ᠪᠠᠶ᠋ᠬᠠᠤᠪᠤᠭ᠎ᠠ ᠠᠭᠤᠷᠬᠠᠶ ᠶᠢᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠵᠢᠯ ᠲᠥᠷᠥᠯ ᠤᠨ ᠲᠤᠰᠬᠠᠶ ᠮᠡᠷᠭᠡᠵᠢᠯᠲᠡᠨ ᠤᠷᠢᠵᠤ ᠥᠪᠥᠷ ᠮᠣᠩᠭᠤᠯ ᠤᠨ ᠬᠤᠩ ᠱᠧᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ︽ᠠᠮᠤᠷ ᠲᠦᠪᠰᠢᠨ ᠤ ᠦᠨᠡᠯᠡᠨ ᠵᠢᠱᠢᠬᠦ + ᠬᠠᠤᠯᠢ ᠬᠡᠷᠡᠭᠵᠢᠭᠦᠯᠬᠦ + ᠦᠢᠯᠡᠴᠢᠯᠡᠭᠡ︾ ᠶᠢᠨ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/10/14
    10 ᠳ᠋ᠤᠭᠠᠷ ᠰᠠᠷ᠎ᠠ ᠶᠢᠨ 12 ᠤᠨ ᠡᠳᠦᠷ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠯᠢᠦ ᠵᠢᠶ ᠭᠠᠩ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠳᠠᠷᠤᠭ᠎ᠠ ᠼᠦᠢ ᠸᠧᠶ ᠪᠦᠯᠬᠦᠮ ᠳᠠᠭᠠᠭᠤᠯᠤᠨ ᠠᠵᠢᠯ ᠲᠥᠷᠥᠯ ᠤᠨ ᠲᠤᠰᠬᠠᠶ ᠮᠡᠷᠭᠡᠵᠢᠯᠲᠡᠨ ᠢ ᠤᠷᠢᠵᠤ ᠥᠪᠥᠷ ᠮᠣᠩᠭᠤᠯ ᠤᠨ ᠬᠤᠩ ᠱᠧᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ︽ ᠠᠮᠤᠷ ᠲᠦᠪᠰᠢᠨ ᠤ ᠦᠨᠡᠯᠡᠨ ᠵᠢᠱᠢᠬᠦ + ᠬᠠᠤᠯᠢ ᠬᠡᠷᠡᠭᠵᠢᠭᠦᠯᠬᠦ + ᠦᠢᠯᠡᠴᠢᠯᠡᠭᠡ︾ ᠶᠢᠨ ᠠᠵᠢᠯ ᠥᠷᠨᠢᠭᠦᠯᠪᠡ᠃
白云鄂博矿区应急管理局聘请行业专家对内蒙古宏鉮科技发展有限责任公司开展“安全评估+执法+服务”工作11.png
    ᠲᠣᠰ ᠤᠳᠠᠭᠠᠨ ᠤ ︽ ᠠᠮᠤᠷ ᠲᠦᠪᠰᠢᠨ ᠤ ᠦᠨᠡᠯᠡᠨ ᠵᠢᠱᠢᠬᠦ + ᠬᠠᠤᠯᠢ ᠬᠡᠷᠡᠭᠵᠢᠭᠦᠯᠬᠦ + ᠦᠢᠯᠡᠴᠢᠯᠡᠭᠡ ︾ ᠶᠢ ᠶᠠᠷᠢᠯᠴᠠᠨ ᠰᠣᠯᠢᠯᠴᠠᠬᠤ᠂ ᠮᠠᠲ᠋ᠧᠷᠢᠶᠠᠯ ᠢ ᠪᠠᠶᠢᠴᠠᠭᠠᠨ ᠦᠵᠡᠬᠦ ᠪᠠ ᠦᠢᠯᠡᠳᠪᠦᠷᠢᠯᠡᠯ ᠤᠨ ᠲᠤᠬᠠᠶ ᠶᠢᠨ ᠲᠠᠯᠠᠪᠤᠷ ᠤᠨ ᠪᠠᠶᠢᠴᠠᠭᠠᠯᠲᠠ ᠶᠢ ᠤᠶᠠᠯᠳᠤᠭᠤᠯᠬᠤ ᠠᠷᠭ᠎ᠠ ᠮᠠᠶ᠋ᠢᠭ ᠠᠪᠴᠤ᠂ ᠠᠵᠤ ᠠᠬᠤᠶᠢᠯᠠᠯ ᠤᠨ ᠬᠠᠮᠢᠶ᠎ᠠ ᠪᠥᠬᠦᠶ ᠭᠡᠷᠡᠴᠢ ᠦᠨᠡᠮᠯᠡᠯ ᠵᠢᠴᠢ ᠠᠮᠤᠷ ᠲᠦᠪᠰᠢᠨ ᠤ ᠪᠡᠯᠡᠳᠬᠡᠮᠵᠢ ᠶᠢᠨ ︽ᠭᠤᠷᠪᠠ ᠶᠢ ᠬᠠᠮᠲᠤ ᠳᠤᠨᠢ ᠬᠢᠬᠦ︾ ᠪᠠᠶᠢᠳᠠᠯ᠂ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠭᠰᠡᠨ ᠪᠠᠶᠢᠳᠠᠯ᠂ ᠠᠶᠣᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠪᠠ ᠮᠡᠷᠭᠡᠵᠢᠯ ᠤᠨ ᠬᠠᠮᠢᠶᠠᠷᠤᠯᠲᠠ ᠶᠢᠨ ᠪᠠᠶᠢᠳᠠᠯ᠂ ᠠᠶᠣᠯ ᠦᠭᠡᠢ ᠦᠢᠯᠡᠳᠪᠦᠷᠢᠯᠡᠯ ᠤᠨ ᠲᠦᠷᠢᠮ ᠲᠣᠭᠲᠠᠭᠠᠯ ᠤᠨ ᠪᠠᠶᠢᠳᠠᠯ᠂ ᠠᠶᠣᠯ ᠦᠭᠡᠢ ᠦᠢᠯᠡᠳᠪᠦᠷᠢᠯᠡᠯ ᠤᠨ ᠬᠦᠮᠦᠵᠢᠯ ᠪᠣᠯᠪᠠᠰᠤᠷᠠᠯ ᠤᠨ ᠪᠠᠶᠢᠳᠠᠯ᠂ ᠠᠶᠣᠯ ᠦᠭᠡᠢ ᠦᠢᠯᠡᠳᠪᠦᠷᠢᠯᠡᠯ ᠤᠨ ᠵᠠᠷᠤᠳᠠᠯ ᠢ ᠭᠠᠷᠭᠠᠨ ᠠᠪᠤᠭᠰᠠᠨ ᠪᠠ ᠬᠡᠷᠡᠭᠯᠡᠭᠰᠡᠨ ᠪᠠᠶᠢᠳᠠᠯ᠂ ᠠᠶᠣᠯ ᠦᠭᠡᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠵᠢᠴᠢ ᠳᠠᠪᠬᠤᠷ ᠤᠷᠢᠳᠴᠢᠯᠠᠨ ᠰᠡᠷᠭᠡᠶᠢᠯᠡᠬᠦ ᠲᠣᠭᠲᠠᠴᠠ ᠶᠢᠨ ᠪᠠᠶᠢᠳᠠᠯ᠂ ᠠᠳᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠭᠰᠠᠨ ᠪᠠᠶᠢᠳᠠᠯ᠂ ᠭᠠᠳᠠᠭᠰᠢ ᠳᠠᠭᠠᠭᠠᠴᠢᠯᠠᠭᠤᠯᠤᠭᠰᠠᠨ ᠢᠨᠵᠧᠨ᠋ᠷᠷᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠪᠠᠶᠢᠳᠠᠯ᠂ ᠦᠢᠯᠡᠳᠪᠦᠷᠢᠯᠡᠯ ᠤᠨ ᠠᠶᠣᠯ ᠦᠭᠡᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠬᠠᠮᠢᠶᠠᠷᠤᠯᠲᠠ ᠶᠢᠨ ᠪᠠᠶᠢᠳᠠᠯ ᠵᠡᠷᠭᠡ ᠶᠢ ᠭᠤᠤᠯᠳᠠᠯᠭ᠎ᠠ ᠲᠠᠢ ᠪᠠᠶᠢᠴᠠᠭᠠᠨ ᠦᠵᠡᠪᠡ᠃
白云鄂博矿区应急管理局聘请行业专家对内蒙古宏鉮科技发展有限责任公司开展“安全评估+执法+服务”工作22.png
    ᠦᠨᠡᠯᠡᠨ ᠵᠢᠱᠢᠬᠦ ᠶᠠᠪᠤᠴᠠ ᠳᠤ᠂ ᠠᠵᠢᠯᠲᠠᠳ ᠠᠵᠤ ᠠᠬᠤᠶᠢᠯᠠᠯ ᠢ ᠣᠳᠣᠬᠠᠨ ᠳᠤ ᠲᠤᠯᠭᠠᠷᠠᠵᠤ ᠪᠠᠶᠢᠭ᠎ᠠ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠠᠮᠤᠷ ᠲᠦᠪᠰᠢᠨ ᠤ ᠪᠠᠶᠢᠳᠠᠯ ᠢ ᠰᠡᠷᠭᠡᠭ ᠢᠶᠠᠷ ᠲᠠᠨᠢᠵᠤ᠂ ᠠᠮᠤᠷ ᠲᠦᠪᠰᠢᠨ ᠤ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤᠳᠬᠠᠵᠤ᠂ ᠠᠶᠤᠯ ᠦᠭᠡᠢ ᠦᠢᠯᠡᠳᠪᠦᠷᠢᠯᠡᠯ ᠤᠨ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠶᠣᠯ ᠦᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠳᠦᠷ ᠳᠤᠳᠤᠮ ᠤᠨ ᠭᠡᠮ ᠰᠣᠭᠤᠭ ᠢ ᠵᠢᠭᠰᠠᠭᠠᠨ ᠪᠠᠶᠢᠴᠠᠭᠠᠬᠤ᠂ ᠬᠥᠮᠦᠵᠢᠯ ᠪᠣᠯᠪᠠᠰᠤᠷᠠᠯ ᠵᠡᠷᠭᠡ ᠰᠠᠭᠤᠷᠢ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ ᠪᠠᠶᠢᠴᠠᠭᠠᠵᠤ ᠦᠨᠡᠯᠡᠨ ᠵᠢᠱᠢᠭᠰᠡᠨ ᠦᠷ᠎ᠡ ᠳ᠋ᠦᠩ ᠪᠣᠯᠤᠨ ᠦᠨᠡᠯᠡᠨ ᠵᠢᠱᠢᠬᠦ ᠪᠠᠷᠢᠮᠵᠢᠶ᠎ᠠ ᠲᠠᠢ ᠬᠠᠷᠭᠤᠭᠤᠯᠵᠤ᠂ ᠪᠠᠭᠤᠷᠠᠢ ᠭᠤᠭᠴᠤᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠢ ᠴᠢᠨᠠᠭᠰᠢᠳᠠ ᠴᠢᠩᠭᠠᠳᠬᠠᠵᠤ᠂ ᠬᠠᠮᠢᠶᠠᠷᠤᠯᠲᠠ ᠶᠢᠨ ᠳᠤᠲᠠᠭᠤᠳᠠᠯ ᠢ ᠨᠥᠬᠦᠪᠥᠷᠢᠯᠡᠵᠦ᠂ ᠠᠶᠣᠯ ᠦᠭᠡᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠦᠨᠡᠨ ᠬᠦ ᠪᠣᠳᠠᠲᠠᠢ ᠰᠠᠶᠢᠲᠤᠷ ᠠᠳᠬᠤᠵᠤ᠂ ᠠᠮᠤᠷ ᠲᠦᠪᠰᠢᠨ ᠤ ᠬᠠᠮᠢᠶᠠᠷᠤᠨ ᠡᠵᠡᠮᠳᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠠᠬᠢᠭᠤᠯᠬᠤ ᠬᠡᠷᠡᠭᠲᠡᠢ ᠭᠡᠵᠦ ᠰᠢᠮᠳᠠᠭᠤᠯᠪᠠ᠃ ᠡᠭᠦᠨ ᠤ ᠬᠠᠮᠲᠤ ᠠᠵᠤ ᠠᠬᠤᠶᠢᠯᠠᠯ ᠳᠤ ᠪᠠᠰᠠ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ 2024 ᠣᠨ ᠤ 9 ᠳ᠋ᠦ᠋ᠭᠡᠷ ᠰᠠᠷ᠎ᠠ ᠶᠢᠨ 23 ᠤ ᠡᠳᠦᠷ ᠳᠠᠷᠤᠮᠠᠯᠯᠠᠨ ᠲᠠᠷᠬᠠᠭᠠᠭᠰᠠᠨ ︽ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠤᠨ ᠰᠠᠨᠠᠭᠤᠯᠤᠮᠵᠢ︾ ᠶᠢᠨ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ᠂ ᠵᠦᠢᠯ ᠳᠠᠷᠠᠭᠠᠯᠠᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠱᠠᠭᠠᠷᠳᠠᠯᠭ᠎ᠠ᠂ ᠨᠠᠷᠢᠨ ᠨᠠᠶᠢᠳᠠᠪᠤᠷᠢᠵᠢᠭᠤᠯᠬᠤ ᠪᠠᠷ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠠᠲᠤᠯᠠᠵᠤ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ ᠪᠥᠬᠦ ᠬᠦᠴᠦᠨ ᠢᠶᠠᠷ ᠢᠶᠠᠨ ᠰᠡᠷᠭᠡᠶᠢᠯᠡᠨ ᠬᠤᠷᠢᠭᠯᠠᠬᠤ ᠬᠡᠷᠡᠭᠲᠡᠶ ᠭᠡᠵᠦ ᠰᠠᠨᠠᠭᠤᠯᠪᠠ᠃ 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ