ᠪᠠᠶᠠᠨ᠋ᠣ᠋ᠪᠣᠭ᠎ᠠ ᠪᠠᠰᠠ ᠨᠢᠭᠡᠨ ᠬᠤᠪᠣᠷ ᠰᠢᠷᠣᠢ ᠶᠢᠨ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠬᠦᠷ ᠬᠥᠭᠵᠢᠶᠡᠨ ᠲᠠᠢ ᠭᠠᠷᠤᠯ᠎ᠠ
ᠨᠡᠶᠢᠲᠡᠯᠡᠭᠰᠡᠨ ᠴᠠᠭ᠄
2024/1/29
      ᠣᠶᠢᠷ᠎ᠠ ᠳᠤ᠂ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠪᠣᠯᠣᠨ ᠵᠢᠩ ᠳ᠋ᠧ ᠵᠧᠨ ᠪᠠᠯᠭᠠᠰᠤᠨ ᠤ ᠨᠠᠷᠠᠲᠤ ᠸᠠᠭᠠᠷ ᠱᠠᠭᠠᠵᠠᠩ ᠤᠨ ᠰᠣᠶᠣᠯ ᠤᠨ ᠠᠵᠤ ᠠᠬᠤᠶᠢᠯᠠᠯ ᠵᠢᠩ ᠳ᠋ᠧ ᠵᠧᠨ ᠪᠠᠯᠭᠠᠰᠤᠨ ᠤ ᠸᠧᠨ ᠰᠢᠨ ᠵᠦᠥᠸ᠋ ᠢᠦᠢ ᠸᠠᠭᠠᠷ ᠱᠠᠭᠠᠵᠠᠩ ᠤᠨ ᠬᠢᠵᠠᠭᠠᠷᠲᠤ ᠺᠣᠮᠫᠠᠨᠢ ᠶᠢᠨ ᠬᠠᠮᠲᠤᠷᠠᠨ ᠰᠤᠳᠤᠯᠤᠨ ᠦᠢᠯᠡᠳᠦᠭᠰᠡᠨ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ︽ᠴᠠᠢ ᠪᠦᠷᠢᠭᠴᠢ︾ ᠬᠤᠪᠣᠷ ᠰᠢᠷᠣᠢ ᠶᠢᠨ ᠸᠠᠭᠠᠷ ᠱᠠᠭᠠᠵᠠᠩ ᠤᠨ ᠳᠤᠯᠠᠭᠠᠨ ᠴᠣᠮᠣ ᠨᠢ ᠲᠡᠭᠦᠨ ᠤ ᠥᠪᠡᠷᠮᠢᠴᠡ᠂ ᠲᠣᠭᠲᠠᠪᠤᠷᠢᠲᠠᠢ ᠪᠠᠺᠲ᠋ᠧᠷᠢ ᠡᠰᠡᠷᠭᠦᠴᠡᠬᠦ ᠴᠢᠳᠠᠮᠵᠢ ᠪᠠ ᠠᠮᠢᠳᠤ ᠤᠰᠤᠨ ᠤ ᠴᠢᠳᠠᠮᠵᠢ ᠠᠴᠠ ᠪᠣᠯᠵᠤ᠂ ᠲᠡᠭᠦᠨ ᠤ ᠰᠤᠳᠤᠯᠤᠨ ᠨᠡᠭᠡᠭᠡᠬᠦ ᠠᠵᠤ ᠠᠬᠤᠶᠢᠯᠠᠯ ᠨᠢ ᠵᠢᠩ ᠳ᠋ᠧ ᠵᠧᠨ ᠬᠤᠲᠠ ᠶᠢᠨ ᠰᠢᠨ᠎ᠡ ᠶᠢ ᠡᠭᠦᠳᠬᠦ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠱᠠᠩᠨᠠᠯ ᠢ ᠭᠥᠷᠳᠡᠭᠰᠡᠨ ᠪᠠᠶᠢᠨ᠎ᠠ᠃
      ᠪᠤᠭᠤᠲᠤ ᠶᠢᠨ ᠪᠠᠶᠠᠨ᠋ᠣ᠋ᠪᠣᠭ᠎ᠠ ᠶᠢᠨ ᠬᠤᠪᠣᠷ ᠰᠢᠷᠣᠢ ᠨᠢ ᠵᠢᠶᠠᠩᠰᠢ ᠶᠢᠨ ᠵᠢᠩ ᠳᠤ ᠵᠧᠨ ᠪᠠᠯᠭᠠᠰᠤᠨ ᠤ ᠱᠠᠭᠠᠵᠠᠩ ᠤᠨ ᠰᠢᠷᠣᠢ ᠲᠠᠢ ᠪᠦᠷᠢᠨ ᠲᠡᠭᠦᠯᠳᠡᠷ ᠤᠶᠠᠯᠳᠤᠪᠠᠯ᠂ ᠶᠠᠮᠠᠷ ᠶᠠᠩᠵᠤ ᠶᠢᠨ ᠪᠦᠲᠦᠭᠡᠭᠳᠡᠬᠦᠨ ᠢ ᠰᠢᠲᠠᠭᠠᠵᠤ ᠦᠢᠯᠡᠳᠬᠦ ᠪᠤᠢ︖ ︽ᠵᠢᠩ ᠳ᠋ᠧ ᠵᠧᠨ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠤᠨ ᠡᠭᠦᠷᠭᠡ ᠶᠢᠨ ᠭᠡᠷ᠎ᠡ︾᠎ ᠳᠤ ᠢᠯᠡᠷᠡᠭᠦᠯᠦᠭᠰᠡᠨ ᠢᠶᠠᠷ᠂ ︽ᠬᠤᠪᠣᠷ ᠰᠢᠷᠣᠢ ᠶᠢᠨ ᠨᠡᠶᠢᠯᠡᠮᠡᠯ ᠲᠡᠮᠦᠷᠯᠢᠭ ᠢᠶᠤᠨ ᠤ ᠪᠠᠺᠲ᠋ᠧᠷᠢ ᠡᠰᠡᠷᠭᠦᠴᠡᠬᠦ ᠵᠢᠴᠢ ᠢᠳᠡᠪᠬᠢᠵᠢᠭᠦᠯᠦᠭᠰᠡᠨ ᠤᠰᠤᠨ ᠰᠡᠭᠦᠳᠡᠷᠲᠦ ᠬᠥᠬᠡ ᠰᠢᠯ ᠪᠤᠳᠤᠭ ᠤᠨ ᠮᠠᠲ᠋ᠧᠷᠢᠶᠠᠯ ᠢ ᠦᠢᠯᠡᠳᠬᠦ ᠰᠤᠳᠤᠯᠭᠠᠨ︾ ᠭᠡᠬᠦ ᠡᠨᠡ ᠬᠦ ᠲᠥᠷᠥᠯ ᠵᠦᠢᠯ ᠪᠣᠯᠣᠨ᠎ᠠ᠂ ᠡᠭᠦᠨ ᠳᠤ ᠬᠤᠪᠣᠷ ᠰᠢᠷᠣᠢ ᠶᠢᠨ ᠡᠯᠧᠮᠧᠨ᠋ᠲ ᠤᠨ ᠲᠥᠷᠥᠯ ᠵᠦᠢᠯ ᠬᠢᠭᠡᠳ ᠬᠠᠷᠢᠴᠠᠯ ᠤᠨ ᠥᠯᠢᠭᠡᠷ ᠡᠳ᠋ ᠤᠨ ᠹᠠᠯᠠᠨ ᠨᠢᠭᠤᠷ ᠤᠨ ᠥᠩᠭᠡ᠂ ᠪᠠᠺᠲ᠋ᠧᠷᠢ ᠡᠰᠡᠷᠭᠦᠴᠡᠬᠦ ᠴᠢᠳᠠᠮᠵᠢ ᠵᠢᠴᠢ ᠢᠳᠡᠪᠬᠢᠵᠢᠭᠦᠯᠦᠭᠰᠡᠨ ᠤᠰᠤᠨ ᠤ ᠴᠢᠳᠠᠮᠵᠢ ᠳᠤ ᠦᠵᠡᠭᠦᠯᠬᠦ ᠨᠥᠯᠥᠭᠡ ᠶᠢ ᠰᠤᠳᠤᠯᠬᠤ ᠶᠢᠨ ᠬᠠᠮᠲᠤ ᠬᠠᠮᠤᠭ ᠤᠨ ᠰᠠᠶᠢᠨ ᠲᠣᠬᠢᠷᠠᠭᠤᠯᠬᠤ ᠬᠠᠷᠢᠴᠠᠯ ᠢ ᠲᠣᠭᠲᠠᠭᠠᠬᠤ ᠪᠣᠯ ᠨᠢᠭᠡᠨ ᠴᠢᠬᠤᠯᠠ ᠠᠭᠤᠯᠭ᠎ᠠ ᠪᠣᠯᠣᠨ᠎ᠠ᠂ ᠡᠭᠦᠨ ᠳᠤ ᠬᠤᠪᠣᠷ ᠰᠢᠷᠣᠢ ᠶᠢᠨ ᠡᠯᠧᠮᠧᠨ᠋ᠲ ᠤᠨ ᠲᠥᠷᠥᠯ ᠵᠦᠢᠯ ᠬᠢᠭᠡᠳ ᠬᠠᠷᠢᠴᠠᠯ ᠎ ᠨᠢ ᠥᠯᠢᠭᠡᠷ ᠡᠳ᠋ ᠤᠨ ᠹᠠᠯᠠᠨ ᠨᠢᠭᠤᠷ ᠤᠨ ᠥᠩᠭᠡ᠂ ᠪᠠᠺᠲ᠋ᠧᠷᠢ ᠡᠰᠡᠷᠭᠦᠴᠡᠬᠦ ᠴᠢᠳᠠᠮᠵᠢ ᠵᠢᠴᠢ ᠢᠳᠡᠪᠬᠢᠵᠢᠭᠦᠯᠦᠭᠰᠡᠨ ᠤᠰᠤᠨ ᠤ ᠴᠢᠳᠠᠮᠵᠢ ᠳᠤ ᠦᠵᠡᠭᠦᠯᠬᠦ ᠨᠥᠯᠥᠭᠡ ᠶᠢ ᠰᠤᠳᠤᠯᠬᠤ ᠶᠢᠨ ᠬᠠᠮᠲᠤ ᠬᠠᠮᠤᠭ ᠤᠨ ᠰᠠᠶᠢᠨ ᠲᠣᠬᠢᠷᠠᠭᠤᠯᠬᠤ ᠬᠠᠷᠢᠴᠠᠯ ᠢ ᠲᠣᠭᠲᠠᠭᠠᠬᠤ ᠶᠠᠪᠤᠳᠠᠯ ᠪᠣᠯᠣᠨ᠎ᠠ᠃ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠴᠢᠷᠮᠠᠶᠢᠯᠭ᠎ᠠ ᠪᠠᠷ ᠲᠠᠮᠵᠢᠨ᠂︽ᠴᠠᠢ ᠪᠦᠷᠢᠭᠴᠢ︾ᠬᠤᠪᠣᠷ ᠰᠢᠷᠣᠢ ᠶᠢᠨ ᠸᠠᠭᠠᠷ ᠱᠠᠭᠠᠵᠠᠩ ᠤᠨ ᠳᠤᠯᠠᠭᠠᠨ ᠴᠣᠮᠣ ᠵᠡᠷᠭᠡ ᠰᠣᠶᠣᠯ ᠤᠨ ᠡᠭᠦᠳᠦᠯᠲᠡ ᠶᠢᠨ ᠰᠢᠷᠢᠰ ᠪᠦᠲᠦᠭᠡᠭᠳᠡᠬᠦᠨ ᠡᠴᠦᠰ ᠲᠡᠭᠡᠨ ᠠᠮᠵᠢᠯᠲᠠ ᠲᠠᠢ ᠪᠤᠢ ᠪᠣᠯᠪᠠ᠃ ᠬᠤᠯᠪᠣᠭᠳᠠᠯ ᠪᠦᠬᠦᠢ ᠡᠷᠬᠡ ᠰᠦᠷᠲᠦ ᠰᠠᠯᠠᠭ᠎ᠠ ᠮᠥᠴᠢᠷ ᠤᠨ ᠰᠢᠯᠭᠠᠨ ᠪᠠᠶᠢᠴᠠᠭᠠᠭᠰᠠᠨ ᠢᠶᠠᠷ᠂ ᠰᠢᠨ᠎ᠡ ᠪᠦᠲᠦᠭᠡᠭᠳᠡᠬᠦᠨ ᠤ ᠰᠡᠭᠦᠳᠡᠷ ᠤᠨ ᠬᠥᠬᠡ ᠰᠢᠯ ᠪᠤᠳᠤᠭ ᠤᠨ ᠥᠩᠭᠡ ᠶᠢᠨ ᠰᠢᠯ ᠪᠤᠳᠤᠭ ᠤᠨ ᠭᠠᠳᠠᠷᠭᠤ ᠶᠢᠨ ᠶᠠᠰᠤ ᠴᠢᠨᠠᠷ ᠨᠢ ᠰᠢᠯᠢᠳᠡᠭᠵᠢᠵᠦ᠂ ᠪᠦᠳᠦᠭᠦᠨ ᠭᠡᠳᠡᠰᠦᠨ ᠤ ᠰᠠᠪᠬᠠᠨᠴᠢᠷ ᠪᠠᠺᠲ᠋ᠧᠷᠢ᠂ ᠡᠸᠢᠢᠰᠧᠯ ᠤᠨ ᠪᠠᠺᠲ᠋ᠧᠷᠢ ᠪᠠ ᠠᠯᠲᠠᠨ ᠰᠢᠷᠭᠠᠯ ᠥᠩᠭᠡᠲᠦ ᠦᠵᠦᠮᠯᠢᠭ ᠪᠥᠮᠪᠥᠭᠡᠨ ᠪᠠᠺᠲ᠋ᠧᠷᠢ ᠶᠢᠨ ᠪᠠᠺᠲ᠋ᠧᠷᠢ ᠡᠰᠡᠷᠭᠦᠴᠡᠬᠦ ᠨᠣᠷᠮ᠎ᠠ ᠨᠢ 99% ᠪᠠᠶᠢᠵᠤ᠂ ᠪᠦᠲᠦᠭᠡᠭᠳᠡᠬᠦᠨ ᠤ ᠳᠣᠲᠣᠷᠠᠬᠢ ᠲᠦᠭᠡᠭᠡᠯ ᠤᠰᠤ 2h᠎ ᠶᠢᠨ ᠳᠠᠷᠠᠭ᠎ᠠ ᠠᠭᠤᠰᠬᠤ ᠬᠦᠴᠢᠯᠲᠥ᠋ᠷᠥᠭᠴᠢ ᠶᠢᠨ ᠬᠡᠮᠵᠢᠶ᠎ᠡ ᠎ ᠨᠢ 5.5mg/L᠎ ᠠᠴᠠ ᠶᠡᠭᠡ ᠪᠠᠶᠢᠳᠠᠭ᠃ ᠠᠭᠤᠰᠬᠤ ᠬᠦᠴᠢᠯᠲᠥ᠋ᠷᠥᠭᠴᠢ ᠶᠢᠨ ᠬᠡᠮᠵᠢᠶ᠎ᠡ ᠪᠣᠯ ᠳᠠᠷᠤᠢ ᠤᠰᠤᠨ‌‍ᠳᠠᠬᠢ ᠬᠦᠴᠢᠯᠲᠥ᠋ᠷᠥᠭᠴᠢ ᠶᠢᠨ ᠠᠭᠤᠰᠬᠤ ᠬᠡᠮᠵᠢᠶ᠎ᠡ ᠶᠢ ᠣᠶᠢᠯᠠᠭᠠᠪᠠᠯ ᠠᠭᠤᠰᠬᠤ ᠬᠦᠴᠢᠯᠲᠥ᠋ᠷᠥᠭᠴᠢ ᠶᠢᠨ ᠠᠭᠤᠯᠤᠭᠳᠠᠴᠠ ᠎ ᠨᠢ ᠬᠡᠳᠦᠢ ᠥᠨᠳᠥᠷ ᠪᠣᠯ ᠤᠰᠤᠨ ᠤ ᠴᠢᠨᠠᠷ ᠨᠢ ᠲᠡᠳᠦᠢ ᠰᠠᠶᠢᠨ ᠪᠠᠶᠢᠳᠠᠭ᠃  
     ᠬᠤᠪᠣᠷ ᠰᠢᠷᠣᠢ ᠶᠢᠨ ᠠᠮᠠᠪᠴᠢ ᠶᠢ ᠰᠢᠨ᠎ᠡ ᠲᠢᠲᠢᠮ ᠲᠠᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠶᠡᠬᠡᠪᠡᠷ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠬᠤᠪᠣᠷ ᠰᠢᠷᠣᠢ ᠶᠢᠨ ᠶᠠᠷᠢᠭᠤᠯ ᠳᠡᠯᠡᠬᠡᠢ ᠶᠢᠨ ᠴᠢᠨᠠᠷᠲᠠᠢ ᠶᠡᠭᠡ ᠬᠤᠷᠠᠯ ᠤᠨ ᠲᠠᠪᠴᠠᠩ ᠳᠤ ᠭᠠᠷᠴᠤ᠂ ᠬᠤᠪᠣᠷ ᠰᠢᠷᠣᠢ ᠶᠢᠨ ᠤᠷᠤᠭᠤᠯ ᠤᠨ ᠪᠤᠳᠤᠭ ᠨᠢ ᠬᠤᠳᠠ ᠶᠢᠨ ᠴᠠᠭᠠᠨ ᠵᠠᠭᠠᠮᠠᠳᠠᠨ ᠤ ᠰᠢᠨ᠎ᠡ ᠬᠠᠶᠢᠷ᠎ᠠ ᠪᠣᠯᠤᠭᠰᠠᠨ ᠪᠠᠶᠢᠨ᠎ᠠ ᠁      ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠨᠢ ᠬᠥᠮᠥᠰ ᠤᠨ ︽ᠬᠤᠪᠣᠷ ᠰᠢᠷᠣᠢ ᠶᠢᠨ ᠡᠯᠧᠮᠧᠨ᠋ᠲ︾᠎ ᠤᠨ ᠲᠤᠬᠠᠢ ᠰᠠᠭᠤᠭᠳᠠᠯ ᠢ ᠪᠠᠶᠢᠨ ᠪᠠᠶᠢᠨ ᠰᠢᠨᠡᠳᠬᠡᠵᠦ᠂ ᠬᠤᠪᠣᠷ ᠰᠢᠷᠣᠢ ᠶᠢᠨ ᠬᠡᠷᠡᠭᠯᠡᠭᠡᠨ ᠤ ᠰᠢᠨ᠎ᠡ ᠮᠡᠷᠭᠡᠵᠢᠯ ᠳᠤ ᠴᠦ ᠰᠢᠨ᠎ᠡ ᠦᠢᠯᠡᠳᠬᠦᠨ᠂ ᠰᠢᠨ᠎ᠡ ᠡᠵᠡᠩᠨᠡᠯᠲᠡ ᠶᠢᠨ ᠬᠡᠯᠪᠡᠷᠢ ᠲᠠᠰᠤᠷᠠᠯᠳᠡ ᠦᠭᠡᠢ ᠪᠤᠢ ᠪᠣᠯᠵᠤ᠂ ᠡᠨᠡ ᠎ ᠨᠢ ᠬᠤᠪᠣᠷ ᠰᠢᠷᠣᠢ ᠶᠢᠨ ᠡᠯᠧᠮᠧᠨ᠋ᠲ ᠢ ᠡᠭᠡᠯ ᠠᠷᠠᠳ ᠤᠨ ᠭᠡᠷ ᠲᠤ ᠣᠷᠣᠭᠤᠯᠵᠤ᠂ ᠬᠥᠮᠥᠰ ᠤᠨ ᠵᠣᠯ ᠵᠢᠷᠭᠠᠯᠲᠤ ᠠᠮᠢᠳᠤᠷᠠᠯ ᠤᠨ ᠨᠡᠮᠡᠯᠲᠡ ᠡᠳ᠋ ᠪᠣᠯᠭᠠᠭᠰᠠᠨ ᠢᠶᠠᠷ ᠪᠠᠷᠠᠬᠤ ᠦᠭᠡᠢ ᠪᠠᠰᠠ ᠬᠤᠪᠣᠷ ᠰᠢᠷᠣᠢ ᠶᠢᠨ ᠡᠯᠧᠮᠧᠨ᠋ᠲ ᠢ︽ᠳᠡᠯᠡᠬᠡᠢ ᠶᠢᠨ ᠬᠤᠪᠣᠷ ᠰᠢᠷᠣᠢ ᠶᠢᠨ ᠨᠤᠲᠤᠭ︾ᠬᠤᠳᠠ ᠶᠢᠨ ᠰᠣᠶᠣᠯ ᠤᠨ ᠲᠦᠷᠦᠯ ᠲᠡᠮᠳᠡᠭ ᠢ ᠡᠭᠦᠳᠬᠦ ᠭᠤᠣᠯ ᠬᠦᠴᠦᠨ ᠪᠣᠯᠭᠠᠵᠤ᠂ ᠪᠠᠶᠠᠨ᠋ᠣ᠋ᠪᠣᠭ᠎ᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠢᠨ᠎ᠡ ᠬᠥᠳᠡᠯᠭᠡᠬᠦ ᠬᠦᠴᠦᠨ ᠪᠣᠯᠭᠠᠭᠰᠠᠨ ᠪᠠᠶᠢᠨ᠎ᠠ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号