ᠡᠨᠡ ᠵᠢᠯ ᠠᠴᠠ ᠨᠠᠭᠠᠰᠢ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠰᠣᠶᠣᠯ ᠢᠶᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠲᠠᠰᠤᠷᠠᠯᠲᠠ ᠦᠭᠡᠢ | ᠠᠬᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ︽ᠲᠠᠪᠤᠨ ᠲᠠᠨᠢᠯᠲᠠ︾ ᠶᠢ ᠨᠡᠮᠡᠭᠳᠡᠭᠦᠯᠦᠨ᠂ ︽ᠳᠥᠷᠪᠡ ᠶᠢ ᠬᠠᠮᠳᠤᠳᠬᠠᠬᠤ︾ ᠬᠠᠮᠲᠤ ᠶᠢᠨ ᠴᠣᠭᠴᠠ ᠶᠢᠨ | ᠣᠶᠢᠯᠠᠭᠠᠭᠳᠠᠬᠤᠨ ᠢ ᠪᠠᠲᠤ ᠪᠠᠬᠢ ᠪᠣᠢ ᠪᠣᠯᠭᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠡᠳᠭᠢᠯ ᠨᠢᠭᠡᠳᠦᠨ ᠬᠦᠴᠦ ᠪᠠᠨ ᠬᠠᠮᠳᠤᠳᠬᠠᠬᠤ ᠠᠮᠢᠳᠤᠯᠢᠭ ᠪᠠᠶᠢᠳᠠᠯ ᠢ | ᠪᠣᠢ ᠪᠣᠯᠭᠠᠪᠠ᠃ | ᠰᠤᠷᠭᠠᠨ ᠬᠥᠮᠦᠵᠢᠯ ᠵᠢᠭᠠᠨ ᠰᠤᠷᠭᠠᠯᠲᠠ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠠᠭᠤᠷᠢ ᠶᠢ ᠲᠠᠯᠪᠢᠨ᠎ᠠ | ᠡᠨᠡ ᠵᠢᠯ ᠤᠨ 7 ᠳ᠋ᠤᠭᠠᠷ ᠰᠠᠷ᠎ᠠ ᠳᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ 40 ᠪᠠᠭᠰᠢ ᠰᠤᠷᠤᠭᠴᠢ ᠶᠢᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ | ︽ᠪᠢᠴᠢᠬᠠᠨ ᠠᠨᠠᠷ ᠤᠨ ᠦᠷ᠎ᠡ ᠥᠳᠭᠡᠨ ᠳᠤᠮᠳᠠᠳᠤ ᠶᠢᠨ ᠬᠠᠶᠢᠷ᠎ᠠ ᠰᠡᠳᠭᠢᠯᠭᠡ︾ ᠭᠡᠬᠦ ᠭᠤᠣᠯ ᠰᠡᠳᠦᠪᠲᠦ ᠰᠤᠳᠤᠯᠤᠨ ᠰᠤᠷᠤᠯᠴᠠᠬᠤ ᠬᠤᠸᠠᠷᠠᠨ ᠳᠤ ᠣᠷᠣᠯᠴᠠᠭᠤᠯᠵᠤ᠂ | ᠣᠯᠠᠨ ᠢᠶᠠᠷ ᠢᠶᠠᠨ ᠤᠷᠲᠤ ᠴᠠᠭᠠᠨ ᠬᠡᠷᠡᠮ ᠢᠶᠠᠷ ᠲᠣᠭᠤᠷᠢᠨ ᠦᠵᠡᠵᠦ᠂ ᠤᠯᠤᠰ ᠤᠨ ᠲᠤᠭ ᠮᠠᠨᠳᠤᠭᠤᠯᠬᠤ ᠲᠥᠪ ᠴᠢᠩᠭ᠎ᠠ ᠶᠣᠰᠣᠯᠠᠯ ᠢ ᠰᠣᠨᠢᠷᠬᠠᠵᠤ᠂ ᠰᠦᠷ ᠵᠢᠪᠬᠤᠯᠠᠩᠲᠤ | ᠲᠢᠶᠠᠨ ᠠᠨ ᠮᠧᠨ ᠳᠤ ᠭᠠᠷᠴᠤ᠂ ᠴᠢᠩᠬᠤᠸᠠ ᠶᠡᠭᠡ ᠰᠤᠷᠭᠠᠭᠤᠯᠢ ᠪᠡᠭᠡᠵᠢᠩ ᠶᠡᠭᠡ ᠰᠤᠷᠭᠠᠭᠤᠯᠢ ᠳᠤ ᠣᠷᠣᠵᠤ᠂ ᠬᠠᠭᠠᠨ ᠤ ᠣᠷᠳᠣᠨ ᠤ ᠬᠦᠷᠢᠶᠡᠯᠡᠩ᠂ ᠠᠷᠠᠳ ᠤᠨ | ᠪᠠᠭᠠᠲᠤᠷᠴᠤᠳ ᠤᠨ ᠳᠤᠷᠠᠰᠬᠠᠯ ᠤᠨ ᠬᠦᠰᠢᠶ᠎ᠡ ᠶᠢ ᠲᠣᠭᠤᠷᠢᠨ ᠦᠵᠡᠵᠦ᠂ ᠡᠬᠡ ᠣᠷᠤᠨ ᠤ ᠪᠠᠨ ᠰᠠᠶᠢᠨ ᠰᠠᠶᠢᠬᠠᠨ ᠠᠭᠤᠯᠠ ᠤᠰᠤ ᠶᠢ ᠣᠬᠠᠪᠤᠷᠢᠯᠠᠨ᠂ ᠳᠤᠮᠳᠠᠳᠤ ᠶᠢᠨ | ᠰᠣᠶᠣᠯ ᠤᠨ ᠥᠷᠭᠡᠨ ᠳᠡᠯᠭᠡᠷ ᠭᠦᠨ ᠭᠦᠨᠵᠡᠭᠡᠢ ᠪᠠᠶᠢᠳᠠᠯ ᠢ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠦᠷ᠎ᠡ ᠬᠡᠦᠬᠡᠳ ᠤᠳ ᠤᠨ ᠰᠡᠳᠭᠢᠯ ᠳᠤ ᠦᠨᠳᠦᠰᠦᠯᠡᠨ ᠰᠣᠶᠤᠭᠠᠯᠠᠪᠠ᠃ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠰᠠᠭᠤᠷᠢ ᠦᠩᠭᠡᠭ ᠢ ᠤᠮᠳᠠᠯᠠᠬᠤ᠂ ᠦᠨᠳᠦᠰᠦ ᠰᠠᠭᠤᠷᠢ ᠶᠢ ᠪᠠᠲᠤᠳᠬᠠᠬᠤ ᠶᠢ ᠪᠠᠷᠢᠮᠲᠠᠯᠠᠵᠤ᠂ ᠰᠤᠷᠭᠠᠭᠤᠯᠢ ᠶᠢ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠤᠨ ᠭᠤᠤᠯ ᠵᠢᠭᠰᠠᠭᠠᠯ ᠤᠨ ᠭᠠᠵᠠᠷ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ᠂ ᠪᠢᠴᠢᠭ ᠵᠢᠭᠠᠵᠤ ᠬᠥᠮᠦᠨ ᠢ ᠬᠥᠮᠦᠵᠢᠭᠦᠯᠬᠦ | ᠪᠥᠬᠦ ᠶᠠᠪᠤᠴᠠ ᠳᠤ ᠠᠭᠤᠰᠬᠠᠵᠤ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠥᠬᠦ ᠲᠠᠯ᠎ᠠ ᠪᠠᠷ ᠬᠡᠷᠡᠭᠵᠢᠭᠦᠯᠪᠡ᠃ ᠣᠲᠣ ᠪᠣᠯᠲᠠᠯ᠎ᠠ᠂ ︽ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ︾ ᠤᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠨᠢ ᠨᠢᠭᠡᠨᠲᠡ ᠪᠥᠬᠦ ᠬᠤᠰᠢᠭᠤᠨ ᠤ 9 ᠬᠡᠤᠬᠡᠳ ᠤᠨ ᠴᠡᠴᠡᠷᠯᠢᠭ ᠪᠠ ᠶᠢᠰᠦᠨ | ᠵᠢᠯ ᠤᠨ ᠳᠦᠷᠢᠮᠲᠦ ᠰᠤᠷᠭᠠᠭᠤᠯᠢ ᠶᠢ ᠬᠠᠮᠤᠷᠴᠠᠶ᠃ ᠰᠤᠷᠭᠠᠨ ᠬᠥᠮᠦᠵᠢᠯ ᠤᠨ ᠬᠠᠨᠳᠤᠯᠭᠠᠲᠤ ᠴᠢᠨᠠᠷ ᠪᠠ ᠲᠠᠲᠠᠬᠤ ᠬᠦᠴᠦᠨ ᠢ ᠬᠦᠴᠦᠯᠡᠨ ᠳᠡᠭᠡᠭᠰᠢᠯᠡᠭᠦᠯᠵᠦ᠂ ᠰᠤᠷᠤᠭᠴᠢᠳ ᠤᠨ | ︽ᠮᠡᠳᠡᠯᠭᠡ ᠶᠢ ᠡᠵᠡᠮᠰᠢᠬᠦ︾᠂ ︽ᠪᠠᠶᠢᠷᠢᠰᠢᠯ ᠢ ᠨᠡᠭᠡᠭᠡᠬᠦ︾᠂ ︽ᠢᠲᠡᠭᠡᠯ ᠢ ᠪᠣᠶ ᠪᠣᠯᠭᠠᠬᠤ︾ ᠭᠤᠷᠪᠠᠨ ᠲᠠᠨᠢᠨ ᠮᠡᠳᠡᠬᠦ ᠭᠤᠭᠴᠤᠭ᠎ᠠ ᠶᠢ ᠨᠡᠪᠲᠡᠷᠡᠭᠦᠯᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠬᠥᠮᠦᠵᠢᠯ ᠢ ᠮᠡᠳᠡᠯᠭᠡ ᠶᠢᠨ ᠲᠣᠭᠲᠠᠯᠴᠠᠭ᠎ᠠ ᠠᠴᠠ ᠥᠷᠲᠡᠭ ᠤᠨ ᠲᠣᠭᠲᠠᠯᠴᠠᠭ᠎ᠠ᠂ ᠢᠲᠡᠭᠡᠯ | ᠪᠢᠰᠢᠷᠡᠯ ᠤᠨ ᠲᠣᠭᠲᠠᠯᠴᠠᠭ᠎ᠠ ᠲᠡᠶᠢᠰᠢ ᠲᠠᠰᠤᠷᠠᠯᠲᠠ ᠦᠭᠡᠢ ᠬᠤᠪᠢᠷᠠᠭᠤᠯᠬᠤ ᠶᠢ ᠠᠬᠢᠭᠤᠯᠤᠨ᠎ᠠ᠃ | ᠤᠳᠬ᠎ᠠ ᠤᠷᠠᠯᠢᠭ ᠰᠣᠶᠣᠯ ᠤᠨ ᠳᠤᠮᠳᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠠᠩ ᠴᠢᠨᠠᠷ ᠢ ᠳᠤᠰᠬᠠᠨ᠎ᠠ | ᠬᠠᠮᠤᠭ ᠤᠨ ᠶᠡᠭᠡ ᠰᠣᠶᠣᠯ ᠨᠢ ᠬᠥᠮᠦᠨ ᠤ ᠰᠡᠳᠬᠢᠯ ᠢ ᠤᠮᠳᠠᠯᠠᠨ᠎ᠠ᠃ ᠲᠠᠯ᠎ᠠ ᠨᠤᠲᠤᠭ ᠤᠨ ᠡᠵᠢ ᠳᠦᠭᠦᠶᠢᠮ᠎ᠠ 28 ᠤᠯᠤᠰ ᠤᠨ ᠬᠡᠤᠬᠡᠳ ᠢ ᠲᠡᠵᠢᠭᠡᠭᠰᠡᠨ ᠢᠶᠠᠷ ᠭᠤᠤᠯ | ᠪᠣᠯᠭᠠᠵᠤ᠂ ︽ᠭᠤᠷᠪᠠᠨ ᠮᠢᠩᠭᠠᠨ ᠥᠨᠥᠴᠢᠨ ᠬᠡᠤᠬᠡᠳ ᠢ ᠥᠪᠥᠷ ᠮᠣᠩᠭᠤᠯ ᠳᠤ ᠣᠷᠤᠭᠤᠯᠤᠭᠰᠠᠨ︾ ᠲᠡᠤᠬᠡ ᠶᠢᠨ ᠰᠠᠶᠢᠬᠠᠨ ᠦᠯᠢᠭᠡᠷ ᠢᠶᠠᠷ ᠠᠬᠤᠶ ᠪᠠᠶᠢᠳᠠᠯ ᠪᠣᠯᠭᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠭᠰᠠᠨ ᠤᠤᠭᠠᠯ ᠳᠠᠭᠤᠤ ᠬᠥᠭᠵᠢᠮᠲᠦ ᠵᠦᠴᠦᠭᠡ | ︽ᠠᠷᠠᠳ ᠲᠦᠮᠡᠨ ᠤ ᠵᠢᠱᠢᠶᠡᠴᠢ ᠳᠦᠭᠦᠶᠢᠮ᠎ᠠ︾ ᠨᠢ ᠳᠤᠮᠳᠠᠳᠤ ᠤᠯᠤᠰ · ᠥᠪᠥᠷ ᠮᠣᠩᠭᠤᠯ ᠤᠨ ᠬᠤᠷᠢᠳᠤᠭᠠᠷ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠤᠨ | ᠰᠢᠯᠢᠳᠡᠭ ᠦᠵᠡᠭᠦᠯᠦᠯᠭᠡ ᠶᠢ ᠬᠦᠷᠲᠡᠭᠰᠡᠨ ᠪᠥᠭᠡᠳ ᠪᠡᠭᠡᠵᠢᠩ ᠳᠤ ᠣᠷᠤᠬᠤ ᠬᠠᠷᠢᠭᠤ ᠮᠡᠳᠡᠭᠦᠯᠦᠯᠲᠡ ᠶᠢᠨ ᠲᠣᠭᠯᠠᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠡᠨᠡ ᠬᠦ | ᠪᠦᠲᠦᠭᠡᠯ ᠨᠢ ᠦᠨᠳᠦᠰᠦᠲᠡᠨ ᠨᠦᠭᠦᠳ ᠤᠨ ᠬᠤᠭᠤᠷᠣᠨᠳᠣᠬᠢ ᠬᠠᠷᠢᠯᠴᠠᠨ ᠪᠠᠭᠲᠠᠭᠠᠵᠤ᠂ ᠬᠠᠷᠢᠯᠴᠠᠨ ᠬᠠᠶᠢᠷᠠᠯᠠᠵᠤ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠵᠢᠷᠭᠠᠯ | ᠵᠣᠪᠠᠯᠠᠩ ᠢᠶᠠᠨ ᠬᠠᠮᠲᠤᠳᠬᠠᠬᠤ ︽ᠥᠪᠥᠷ ᠮᠣᠩᠭᠤᠯ ᠤᠨ ᠦᠯᠢᠭᠡᠷ︾ ᠢ ᠠᠮᠢᠳᠤᠯᠢᠭ ᠢᠶᠠᠷ ᠲᠣᠭᠠᠴᠢᠨ ᠶᠠᠷᠢᠵᠠᠢ᠃ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠰᠣᠳᠣᠨ ᠪᠦᠲᠦᠭᠡᠯ᠂ ᠲᠡᠷᠢᠭᠦᠨ ᠤ ᠬᠢ ᠶᠢ ᠡᠭᠦᠳᠬᠦ ᠶᠢ ᠪᠠᠷᠢᠮᠲᠠᠯᠠᠵᠤ᠂ ᠤᠳᠬ᠎ᠠ ᠤᠷᠠᠯᠢᠭ ᠢᠶᠠᠷ ᠬᠥᠮᠦᠰ ᠤᠨ ᠰᠡᠳᠬᠢᠯ ᠢ | ᠨᠢᠭᠲᠠᠷᠠᠭᠤᠯᠤᠨ᠂ ᠪᠦᠯᠬᠦᠮᠳᠡᠯ ᠢᠶᠠᠷ ᠬᠦᠴᠦᠨ ᠢᠶᠠᠨ ᠲᠥᠪᠯᠡᠷᠡᠭᠦᠯᠵᠦ᠂ ᠦᠨᠳᠦᠰᠦᠲᠡᠨ ᠨᠦᠭᠦᠳ ᠤᠨ ᠬᠠᠮᠲᠤ ᠪᠠᠷ ᠡᠳ᠋ᠯᠡᠬᠦ ᠳᠤᠮᠳᠠᠳᠤ ᠶᠢᠨ ᠰᠣᠶᠣᠯ ᠤᠨ ᠲᠡᠮᠳᠡᠭ ᠪᠠ | ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠶᠢ ᠢᠯᠡᠷᠡᠭᠦᠯᠬᠦ ᠨᠢᠭᠡ ᠪᠦᠯᠦᠭ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠪᠡ᠃ ᠵᠢᠱᠢᠶᠡᠯᠡᠪᠡᠯ ᠲᠤᠬᠠᠶ ᠶᠢᠨ | ᠭᠠᠵᠠᠷ ᠤᠨ ︽ᠪᠣᠳᠠᠰ ᠤᠨ ᠪᠤᠰᠤ ᠰᠣᠶᠣᠯ ᠤᠨ ᠥᠪ — ᠨᠣᠣᠰᠣᠨ ᠬᠠᠳᠬᠤᠮᠠᠯ︾ ᠭᠡᠬᠦ ᠪᠥᠵᠢᠭ ︽ᠨᠠᠢᠮᠠᠨ ᠠᠵᠢᠨᠠᠢ︾᠂ ᠰᠠᠶᠢᠨ ᠰᠠᠶᠢᠬᠠᠨ ᠠᠮᠢᠳᠤᠷᠠᠯ ᠢ ᠳᠠᠭᠤᠯᠠᠭᠰᠠᠨ | ᠳᠠᠭᠤᠤ ︽ᠮᠠᠨ ᠤ ᠰᠢᠨ᠎ᠡ ᠴᠠᠭ ᠦᠶ᠎ᠡ︾᠂ ᠳᠠᠭᠤᠤ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠤᠭᠰᠠᠨ ᠥᠯᠢᠭᠡᠷ ᠢ ᠳᠠᠮᠵᠢᠭᠤᠯᠤᠭᠰᠠᠨ ᠳᠠᠭᠤᠤ ᠪᠦᠵᠢᠭ ︽ᠡᠮ ᠤᠨ | ᠥᠨᠳᠡᠭᠡ︾ ᠵᠡᠷᠭᠡ ᠤᠳᠬ᠎ᠠ ᠤᠷᠠᠯᠢᠭ ᠤᠨ ᠪᠦᠲᠦᠭᠡᠯ ᠨᠢ ᠥᠪᠡᠷᠲᠡᠭᠡᠨ ᠵᠠᠰᠠᠬᠤ ᠣᠷᠣᠨ ᠤ ᠲᠠᠰ᠂ ᠤᠯᠠᠭᠠᠨᠴᠠᠪ ᠬᠤᠲᠠ ᠶᠢᠨ ᠲᠠᠰ ᠤᠨ ᠬᠥᠬᠢᠭᠦᠯᠦᠯ ᠰᠠᠶᠢᠰᠢᠶᠠᠯ ᠢ | ᠭᠥᠷᠳᠡᠪᠡ᠃ | ᠤᠨᠤᠯ ᠢ ᠤᠬᠠᠭᠤᠯᠤᠨ ᠲᠠᠶᠢᠯᠪᠤᠷᠢᠯᠠᠬᠤ ᠳᠤᠮᠳᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠣᠷᠢᠭ ᠰᠠᠨᠠᠭ᠎ᠠ ᠶᠢ | ᠪᠠᠬᠢᠵᠢᠭᠦᠯᠦᠨ᠎ᠡ | ᠬᠥᠨᠳᠡᠯᠡᠨ ᠢᠶᠠᠷ ᠬᠢᠵᠠᠭᠠᠷ ᠲᠤ ᠨᠢ ᠬᠦᠷᠬᠦ᠂ ᠭᠤᠯᠳᠤ ᠪᠠᠷ ᠡᠴᠦᠰ ᠲᠤ ᠨᠢ ᠲᠤᠯᠬᠤ ᠶᠢ ᠪᠠᠷᠢᠮᠲᠠᠯᠠᠵᠤ᠂ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ | ᠭᠤᠤᠯ ᠳᠤᠭᠤᠶᠢᠯᠠᠩ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠶᠢ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠶᠢ ᠣᠨ ᠤ ᠰᠤᠷᠤᠯᠴᠠᠯᠭ᠎ᠠ ᠶᠢᠨ ᠲᠤᠰᠬᠠᠶ ᠰᠡᠳᠦᠪ ᠲᠤ ᠣᠷᠣᠭᠤᠯᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ | ᠨᠣᠮ ᠤᠩᠰᠢᠬᠤ ᠠᠩᠭᠢ᠂ ᠨᠠᠮ ᠤᠨ ᠬᠢᠴᠢᠶᠡᠯ ᠣᠷᠣᠬᠤ ᠪᠠ ᠪᠠᠶᠢᠴᠠᠭᠠᠨ ᠰᠤᠳᠤᠯᠤᠯᠲᠠ ᠬᠢᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠬᠠᠮᠤᠭ ᠤᠨ ᠰᠢᠨ᠎ᠡ ᠬᠥᠭᠵᠢᠯᠲᠡ ᠶᠢᠨ | ᠬᠠᠨᠳᠤᠰᠢ ᠶᠢ ᠡᠵᠡᠮᠳᠡᠵᠦ᠂ ︽ᠲᠠᠪᠤᠨ ᠬᠠᠮᠲᠤ ᠶᠢᠨ ᠲᠠᠨᠢᠯᠲᠠ︾᠂ ︽ᠵᠢᠷᠭᠤᠭᠠᠨ ᠦᠭᠡ ᠶᠢᠨ ᠪᠣᠳᠠᠲᠤ ᠶᠠᠪᠤᠳᠠᠯ ᠪᠠ ᠶᠣᠰᠣ ᠵᠦᠢ︾ ᠪᠠ ︽ ᠳᠣᠯᠤᠭᠠᠨ ᠵᠢᠱᠢᠶᠡᠴᠢ︾ ᠵᠡᠷᠭᠡ | ᠴᠢᠬᠤᠯᠠ ᠠᠭᠤᠯᠭ᠎ᠠ ᠶᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠤᠳᠤᠷᠢᠳᠬᠤ ᠺᠠᠳ᠋ᠷᠴᠤᠳ ᠤᠨ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ᠂ ᠦᠨᠡᠨ | ᠰᠡᠳᠬᠢᠯ ᠠᠴᠠ ᠪᠠᠨ ᠬᠡᠷᠡᠭᠵᠢᠭᠦᠯᠬᠦ ᠶᠢ ᠠᠬᠢᠭᠤᠯᠤᠨ᠎ᠠ᠃ | ᠡᠭᠦᠨ ᠤ ᠬᠠᠮᠲᠤ᠂ ᠤᠬᠠᠭᠤᠯᠤᠨ ᠲᠠᠶᠢᠯᠪᠤᠷᠢᠯᠠᠬᠤ ᠶᠢ ᠴᠢᠩᠭᠠᠳᠬᠠᠵᠤ᠂ ᠨᠠᠮ ᠤᠨ ᠤᠨᠤᠯ ᠢ ᠦᠨᠳᠦᠰᠦᠨ ᠱᠠᠲᠤᠨ ᠳᠤ ᠰᠢᠭᠤᠳ ᠬᠦᠷᠭᠡᠵᠦ᠂ ᠤᠯᠠᠨ ᠲᠦᠮᠡᠨ ᠳᠤ ᠰᠢᠭᠤᠳ | ᠬᠠᠨᠳᠤᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠦᠳᠦᠯᠥᠨ ᠳᠠᠭᠠᠭᠤᠯᠵᠤ ᠪᠠᠶᠢᠭᠠᠳ ᠦᠨᠡᠨ ᠰᠡᠳᠬᠢᠯ ᠠᠴᠠ ᠪᠠᠨ ᠨᠠᠮ ᠤᠨ ᠠᠴᠢ ᠳᠤ ᠲᠠᠯᠠᠷᠬᠠᠵᠤ᠂ ᠨᠠᠮ ᠤᠨ | ᠦᠭᠡ ᠶᠢ ᠰᠣᠨᠣᠰᠴᠤ᠂ ᠨᠠᠮ ᠢᠶᠠᠨ ᠳᠠᠭᠠᠭᠤᠯᠤᠨ᠎ᠠ᠃ ᠬᠤᠰᠢᠭᠤᠨ ᠲᠠᠰ ᠤᠨ ᠤᠳᠤᠷᠢᠳᠤᠯᠭ᠎ᠠ ᠪᠣᠳᠠᠲᠠᠶ ᠠᠵᠢᠯᠯᠠᠭᠴᠢ ᠪᠣᠯᠬᠤ ᠪᠠᠷ ᠪᠠᠷᠠᠬᠤ ᠥᠬᠡᠶ ᠪᠠᠰᠠ ᠤᠬᠠᠭᠤᠯᠤᠨ | ᠲᠠᠶᠢᠯᠪᠤᠷᠢᠯᠠᠭᠴᠢ ᠪᠣᠯᠵᠣ᠂ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭ᠎ᠠ᠂ ᠰᠤᠮᠤ ᠰᠢᠶᠠᠩ ᠪᠠᠯᠭᠠᠰᠤ ᠶᠢ ᠬᠤᠯᠪᠣᠭᠠᠯᠠᠵᠤ᠂ ᠲᠤᠰᠬᠠᠶ ᠰᠡᠳᠦᠪᠲᠦ ᠤᠬᠠᠭᠤᠯᠤᠨ | ᠲᠠᠶᠢᠯᠪᠤᠷᠢᠯᠠᠬᠤ ᠪᠠ ᠬᠠᠷᠢᠯᠴᠠᠨ ᠶᠠᠷᠢᠯᠴᠠᠬᠤ ᠬᠤᠷᠠᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠺᠠᠳ᠋ᠷ ᠣᠯᠠᠨ ᠲᠦᠮᠡᠨ ᠤ ᠰᠤᠷᠤᠯᠴᠠᠬᠤ ᠬᠠᠯᠠᠭᠤᠨ ᠰᠡᠳᠬᠢᠯᠭᠡ ᠶᠢ ᠬᠦᠭᠵᠢᠭᠡᠨ᠎ᠡ᠃ | ︽ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠤᠨ ᠲᠠᠶᠢᠯᠪᠤᠷᠢᠯᠠᠬᠤ ᠪᠦᠯᠬᠦᠮ︾ ᠢ ᠪᠠᠶᠢᠭᠤᠯᠬᠤ ᠶᠢᠨ ᠬᠠᠮᠲᠤ ︽ᠬᠤᠤᠰ ᠬᠡᠯᠡᠨ︾ ᠤ ᠪᠠᠶᠢᠴᠠᠭᠠᠬᠤ | ᠲᠤᠰᠢᠶᠠᠯᠲᠠᠨ ᠢ ᠰᠢᠩᠭᠡᠭᠡᠨ ᠠᠪᠴᠤ᠂ ᠬᠠᠤᠯᠢ ᠴᠠᠭᠠᠵᠠ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠣᠯᠠᠨ ᠬᠡᠯᠡ ᠪᠠᠷ ᠶᠠᠷᠢᠵᠤ᠂ ᠮᠠᠯᠵᠢᠬᠤ ᠲᠠᠷᠢᠶᠠᠯᠠᠬᠤ ᠣᠷᠣᠨ ᠤ | ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠬᠤᠰᠢᠭᠤᠨ ᠤ ᠨᠠᠮ ᠤᠨ ᠬᠤᠷᠢᠶᠠᠨ ᠤ ᠯᠧᠺᠲ᠋ᠣᠷ ᠤᠨ | ᠪᠦᠯᠬᠦᠮ ᠲᠦᠷᠦᠭᠦᠯᠡᠨ ᠡᠮᠡᠭᠲᠡᠶᠢᠴᠦᠳ ᠤᠨ ᠤᠬᠠᠭᠤᠯᠤᠨ ᠲᠠᠶᠢᠯᠪᠤᠷᠢᠯᠠᠬᠤ ᠠᠩᠭᠢ᠂ ︽ᠠᠵᠢᠯ ᠲᠥᠷᠥᠯ ᠤᠨ ᠨᠠᠷᠠᠲᠤ ᠤᠷᠤᠭᠤᠯ︾᠂ ᠰᠤᠷᠭᠠᠭᠤᠯᠢ ᠶᠢᠨ ᠬᠦᠷᠢᠶᠡᠨ ᠤ | ᠤᠬᠠᠭᠤᠯᠤᠨ ᠲᠠᠶᠢᠯᠪᠤᠷᠢᠯᠠᠬᠤ ᠠᠩᠭᠢ ᠵᠡᠷᠭᠡ 6 ᠡᠩᠨᠡᠭᠡ ︽ᠳᠣᠯᠤᠭ᠎ᠠ ᠶᠢ ᠣᠷᠣᠭᠤᠯᠬᠤ︾ ᠤᠬᠠᠭᠤᠯᠤᠨ ᠲᠠᠶᠢᠯᠪᠤᠷᠢᠯᠠᠯᠲᠠ ᠥᠷᠨᠢᠭᠦᠯᠪᠡ᠃ ︽ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ— ᠤᠯᠠᠭᠠᠨᠮᠥ᠋ᠴᠢᠷ ᠤᠨ ᠲᠦᠮᠡᠨ ᠲᠣᠰᠬᠤᠨ ᠤ ᠠᠶᠠᠯᠠᠯ︾ ᠤᠨ ᠠᠵᠢᠯᠯᠠᠭ᠎ᠠ ᠶᠢ ᠢᠳᠡᠪᠬᠢᠲᠡᠢ | ᠥᠷᠨᠢᠭᠦᠯᠵᠦ᠂ ︽ᠶᠡᠭᠡ ᠶᠣᠰᠣ︾ ᠶᠢ ︽ᠪᠠᠭ᠎ᠠ ᠶᠠᠪᠤᠳᠠᠯ︾ ᠪᠣᠯᠭᠠᠨ ᠵᠠᠳᠠᠯᠵᠤ᠂ ︽ᠲᠣᠭᠲᠠᠮᠠᠯ ᠬᠢᠴᠢᠶᠡᠯ ᠤᠨ ᠲᠠᠩᠬᠢᠮ︾ ᠠᠴᠠ ︽ᠰᠤᠷᠤᠯᠴᠠᠯᠭ᠎ᠠ ᠶᠢ ᠭᠡᠷ ᠲᠤ ᠨᠢ ᠬᠦᠷᠭᠡᠬᠦ︾ | ᠪᠣᠯᠭᠠᠨ ᠬᠤᠪᠢᠷᠠᠭᠤᠯᠵᠤ᠂ ︽ᠬᠠᠯᠠᠭᠤᠨ ᠠᠭᠤᠷ ᠡᠭᠦᠰᠬᠦ︾ ᠤᠨᠤᠯ ᠢ ︽ᠤᠯᠠᠨ ᠲᠦᠮᠡᠨ ᠲᠠᠢ ᠣᠶᠢᠷᠠᠲᠤᠭᠤᠯᠬᠤ︾ ᠦᠭᠡ ᠬᠡᠯᠡ ᠪᠣᠯᠭᠠᠨ ᠬᠤᠪᠢᠷᠠᠭᠤᠯᠵᠤ᠂ ᠦᠨᠳᠦᠰᠦᠨ | ᠱᠠᠲᠤᠨ ᠤ ᠤᠨᠤᠯ ᠤᠨ ᠤᠬᠠᠭᠤᠯᠭ᠎ᠠ ᠶᠢᠨ ︽ᠡᠴᠦᠰ ᠤᠨ ᠨᠢᠭᠡ ᠺᠢᠯᠤᠮᠧᠲᠷ︾ ᠢ ᠨᠡᠪᠲᠡᠷᠡᠭᠦᠯᠦᠨ᠎ᠡ᠃ | ᠦᠨᠳᠦᠰᠦ ᠨᠢ ᠪᠠᠲᠤ ᠪᠣᠯ ᠦᠷ᠎ᠡ ᠪᠦᠳᠦᠮᠵᠢᠲᠡᠢ ᠨᠢ ᠢᠭᠴᠤ ᠰᠠᠬᠤᠯᠢᠭ ︔ ᠡᠬᠢ ᠤᠷᠤᠰᠬᠠᠯ ᠨᠢ ᠭᠦᠨ ᠪᠣᠯ᠂ ᠭᠡᠷᠡᠯ ᠭᠢᠯᠪᠠᠭ᠎ᠠ ᠨᠢ ᠰᠠᠴᠤᠷᠤᠩᠭᠤᠢ ᠃ ᠴᠠᠬᠠᠷ ᠪᠠᠷᠠᠭᠤᠨ | ᠭᠠᠷᠤᠨ ᠬᠤᠶᠢᠲᠤ ᠬᠤᠰᠢᠭᠤ ᠭᠤᠤᠯ ᠱᠤᠭᠤᠮ ᠤᠨ ᠠᠵᠢᠯ ᠢ ᠠᠮᠢᠳᠤᠷᠠᠯ ᠳᠤ ᠠᠭᠤᠰᠤᠯᠴᠠᠭᠤᠯᠵᠤ᠂ ᠡᠳᠦᠷ ᠲᠣᠲᠤᠮ ᠤᠨ ᠠᠮᠢᠳᠤᠷᠠᠯ ᠳᠤ ᠠᠭᠤᠰᠤᠯᠴᠠᠭᠤᠯᠵᠤ᠂ ᠦᠭᠡ ᠲᠠᠭᠤᠨ | ᠥᠬᠡᠶ ᠨᠢᠭᠲᠠᠷᠠᠯ ᠤᠨ ᠬᠦᠴᠦᠨ᠂ ᠨᠥᠯᠥᠭᠡᠯᠡᠬᠦ ᠬᠦᠴᠦᠨ ᠢ ᠭᠦᠢᠴᠡᠳ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠦᠨᠳᠦᠰᠦᠲᠡᠨ ᠤ ᠪᠦᠯᠬᠦᠮᠳᠡᠯ | ᠳᠠᠪᠰᠢᠯᠲᠠ ᠬᠠᠵᠠᠭᠤ ᠳᠤ ᠪᠠᠶᠢᠬᠤ᠂ ᠡᠩ ᠤᠨ ᠴᠠᠭ ᠲᠤ ᠪᠠᠶᠢᠬᠤ᠂ ᠦᠢᠯᠡᠳᠦᠯᠭᠡ ᠳᠤ ᠪᠠᠶᠢᠬᠤ᠂ ᠨᠠᠶᠢᠲᠠᠪᠤᠷᠢᠵᠢᠭᠤᠯᠤᠯᠲᠠ ᠳᠤ ᠪᠠᠶᠢᠬᠤ ᠶᠢ ᠦᠨᠡᠨ ᠬᠦ ᠣᠶᠢᠯᠠᠭᠠᠭᠤᠯᠵᠤ᠂ | ᠦᠨᠡᠨ ᠪᠣᠳᠠᠲᠠᠶ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠲᠠᠢ ᠪᠣᠯᠭᠠᠨ᠎ᠠ᠃ | |