ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠨᠣᠮ ᠤᠨ ᠰᠠᠩ ᠤᠨ︽ᠪᠢᠴᠢᠬᠠᠨ ᠰᠠᠶᠢᠨ ᠳᠤᠷ᠎ᠠ ᠶᠢᠨ ᠠᠵᠢᠯᠯᠠᠭᠴᠢ︾᠎ ᠶᠢᠨ ᠪᠡᠶᠡᠴᠢᠯᠡᠨ ᠣᠶᠢᠯᠠᠭᠠᠬᠤ ᠠᠵᠢᠯᠯᠠᠭ᠎ᠠ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2024/1/31
     ᠪᠠᠭᠠᠴᠤᠳ ᠬᠡᠦᠬᠡᠳ ᠤᠨ ᠠᠮᠠᠷᠠᠯᠲᠠ ᠶᠢᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ ᠬᠡᠦᠬᠡᠳ ᠢ ᠬᠥᠲᠥᠯᠥᠨ ᠳᠠᠭᠠᠭᠤᠯᠵᠤ︽ᠬᠠᠷᠠᠮ ᠦᠭᠡᠢ ᠵᠣᠷᠢᠭᠤᠯᠬᠤ᠂ ᠨᠥᠬᠦᠷᠰᠡᠭ ᠢᠶᠠᠷ ᠬᠠᠶᠢᠷᠠᠯᠠᠬᠤ᠂ ᠬᠠᠷᠢᠯᠴᠠᠨ ᠬᠠᠪᠰᠤᠷᠤᠯᠴᠠᠬᠤ᠂ ᠲᠠᠪᠰᠢᠬᠤ︾ᠤᠬᠠᠭᠤᠯᠤᠭᠴᠢ ᠪᠠ ᠦᠢᠯᠡᠳᠦᠯᠭᠡᠵᠢᠭᠦᠯᠦᠭᠴᠢ ᠪᠣᠯᠭᠠᠵᠤ᠂ 1 ᠰᠠᠷ᠎ᠠ ᠶᠢᠨ 22 ︱ 1 ᠰᠠᠷ᠎ᠠ ᠶᠢᠨ 26 ᠎ ᠤ ᠡᠳᠦᠷ᠂ ᠲᠣᠭᠤᠷᠢᠭ ᠤᠨ ᠨᠣᠮ ᠤᠨ ᠰᠠᠩ 5 ᠡᠳᠦᠷ ᠤᠨ ᠬᠤᠭᠤᠴᠠᠭ᠎ᠠ ᠲᠠᠢ︽ᠪᠢᠴᠢᠬᠠᠨ ᠰᠠᠶᠢᠨ ᠳᠤᠷ᠎ᠠ ᠶᠢᠨ ᠠᠵᠢᠯᠯᠠᠭᠴᠢ︾᠎ ᠶᠢᠨ ᠪᠡᠶᠡᠴᠢᠯᠡᠨ ᠣᠶᠢᠯᠠᠭᠠᠬᠤ ᠠᠵᠢᠯᠯᠠᠭ᠎ᠠ ᠥᠷᠨᠢᠭᠦᠯᠵᠦ᠂ ᠪᠢᠴᠢᠬᠠᠨ ᠨᠠᠶᠢᠵᠠ ᠨᠠᠷ ᠲᠤ ᠤᠩᠰᠢᠯᠭ᠎ᠠ ᠶᠢᠨ ᠳᠠᠳᠬᠠᠯ ᠢ ᠬᠥᠮᠥᠵᠢᠭᠦᠯᠬᠦ᠂ ᠨᠣᠮ ᠪᠢᠴᠢᠭ ᠤᠨ ᠬᠠᠮᠢᠶᠠᠷᠤᠯᠲᠠ ᠶᠢ ᠴᠢᠩᠭᠠᠳᠬᠠᠬᠤ᠂ ᠨᠡᠶᠢᠭᠡᠮ ᠤᠨ ᠦᠢᠯᠡᠴᠢᠯᠡᠭᠡᠨ ᠤ ᠤᠬᠠᠮᠰᠠᠷ ᠢ ᠳᠡᠭᠡᠭᠰᠢᠯᠡᠭᠦᠯᠬᠦ ᠪᠠ ᠥᠪᠡᠷ ᠤᠨ ᠦᠷᠳᠡᠭ ᠢᠶᠠᠨ ᠳᠡᠯᠭᠡᠨ ᠦᠵᠡᠭᠦᠯᠬᠦ ᠵᠢᠵᠢᠭᠬᠡᠨ ᠲᠠᠪᠴᠠᠩ ᠢ ᠠᠮᠵᠢᠯᠲᠠ ᠲᠠᠢ ᠪᠠᠶᠢᠭᠤᠯᠵᠤ ᠥᠭᠴᠡᠢ᠃
     ᠪᠡᠶ᠎ᠡ ᠪᠠᠷ ᠢᠶᠠᠨ ᠣᠶᠢᠯᠠᠭᠠᠬᠤ ᠠᠵᠢᠯᠯᠠᠭ᠎ᠠ ᠶᠢᠨ ᠳᠤᠮᠳᠠ᠂ ︽ᠪᠢᠴᠢᠬᠠᠨ ᠰᠠᠶᠢᠨ ᠳᠤᠷ᠎ᠠ ᠶᠢᠨ ᠠᠵᠢᠯᠯᠠᠭᠴᠢᠳ ︾ ᠲᠣᠭᠲᠠᠭᠰᠠᠨ ᠴᠠᠭ ᠲᠠᠭᠠᠨ ᠠᠵᠢᠯ ᠤᠨ ᠪᠠᠶᠢᠷᠢ ᠳᠠᠭᠠᠨ ᠬᠦᠷᠴᠦ᠂ ᠨᠣᠮ ᠤᠨ ᠰᠠᠩ ᠤᠨ ᠠᠵᠢᠯᠲᠠᠳ ᠲᠠᠢ ᠬᠠᠮᠵᠢᠯᠴᠠᠨ ᠨᠣᠮ ᠤᠨ ᠰᠠᠩ ᠤᠨ ᠳᠣᠲᠣᠷᠠᠬᠢ ᠡᠮᠬᠢ ᠳᠢᠭᠯᠢᠮ ᠢ ᠬᠠᠮᠠᠭᠠᠯᠠᠵᠤ᠂ ᠨᠣᠮ ᠪᠢᠴᠢᠭ ᠢ ᠡᠮᠬᠢᠯᠡᠵᠦ ᠲᠠᠯᠪᠢᠭᠤᠷ ᠲᠤ ᠭᠠᠷᠭᠠᠬᠤ ᠶᠢᠨ ᠬᠠᠮᠲᠤ ᠪᠠᠶᠠᠯᠢᠭ ᠰᠠᠶᠢᠬᠠᠨ ᠤᠩᠰᠢᠯᠭ᠎ᠠ ᠶᠢᠨ ᠳᠡᠯᠭᠡᠷᠡᠭᠦᠯᠦᠯᠲᠡ ᠶᠢᠨ ᠠᠵᠢᠯᠯᠠᠭ᠎ᠠ ᠶᠢ ᠥᠷᠨᠢᠭᠦᠯᠪᠡ᠃ ︽ᠪᠢᠴᠢᠬᠠᠨ ᠰᠠᠶᠢᠨ ᠳᠤᠷ᠎ᠠ ᠶᠢᠨ ᠠᠵᠢᠯᠯᠠᠭᠴᠢ︾ ᠨᠠᠷ ᠨᠢᠭᠡ ᠨᠢᠭᠡ ᠪᠠᠷ ᠢᠶᠠᠨ ᠨᠠᠷᠢᠨ ᠬᠢᠨᠠᠮᠠᠭᠠᠢ ᠬᠠᠷᠢᠭᠤᠴᠠᠵᠤ᠂ ᠵᠣᠪᠠᠭᠤᠷᠢ ᠵᠦᠳᠡᠭᠦᠷᠢ ᠠᠴᠠ ᠠᠶᠤᠬᠤ ᠦᠭᠡᠢ᠂ ᠬᠠᠯᠠᠭᠤᠨ ᠰᠡᠳᠬᠢᠯᠭᠡ ᠪᠠ ᠢᠨᠢᠶᠡᠮᠰᠦᠭᠯᠡᠯ ᠢᠶᠠᠷ ᠰᠠᠶᠢᠨ ᠳᠤᠷ᠎ᠠ ᠶᠢᠨ ᠠᠵᠢᠯᠯᠠᠭᠴᠢ ᠶᠢᠨ ᠵᠣᠷᠢᠭ ᠰᠠᠨᠠᠭ᠎ᠠ ᠭᠡᠭᠴᠢ ᠶᠠᠭᠤ ᠪᠣᠯᠬᠤ ᠶᠢ ᠢᠯᠡᠷᠡᠭᠦᠯᠵᠦ᠂ ᠤᠩᠰᠢᠭᠴᠢᠳ ᠤᠨ ᠳᠡᠭᠡᠳᠦ ᠬᠡᠮᠵᠢᠶᠡᠨ ᠤ ᠮᠠᠭᠲᠠᠭᠠᠯ ᠰᠠᠶᠢᠰᠢᠶᠠᠯ ᠢ ᠣᠯᠵᠠᠢ᠃ ᠡᠭᠦᠨ ᠤ ᠬᠠᠮᠲᠤ᠂ ᠲᠠᠳᠠ ᠪᠠᠰᠠ ᠦᠢᠯᠡᠳᠦᠯᠭᠡ ᠶᠢᠨ ᠳᠤᠮᠳᠠ ᠥᠪᠡᠷ ᠢ ᠪᠠᠨ ᠳᠠᠪᠲᠠᠨ ᠪᠣᠯᠪᠠᠰᠤᠷᠠᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠭᠰᠠᠨ ᠪᠠᠶᠢᠨ᠎ᠠ᠃
    ᠠᠵᠢᠯᠯᠠᠭ᠎ᠠ ᠶᠢᠨ ᠡᠴᠦᠰ ᠲᠤ᠂ ᠲᠡᠳᠡᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠦᠷᠭᠦᠯᠵᠢᠯᠡᠨ ᠤᠯᠠᠮᠵᠢᠯᠠᠬᠤ ᠶᠢ ᠵᠣᠷᠢᠭᠵᠢᠭᠤᠯᠬᠤ ᠶᠢᠨ ᠲᠥᠯᠥᠭᠡ᠂ ᠠᠵᠢᠯᠲᠠᠳ ᠪᠢᠴᠢᠬᠠᠨ ᠰᠠᠶᠢᠨ ᠳᠤᠷ᠎ᠠ ᠶᠢᠨ ᠠᠵᠢᠯᠯᠠᠭᠴᠢ ᠨᠢᠭᠡᠪᠦᠷᠢ ᠳᠤ ᠰᠢᠯᠢᠳᠡᠭ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠦᠨᠡᠮᠯᠡᠯ ᠪᠠ ᠵᠢᠵᠢᠭ ᠪᠡᠯᠡᠭ ᠣᠯᠭᠤᠵᠤ ᠵᠣᠷᠢᠭᠵᠢᠭᠤᠯᠤᠯ ᠢᠶᠠᠨ ᠢᠯᠡᠳᠬᠡᠵᠡᠢ᠃ ᠲᠣᠭᠤᠷᠢᠭ ᠤᠨ ᠨᠣᠮ ᠤᠨ ᠰᠠᠩ ᠤᠨ ᠠᠵᠢᠯᠲᠠᠳ ᠡᠨᠡ ᠤᠳᠠᠭ᠎ᠠ ᠶᠢᠨ ᠠᠵᠢᠯᠯᠠᠭ᠎ᠠ ᠳᠤ ᠣᠷᠣᠯᠴᠠᠬᠤ ᠪᠠᠷ ᠢᠷᠡᠭᠰᠡᠨ ᠪᠢᠴᠢᠬᠠᠨ ᠰᠠᠶᠢᠨ ᠳᠤᠷ᠎ᠠ ᠶᠢᠨ ᠠᠵᠢᠯᠯᠠᠭᠰᠠᠳ ᠲᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠬᠤᠶᠢᠰᠢᠳᠠ ᠡᠶᠢᠮᠦᠷᠬᠦ ᠠᠵᠢᠯᠯᠠᠭ᠎ᠠ ᠶᠢ ᠢᠯᠡᠭᠦᠬᠡᠨ ᠡᠷᠬᠢᠯᠡᠵᠤ᠂ ᠨᠡᠩ ᠤᠯᠠᠨ ᠪᠠᠭᠠᠴᠤᠳ ᠬᠡᠦᠬᠡᠳ ᠢ ᠮᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡᠨ ᠳᠤ ᠣᠷᠣᠯᠴᠠᠭᠤᠯᠵᠤ᠂ ᠬᠠᠶᠢᠷ᠎ᠠ ᠰᠡᠳᠬᠢᠯᠭᠡ ᠪᠠᠨ ᠡᠷᠭᠦᠵᠦ᠂ ᠨᠣᠮ ᠤᠩᠰᠢᠬᠤ ᠬᠠᠪᠤ ᠴᠡᠩᠭᠡᠯ ᠢᠶᠠᠨ ᠬᠤᠪᠢᠶᠠᠯᠴᠠᠵᠤ᠂ ᠪᠦᠬᠦ ᠠᠷᠠᠳ ᠤᠨ ᠨᠣᠮ ᠤᠩᠰᠢᠬᠤ ᠳᠤ ᠥᠪᠡᠷ‌‍ᠦᠨ ᠬᠤᠪᠢ ᠨᠡᠮᠡᠷᠢ ᠪᠠᠨ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号