ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠬᠤᠷᠠᠯᠳᠤᠵᠤ ᠰᠢ ᠶᠢᠨ ᠫᠢᠩ ᠶᠡᠷᠦᠩᠬᠡᠢ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠣᠷᠣᠯᠴᠠᠪᠠ
ᠨᠡᠶᠢᠲᠡᠯᠡᠭᠰᠡᠨ ᠴᠠᠭ᠄
2024/1/29
     1 ᠳ᠋ᠦᠭᠡᠷ ᠰᠠᠷ᠎ᠠ ᠶᠢᠨ 25᠎ ᠤ ᠡᠳᠦᠷ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠦ᠋ ᠺᠠᠢ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠠᠷᠠᠭᠠᠴᠢ ᠶᠢᠨ ᠠᠯᠬᠤᠮ ᠤᠨ ᠠᠵᠢᠯ ᠢ  ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠮᠤᠵᠢ ᠶᠠᠮᠤᠨ ᠤ ᠳᠡᠰ ᠤᠨ ᠭᠤᠣᠯ ᠤᠳᠤᠷᠢᠳᠬᠤ ᠺᠠᠳ᠋ᠷᠴᠤᠳ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ  ᠎ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ  ᠎ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ  ᠎ ᠶᠢ ᠬᠢᠨᠠᠮᠠᠭᠠᠢ ᠰᠤᠷᠤᠯᠴᠠᠨ ᠣᠶᠢᠯᠠᠭᠠᠵᠤ᠂ ᠮᠥᠩᠭᠦᠨ ᠭᠦᠢᠯᠭᠡᠭᠡᠨ ᠤ ᠠᠵᠢᠯ ᠤᠨ ᠮᠥᠨ ᠴᠢᠨᠠᠷ ᠤᠨ ᠵᠢᠮ᠎ᠡ ᠶᠣᠰᠣ ᠪᠣᠯᠣᠨ ᠬᠥᠭᠵᠢᠯᠲᠡ ᠶᠢᠨ ᠵᠠᠮ ᠤᠨ ᠲᠤᠬᠠᠢ ᠲᠠᠨᠢᠯᠲᠠ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠮᠥᠩᠭᠦᠨ ᠭᠦᠢᠯᠭᠡᠭᠡᠨ ᠤ ᠠᠵᠢᠯ ᠤᠨ ᠴᠢᠳᠠᠪᠤᠷᠢ ᠪᠣᠯᠣᠨ ᠠᠶᠤᠯ ᠲᠦᠭᠰᠢᠭᠦᠷᠢ ᠶᠢ ᠠᠷᠭᠠᠴᠠᠬᠤ ᠴᠢᠳᠠᠪᠤᠷᠢ ᠶᠢ ᠪᠦᠬᠦ ᠲᠠᠯ᠎ᠠ ᠪᠠᠷ ᠴᠢᠩᠭᠠᠳᠬᠠᠵᠤ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠪᠠᠷ ᠦᠨᠳᠦᠰᠦᠨ ᠵᠣᠷᠢᠯᠲᠠ ᠪᠠᠨ ᠪᠣᠯᠭᠠᠬᠤ ᠶᠢ ᠪᠠᠷᠢᠮᠲᠠᠯᠠᠵᠤ᠂ ᠮᠥᠩᠭᠦᠨ ᠭᠦᠢᠯᠭᠡᠭᠡᠨ ᠤ ᠪᠠᠭᠠᠵᠢ ᠶᠢ ᠰᠠᠶᠢᠲᠤᠷ ᠬᠡᠷᠡᠭᠯᠡᠵᠦ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠮᠥᠩᠭᠦ ᠶᠢ ᠰᠠᠶᠢᠲᠤᠷ ᠬᠡᠷᠡᠭᠯᠡᠵᠦ᠂ ᠠᠵᠤ ᠠᠬᠤᠶᠢᠯᠠᠯ ᠤᠨ ᠪᠡᠯᠡ ᠮᠥᠩᠭᠦ ᠬᠤᠷᠠᠮᠳᠤᠭᠤᠯᠬᠤ ᠳᠤ ᠬᠦᠴᠢᠷᠲᠡᠢ᠂ ᠪᠡᠯᠡ ᠮᠥᠩᠭᠦ ᠬᠤᠷᠠᠮᠳᠤᠭᠤᠯᠬᠤ ᠳᠤ ᠦᠨᠡᠲᠡᠢ ᠵᠡᠷᠭᠡ ᠠᠰᠠᠭᠤᠳᠠᠯ ᠢ ᠰᠢᠢᠳᠪᠦᠷᠢᠯᠡᠬᠦ ᠳᠤ ᠬᠦᠴᠦᠨ ᠨᠡᠮᠡᠷᠢᠯᠡᠵᠦ᠂ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠶᠢᠨ ᠴᠢᠨᠠᠷ ᠴᠢᠨᠰᠠᠭ᠎ᠠ ᠦᠷ᠎ᠡ ᠠᠰᠢᠭ ᠢ ᠦᠨᠡᠨᠬᠦ ᠳᠡᠭᠡᠭᠰᠢᠯᠡᠭᠦᠯᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠦᠨ᠎ᠡ᠃      ᠬᠤᠷᠠᠯ  ᠎ ᠠᠴᠠ ᠶᠡᠷᠦᠩᠬᠡᠢ ᠱᠦᠵᠢ ᠰᠢ ᠶᠢᠨ ᠫᠢᠩ ᠮᠤᠵᠢ  ᠎ ᠶᠢᠨ ᠶᠦᠨᠨᠠᠨ ᠤ ᠵᠣᠣ ᠲᠦᠩ ᠬᠤᠲᠠ  ᠎ ᠶᠢᠨ ᠵᠧᠨ ᠰᠢᠶᠦᠶᠢᠩ ᠰᠢᠶᠠᠨ ᠤ ᠠᠭᠤᠯᠠ ᠶᠡᠭᠦᠷᠡᠭᠰᠡᠨ᠂ ᠵᠢᠶᠠᠩᠰᠢ  ᠎ ᠶᠢᠨ ᠰᠢᠨ ᠢᠦᠢ ᠬᠤᠲᠠ  ᠎ ᠶᠢᠨ ᠢᠦᠢ ᠱᠦᠢ ᠲᠣᠭᠤᠷᠢᠭ ᠤᠨ ᠨᠢᠭᠡᠨ ᠯᠢᠨ ᠵᠢᠶᠧ ᠫᠦᠰᠡ  ᠎ ᠶᠢᠨ ᠭᠠᠯ ᠠᠯᠳᠠᠭᠰᠠᠨ ᠬᠡᠷᠡᠭ ᠤᠨ ᠲᠤᠬᠠᠢ ᠭᠠᠷᠭᠠᠭᠰᠠᠨ ᠴᠢᠬᠤᠯᠠ ᠵᠢᠭᠠᠪᠤᠷᠢ  ᠎ ᠶᠢᠨ ᠵᠣᠷᠢᠭ ᠰᠠᠨᠠᠭ᠎ᠠ  ᠎ ᠶᠢ ᠤᠯᠠᠮᠵᠢᠯᠠᠨ ᠰᠤᠷᠤᠯᠴᠠᠪᠠ᠃ ᠪᠤᠭᠤᠲᠤ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2024 ᠣᠨ ᠤ ᠠᠩᠬᠠᠳᠤᠭᠠᠷ ᠤᠳᠠᠭ᠎ᠠ ᠶᠢᠨ ᠠᠵᠢᠯ ᠤᠨ ᠬᠤᠷᠠᠯ ᠵᠢᠴᠢ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠪᠣᠯᠣᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠬᠤᠳᠠ ᠶᠢᠨ ᠨᠠᠮ ᠤᠨ ᠬᠤᠷᠢᠶᠠᠨ ᠤ ᠲᠠᠪᠤᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠵᠥᠪᠯᠡᠯ ᠤᠨ ᠲᠥᠰᠥᠯ︾᠎ ᠢ ᠰᠤᠳᠤᠯᠤᠨ ᠬᠢᠨᠠᠨ ᠵᠥᠪᠯᠡᠵᠦ᠂ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ  ᠤ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠣᠳᠣᠬᠠᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠰᠡᠷᠭᠡᠭ ᠢᠶᠠᠷ ᠲᠠᠨᠢᠵᠤ᠂︽ᠴᠠᠭ ᠢᠮᠠᠭᠲᠠ ᠰᠠᠨᠠᠭ᠎ᠠ ᠠᠮᠤᠷ ᠪᠠᠶᠢᠬᠤ︾ᠬᠠᠷᠢᠭᠤᠴᠠᠯᠭᠠᠲᠤ ᠰᠡᠳᠬᠢᠯᠭᠡ ᠪᠠᠷ ᠠᠶᠤᠯ ᠲᠦᠭᠰᠢᠭᠦᠷᠢ ᠶᠢᠨ ᠭᠡᠮ ᠰᠣᠭᠤᠭ ᠢ ᠴᠢᠩᠭ᠎ᠠ ᠠᠩᠬᠠᠷᠴᠤ᠂ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠥᠮᠥᠨ ᠬᠠᠷ᠎ᠠ ᠦᠬᠦᠵᠦ ᠰᠢᠷᠬᠠᠲᠤᠭᠰᠠᠨ ᠬᠦᠨᠳᠦ ᠶᠡᠭᠡ ᠬᠡᠷᠡᠭ ᠡᠭᠦᠰᠬᠦ ᠶᠢ ᠡᠷᠡᠰ ᠰᠡᠷᠭᠡᠶᠢᠯᠡᠨ ᠬᠤᠷᠢᠭᠯᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠬᠤᠷᠠᠯ ᠠᠴᠠ᠂ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠢᠨ ᠪᠦᠬᠦ ᠣᠷᠣᠨ ᠳᠤ ᠠᠮᠤᠷ ᠲᠦᠪᠰᠢᠨ ᠤ ᠬᠡᠮ ᠰᠣᠭᠤᠭ ᠢ ᠳᠠᠷᠠᠭᠠᠯᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠦᠷᠭᠦᠯᠵᠢᠯᠡᠨ ᠥᠷᠨᠢᠭᠦᠯᠵᠦ᠂ ᠪᠠᠭᠤᠷᠠᠢ ᠭᠤᠭᠴᠤᠭ᠎ᠠ ᠶᠢ ᠡᠷᠢᠵᠦ᠂ ᠳᠤᠲᠠᠭᠤᠳᠠᠯ ᠢᠶᠠᠨ ᠰᠠᠶᠢᠲᠤᠷ ᠨᠥᠬᠦᠪᠦᠷᠢᠯᠡᠵᠦ᠂ ᠠᠮᠤᠷ ᠲᠦᠪᠰᠢᠨ ᠲᠣᠭᠲᠠᠭᠤᠨ ᠤ ᠠᠵᠢᠯ ᠢ ᠴᠢᠩᠭ᠎ᠠ ᠠᠳᠬᠤᠵᠤ ᠰᠠᠶᠢᠲᠤᠷ ᠬᠢᠬᠦ ᠬᠡᠷᠡᠭᠲᠡᠢ᠃ ᠠᠶᠤᠯ ᠲᠠᠢ ᠬᠢᠮᠢ ᠶᠢᠨ ᠪᠣᠳᠠᠰ᠂ ᠪᠠᠷᠢᠯᠭ᠎ᠠ ᠶᠢᠨ ᠠᠵᠢᠯ᠂ ᠤᠰᠤ ᠴᠠᠬᠢᠯᠭᠠᠨ ᠬᠡᠢ ᠢᠯᠴᠢ᠂ ᠵᠠᠮ ᠬᠠᠷᠢᠯᠴᠠᠭ᠎ᠠ ᠲᠡᠭᠡᠭᠡᠪᠦᠷᠢ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶ᠎ᠡ ᠶᠢ ᠴᠢᠩᠭ᠎ᠠ ᠠᠩᠬᠠᠷᠴᠤ᠂ ᠢᠳᠡᠭᠡᠨ ᠤᠮᠳᠠᠭᠠᠨ ᠤ ᠲᠠᠯᠠᠪᠤᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠨᠠᠰᠤᠲᠠᠨ ᠢ ᠠᠰᠠᠷᠠᠬᠤ ᠬᠦᠷᠢᠶᠡᠯᠡᠩ᠂ ᠡᠮᠨᠡᠯᠭᠡ ᠶᠢᠨ ᠬᠤᠷᠢᠶ᠎ᠠ᠂ ᠨᠡᠶᠢᠭᠡᠮ ᠲᠣᠭᠤᠷᠢᠭ ᠵᠡᠷᠭᠡ ᠭᠤᠣᠯᠳᠠᠯᠭ᠎ᠠ ᠲᠠᠢ ᠣᠷᠣᠨ ᠪᠠᠶᠢᠷᠢ ᠶᠢ ᠴᠢᠩᠭ᠎ᠠ ᠠᠩᠬᠠᠷᠴᠤ᠂ ᠰᠢᠨ᠎ᠡ ᠪᠠᠷ ᠠᠰᠢᠭᠯᠠᠯᠲᠠ ᠳᠤ ᠣᠷᠣᠭᠤᠯᠤᠭᠰᠠᠨ ᠠᠵᠤ ᠠᠬᠤᠶᠢᠯᠠᠯ ᠤᠨ ᠦᠢᠯᠡᠳᠪᠦᠷᠢ ᠶᠢ ᠴᠢᠩᠭ᠎ᠠ ᠠᠩᠬᠠᠷᠴᠤ᠂ ᠲᠣᠮᠣ ᠬᠡᠯᠪᠡᠷᠢ ᠶᠢᠨ ᠤᠯᠠᠨ ᠲᠦᠮᠡᠨᠴᠢ ᠴᠢᠨᠠᠷᠲᠠᠢ ᠪᠠᠶᠠᠷ ᠳᠤᠷᠠᠰᠬᠠᠯ ᠤᠨ ᠠᠵᠢᠯᠯᠠᠭ᠎ᠠ ᠵᠡᠷᠭᠡ ᠶᠢ ᠴᠢᠩᠭ᠎ᠠ ᠠᠩᠬᠠᠷᠴᠤ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ  ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ ᠠᠵᠢᠯ ᠤᠨ ᠴᠡᠭᠴᠡᠯᠡᠨ ᠵᠠᠰᠠᠵᠤ ᠴᠡᠭᠴᠡᠯᠡᠨ ᠵᠠᠰᠠᠭᠰᠠᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃ ᠰᠢ ᠶᠢᠨ ᠫᠢᠩ  ᠤ ᠶᠡᠷᠦᠩᠬᠡᠢ ᠱᠦᠵᠢ ᠶᠢᠨ ᠬᠤᠭ ᠨᠣᠪᠰᠢ ᠶᠢ ᠲᠦᠷᠦᠯ ᠬᠤᠪᠢᠶᠠᠬᠤ ᠲᠤᠬᠠᠢ ᠴᠢᠬᠤᠯᠠ ᠵᠢᠭᠠᠪᠤᠷᠢ ᠶᠢᠨ ᠠᠯᠤᠰ ᠬᠡᠳᠤ ᠶᠢᠨ ᠠᠴᠢ ᠬᠤᠯᠪᠣᠭᠳᠠᠯ ᠪᠠ ᠭᠦᠨ ᠭᠦᠨᠵᠡᠭᠡᠢ ᠠᠭᠤᠯᠤᠭᠳᠠᠬᠤᠨ ᠢ ᠭᠦᠨᠵᠡᠭᠡᠢ ᠣᠶᠢᠯᠠᠭᠠᠵᠤ᠂ ᠠᠷᠠᠳ ᠤᠨ ᠲᠥᠯᠥᠭᠡ ᠲᠦᠷᠦ ᠪᠠᠷᠢᠬᠤ ᠤᠯᠤᠰ ᠲᠦᠷᠦ ᠶᠢᠨ ᠥᠨᠳᠥᠷᠴᠡ ᠠᠴᠠ ᠬᠤᠭ ᠨᠣᠪᠰᠢ ᠶᠢ ᠲᠦᠷᠦᠯ ᠬᠤᠪᠢᠶᠠᠬᠤ ᠶᠢ ᠲᠠᠨᠢᠨ ᠦᠵᠡᠵᠦ᠂ ᠶᠡᠷᠦᠩᠬᠡᠢ ᠱᠦᠵᠢ ᠰᠢ ᠶᠢᠨ ᠫᠢᠩ  ᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠡᠨᠬᠦ ᠪᠣᠳᠠᠲᠠᠢ ᠨᠠᠶᠢᠳᠠᠪᠤᠷᠢᠵᠢᠭᠤᠯᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠡᠨᠡᠬᠦ ᠠᠷᠠᠳ ᠤᠨ ᠠᠮᠢᠳᠤᠷᠠᠯ ᠤᠨ ᠢᠨᠵᠧᠨᠧᠷᠢᠩ ᠢ ᠰᠠᠶᠢᠲᠤᠷ ᠡᠷᠬᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ ᠰᠢᠰᠲ᠋ᠧᠮᠲᠦ ᠰᠡᠳᠬᠢᠬᠦᠢ ᠶᠢ ᠪᠠᠷᠢᠮᠲᠠᠯᠠᠨ᠂ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠪᠠᠷ ᠲᠣᠯᠢ ᠪᠣᠯᠭᠠᠵᠤ᠂ ᠲᠦᠷᠦᠯ ᠬᠤᠪᠢᠶᠠᠨ ᠬᠠᠳᠠᠭᠠᠯᠠᠬᠤ᠂ ᠲᠦᠷᠦᠯ ᠬᠤᠪᠢᠶᠠᠨ ᠲᠡᠭᠡᠭᠡᠪᠦᠷᠢᠯᠡᠬᠦ ᠠᠴᠠ ᠲᠦᠷᠦᠯ ᠬᠤᠪᠢᠶᠠᠨ ᠰᠢᠢᠳᠪᠦᠷᠢᠯᠡᠬᠦ ᠪᠠ ᠪᠦᠲᠦᠮᠵᠢᠲᠡᠶ ᠠᠰᠢᠭᠯᠠᠬᠤ ᠬᠦᠷᠲᠡᠯ᠎ᠡ ᠭᠦᠨ ᠭᠦᠨᠵᠡᠭᠡᠢ᠂ ᠨᠠᠷᠢᠨ ᠨᠢᠮᠪᠠᠢ ᠰᠢᠨᠵᠢᠯᠡᠬᠦ ᠤᠬᠠᠭᠠᠨᠴᠢ ᠬᠠᠮᠢᠶᠠᠷᠤᠯᠲᠠ ᠬᠢᠬᠦ ᠬᠡᠷᠡᠭᠲᠡᠢ᠃ ᠡᠨᠡᠬᠦ ᠠᠵᠢᠯ ᠢ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢᠨ ᠠᠵᠢᠯ ᠤᠨ ᠠᠭᠤᠯᠭ᠎ᠠ ᠳᠤ ᠣᠷᠣᠭᠤᠯᠵᠤ᠂ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠰᠢᠯᠭᠠᠨ ᠲᠣᠭᠲᠠᠭᠠᠵᠤ ᠱᠠᠩᠨᠠᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃ ᠤᠬᠠᠭᠤᠯᠤᠨ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠥᠷᠭᠡᠨ ᠣᠯᠠᠨ ᠨᠡᠶᠢᠲᠡ ᠶᠢᠨ ᠬᠤᠭ ᠨᠣᠪᠰᠢ ᠶᠢ ᠲᠥᠷᠥᠯ ᠬᠤᠪᠢᠶᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠂ ᠪᠥᠬᠦ ᠨᠡᠶᠢᠭᠡᠮ ᠢᠶᠠᠷ ᠢᠶᠠᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠳᠤ ᠣᠷᠣᠯᠴᠠᠬᠤ ᠢᠳᠡᠪᠬᠢᠵᠢᠯ ᠪᠠ ᠪᠦᠲᠦᠭᠡᠯᠴᠢ ᠴᠢᠨᠠᠷ ᠢ ᠳᠠᠶᠢᠴᠢᠯᠠᠵᠤ᠂ ︽ᠬᠤᠭ ᠨᠣᠪᠰᠢ ᠶᠢ ᠲᠥᠷᠥᠯ ᠬᠤᠪᠢᠶᠠᠬᠤ ᠳᠤ ᠬᠥᠮᠥᠨ ᠪᠣᠯᠭᠠᠨ ᠬᠠᠷᠢᠭᠤᠴᠠᠯᠭ᠎ᠠ ᠲᠠᠢ︾ ᠪᠠᠶᠢᠬᠤ ᠰᠠᠶᠢᠨ ᠰᠠᠶᠢᠬᠠᠨ ᠬᠡᠪ ᠰᠤᠷᠲᠠᠯ ᠢ ᠦᠨᠡᠨᠬᠦ ᠪᠣᠶ ᠪᠣᠯᠭᠠᠬᠤ ᠬᠡᠷᠡᠭᠲᠡᠢ᠃      ᠬᠤᠷᠠᠯ ᠠᠴᠠ ᠪᠤᠭᠤᠲᠤ ᠬᠤᠳᠠ ᠶᠢᠨ ︽ᠬᠤᠶᠠᠷ ᠬᠤᠷᠠᠯ︾ ᠎ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ ᠬᠤᠳᠠ ᠶᠢᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠲᠣᠭᠲᠠᠭᠠᠭᠰᠠᠨ ᠬᠥᠭᠵᠢᠯᠲᠡ ᠶᠢᠨ ᠰᠡᠳᠬᠢᠴᠡ᠂ ᠲᠡᠮᠡᠴᠡᠯ ᠤᠨ ᠬᠠᠷᠠᠯᠲᠠ᠂ ᠭᠤᠣᠯ ᠡᠭᠦᠷᠭᠡ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠲᠤᠰ ᠲᠤᠰ ᠤᠨ ᠠᠵᠢᠯ ᠤᠨ ᠪᠠᠶᠢᠷᠢ ᠶᠢᠨ ᠡᠭᠦᠷᠭᠡ ᠶᠢᠨ ᠪᠢᠴᠢᠭ᠂ ᠵᠠᠮ ᠱᠤᠭᠤᠮ ᠤᠨ ᠵᠢᠷᠤᠭ᠂ ᠴᠠᠭ ᠤᠨ ᠬᠦᠰᠦᠨᠦᠭᠲᠦ᠂ ᠬᠠᠷᠢᠭᠤᠴᠠᠯᠭ᠎ᠠ ᠶᠢᠨ ᠳᠦᠷᠢᠮ ᠪᠣᠯᠭᠠᠨ ᠬᠤᠪᠢᠷᠠᠭᠤᠯᠵᠤ᠂ ᠴᠢᠩᠭ᠎ᠠ ᠠᠳᠬᠤᠨ ᠲᠦᠷᠭᠡᠨ ᠠᠵᠢᠯᠯᠠᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠢ ᠭᠡᠵᠦ ᠴᠢᠬᠤᠯᠠᠴᠢᠯᠠᠪᠠ᠃ ︽ᠰᠠᠭᠤᠭᠠᠯᠢ ᠠᠷᠠᠳ ᠤᠨ ᠲᠣᠭᠤᠷᠢᠭ ᠲᠤ ᠴᠤ ᠶᠡᠭᠡ ᠦᠢᠯᠡᠰ ᠪᠦᠲᠦᠭᠡᠬᠦ ᠬᠡᠷᠡᠭᠲᠡᠢ︾ᠭᠡᠬᠦ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠠᠲᠤ ᠪᠤᠢ ᠪᠣᠯᠭᠠᠵᠤ᠂ ᠠᠵᠤ ᠦᠢᠯᠡᠰ ᠤᠨ ᠬᠡᠪᠴᠢᠶ᠎ᠡ᠂ ᠶᠠᠰᠤ ᠴᠢᠨᠠᠷ ᠢ ᠦᠳᠲᠡᠷ ᠲᠦᠷᠭᠡᠨ ᠳᠡᠭᠡᠭᠰᠢᠯᠡᠭᠦᠯᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠬᠦ ᠪᠠᠷ ᠴᠢᠷᠮᠠᠶᠢᠵᠤ᠂ ᠨᠡᠩ ᠴᠢᠩᠭ᠎ᠠ ᠡᠭᠦᠷᠭᠡᠯᠡᠯ ᠢᠶᠠᠷ ᠡᠷᠡᠯᠬᠡᠭᠯᠡᠨ ᠤᠷᠤᠭᠰᠢᠯᠠᠬᠤ ᠳᠦᠷᠢ ᠲᠥᠷᠬᠦ ᠪᠠᠨ ᠢᠯᠡᠷᠡᠭᠦᠯᠬᠦ ᠬᠡᠷᠡᠭᠲᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号