10 ᠳ᠋ᠤᠭᠠᠷ ᠰᠠᠷ᠎ᠠ ᠶᠢᠨ 21 ᠤ ᠡᠳᠦᠷ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ | ᠬᠤᠷᠢᠶ᠎ᠠ ᠶᠢᠨ ᠭᠡᠰᠢᠭᠦᠨ᠂ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠳᠠᠷᠤᠭ᠎ᠠ ᠼᠦᠢ ᠸᠧᠶ ᠪᠦᠯᠬᠦᠮ ᠳᠠᠭᠠᠭᠤᠯᠤᠨ ᠪᠦᠦ ᠱᠠᠨ ᠠᠭᠤᠷᠬᠠᠶ ᠶᠢᠨ ᠦᠢᠯᠡᠰ᠂ ᠸᠧ ᠡᠯ ᠲᠧ | ᠠᠭᠤᠷᠬᠠᠶ ᠶᠢᠨ ᠦᠢᠯᠡᠰ᠂ ᠪᠤᠭᠤᠲᠤ ᠪᠤᠯᠤᠳ ᠤᠨ ᠶᠢᠨ ᠱᠢ ᠺᠣᠮᠫᠠᠨᠢ ᠳᠤ ᠬᠦᠷᠴᠦ 2024 ᠣᠨ ᠤ ᠳᠣᠤᠷ᠎ᠠ ᠬᠠᠭᠠᠰ ᠵᠢᠯ ᠤᠨ ᠲᠣᠮᠣ ᠬᠡᠯᠪᠡᠷᠢ ᠶᠢᠨ ᠪᠠᠶᠢᠴᠠᠭᠠᠨ ᠰᠡᠯᠪᠢᠨ | ᠵᠠᠰᠠᠬᠤ ᠠᠵᠢᠯ ᠤᠨ ᠲᠤᠬᠠᠶ ᠶᠢᠨ ᠲᠠᠯᠠᠪᠠᠶ ᠤᠨ ᠠᠩᠬᠠᠳᠤᠭᠠᠷ ᠤᠳᠠᠭᠠᠨ ᠤ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠪᠡ᠃ | | | | | | ᠬᠠᠤᠯᠢ ᠬᠡᠷᠡᠭᠵᠢᠭᠦᠯᠬᠦ ᠠᠵᠢᠯᠲᠠᠨ ᠡᠯ᠎ᠡ ᠠᠵᠤ ᠠᠬᠤᠶᠢᠯᠠᠯ ᠢ ᠲᠣᠮᠣ ᠬᠡᠯᠪᠡᠷᠢ ᠶᠢᠨ ᠪᠠᠶᠢᠴᠠᠭᠠᠨ ᠰᠡᠯᠪᠢᠨ ᠵᠠᠰᠠᠬᠤ ᠠᠵᠢᠯᠯᠠᠭ᠎ᠠ ᠥᠷᠨᠢᠭᠦᠯᠬᠦ ᠶᠠᠪᠤᠴᠠ ᠳᠤ᠂ ︽ᠪᠤᠭᠤᠲᠤ | ᠬᠤᠲᠠ ᠶᠢᠨ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠤᠨ ︿ᠭᠠᠳᠠᠭᠰᠢ ᠳᠠᠭᠠᠭᠠᠴᠢᠯᠠᠭᠤᠯᠬᠤ ᠲᠥᠷᠥᠯ ᠵᠦᠢᠯ ᠪᠠ ᠬᠡᠪ ᠤᠨ ᠪᠤᠰᠤ ᠦᠢᠯᠡᠳᠪᠦᠷᠢᠯᠡᠯ ᠤᠨ | ᠠᠵᠢᠯᠯᠠᠭᠠᠨ ᠤ ᠵᠠᠩᠭᠢᠯᠠᠭ᠎ᠠ ᠶᠢᠨ ᠠᠶᠤᠯ ᠦᠭᠡᠢ ᠶᠢᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ﹀ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠪᠤᠭᠤᠲᠤ ᠠᠶᠤᠯ ᠦᠭᠡᠢ | ᠵᠥᠪᠯᠡᠯ ᠠᠯᠪᠠᠨ ᠲᠠᠷᠬᠠᠭᠠᠭᠰᠠᠨ ﹇2024﹈ 1 ᠳ᠋ᠦ᠋ᠭᠡᠷ ᠲᠣᠭᠠᠲᠤ︶᠂ ︽︿ᠭᠠᠳᠠᠭᠰᠢ ᠳᠠᠭᠠᠭᠠᠴᠢᠯᠠᠭᠤᠯᠬᠤ ᠲᠥᠷᠥᠯ ᠵᠦᠢᠯ ᠪᠠ ᠬᠡᠪ ᠤᠨ ᠪᠤᠰᠤ ᠦᠢᠯᠡᠳᠪᠦᠷᠢᠯᠡᠯ ᠤᠨ | ᠠᠵᠢᠯᠯᠠᠭᠠᠨ ᠤ ᠵᠠᠩᠭᠢᠯᠠᠭ᠎ᠠ ᠶᠢᠨ ᠠᠶᠤᠯ ᠦᠭᠡᠢ ᠶᠢᠨ ᠬᠠᠮᠢᠶᠠᠷᠤᠯᠲᠠ ᠶᠢᠨ ᠨᠠᠷᠢᠨ ᠲᠦᠷᠢᠮ﹀ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠪᠤᠭᠤᠲᠤ ᠠᠶᠤᠯ ᠦᠭᠡᠢ | ᠵᠥᠪᠯᠡᠯ ᠠᠯᠪᠠᠨ ᠲᠠᠷᠬᠠᠭᠠᠭᠰᠠᠨ ﹇2024﹈ 6 ᠳ᠋ᠤᠭᠠᠷ ᠲᠣᠭᠠᠲᠤ︶᠂ ︽︿ᠪᠤᠭᠤᠲᠤ ᠬᠤᠲᠠ ᠶᠢᠨ ᠣᠨᠴᠠᠭᠠᠶ ᠠᠵᠢᠯ ᠤᠨ ᠠᠳᠡᠯ ᠢ ᠰᠡᠷᠭᠡᠶᠢᠯᠡᠬᠦ ᠠᠷᠭ᠎ᠠ ᠬᠡᠮᠵᠢᠶ᠎ᠡ﹀ ᠶᠢ | ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠪᠤᠭᠤᠲᠤ ᠠᠶᠤᠯ ᠦᠭᠡᠢ ᠵᠥᠪᠯᠡᠯ ᠠᠯᠪᠠᠨ ᠵᠠᠬᠢᠳᠠᠯ ﹇2024﹈ 139 ᠳ᠋ᠦ᠋ᠭᠡᠷ ᠲᠣᠭᠠᠲᠤ︶ ᠵᠡᠷᠭᠡ ᠭᠤᠷᠪᠠᠨ ᠪᠢᠴᠢᠭ | ᠮᠠᠲ᠋ᠧᠷᠢᠶᠠᠯ ᠢ ᠴᠢᠩᠭ᠎ᠠ ᠵᠢᠷᠤᠮᠯᠠᠨ ᠨᠢᠭᠡᠳ ᠨᠢᠭᠡ ᠪᠠᠷ ᠨᠠᠶᠢᠳᠠᠪᠤᠷᠢᠵᠢᠭᠤᠯᠬᠤ ᠬᠡᠷᠡᠭᠲᠡᠶ᠃ ᠭᠠᠳᠠᠭᠰᠢ ᠳᠠᠭᠠᠭᠠᠴᠢᠯᠠᠭᠤᠯᠬᠤ ᠲᠥᠷᠥᠯ ᠵᠦᠢᠯ ᠪᠣᠯᠤᠨ ᠪᠠᠶᠢᠴᠠᠭᠠᠨ ᠵᠠᠰᠠᠬᠤ | ᠠᠵᠢᠯ ᠤᠨ ᠠᠶᠤᠯ ᠦᠭᠡᠶ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠭᠠᠳᠠᠭᠰᠢ ᠳᠠᠭᠠᠭᠠᠴᠢᠯᠠᠭᠤᠯᠤᠭᠰᠠᠨ ᠢᠨᠵᠧᠨᠧᠷᠢᠩ ᠤᠨ ᠬᠠᠮᠢᠶ᠎ᠠ ᠪᠦᠬᠦᠢ ᠲᠠᠯ᠎ᠠ ᠶᠢ ᠲᠤᠰ | ᠨᠢᠭᠡᠴᠢ ᠶᠢᠨ ᠢᠶᠠᠨ ᠠᠶᠤᠯ ᠦᠭᠡᠶ ᠶᠢᠨ ᠬᠠᠮᠢᠶᠠᠷᠤᠯᠲᠠ ᠶᠢᠨ ᠲᠣᠭᠲᠠᠯᠴᠠᠭ᠎ᠠ ᠳᠤ ᠦᠨᠡᠨ ᠬᠦ ᠣᠷᠣᠭᠤᠯᠵᠤ᠂ ᠨᠢᠭᠡᠳᠦᠯᠲᠡᠶ ᠬᠠᠮᠢᠶᠠᠷᠬᠤ᠂ ᠨᠢᠭᠡᠳᠦᠯᠲᠡᠶ ᠪᠠᠶᠢᠴᠠᠭᠠᠬᠤ᠂ ᠨᠢᠭᠡᠳᠦᠯᠲᠡᠶ | ᠬᠢᠨᠠᠨ ᠰᠢᠯᠭᠠᠬᠤ᠂ ᠨᠢᠭᠡᠳᠦᠯᠲᠡᠶ ᠪᠣᠯᠪᠠᠰᠤᠷᠠᠯ ᠬᠢᠵᠦ᠂ ᠪᠠᠶᠢᠴᠠᠭᠠᠨ ᠰᠡᠯᠪᠢᠨ ᠵᠠᠰᠠᠬᠤ ᠠᠵᠢᠯ ᠤᠨ ᠠᠶᠤᠯ ᠦᠭᠡᠶ ᠶᠢ ᠴᠢᠩᠭᠠᠳᠬᠠᠬᠤ ᠬᠡᠷᠡᠭᠲᠡᠶ ᠭᠡᠵᠦ ᠱᠠᠭᠠᠷᠳᠠᠪᠠ᠃ | | | | | | |