ᠡᠭᠦᠨ ᠢ ᠮᠠᠭᠲᠠᠨ ᠰᠠᠶᠢᠰᠢᠶᠠᠶ᠎ᠠ! ᠣᠷᠣᠨ ᠤ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢᠨ ᠡᠭᠦᠷᠭᠡᠯᠡᠭᠰᠡᠨ 2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠦᠬᠦᠨ ᠢ ᠳᠠᠭᠤᠰᠬᠠᠪᠠ
ᠨᠡᠶᠢᠲᠡᠯᠡᠭᠰᠡᠨ ᠴᠠᠭ᠄
2024/1/5
     ᠮᠠᠨ ᠤ ᠣᠷᠣᠨ ᠤ ᠦᠨᠳᠦᠰᠦᠨ ᠡᠮᠴᠢᠯᠡᠭᠡᠨ ᠤ ᠲᠥᠬᠦᠭᠡᠷᠦᠮᠵᠢ ᠪᠣᠯᠣᠨ ᠡᠪᠡᠳᠴᠢᠲᠡᠨ ᠤ ᠡᠪᠡᠳᠴᠢᠨ ᠦᠵᠡᠭᠦᠯᠬᠦ ᠣᠷᠴᠢᠨ ᠲᠣᠭᠤᠷᠢᠨ ᠢ ᠰᠠᠶᠢᠵᠢᠷᠠᠭᠤᠯᠬᠤ ᠶᠢᠨ ᠲᠥᠯᠥᠭᠡ᠂ ᠪᠦᠬᠦ ᠣᠷᠣᠨ ᠤ ᠡᠮᠴᠢᠯᠡᠭᠡᠨ ᠤ ᠪᠠᠶᠢᠭᠤᠯᠤᠮᠵᠢ ᠶᠢᠨ ᠣᠨᠣᠰᠢᠯᠠᠨ ᠡᠮᠨᠡᠬᠦ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠵᠦ᠂ 2023 ᠣᠨ ᠳᠤ᠂ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠠᠷᠠᠳ ᠲᠦᠮᠡᠨ ᠤ ᠡᠷᠡᠭᠦᠯ ᠮᠡᠨᠳᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠳᠤᠲᠠᠭᠤᠳᠠᠯ ᠢ ᠨᠥᠬᠦᠪᠦᠷᠢᠯᠡᠬᠦ᠂ ᠪᠠᠭᠤᠷᠠᠢ ᠲᠠᠯ᠎ᠠ ᠶᠢ ᠪᠠᠭᠤᠷᠠᠭᠤᠯᠬᠤ᠂ ᠳᠡᠭᠡᠭᠰᠢᠯᠡᠭᠦᠯᠬᠦ ᠶᠢ ᠠᠬᠢᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠶᠡᠷᠦᠩᠬᠡᠢ ᠪᠡᠯᠡ ᠣᠷᠣᠭᠤᠯᠤᠯᠲᠠ ᠨᠢ 970 ᠲᠦᠮᠡᠨ ᠲᠥᠭᠦᠷᠢᠭ ᠤᠨ ᠲᠣᠭᠤᠷᠢᠭ ᠤᠨ ᠮᠣᠩᠭᠤᠯ ᠬᠢᠲᠠᠳ ᠡᠮᠨᠡᠯᠭᠡ ᠶᠢᠨ ᠬᠤᠷᠢᠶᠠᠨ ᠤ ᠪᠠᠴᠢᠮ ᠪᠠᠶᠢᠳᠠᠯ ᠢ ᠠᠷᠭᠠᠴᠠᠬᠤ ᠡᠮᠴᠢᠯᠡᠭᠡᠨ ᠤ ᠠᠪᠤᠷᠠᠨ ᠵᠠᠰᠠᠬᠤ ᠲᠥᠪ︵ᠬᠦᠨᠳᠦ ᠲᠦᠭᠰᠢᠭᠦᠷᠢᠲᠡᠢ ᠵᠢᠷᠮᠦᠰᠦᠨ ᠪᠦᠰᠡᠭᠦᠶᠢᠴᠦᠳ︶ ᠵᠢᠴᠢ ᠮᠡᠳᠡᠭᠡ ᠵᠠᠩᠭᠢᠵᠢᠯᠲᠠ ᠶᠢᠨ ᠲᠠᠪᠴᠠᠩ ᠤᠨ ᠲᠦᠷᠦᠯ ᠵᠦᠢᠯ ᠢ ᠬᠡᠷᠡᠭᠵᠢᠭᠦᠯᠦᠭᠰᠡᠨ ᠪᠥᠭᠡᠳ ᠲᠡᠭᠦᠨ ᠢ ᠲᠤᠬᠠᠢ ᠶᠢᠨ ᠵᠢᠯ ᠤᠨ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠰᠠᠶᠢᠨ ᠶᠠᠪᠤᠳᠠᠯ ᠤᠨ ᠲᠦᠷᠦᠯ ᠵᠦᠢᠯ ᠳᠤ ᠣᠷᠣᠭᠤᠯᠪᠠ᠃
     ᠣᠲᠣ ᠪᠣᠯᠲᠠᠯ᠎ᠠ᠂ ᠲᠣᠰ ᠲᠥᠷᠥᠯ ᠵᠦᠢᠯ ᠨᠢ ᠨᠢᠭᠡᠨᠲᠡ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠪᠦᠬᠦᠨ ᠢ ᠪᠡᠶᠡᠯᠡᠭᠦᠯᠵᠦ᠂ ᠣᠲᠣ ᠶᠠᠭ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠭᠠᠷ ᠭᠦᠢᠴᠡᠳᠬᠡᠯ ᠢ ᠭᠦᠢᠴᠡᠳᠬᠡᠵᠦ ᠪᠠᠶᠢᠨ᠎ᠠ᠃ ᠲᠤᠰ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ  ᠎ ᠶᠢᠨ ᠠᠭᠤᠯᠭ᠎ᠠ ᠳᠤ᠄ ᠮᠣᠩᠭᠤᠯ ᠬᠢᠲᠠᠳ ᠡᠮᠨᠡᠯᠭᠡ  ᠎ ᠶᠢᠨ ᠬᠤᠷᠢᠶᠠᠨ ᠤ ᠡᠮᠨᠡᠯᠭᠡ ᠳᠤ ᠰᠠᠭᠤᠬᠤ ᠬᠡᠯᠲᠡᠰ ᠤᠨ ᠳᠥᠷᠪᠡᠳᠦᠭᠡᠷ ᠳᠠᠪᠬᠤᠷᠯᠢᠭ ᠤᠨ ᠮᠡᠰᠡ ᠵᠠᠰᠠᠯ ᠤᠨ ᠲᠠᠰᠤᠭ᠂ ᠬᠥᠩᠭᠡᠵᠢᠭᠦᠯᠬᠦ ᠰᠠᠯᠠᠭ᠎ᠠ ᠳᠤ ᠣᠳᠣ ᠦᠶ᠎ᠡ  ᠎ ᠶᠢᠨ ᠡᠮᠴᠢᠯᠡᠭᠡᠨ ᠤ ᠮᠡᠷᠭᠡᠵᠢᠯ ᠤᠨ ᠪᠠᠷᠢᠮᠵᠢᠶ᠎ᠠ  ᠎ ᠶᠢᠨ ᠱᠠᠭᠠᠷᠳᠠᠯᠭ᠎ᠠ ᠶᠣᠰᠣᠭᠠᠷ ᠥᠭᠡᠷᠡᠴᠢᠯᠡᠯᠲᠡ ᠬᠢᠵᠦ᠂ ᠥᠭᠡᠷᠡᠴᠢᠯᠡᠭᠰᠡᠨ ᠶᠡᠷᠦᠩᠬᠡᠢ ᠲᠠᠯᠠᠪᠠᠶ ᠨᠢ 1328.00m ᠃ ᠬᠠᠮᠤᠭ ᠤᠨ ᠰᠢᠨ᠎ᠡ ᠤᠯᠤᠰ ᠤᠨ ᠱᠠᠭᠠᠷᠳᠠᠯᠭ᠎ᠠ ᠶᠣᠰᠣᠭᠠᠷ ᠣᠷᠣᠨ ᠪᠦᠰᠡ ᠶᠢᠨ ᠬᠠᠮᠲᠤᠷᠠᠭᠰᠠᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠮᠡᠳᠡᠭᠡ ᠵᠠᠩᠭᠢᠵᠢᠯᠲᠠ ᠶᠢᠨ ᠲᠠᠪᠴᠠᠩ ᠢ ᠪᠠᠶᠢᠭᠤᠯᠵᠤ᠂ ᠮᠡᠳᠡᠭᠡ ᠵᠠᠩᠭᠢᠵᠢᠯᠲᠠ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠡᠪᠡᠳᠴᠢᠲᠡᠨ ᠢ ᠣᠨᠣᠰᠢᠯᠠᠨ ᠡᠮᠨᠡᠬᠦ ᠳᠤ ᠲᠥᠬᠦᠮ ᠦᠵᠡᠭᠦᠯᠦᠨ᠂ ᠮᠡᠳᠡᠭᠡ ᠵᠠᠩᠭᠢ ᠶᠢᠨ ᠰᠠᠭᠤᠷᠢ ᠶᠢ ᠪᠠᠬᠢᠵᠢᠭᠦᠯᠵᠦ᠂ ᠰᠠᠭᠤᠷᠢ ᠲᠠᠪᠴᠠᠩ ︵LIS ᠰᠢᠰᠲ᠋ᠧᠮ᠂ HIS ᠰᠢᠰᠲ᠋ᠧᠮ᠂ PACS ᠰᠢᠰᠲ᠋ᠧᠮ᠂ ᠡᠭᠦᠳᠡᠨ ᠪᠠᠴᠢᠮ ᠡᠮᠴᠢᠯᠡᠭᠡ ᠪᠠ ᠡᠮᠨᠡᠯᠭᠡ ᠳᠤ ᠰᠠᠭᠤᠬᠤ ᠬᠠᠮᠢᠶᠠᠷᠤᠯᠲᠠ ᠶᠢᠨ ᠰᠢᠰᠲ᠋ᠧᠮ︶᠂ 3 ᠲᠠᠰ ᠤᠨ ᠡᠯᠧᠺᠲᠷᠣᠨ ᠡᠪᠡᠳᠴᠢᠨ ᠤ ᠵᠢᠱᠢᠶ᠎ᠡ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠵᠡᠷᠭᠡ ᠬᠡᠰᠡᠭ ᠢ ᠪᠠᠶᠢᠭᠤᠯᠵᠤ᠂ ᠪᠤᠭᠤᠲᠤ ᠬᠤᠲᠠ ᠶᠢᠨ ᠨᠢᠭᠡᠳᠦᠯᠲᠡᠢ ᠲᠣᠬᠢᠷᠠᠭᠤᠯᠤᠯᠲᠠ ᠶᠢ ᠦᠨᠳᠦᠰᠦᠯᠡᠨ ︽ᠰᠢᠯᠭᠠᠨ ᠪᠠᠶᠢᠴᠠᠭᠠᠭᠰᠠᠨ ᠦᠷ᠎ᠡ ᠳ᠋ᠦᠩ ᠢ ᠬᠠᠷᠢᠯᠴᠠᠨ ᠮᠡᠳᠡᠷᠡᠬᠦ︾ ᠴᠢᠳᠠᠮᠵᠢ ᠶᠢ ᠪᠡᠶᠡᠯᠡᠭᠦᠯᠦᠨ᠎ᠡ᠃
     ᠲᠤᠰ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠮᠠᠨ ᠤ ᠣᠷᠣᠨ ᠤ ᠵᠢᠷᠮᠦᠰᠦᠨ ᠡᠮᠡᠭᠲᠡᠢ ᠶᠢᠨ ᠲᠦᠷᠭᠡᠨ ᠡᠮᠴᠢᠯᠡᠭᠡ ᠲᠦᠷᠭᠡᠨ ᠠᠪᠤᠷᠠᠯᠲᠠ ᠪᠠ ᠡᠳᠦᠷ ᠲᠤᠲᠤᠮ ᠤᠨ ᠡᠮᠡᠭᠲᠡᠢ ᠬᠥᠩᠭᠡᠵᠢᠯᠲᠡ ᠶᠢᠨ ᠣᠨᠣᠰᠢᠯᠠᠨ ᠡᠮᠨᠡᠬᠦ ᠪᠠ ᠳᠣᠲᠣᠷ ᠭᠠᠳᠠᠷ ᠰᠠᠯᠠᠭᠠᠨ ᠤ ᠮᠡᠰᠡ ᠵᠠᠰᠠᠯ ᠬᠢᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢ ᠨᠡᠯᠢᠶᠡᠳ ᠴᠢᠩᠭ᠎ᠠ ᠲᠦᠷᠭᠡᠨ ᠡᠮᠴᠢᠯᠡᠭᠡ ᠠᠪᠤᠷᠠᠨ ᠵᠠᠰᠠᠬᠤ ᠴᠢᠳᠠᠪᠤᠷᠢ ᠲᠠᠢ ᠪᠣᠯᠭᠠᠵᠤ᠂ ᠡᠮᠨᠡᠯᠭᠡ ᠶᠢᠨ ᠬᠤᠷᠢᠶ᠎ᠠ ᠶᠢᠨ ᠮᠡᠳᠡᠭᠡ ᠵᠠᠩᠭᠢᠵᠢᠯᠲᠠ ᠶᠢᠨ ᠴᠢᠳᠠᠪᠤᠷᠢ ᠪᠠ ᠬᠢᠷᠢ ᠬᠡᠮᠵᠢᠶ᠎ᠡ ᠶᠢ ᠬᠦᠴᠦᠲᠡᠢ ᠳᠡᠭᠡᠭᠰᠢᠯᠡᠭᠦᠯᠦᠨ᠂ ᠲᠠᠷᠠᠭᠠᠴᠢ ᠶᠢᠨ ᠠᠯᠬᠤᠮ ᠳᠤ ᠰᠢᠶᠠᠨ ᠤ ᠬᠡᠪᠴᠢᠶᠡᠨ ᠤ ᠡᠮᠨᠡᠯᠭᠡ ᠶᠢᠨ ᠬᠠᠮᠲᠤ ᠶᠢᠨ ᠪᠡᠶ᠎ᠡ ᠶᠢᠨ ᠳᠣᠲᠣᠭᠠᠳᠤ ᠶᠢᠨ ᠮᠡᠳᠡᠭᠡ ᠵᠠᠩᠭᠢᠵᠢᠯᠲᠠ ᠶᠢ ᠨᠢᠭᠡᠳᠬᠡᠬᠦ ᠪᠠ ︽ᠣᠶᠤᠨᠲᠤ ᠡᠮᠨᠡᠯᠭᠡ ᠶᠢᠨ ᠬᠤᠷᠢᠶ᠎ᠠ︾᠎ ᠶᠢ ᠪᠡᠶᠡᠯᠡᠭᠦᠯᠬᠦ ᠳᠤ ᠬᠦᠴᠦᠲᠡᠢ ᠰᠠᠭᠤᠷᠢ ᠲᠠᠯᠪᠢᠵᠤ ᠥᠭᠭᠦᠨ᠎ᠡ᠃
 
ᠢᠷᠡᠯᠲᠡ᠄ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号