ︾ ᠭᠡᠬᠦ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠮᠠᠨ ᠤ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠬᠤᠳᠠ ᠶᠢᠨ ᠦᠢᠯᠡᠴᠢᠯᠡᠭᠡᠨ ᠤ ᠴᠢᠳᠠᠪᠬᠢ ᠶᠢ ᠳᠡᠭᠡᠭᠰᠢᠯᠡᠭᠦᠯᠬᠦ ᠵᠡᠷᠭᠡ ᠭᠤᠣᠯᠳᠠᠯᠭ᠎ᠠ ᠲᠠᠢ ᠠᠵᠢᠯ ᠢ ᠴᠢᠩᠭ᠎ᠠ ᠠᠳᠬᠤᠨ ᠪᠣᠳᠠᠲᠠᠢ ᠠᠳᠬᠤᠵᠤ᠂ ᠥᠨᠳᠥᠷ ᠪᠦᠲᠦᠮᠵᠢᠲᠡᠢ ᠬᠢᠨᠠᠯᠲᠠ ᠪᠠᠷ ᠠᠵᠢᠯ ᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠥᠨᠳᠥᠷ ᠲᠦᠪᠰᠢᠨ ᠲᠠᠢ ᠰᠢᠢᠳᠪᠦᠷᠢ ᠪᠠᠷ ᠬᠠᠮᠲᠤ ᠶᠢᠨ ᠵᠣᠷᠢᠭ ᠰᠠᠨᠠᠭ᠎ᠠ ᠶᠢ ᠢᠯᠡᠷᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠤᠨ ᠳᠠᠪᠠᠭᠤᠯᠢᠭ ᠢ ᠨᠡᠩ ᠰᠠᠶᠢᠨ ᠢᠶᠠᠷ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠵᠦ᠂ ᠠᠷᠠᠳ ᠣᠯᠠᠨ ᠤ ᠡᠮᠬᠢ ᠵᠢᠷᠤᠮ ᠲᠠᠢ ᠪᠠᠷ ᠤᠯᠤᠰ ᠲᠥᠷᠥ ᠳᠤ ᠣᠷᠣᠯᠴᠠᠬᠤ  ᠶᠢ ᠪᠦᠲᠦᠮᠵᠢᠲᠡᠶ ᠥᠷᠭᠡᠳᠬᠡᠵᠦ᠂ ᠤᠯᠠᠨ ᠲᠦᠮᠡᠨ ᠲᠠᠢ ᠨᠢᠭᠲᠠ ᠬᠠᠷᠢᠯᠴᠠᠬᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠳᠤ ᠭᠦᠨᠵᠡᠭᠡᠶᠢᠷᠡᠵᠦ ᠮᠠᠳᠠᠭ ᠲᠠᠢ ᠠᠰᠠᠭᠤᠳᠠᠯ ᠢ ᠲᠠᠶᠢᠯᠵᠤ᠂ ᠵᠥᠷᠢᠴᠡᠯ ᠢ ᠨᠠᠮᠳᠠᠭᠤᠯᠵᠤ᠂ ᠤᠯᠠᠨ ᠲᠦᠮᠡᠨ ᠤ ᠪᠠᠴᠢᠮ ᠬᠦᠴᠢᠷ ᠵᠣᠪᠠᠭᠤᠷᠢ ᠲᠠᠢ ᠠᠰᠠᠭᠤᠳᠠᠯ ᠤᠨ ᠲᠣᠭᠤᠷᠢᠨ ᠳᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠠᠷᠠᠳ ᠤᠨ ᠠᠮᠢᠳᠤᠷᠠᠯ ᠤᠨ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠰᠢᠨ᠎ᠡ ᠬᠦᠰᠡᠯ ᠡᠷᠡᠮᠡᠯᠵᠡᠯ ᠳᠤ ᠢᠳᠡᠪᠬᠢᠲᠡᠢ ᠬᠠᠷᠢᠭᠤᠯᠲᠠ ᠥᠭᠴᠦ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠡᠩ ᠲᠡᠭᠦᠯᠳᠡᠷ᠂ ᠨᠡᠩ ᠪᠠᠲᠤᠯᠠᠭ᠎ᠠ ᠲᠠᠢ᠂ ᠨᠡᠩ ᠦᠷᠭᠦᠯᠵᠢᠯᠡᠬᠦ ᠪᠣᠯᠭᠠᠬᠤ ᠬᠡᠷᠡᠭᠲᠡᠢ᠃ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂︽ᠲᠦᠷᠪᠡᠨ ᠪᠠᠶᠢᠭᠤᠯᠤᠯᠭ᠎ᠠ︾᠎ ᠶᠢ ᠪᠠᠶᠢᠭᠤᠯᠵᠤ᠂ ᠲᠥᠯᠥᠭᠡᠯᠡᠭᠴᠢᠳ ᠤᠨ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠬᠠᠤᠯᠢ ᠶᠣᠰᠣᠭᠠᠷ ᠲᠥᠯᠥᠭᠡᠯᠡᠭᠴᠢᠳ ᠤᠨ ᠰᠠᠨᠠᠭᠤᠯᠭ᠎ᠠ ᠶᠢ ᠱᠠᠯᠠᠪᠳᠠᠭᠤᠯᠤᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠬᠠᠤᠯᠢᠵᠢᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠵᠦ᠂︽ᠪᠠᠭ᠎ᠠ ᠲᠣᠭᠤᠷᠢᠭ ᠲᠤ ᠴᠤ ᠶᠡᠭᠡ ᠦᠢᠯᠡᠰ ᠪᠦᠲᠦᠭᠡᠬᠦ︾ᠠᠤᠭ᠎ᠠ ᠰᠠᠨᠠᠭ᠎ᠠ ᠡᠷᠡᠯᠬᠡᠭ ᠵᠣᠷᠢᠭ ᠢ ᠪᠤᠢ ᠪᠣᠯᠭᠠᠵᠤ᠂ ᠡᠯ᠎ᠡ ᠵᠦᠢᠯ ᠤᠨ ᠠᠵᠢᠯ ᠳᠤ︽ᠴᠢᠩᠭ᠎ᠠ᠂ ᠲᠦᠷᠭᠡᠨ᠂ ᠪᠣᠳᠠᠲᠠᠢ︾ᠪᠠᠶᠢᠬᠤ ᠶᠢ ᠲᠤᠪᠤᠶᠢᠯᠭᠠᠵᠦ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯᠭ᠎ᠠ ᠪᠣᠯᠣᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠶᠢᠨ ᠰᠠᠶᠢᠬᠠᠨ ᠳᠦᠷᠢ ᠲᠥᠷᠬᠦ ᠶᠢ ᠢᠯᠡᠷᠡᠭᠦᠯᠬᠦ ᠬᠡᠷᠡᠭᠲᠡᠢ᠃      ᠵᠠᠩ ᠾᠧ ᠱᠧᠩ ᠬᠠᠮᠤᠭ ᠤᠨ ᠰᠡᠭᠦᠯ ᠳᠤ᠂ ᠡᠭᠦᠷᠭᠡ ᠬᠠᠷᠢᠭᠤᠴᠠᠯᠭ᠎ᠠ ᠨᠢ ᠬᠠᠷᠢᠭᠤᠴᠠᠯᠭ᠎ᠠ ᠡᠭᠦᠷᠭᠡᠯᠡᠬᠦ ᠶᠢ ᠤᠷᠢᠶᠠᠯᠠᠵᠤ᠂ ᠪᠣᠳᠠᠲᠠᠢ ᠠᠵᠢᠯᠯᠠᠪᠠᠯ ᠢᠷᠡᠭᠡᠳᠦᠢ ᠪᠠᠨ ᠴᠣᠭᠴᠠᠯᠠᠨ᠎ᠠ ᠭᠡᠵᠦ ᠬᠡᠯᠡᠪᠡ᠃ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠪᠣᠳᠠᠲᠠᠢ ᠠᠵᠢᠯᠯᠠᠵᠤ ᠯᠠᠪᠳᠠᠭᠤᠨ ᠪᠠᠲᠤᠲᠠᠢ ᠠᠵᠢᠯᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢ ᠵᠣᠷᠢᠭᠲᠠᠢ ᠪᠠᠷ ᠡᠭᠦᠷᠭᠡᠯᠡᠵᠦ᠂ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠪᠠᠶᠠᠨ᠋ᠣ᠋ᠪᠣᠭ᠎ᠠ ᠎ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕      ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠲᠡᠭᠦᠰᠪᠡ᠃      ᠬᠠᠤᠯᠢ ᠪᠠᠷ ᠲᠣᠭᠲᠠᠭᠠᠭᠰᠠᠨ ᠰᠤᠯᠠ ᠣᠷᠣᠯᠴᠠᠬᠤ ᠬᠥᠮᠥᠰ᠂ ᠲᠣᠭᠲᠠᠭᠠᠯ ᠳᠤ ᠰᠤᠯᠠ ᠣᠷᠣᠯᠴᠠᠬᠤ ᠬᠥᠮᠥᠰ ᠬᠤᠷᠠᠯ ᠳᠤ ᠰᠤᠯᠠ ᠣᠷᠣᠯᠴᠠᠬᠤ ᠠᠴᠠ ᠭᠠᠳᠠᠨ᠎ᠠ᠂ 4 ᠬᠤᠳᠠ ᠶᠢᠨ ᠠᠷᠠᠳ ᠤᠨ ᠲᠥᠯᠥᠭᠡᠯᠡᠭᠴᠢ ᠬᠤᠷᠠᠯ ᠢ ᠰᠤᠯᠠ ᠰᠣᠨᠣᠰᠪᠠ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号