ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠪᠥᠬᠦ ᠵᠥᠪᠯᠡᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2024/1/9
     1 ᠳ᠋ᠦᠭᠡᠷ ᠰᠠᠷ᠎ᠠ ᠶᠢᠨ 8᠎ ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠬᠤᠷᠢᠶ᠎ᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠬᠤᠷᠠᠯᠳᠤᠪᠠ᠃ ᠶᠡᠭᠡ ᠬᠤᠷᠠᠯ ᠠᠴᠠ 2024 ᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯᠣᠨ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠵᠤ᠂ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠣᠷᠣᠨ ᠤ ᠨᠠᠮ ᠤᠨ ᠬᠤᠷᠢᠶ᠎ᠠ ᠶᠢᠨ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠷᠠᠯᠲᠠ ᠪᠠᠨ ᠲᠣᠭᠲᠠᠭᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠲᠦᠷᠦᠯ ᠵᠦᠢᠯ ᠤᠨ ᠲᠤᠯᠭᠠᠭᠤᠷᠢᠯᠠᠯ ᠢ ᠴᠢᠩᠭᠠᠳᠬᠠᠵᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ ᠶᠢ ᠰᠢᠯᠢᠳᠡᠭᠵᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠠᠢ ᠶᠦᠨ ᠰᠢᠨ ᠤ ᠦᠢᠯᠡᠳᠦᠯᠭᠡ ᠳᠤᠮᠳᠠ ᠬᠥᠭᠵᠢᠭᠦᠯᠦᠯᠲᠡ ᠥᠭᠡᠷᠡᠴᠢᠯᠡᠯᠲᠡ ᠶᠢᠨ ᠡᠭᠦᠷᠭᠡᠯᠡᠯ ᠢ ᠢᠯᠡᠷᠡᠭᠦᠯᠦᠨ᠎ᠡ᠃      ᠨᠢᠭᠡ ᠳᠤ ᠠᠵᠤ ᠠᠬᠤᠢ ᠶᠢᠨ ᠭᠦᠢᠴᠡᠳᠬᠡᠬᠦ ᠲᠤᠭ᠎ᠠ ᠶᠢ ᠴᠢᠷᠮᠠᠶᠢᠨ ᠲᠣᠭᠲᠠᠭᠠᠬᠤ ᠳᠤ ᠠᠩᠬᠠᠷᠤᠯ ᠢᠶᠠᠨ ᠠᠷᠭ᠎ᠠ ᠪᠦᠬᠦᠨ ᠢ ᠰᠦᠪᠡᠭᠴᠢᠯᠡᠨ ᠬᠠᠳᠠᠭᠠᠯᠠᠯᠲᠠ ᠶᠢᠨ ᠬᠡᠮᠵᠢᠶ᠎ᠡ ᠶᠢ ᠠᠭᠤᠳᠠᠯᠵᠤ᠂ ᠨᠡᠮᠡᠭᠳᠡᠯ ᠤᠨ ᠬᠡᠮᠵᠢᠶ᠎ᠡ ᠶᠢ ᠡᠷᠢᠵᠦ᠂ ᠶᠠᠰᠤ ᠴᠢᠨᠠᠷ ᠢ ᠳᠡᠭᠡᠭᠰᠢᠯᠡᠭᠦᠯᠵᠦ᠂ ᠠᠵᠤ ᠠᠬᠤᠢ ᠶᠢᠨ ᠵᠦᠢ ᠵᠣᠬᠢᠰᠲᠠᠢ ᠪᠥᠭᠡᠳ ᠲᠣᠭᠲᠠᠭᠤᠨ ᠪᠥᠭᠡᠳ ᠦᠷᠭᠦᠯᠵᠢᠯᠡᠨ ᠨᠡᠮᠡᠭᠳᠡᠬᠦ ᠶᠢ ᠲᠦᠯᠬᠢᠨ ᠠᠬᠢᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠬᠠᠳᠠᠨ ᠵᠣᠷᠢᠭ ᠢ ᠲᠠᠰᠤᠷᠠᠯᠲᠠ ᠦᠭᠡᠢ ᠴᠢᠩᠭᠠᠷᠠᠭᠤᠯᠬᠤ ᠬᠡᠷᠡᠭᠲᠡᠢ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠦᠨᠳᠦᠰᠦᠯᠡᠨ᠂ ᠲᠣᠭᠲᠠᠮᠠᠯ ᠬᠥᠷᠥᠩᠭᠡ ᠶᠢᠨ ᠰᠠᠷ᠎ᠠ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠵᠣᠯᠭᠠᠯᠳᠤᠭᠤᠯᠤᠨ ᠨᠡᠪᠲᠡᠷᠡᠯᠴᠡᠬᠦ ᠶᠢ ᠤᠯᠠᠮ ᠨᠢᠭᠡ ᠠᠯᠬᠤᠮ ᠴᠢᠩᠭᠠᠳᠬᠠᠨ᠂ ᠲᠤᠭ᠎ᠠ ᠪᠠᠷᠢᠮᠲᠠ ᠶᠢ ᠳᠡᠭᠡᠭᠰᠢ ᠮᠡᠳᠡᠭᠦᠯᠬᠦ ᠮᠠᠲ᠋ᠧᠷᠢᠶᠠᠯ ᠢ ᠤᠷᠢᠳᠴᠢᠯᠠᠨ ᠪᠣᠳᠠᠲᠠᠶᠢᠵᠢᠭᠤᠯᠤᠨ ᠨᠠᠷᠢᠯᠢᠭ ᠬᠢᠵᠦ᠂ ᠮᠡᠳᠡᠭᠦᠯᠬᠦ ᠶᠣᠰᠣᠲᠠᠢ ᠶᠢ ᠨᠢ ᠪᠦᠬᠦᠨ ᠢ ᠮᠡᠳᠡᠭᠦᠯᠵᠦ᠂ ᠨᠢᠭᠡᠳᠬᠡᠪᠡᠰᠦ ᠵᠣᠬᠢᠬᠤ ᠶᠢ ᠨᠢ ᠪᠦᠬᠦᠨ ᠢ ᠨᠢᠭᠡᠳᠬᠡᠵᠦ᠂ 2024 ᠣᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 35% ᠣᠷᠴᠢᠮ ᠢᠶᠠᠷ ᠨᠡᠮᠡᠭᠳᠡᠭᠦᠯᠬᠦ ᠵᠢᠱᠢᠭᠰᠡᠨ ᠬᠠᠷᠠᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠪᠠᠷ ᠴᠢᠷᠮᠠᠶᠢᠨ᠎ᠠ᠃      ᠬᠤᠶᠠᠷ ᠲᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠳᠤ ᠠᠩᠬᠠᠷᠤᠯ ᠢᠶᠠᠨ ᠲᠥᠪᠯᠡᠷᠡᠭᠦᠯᠦᠨ ᠰᠢᠪᠲᠤᠯᠤᠯᠲᠠ ᠭᠠᠷᠭᠠᠬᠤ ᠪᠠᠷ ᠴᠢᠷᠮᠠᠶᠢᠨ᠎ᠠ᠃ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠡᠮᠦᠨ᠎ᠡ ᠦᠵᠦᠭᠦᠷ ᠤᠨ ᠵᠠᠯᠭᠠᠮᠵᠢ ᠠᠵᠤ ᠦᠢᠯᠡᠰ ᠪᠣᠯᠣᠨ ᠦᠯᠡᠳᠡᠭᠳᠡᠯ ᠬᠦᠳᠡᠷ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠳᠤ ᠲᠦᠰᠢᠭᠯᠡᠨ᠂ ᠬᠤᠪᠣᠷ ᠰᠢᠷᠣᠢ᠂ ᠬᠠᠶᠢᠯᠤᠭᠤᠷ ᠵᠤᠩᠰᠢ᠂ ᠺᠠᠯᠢ ᠡᠯᠪᠡᠭ ᠬᠠᠪᠲᠠᠰᠤᠲᠤ ᠴᠢᠯᠠᠭᠤᠯᠢᠭ᠂ ᠨᠢᠦᠪᠢ᠂ ᠰᠺᠠᠨᠳᠢ ᠵᠡᠷᠭᠡ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠵᠡᠷᠭᠡ ᠠᠵᠤ ᠦᠢᠯᠡᠰ ᠤᠨ ᠲᠣᠭᠤᠷᠢᠨ ᠳᠤ᠂ ᠪᠦᠬᠦ ᠬᠤᠳᠠ ᠶᠢᠨ ︽ᠬᠤᠶᠠᠷ ᠬᠤᠳᠠ︾᠎ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠪᠦᠬᠦ ᠬᠦᠴᠦᠨ ᠢᠶᠠᠷ ᠠᠬᠢᠭᠤᠯᠤᠨ᠎ᠠ᠃ ᠯᠢ ᠬᠤᠸ ᠶᠢᠩ ᠹᠠ ᠰᠢᠨ᠎ᠡ ᠡᠨᠧᠷᠭᠢ ᠶᠢᠨ ᠪᠥᠬᠦ ᠠᠵᠤ ᠦᠢᠯᠡᠰ ᠤᠨ ᠬᠡᠯᠬᠢᠶ᠎ᠡ᠂ ᠰᠢᠶᠠᠮᠧᠨ ᠤ ᠬᠠᠢ ᠴᠧᠨ ᠤ ᠡᠨᠧᠷᠭᠢ ᠬᠠᠳᠠᠭᠠᠯᠠᠬᠤ᠂ ᠰᠠᠶ᠋ᠢᠬᠠᠨ ᠭᠡᠷ᠎ᠡ ᠲᠣᠭᠲᠠᠭᠰᠠᠨ 5 ᠬᠤᠪᠣᠷ ᠰᠢᠷᠣᠢ ᠶᠢᠨ ᠰᠣᠷᠢᠨᠵᠢᠨ ᠮᠠᠲ᠋ᠧᠷᠢᠶᠠᠯ ᠵᠡᠷᠭᠡ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠰᠢᠨ᠎ᠡ ᠠᠵᠤ ᠦᠢᠯᠡᠰ ᠢ ᠪᠣᠶᠢᠵᠢᠭᠤᠯᠵᠤ᠂ ᠠᠵᠤ ᠦᠢᠯᠡᠰ ᠤᠨ ᠲᠥᠪᠯᠡᠷᠡᠯ ᠢ ᠲᠦᠷᠭᠡᠳᠬᠡᠨ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠰᠠᠭᠤᠷᠢᠨ ᠭᠠᠵᠠᠷ᠂ ᠳᠡᠯᠡᠬᠡᠢ ᠶᠢᠨ ᠰᠢᠨ᠎ᠡ ᠬᠡᠯᠪᠡᠷᠢ ᠶᠢᠨ ᠬᠤᠪᠣᠷ ᠰᠢᠷᠣᠢ ᠶᠢᠨ ᠲᠦᠭᠦᠬᠡᠢ ᠮᠠᠲ᠋ᠧᠷᠢᠶᠠᠯ ᠤᠨ ᠰᠠᠭᠤᠷᠢᠨ ᠭᠠᠵᠠᠷ ᠤᠨ ᠪᠠᠶᠢᠷᠢ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠦᠨ᠎ᠡ᠃ ᠰᠢᠨ᠎ᠡ ᠪᠠᠷ ᠣᠷᠣᠭᠤᠯᠤᠭᠰᠠᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ 30  ᠎ ᠠᠴᠠ ᠳᠤᠲᠠᠭᠤ ᠦᠭᠡᠢ ᠪᠠᠶᠢᠯᠭᠠᠬᠤ ᠪᠠᠷ ᠴᠢᠷᠮᠠᠶᠢᠵᠤ᠂ ᠡᠭᠦᠨ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠰ ᠤᠨ ᠲᠥᠷᠥᠯ ᠤᠨ ᠲᠥᠷᠥᠯ ᠵᠦᠢᠯ ᠢ 10  ᠎ ᠠᠴᠠ ᠳᠡᠭᠡᠭᠰᠢ ᠪᠠᠶᠢᠯᠭᠠᠨ᠎ᠠ︔ ᠤᠯᠤᠰ ᠤᠨ ᠳᠣᠲᠣᠭᠠᠳᠤ ᠶᠢᠨ 13 ᠳ᠋ᠦᠩᠰᠢᠭᠤᠷ ᠲᠥᠭᠦᠷᠢᠭ ᠤᠨ ᠪᠡᠯᠡᠨ ᠪᠡᠯᠡ ᠮᠥᠩᠭᠦ ᠶᠢ ᠣᠷᠣᠭᠤᠯᠵᠤ ᠠᠪᠴᠢᠷᠠᠨ᠎ᠠ᠃      ᠭᠤᠷᠪᠠ ᠳᠤ ᠬᠦᠴᠦᠨ ᠢᠶᠠᠨ ᠲᠥᠪᠯᠡᠷᠡᠭᠦᠯᠦᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠳᠠᠬᠢᠨᠲᠠ ᠲᠦᠷᠭᠡᠳᠬᠡᠪᠡ᠃ ︽ᠲᠥᠷᠥᠯ ᠵᠦᠢᠯ ᠢᠶᠠᠷ ᠭᠤᠣᠯ ᠪᠣᠯᠭᠠᠬᠤ︾ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠲᠥᠷᠥᠯ ᠵᠦᠢᠯ ᠤᠨ ᠰᠢᠶᠠᠨ ᠤ ᠱᠠᠲᠤᠨ ᠤ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ ᠨᠠᠶᠢᠳᠠᠪᠤᠷᠢᠵᠢᠭᠤᠯᠤᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠪᠠᠷ ᠠᠬᠢᠭᠤᠯᠵᠤ᠂ ᠨᠥᠭᠡᠴᠡᠯᠡᠬᠦ᠂ ᠭᠡᠷ᠎ᠡ ᠲᠣᠭᠲᠠᠬᠤ᠂ ᠬᠢᠨᠠᠨ ᠵᠥᠪᠰᠢᠶᠡᠷᠡᠬᠦ᠂ ᠳᠠᠭᠠᠭᠠᠴᠢᠯᠠᠯᠲᠠ ᠵᠠᠷᠯᠠᠬᠤ᠂ ᠠᠵᠢᠯ ᠡᠬᠢᠯᠡᠭᠦᠯᠬᠦ᠂ ᠠᠵᠢᠯ ᠳᠠᠭᠤᠰᠤᠭᠰᠠᠨ ᠢ ᠦᠨᠡᠯᠡᠬᠦ ᠬᠦᠷᠲᠡᠯᠡᠬᠢ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠲᠥᠷᠥᠯ ᠵᠦᠢᠯ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠪᠦᠷᠢᠨᠰᠢᠭᠦᠯᠵᠦ᠂ ᠲᠥᠷᠥᠯ ᠵᠦᠢᠯ ᠤᠨ ᠦᠢᠯᠡᠴᠢᠯᠡᠭᠡᠨ ᠤ ᠪᠠᠲᠤᠯᠠᠭ᠎ᠠ ᠶᠢ ᠰᠢᠯᠢᠳᠡᠭᠵᠢᠭᠦᠯᠦᠨ᠎ᠡ᠃ ᠲᠥᠪ ᠤᠨ ᠲᠥᠰᠥᠪ ᠤᠨ ᠳᠣᠲᠣᠷᠠᠬᠢ ᠪᠡᠯᠡ ᠮᠥᠩᠭᠦ ᠪᠠ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠵᠡᠷᠭᠡ ᠳᠡᠮᠵᠢᠬᠦ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠪᠡᠯᠡ ᠮᠥᠩᠭᠦ ᠶᠢᠨ ᠣᠷᠣᠭᠤᠯᠤᠯᠲᠠ ᠶᠢᠨ ᠣᠷᠣᠭᠤᠯᠤᠯᠲᠠ ᠶᠢᠨ ᠬᠦᠷᠢᠶ᠎ᠡ ᠴᠠᠷᠠᠭ᠎ᠠ ᠪᠠ ᠮᠡᠳᠡᠭᠦᠯᠬᠦ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ 2024 ᠣᠨ ᠤ ᠲᠥᠪ ᠤᠨ ᠲᠥᠰᠥᠪ ᠤᠨ ᠳᠣᠲᠣᠷᠠᠬᠢ 20 ᠲᠥᠷᠥᠯ ᠵᠦᠢᠯ ᠢ ᠴᠤᠭᠯᠠᠭᠤᠯᠤᠨ ᠨᠥᠭᠡᠴᠡᠯᠡᠵᠦ᠂ ᠳᠡᠭᠡᠳᠦ ᠱᠠᠲᠤᠨ ᠤ ᠪᠡᠯᠡ ᠮᠥᠩᠭᠦ ᠶᠢ 2 ᠳ᠋ᠦᠩᠰᠢᠭᠤᠷ ᠲᠥᠭᠦᠷᠢᠭ ᠣᠯᠬᠤ ᠪᠠᠷ ᠲᠥᠯᠥᠪᠯᠡᠵᠦ ᠪᠣᠶ︔ ᠤᠯᠤᠰ ᠤᠨ ᠵᠢᠭᠡᠯᠡᠯᠭᠡ ᠶᠢᠨ 2 ᠲᠥᠷᠥᠯ ᠵᠦᠢᠯ ᠢ ᠡᠯᠰᠡᠨ ᠳᠡᠭᠡᠭᠰᠢ ᠮᠡᠳᠡᠭᠦᠯᠵᠦ᠂ 3506 ᠲᠦᠮᠡᠨ ᠲᠥᠭᠦᠷᠢᠭ ᠤᠨ ᠪᠡᠯᠡ ᠮᠥᠩᠭᠦ ᠣᠯᠵᠤ᠂ ᠲᠥᠷᠥᠯ ᠵᠦᠢᠯ ᠤᠨ ᠨᠥᠭᠡᠴᠡ ᠶᠢᠨ ᠶᠡᠭᠡ ᠬᠡᠪᠴᠢᠶ᠎ᠡ ᠶᠢ ᠲᠠᠰᠤᠷᠠᠯᠲᠠ ᠦᠭᠡᠢ ᠪᠠᠲᠤᠳᠬᠠᠬᠤ ᠪᠠᠷ ᠪᠠᠶᠢᠨ᠎ᠠ᠃ ᠯᠢ ᠬᠤᠤ ᠭᠡᠷᠡᠯ ᠸᠣᠯᠲ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠳᠠᠩ ᠨᠡᠭᠦᠷᠡᠰᠦᠲᠥ᠋ᠷᠥᠭᠴᠢ ᠶᠢᠨ ᠰᠠᠭᠤᠷᠢᠨ ᠭᠠᠵᠠᠷ ᠤᠨ ᠲᠥᠷᠥᠯ ᠵᠦᠢᠯ᠂ ᠰᠢᠶᠠᠮᠧᠨ ᠤ ᠬᠠᠢ ᠴᠧᠨ ᠤ ᠡᠨᠧᠷᠭᠢ ᠬᠠᠳᠠᠭᠠᠯᠠᠬᠤ ᠯᠢᠲ᠋ᠢ ᠴᠠᠬᠢᠯᠭᠠᠨ ᠴᠡᠨᠡᠭ ᠤᠨ ᠲᠥᠷᠥᠯ ᠵᠦᠢᠯ ᠵᠡᠷᠭᠡ ᠶᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠥᠪᠥᠷ ᠮᠣᠩᠭᠤᠯ ᠤᠨ ᠵᠢᠩ ᠴᠠᠩ ᠿᠢ ᠶᠢᠨ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ 5 ᠲᠦᠮᠡᠨ ᠲᠣᠨ ᠥᠭᠡᠬᠦᠨ ᠴᠢᠯᠠᠭᠤᠨ ᠡᠯᠡᠰᠦᠨ ᠤ ᠲᠥᠷᠥᠯ ᠵᠦᠢᠯ᠂ ᠱᠠᠩᠬᠠᠢ ᠶᠢᠨ ᠴᠤᠸᠠᠨ ᠲᠠᠩ ᠤᠨ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠯ ᠳᠤ 15 ᠲᠦᠮᠡᠨ ᠲᠣᠮᠣ ᠠᠮᠠᠰᠠᠷᠲᠤ ᠨᠡᠷᠡᠨ ᠡᠨᠧᠷᠭᠢ ᠶᠢᠨ ᠥᠭᠡᠬᠦᠨ ᠴᠢᠯᠠᠭᠤᠨ ᠬᠠᠶᠢᠯᠤᠭᠤᠷ ᠤᠨ ᠲᠥᠷᠥᠯ ᠵᠦᠢᠯ ᠵᠡᠷᠭᠡ ᠬᠤᠲᠠ ᠶᠢᠨ ᠲᠠᠰ ᠤᠨ ᠴᠢᠬᠤᠯᠠ ᠶᠡᠭᠡ ᠲᠥᠷᠥᠯ ᠵᠦᠢᠯ ᠤᠨ ᠡᠬᠢᠯᠡᠯᠲᠡ ᠶᠢᠨ ᠣᠨ ᠤ ᠳᠠᠷᠠᠭᠠᠯᠠᠯ ᠤᠨ ᠦᠶ᠎ᠡ ᠳᠤ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠵᠤ᠂ 2024 ᠣᠨ ᠤ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠦᠷᠭᠦᠯᠵᠢᠯᠡᠨ ᠪᠠᠶᠢᠭᠤᠯᠬᠤ ᠲᠥᠷᠥᠯ ᠵᠦᠢᠯ ᠢ ᠪᠦᠬᠦᠨ ᠢ ᠠᠵᠢᠯ ᠡᠬᠢᠯᠡᠭᠦᠯᠵᠦ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠭᠠᠷᠳᠠᠮ ᠢ ᠪᠦᠷᠢᠨ ᠭᠦᠢᠴᠡᠳ ᠪᠣᠯᠭᠠᠬᠤ ᠪᠠᠷ ᠴᠢᠷᠮᠠᠶᠢᠨ᠎ᠠ᠃ 2024 ᠣᠨ ᠳᠤ ᠮᠠᠨ ᠤ ᠣᠷᠣᠨ ᠪᠤᠭᠤᠲᠤ ᠬᠤᠲᠠ ᠶᠢᠨ ᠵᠠᠰᠠᠭ ᠤᠨ ᠣᠷᠳᠣᠨ ᠤ 5000 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠳᠤ ᠵᠢᠭᠰᠠᠭᠠᠨ ᠣᠷᠣᠭᠤᠯᠵᠤ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠎ ᠨᠢ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠥᠷᠥᠯ ᠵᠦᠢᠯ 22 ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ ᠨᠢ 107 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠳᠣᠲᠣᠷ᠎ᠠ 22 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠨ᠎ᠡ᠃      ᠵᠠᠯᠭᠠᠭᠠᠳ᠂ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠤᠬᠠᠮᠰᠠᠷ  ᠎ ᠠᠴᠠ ᠪᠠᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠵᠥᠪᠯᠡᠯ ᠤᠨ ᠳᠣᠲᠣᠭᠠᠳᠤ ᠶᠢᠨ ᠡᠯ᠎ᠡ ᠵᠦᠢᠯ ᠤᠨ ᠠᠵᠢᠯ ᠢ ᠲᠦᠯᠬᠢᠨ ᠠᠬᠢᠭᠤᠯᠬᠤ ᠦᠨᠳᠦᠰᠦᠨ ᠵᠢᠷᠤᠮᠯᠠᠯ ᠪᠣᠯᠭᠠᠵᠤ᠂ ᠣᠷᠣᠨ ᠤ ᠨᠠᠮ ᠤᠨ ᠬᠤᠷᠢᠶ᠎ᠠ ᠣᠷᠣᠨ ᠤ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ ᠲᠣᠭᠤᠷᠢᠨ ᠳᠤ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠳᠬᠤᠨ ᠬᠥᠭᠵᠢᠯᠲᠡ ᠶᠢ ᠠᠬᠢᠭᠤᠯᠵᠤ᠂ ᠬᠥᠭᠵᠢᠯᠲᠡ ᠶᠢᠨ ᠬᠢᠷᠢ ᠲᠦᠪᠰᠢᠨ ᠢᠶᠠᠷ ᠨᠠᠩ ᠥᠨᠳᠥᠷ᠂ ᠶᠠᠰᠤ ᠴᠢᠨᠠᠷ ᠢᠶᠠᠷ ᠨᠠᠩ ᠰᠢᠯᠢᠳᠡᠭ ᠪᠠᠶᠠᠨ᠋ᠣ᠋ᠪᠣᠭ᠎ᠠ ᠶᠢ ᠪᠦᠲᠦᠭᠡᠨ ᠪᠠᠶᠢᠭᠤᠯᠬᠤ ᠳᠤ ᠬᠥᠭᠵᠢᠭᠦᠯᠦᠯᠲᠡ ᠥᠭᠡᠷᠡᠴᠢᠯᠡᠯᠲᠡ ᠶᠢᠨ ᠬᠦᠴᠦᠨ ᠴᠢᠳᠠᠯ ᠢᠶᠠᠨ ᠨᠡᠮᠡᠷᠢᠯᠡᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号