ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠱᠤᠭᠤᠮ ᠢ ᠪᠦᠬᠦ ᠲᠠᠯ᠎ᠠ ᠪᠠᠷ ᠲᠤᠭᠤᠰᠢᠯᠠᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/11
    ᠰᠢ ᠶᠢᠨ ᠫᠢᠩ ᠶᠡᠷᠦᠩᠬᠡᠢ ᠱᠦᠵᠢ ᠶᠢᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ ᠮᠥᠨ᠂ ᠪᠠᠰᠠ ᠴᠤ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠱᠤᠭᠤᠮ ᠮᠥᠨ︾ ᠭᠡᠬᠦ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠪᠣᠯᠣᠨ ᠲᠤᠭᠤᠷᠢᠭ ᠤᠨ ᠨᠠᠮ ᠤᠨ ᠬᠤᠷᠢᠶ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠥᠯᠥᠭᠡ᠂ 10 ᠳ᠋ᠤᠭᠠᠷ ᠰᠠᠷ᠎ᠠ ᠶᠢᠨ 11 ᠤ ᠡᠳᠦᠷ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠱᠤᠭᠤᠮ ᠢ ᠪᠦᠬᠦ ᠲᠠᠯ᠎ᠠ ᠪᠠᠷ ᠲᠤᠭᠤᠰᠢᠯᠠᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠪᠢᠯᠢᠭᠲᠦ ᠬᠤᠷᠠᠯ ᠢ ᠡᠷᠭᠢᠯᠡᠪᠡ᠃
白云矿区召开全面贯彻铸牢中华民族共同体意识主线工作推进会.jpg
    ᠪᠦᠬᠦ ᠲᠣᠭᠤᠷᠢᠭ ᠤᠨ ᠡᠯ᠎ᠡ ᠬᠠᠮᠢᠶ᠎ᠠ ᠪᠦᠬᠦᠢ ᠨᠢᠭᠡᠴᠢ ᠲᠤᠭᠤᠷᠢᠭ ᠤᠨ ᠨᠠᠮ ᠤᠨ ᠬᠤᠷᠢᠶᠠᠨ ᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠬᠤ ᠪᠣᠳᠠᠲᠠᠢ ᠠᠷᠭ᠎ᠠ ᠬᠡᠮᠵᠢᠶ᠎ᠡ︾ ᠵᠡᠷᠭᠡ ᠱᠠᠭᠠᠷᠳᠠᠯᠭ᠎ᠠ ᠲᠠᠢ ᠬᠠᠷᠢᠴᠠᠭᠤᠯᠵᠤ᠂ ᠠᠵᠢᠯ ᠢᠶᠠᠨ ᠥᠷᠨᠢᠭᠦᠯᠦᠭᠰᠡᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠤᠶᠢᠰᠢᠳᠠ ᠶᠢᠨ ᠠᠵᠢᠯ ᠤᠨ ᠲᠤᠬᠢᠷᠠᠭᠤᠯᠤᠯᠳᠠ ᠶᠢᠨ ᠲᠣᠭᠤᠷᠢᠨ ᠳᠤ ᠲᠡᠰ ᠳᠠᠷᠠᠭᠠᠯᠠᠨ ᠬᠠᠷᠢᠭᠤ ᠮᠡᠳᠡᠭᠦᠯᠵᠦ ᠶᠠᠷᠢᠶ᠎ᠠ ᠲᠠᠯᠪᠢᠪᠠ᠃    ᠬᠤᠷᠠᠯ ᠠᠴᠠ᠂ ᠨᠢᠭᠡ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠬᠤ ᠬᠡᠷᠡᠭᠲᠡᠢ᠃ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠭᠤᠤᠯ ᠠᠭᠤᠯᠭ᠎ᠠ ᠶᠢ ᠡᠵᠡᠮᠳᠡᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ ᠵᠦᠢᠯ ᠤᠨ ᠠᠵᠢᠯ ᠳᠤ ᠠᠭᠤᠰᠬᠠᠨ ᠣᠷᠣᠭᠤᠯᠤᠨ᠎ᠠ᠃ ᠬᠤᠶᠠᠷ ᠲᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠨ ︽ᠨᠢᠭᠡᠳᠦᠭᠡᠷ ᠭᠠᠷ︾ ᠪᠡᠶ᠎ᠡ ᠪᠠᠷ ᠢᠶᠠᠨ ᠰᠤᠳᠤᠯᠵᠤ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠠᠬᠢᠭᠤᠯᠵᠤ᠂ ᠠᠵᠢᠯ ᠤᠨ ᠠᠬᠢᠴᠠ ᠶᠢᠨ ᠪᠠᠶᠢᠳᠠᠯ ᠢ ᠪᠥᠬᠦ ᠲᠠᠯ᠎ᠠ ᠪᠠᠷ ᠡᠮᠬᠢᠯᠡᠵᠦ᠂ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠥᠬᠡᠶ ᠲᠠᠯ᠎ᠠ ᠶᠢ ᠵᠠᠳᠠᠯᠵᠤ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠠᠵᠢᠯ ᠤᠨ ︽ᠵᠠᠮ ᠱᠤᠭᠤᠮ ᠤᠨ ᠵᠢᠷᠤᠭ︾ ᠢ ᠲᠣᠭᠲᠠᠭᠠᠵᠤ᠂ ᠡᠯ᠎ᠡ ᠵᠦᠢᠯ ᠤᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠭᠤᠷᠪᠠ ᠳᠤ᠂ ᠤᠬᠠᠭᠤᠯᠵᠤ ᠬᠥᠲᠥᠯᠥᠨ ᠵᠢᠯᠣᠭᠤᠳᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠶᠢᠨ ᠬᠢᠨ ᠡᠯ᠎ᠡ ᠲᠦᠷᠦᠯ ᠤᠨ ᠤᠬᠠᠭᠤᠯᠭ᠎ᠠ ᠶᠢᠨ ᠠᠴᠢᠶᠠᠯᠠᠪᠤᠷᠢ ᠶᠢ ᠰᠠᠶᠢᠲᠤᠷ ᠬᠡᠷᠡᠭᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠱᠤᠭᠤᠮ ᠤᠨ ᠠᠵᠢᠯ ᠤᠨ ᠳᠤᠮᠳᠠᠬᠢ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ᠂ ᠦᠨᠳᠦᠰᠦᠲᠡᠨ ᠤ ᠪᠦᠯᠬᠦᠮᠳᠡᠯ ᠤᠨ ᠰᠠᠶᠢᠨ ᠦᠯᠢᠭᠡᠷ ᠢ ᠭᠦᠨᠵᠡᠭᠡᠢ ᠠᠭᠤᠳᠠᠯᠤᠨ ᠪᠣᠯᠪᠠᠰᠤᠷᠠᠭᠤᠯᠵᠤ᠂ ᠡᠯ᠎ᠡ ᠵᠦᠢᠯ ᠤᠨ ᠪᠣᠳᠠᠲᠤ ᠲᠦᠷᠦᠭᠳᠡᠯ ᠲᠠᠢ ᠪᠦᠲᠦᠮᠵᠢᠲᠡᠢ ᠤᠬᠠᠭᠤᠯᠭ᠎ᠠ ᠶᠢᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠬᠥᠮᠦᠰ ᠤᠨ ᠰᠡᠳᠬᠢᠯ ᠳᠤ ᠨᠡᠩ ᠭᠦᠨ ᠬᠠᠳᠠᠩᠰᠢᠭᠤᠯᠬᠤ ᠬᠡᠷᠡᠭᠲᠡᠢ ᠭᠡᠵᠦ ᠱᠠᠭᠠᠷᠳᠠᠪᠠ᠃ᠡᠴᠦᠰ ᠲᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠠᠶᠢᠭᠤᠯᠬᠤ ᠮᠡᠳᠡᠯᠭᠡ ᠶᠢᠨ ᠰᠢᠯᠭᠠᠯᠲᠠ ᠶᠠᠪᠤᠭᠤᠯᠪᠠ᠃ 
ᠢᠷᠡᠯᠲᠡ᠄ ᠪᠠᠶ᠋ᠬᠠᠣᠪᠤᠭ᠎ᠠ ᠶᠢᠨ ᠨᠢᠭᠡᠳᠦᠮᠡᠯ ᠹᠷᠣᠨᠲ