ᠪᠠᠢ ᠯᠢᠩ ᠨᠡᠶᠢᠭᠡᠮ ᠲᠣᠭᠤᠷᠢᠭ ᠤᠨ ᠬᠢᠨ ᠵᠠᠭᠤᠨ ᠨᠠᠰᠤᠲᠠᠢ ᠨᠠᠰᠤᠲᠠᠳ ᠎ ᠢ ᠲᠣᠬᠤᠨᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/1/5
    ᠰᠢᠨ᠎ᠡ ᠵᠢᠯ ᠤᠨ ᠡᠬᠢᠨ ᠳᠤ᠂ ᠳᠤᠮᠳᠠᠳᠤ ᠶᠢᠨ ᠦᠨᠳᠦᠰᠦᠲᠡᠨ ᠤ︽ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠬᠦᠨᠳᠦᠯᠡᠬᠦ︾ᠤᠯᠠᠮᠵᠢᠯᠠᠯᠲᠤ ᠰᠠᠶᠢᠬᠠᠨ ᠰᠤᠷᠲᠠᠯ ᠢ ᠶᠡᠬᠡᠪᠡᠷ ᠪᠠᠳᠠᠷᠠᠭᠤᠯᠵᠤ᠂ ᠨᠠᠰᠤᠲᠠᠨ ᠢᠶᠠᠨ ᠠᠴᠢᠯᠠᠬᠤ᠂ ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠪᠰᠤᠷᠬᠤ ᠰᠢᠨ᠎ᠡ ᠬᠡᠪ ᠰᠤᠷᠲᠠᠯ ᠢ ᠴᠢᠨᠠᠭᠰᠢᠳᠠ ᠰᠠᠨᠠᠭᠠᠴᠢᠯᠠᠬᠤ ᠶᠢᠨ ᠲᠥᠯᠥᠭᠡ᠂ 1 ᠰᠠᠷ᠎ᠠ ᠶᠢᠨ 4 ᠎ ᠤ ᠦᠳᠡ ᠶᠢᠨ ᠡᠮᠦᠨ᠎ᠡ᠂ ᠪᠠᠢ ᠯᠢᠩ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠬᠠᠷᠢᠶ᠎ᠠ ᠣᠷᠣᠨ ᠤ ᠪᠠᠨ ᠵᠠᠭᠤᠨ ᠨᠠᠰᠤᠲᠠᠢ ᠨᠠᠰᠤᠲᠠᠨ ᠢ ᠲᠣᠬᠤᠨᠢᠭᠤᠯᠵᠠᠢ᠃    
     ᠠᠵᠢᠯᠲᠠᠳ ᠲᠡᠮᠦᠷ ᠤᠨ ᠠᠭᠤᠷᠬᠠᠢ ᠶᠢᠨ ᠲᠦᠬᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ ᠯᠢ ᠪᠦᠦ ᠰᠢ ᠶᠢᠨ ᠵᠠᠭᠤᠨ ᠨᠠᠰᠤᠲᠠᠢ ᠨᠠᠰᠤᠲᠠᠨ ᠳᠤ ᠬᠦᠷᠴᠦ᠂ ᠨᠠᠰᠤᠲᠠᠨ ᠳᠤ ᠴᠠᠭᠠᠨ ᠰᠠᠷ᠎ᠠ ᠶᠢᠨ ᠵᠥᠩᠨᠡᠯ ᠪᠠ ᠵᠠᠭᠤᠨ ᠨᠠᠰᠤᠨ ᠤ ᠲᠦᠷᠦᠭᠰᠡᠨ ᠡᠳᠦᠷ ᠤᠨ ᠪᠠᠶᠠᠷ ᠬᠦᠷᠭᠡᠬᠦ ᠶᠢᠨ ᠬᠠᠮᠲᠤ ᠲᠦᠷᠦᠭᠰᠡᠨ ᠡᠳᠦᠷ ᠤᠨ ᠪᠣᠭᠤᠷᠰᠤᠭ ᠪᠠ ᠴᠠᠭᠠᠨ ᠰᠠᠷ᠎ᠠ ᠶᠢᠨ ᠲᠣᠬᠤᠨᠢᠭᠤᠯᠬᠤ ᠪᠣᠳᠠᠰ ᠬᠦᠷᠭᠡᠵᠡᠢ᠃ ᠨᠠᠰᠤᠲᠠᠨ ᠤ ᠣᠳᠣᠬᠠᠨ ᠤ ᠪᠡᠶ᠎ᠡ ᠮᠠᠬᠠᠪᠤᠳ ᠤᠨ ᠪᠠᠶᠢᠳᠠᠯ ᠪᠠ ᠠᠮᠢᠳᠤᠷᠠᠯ ᠤᠨ ᠪᠠᠶᠢᠳᠠᠯ  ᠎ ᠢ ᠨᠠᠷᠢᠨ ᠠᠰᠠᠭᠤᠵᠤ᠂ ᠪᠡᠶ᠎ᠡ ᠪᠠᠨ ᠰᠠᠶᠢᠲᠤᠷ ᠭᠠᠮᠨᠠᠵᠤ᠂ ᠰᠡᠳᠬᠢᠯ ᠰᠠᠨᠠᠭᠠᠨ ᠤ ᠪᠠᠶᠢᠳᠠᠯ ᠢᠶᠠᠨ ᠰᠠᠶᠢᠨ ᠪᠠᠶᠢᠯᠭᠠᠬᠤ ᠬᠡᠷᠡᠭᠲᠡᠢ ᠭᠡᠵᠦ ᠵᠠᠬᠢᠭᠰᠠᠨ ᠪᠠᠶᠢᠨ᠎ᠠ᠃ ᠨᠡᠶᠢᠭᠡᠮ ᠲᠣᠭᠤᠷᠢᠭ ᠤᠨ ᠬᠢᠨ ᠪᠠᠰᠠ ᠨᠠᠰᠤᠲᠠᠶᠢᠴᠤᠳ ᠤᠨ ᠠᠮᠢᠳᠤᠷᠠᠯ ᠤᠨ ᠪᠠᠶᠢᠳᠠᠯ ᠢ ᠨᠢᠭᠲᠠ ᠠᠩᠬᠠᠷᠴᠤ᠂ ᠨᠠᠰᠤᠲᠠᠶᠢᠴᠤᠳ ᠤᠨ ᠡᠯ᠎ᠡ ᠵᠦᠢᠯ ᠤᠨ︽ᠪᠠᠴᠢᠮᠳᠠᠬᠤ ᠶᠢᠨ ᠠᠷᠭ᠎ᠠ ᠦᠭᠡᠢ ᠵᠣᠪᠠᠭ᠋ᠤ︾ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠨᠠᠰᠤᠲᠠᠶᠢᠴᠤᠳ ᠤᠨ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠦᠨ᠎ᠡ᠃      ᠲᠠᠷᠠᠭᠠᠴᠢ ᠶᠢᠨ ᠠᠯᠬᠤᠮ ᠳᠤ᠂ ᠪᠠᠢ ᠯᠢᠩ ᠨᠡᠶᠢᠭᠡᠮ ᠲᠣᠭᠤᠷᠢᠭ ᠤᠨ ᠬᠢᠨ ︽ᠬᠡᠷᠡᠭᠴᠡᠭᠡ ᠱᠠᠭᠠᠷᠳᠠᠯᠭ᠎ᠠ ᠶᠢ ᠭᠠᠷᠠᠭ ᠤᠨ ᠨᠢᠭᠡᠨ︾᠎ ᠤ ᠠᠰᠠᠭᠤᠳᠠᠯ ᠤᠨ ᠬᠡᠮ ᠰᠣᠭᠤᠭ ᠢ ᠪᠠᠶᠢᠴᠠᠭᠠᠨ ᠰᠢᠢᠳᠪᠦᠷᠢᠯᠡᠬᠦ ᠠᠵᠢᠯᠯᠠᠭ᠎ᠠ ᠲᠠᠢ ᠤᠶᠠᠯᠳᠤᠭᠤᠯᠤᠨ᠂ ᠥᠨᠳᠥᠷ ᠨᠠᠰᠤᠲᠠᠢ ᠨᠠᠰᠤᠲᠠᠶᠢᠴᠤᠳ ᠤᠨ ᠬᠡᠷᠡᠭᠴᠡᠭᠡ ᠱᠠᠭᠠᠷᠳᠠᠯᠭ᠎ᠠ ᠶᠢ ᠪᠠᠶᠢᠩᠭᠤ ᠠᠩᠬᠠᠷᠴᠤ᠂ ᠲᠣᠭᠲᠠᠮᠠᠯ ᠬᠤᠭᠤᠴᠠᠭ᠎ᠠ ᠲᠠᠢ ᠪᠠᠷ ᠰᠤᠷᠪᠤᠯᠵᠢᠯᠠᠨ ᠠᠰᠠᠭᠤᠵᠤ᠂ ᠨᠠᠰᠤᠲᠠᠶᠢᠴᠤᠳ ᠢᠯᠠᠩᠭᠤᠶ᠎ᠠ ᠬᠦᠴᠢᠷᠳᠡᠯᠲᠡᠢ ᠵᠢᠴᠢ ᠣᠨᠴᠠᠭᠠᠶ ᠬᠠᠮᠲᠤᠯᠢᠭ ᠤᠨ ᠨᠠᠰᠤᠲᠠᠶᠢᠴᠤᠳ ᠤᠨ ᠠᠮᠢᠳᠤᠷᠠᠯ ᠢ ᠬᠠᠯᠠᠮᠵᠢᠯᠠᠨ ᠬᠠᠶᠢᠷᠠᠯᠠᠵᠤ᠂ ᠲᠡᠳᠡᠨ ᠤ ᠬᠦᠴᠢᠷ ᠵᠣᠪᠠᠭᠤᠷᠢ ᠶᠢ ᠪᠥᠬᠦ ᠬᠦᠴᠦᠨ ᠢᠶᠠᠷ ᠢᠶᠠᠨ ᠰᠢᠢᠳᠪᠦᠷᠢᠯᠡᠨ ᠥᠭᠴᠦ᠂ ᠬᠠᠷᠢᠶᠠᠲᠤ ᠣᠷᠣᠨ ᠤ ᠨᠠᠰᠤᠲᠠᠶᠢᠴᠤᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠴᠢᠷᠮᠠᠶᠢᠨ ᠳᠡᠭᠡᠭᠰᠢᠯᠡᠭᠦᠯᠵᠦ᠂ ᠨᠠᠰᠤᠲᠠᠨ ᠨᠢᠭᠡᠪᠦᠷᠢ ᠳᠤ ᠵᠣᠯ ᠵᠢᠷᠭᠠᠯ ᠲᠠᠢ ᠥᠲᠡᠯᠦᠭᠡ ᠨᠠᠰᠤ ᠶᠢ ᠡᠳ᠋ᠯᠡᠭᠦᠯᠦᠨ᠎ᠡ᠃
 
ᠢᠷᠡᠯᠲᠡ᠄ ᠪᠠᠢ ᠯᠢᠩ ᠨᠡᠶᠢᠭᠡᠮ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号