ᠪᠠᠶ᠋ᠬᠤᠪᠤᠭ᠎ᠠ ᠠᠭᠤᠷᠬᠠᠢ ᠶᠢᠨ ᠣᠷᠣᠨ ᠤ ᠬᠢᠨ ᠲᠠᠪᠤᠨ ᠠᠵᠤ ᠠᠬᠤᠢ ᠡᠩ ᠤᠨ ᠬᠢ ᠶᠢ ᠵᠢᠩᠬᠢᠨᠢ ᠪᠠᠷ ᠳᠠᠩᠰᠠᠯᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/29
     1 ᠰᠠᠷ᠎ᠠ ᠶᠢᠨ 27 ᠎ ᠤ ᠦᠳᠡ ᠶᠢᠨ ᠡᠮᠦᠨ᠎ᠡ᠂ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠬᠢᠨ ᠲᠠᠪᠤᠨ ᠠᠵᠤ ᠠᠬᠤᠢ ᠡᠩ ᠤᠨ ᠬᠢ ᠶᠢ ᠵᠢᠩᠬᠢᠨᠢ ᠪᠠᠷ ᠳᠠᠩᠰᠠᠯᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠰᠢᠩ ᠺᠠᠢ ᠬᠤᠷᠠᠯ ᠡᠷᠭᠢᠯᠡᠵᠦ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠲᠣᠰ ᠤᠳᠠᠭᠠᠨ ᠤ ᠬᠤᠷᠠᠯ ᠳᠤ ᠣᠷᠣᠯᠴᠠᠵᠠᠢ᠃
     ᠬᠤᠷᠠᠯ ᠠᠴᠠ ︽ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠲᠠᠪᠤᠨ ᠠᠵᠤ ᠠᠬᠤᠢ ᠶᠢ ᠲᠦᠭᠡᠮᠡᠯᠵᠢᠭᠦᠯᠬᠦ ᠶᠢ ᠵᠢᠩᠬᠢᠨᠢ ᠪᠠᠷ ᠳᠠᠩᠰᠠᠯᠠᠬᠤ ᠶᠢ ᠬᠡᠷᠡᠭᠵᠢᠭᠦᠯᠬᠦ ᠲᠥᠰᠥᠯ︾ ᠎ ᠤᠨ ᠵᠣᠷᠢᠭ ᠰᠠᠨᠠᠭ᠎ᠠ ᠶᠢ ᠲᠠᠶᠢᠯᠪᠤᠷᠢᠯᠠᠵᠤ᠂ ᠲᠠᠨᠢᠯᠲᠠ ᠪᠠᠨ ᠭᠦᠨᠵᠡᠭᠡᠶᠢᠷᠡᠭᠦᠯᠵᠦ᠂ ᠢᠲᠡᠭᠡᠯ ᠢᠶᠠᠨ ᠪᠠᠲᠤᠳᠬᠠᠵᠤ᠂ ᠳᠤᠲᠠᠭᠤᠳᠠᠯ ᠢᠶᠠᠨ ᠨᠥᠬᠦᠪᠦᠷᠢᠯᠡᠵᠦ᠂ ᠶᠠᠰᠤ ᠴᠢᠨᠠᠷ ᠢ ᠳᠡᠭᠡᠭᠰᠢᠯᠡᠭᠦᠯᠵᠦ᠂ ᠨᠡᠶᠢᠳᠡᠮ ᠪᠠᠶᠢᠴᠠᠭᠠᠯᠲᠠ ᠶᠢᠨ ᠡᠭᠦᠷᠭᠡ ᠪᠠᠨ ᠴᠠᠭ ᠲᠤᠬᠠᠢ ᠳᠤᠨᠢ ᠥᠨᠳᠥᠷ ᠶᠠᠰᠤ ᠴᠢᠨᠠᠷᠲᠠᠢ ᠪᠠᠷ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠬᠠᠮᠢᠶ᠎ᠠ ᠪᠦᠬᠦᠢ ᠨᠢᠭᠡᠴᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠵᠤ᠂ ᠰᠠᠯᠠᠭ᠎ᠠ ᠮᠥᠴᠢᠷ ᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠷᠠᠭᠤᠯᠤᠨ᠂ ᠪᠠᠢ ᠶᠦᠨ ᠠᠭᠤᠷᠬᠠᠢ ᠶᠢᠨ ᠣᠷᠣᠨ ᠤ ᠲᠠᠪᠤᠨ ᠠᠵᠤ ᠠᠬᠤᠢ ᠶᠢᠨ ᠲᠣᠭᠤᠷᠢᠭ ᠤᠨ ᠵᠢᠩᠬᠢᠨᠢ ᠪᠠᠷ ᠳᠡᠩᠰᠡᠯᠡᠨ ᠲᠡᠮᠳᠡᠭᠯᠡᠬᠦ ᠶᠢ ᠬᠡᠷᠡᠭᠵᠢᠭᠦᠯᠬᠦ ᠲᠥᠰᠥᠯ ᠶᠣᠰᠣᠭᠠᠷ᠂ ᠠᠬᠢᠴᠠ ᠶᠢ ᠲᠦᠷᠭᠡᠳᠬᠡᠵᠦ᠂ ︽ᠳᠥᠷᠪᠡ ᠶᠢ ᠬᠥᠭᠵᠢᠭᠦᠯᠬᠦ ᠠᠵᠤ ᠠᠬᠤᠶᠢᠯᠠᠯ︾᠂ ᠨᠢᠭᠡ ᠢᠵᠢ ᠪᠤᠰᠤ ᠬᠦᠰᠦᠨᠦᠭᠲᠦ ᠶᠢᠨ ᠨᠢᠭᠡᠴᠡ᠂ ᠬᠤᠪᠢ ᠶᠢᠨ ᠡᠷᠦᠬᠡ ᠵᠡᠷᠭᠡ ᠶᠢᠨ ᠳᠡᠩᠰᠡᠯᠡᠨ ᠲᠡᠮᠳᠡᠭᠯᠡᠬᠦ ᠠᠵᠢᠯ ᠳᠤ ᠬᠠᠷᠢᠭᠤᠴᠠᠯᠭᠠᠲᠤ ᠰᠠᠯᠠᠭ᠎ᠠ ᠮᠥᠴᠢᠷ ᠢ ᠲᠣᠳᠣᠷᠬᠠᠶᠢᠯᠠᠨ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠵᠤ᠂ ᠵᠢᠷᠤᠭ ᠡᠯᠭᠦᠵᠦ ᠪᠠᠶᠢᠯᠳᠤᠨ᠂ ᠲᠦᠷᠭᠡᠳᠬᠡᠨ ᠠᠬᠢᠭᠤᠯᠵᠤ᠂ ᠭᠠᠷᠠᠭ ᠤᠨ ᠰᠣᠨᠢᠨ ᠤ ᠲᠣᠬᠢᠷᠠᠭᠤᠯᠬᠤ ᠳᠦᠷᠢᠮ ᠢ ᠪᠣᠶ ᠪᠣᠯᠭᠠᠵᠤ᠂ ᠡᠯ᠎ᠡ ᠵᠦᠢᠯ ᠤᠨ ᠴᠠᠭ ᠬᠤᠭᠤᠴᠠᠭᠠᠨ ᠳᠤ ᠲᠤᠭ᠎ᠠ ᠬᠡᠮᠵᠢᠶ᠎ᠡ ᠶᠢ ᠪᠠᠲᠤᠯᠠᠨ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃      ᠬᠤᠷᠠᠯ ᠠᠴᠠ᠂ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠪᠣᠭᠤᠮᠲᠠ ᠶᠢ ᠰᠠᠶᠢᠲᠤᠷ ᠠᠳᠬᠤᠵᠤ᠂ ᠲᠤᠰᠬᠠᠢ ᠮᠡᠷᠭᠡᠵᠢᠯ ᠤᠨ ᠠᠵᠢᠯᠲᠠᠨ ᠭᠦᠨᠵᠡᠭᠡᠢ ᠣᠷᠣᠯᠴᠠᠵᠤ᠂ ᠬᠡᠯᠪᠡᠷᠢᠯ ᠢ ᠵᠠᠯᠠᠷᠠᠭᠤᠯᠬᠤ ᠶᠢ ᠴᠠᠭ ᠲᠤᠬᠠᠢ ᠳᠤᠨᠢ ᠵᠢᠯᠤᠭᠤᠳᠬᠤ ᠬᠡᠷᠡᠭᠲᠡᠢ᠃ ᠠᠵᠢᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠲᠤᠭ᠎ᠠ ᠪᠠᠷᠢᠮᠲᠠ ᠶᠢᠨ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠠᠩᠬᠠᠷᠴᠤ᠂ ᠨᠢᠭᠤᠴᠠ ᠶᠢ ᠬᠠᠮᠠᠭᠠᠯᠠᠬᠤ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠨᠢᠭᠡᠳᠬᠡᠪᠡᠰᠦ ᠵᠣᠬᠢᠬᠤ ᠶᠢ ᠨᠢ ᠪᠦᠬᠦᠨ ᠢ ᠨᠢᠭᠡᠳᠬᠡᠵᠦ᠂ ᠨᠡᠶᠢᠲᠡᠯᠡᠪᠡᠰᠦ ᠵᠣᠬᠢᠬᠤ ᠶᠢ ᠨᠢ ᠪᠦᠬᠦᠨ ᠢ ᠨᠡᠶᠢᠲᠡᠯᠡᠬᠦ ᠬᠡᠷᠡᠭᠲᠡᠢ᠃ ᠨᠢᠭᠡᠳᠦᠯᠲᠡᠢ ᠲᠥᠯᠥᠪᠯᠡᠬᠦ ᠰᠠᠯᠠᠭ᠎ᠠ ᠮᠥᠴᠢᠷ ᠟ᠣᠳ ᠬᠠᠮᠵᠢᠯᠴᠠᠨ᠂ ᠴᠤᠭᠭᠠᠷ ᠠᠳᠬᠤᠨ ᠬᠠᠮᠲᠤᠪᠠᠷ ᠬᠠᠮᠢᠶᠠᠷᠴᠤ᠂ ᠳᠡᠭᠡᠳᠦ ᠳᠣᠣᠷᠠᠳᠤ ᠱᠠᠲᠤ ᠬᠠᠮᠲᠤᠷᠠᠨ ᠬᠥᠳᠡᠯᠦᠯᠴᠡᠭᠰᠡᠨ᠂ ᠵᠡᠭᠦᠨ ᠪᠠᠷᠠᠭᠤᠨ ᠣᠷᠣᠨ ᠬᠠᠮᠵᠢᠯᠴᠠᠭᠰᠠᠨ ᠨᠡᠶᠢᠳᠡᠮ ᠪᠠᠶᠢᠴᠠᠭᠠᠯᠲᠠ ᠢᠢᠨ ᠰᠢᠰᠲ᠋ᠧᠮᠵ ᠢᠶ ᠪᠤᠢ ᠪᠣᠯᠭᠠᠬᠤ ᠬᠡᠷᠡᠭᠲᠡᠢ᠃ ᠨᠡᠶᠢᠳᠡᠮ ᠪᠠᠶᠢᠴᠠᠭᠠᠬᠤ ᠡᠲᠡᠭᠡᠳ ᠪᠣᠯᠣᠨ ᠵᠠᠩᠭᠢᠯᠠᠭ᠎ᠠ ᠶᠢᠨ ᠭᠤᠭᠴᠤᠭ᠎ᠠ ᠶᠢᠨ ᠲᠣᠭᠤᠷᠢᠨ ᠳᠤ᠂ ᠠᠵᠢᠯ ᠤᠨ ᠲᠣᠬᠢᠷᠠᠭᠤᠯᠤᠯᠲᠠ ᠶᠢ ᠨᠢᠭᠡᠳᠦᠯᠲᠡᠢ ᠲᠥᠯᠥᠪᠯᠡᠵᠦ᠂ ᠮᠠᠨ ᠤ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠦᠨᠡᠨ ᠪᠣᠳᠠᠲᠠᠢ ᠪᠠᠷ ᠲᠤᠰᠬᠠᠬᠤ ᠬᠡᠷᠡᠭᠲᠡᠢ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号