ᠠᠯᠲᠠᠨ ᠨᠠᠮᠤᠷ ᠤᠨ ᠠᠷᠪᠠᠨ ᠰᠠᠷ᠎ᠠ ᠳᠤ᠂ ᠠᠭᠠᠷ ᠤᠨ ᠳᠤᠯᠠᠭᠠᠨ ᠠᠭᠠᠵᠢᠮ ᠢᠶᠠᠷ ᠳᠣᠷᠣᠭᠰᠢᠯᠠᠭᠰᠠᠨ ᠪᠣᠯᠪᠠᠴᠤ ᠳ᠋ᠦᠩ ᠾᠧ ᠲᠣᠭᠤᠷᠢᠭ ᠤᠨ ᠮᠦᠸᠧ ᠡᠯ ᠴᠧᠩ ᠬᠦᠷ | ᠬᠥᠭᠵᠢᠶᠡᠨ ᠢᠶᠠᠷ ᠪᠢᠯᠬᠠᠨ᠎ᠠ᠂ ︽ᠴᠠᠯᠢᠩ ᠬᠥᠯᠥᠰᠥ ᠬᠡᠳᠦᠢ ᠪᠤᠢ︖ ᠠᠵᠢᠯᠯᠠᠵᠤ ᠪᠠᠶᠢᠬᠤ ᠭᠠᠵᠠᠷ ᠬᠠᠮᠢᠭ᠎ᠠ ᠪᠠᠶᠢᠨ᠎ᠠ︖ ᠪᠠᠶ᠋ᠬᠠᠣᠪᠤᠭ᠎ᠠ ᠳᠤ ᠶᠠᠮᠠᠷ ᠴᠢᠳᠠᠪᠤᠷᠢᠲᠠᠨ ᠤ | ᠲᠥᠷᠥ ᠶᠢᠨ ᠪᠣᠳᠣᠯᠭ᠎ᠠ ᠲᠠᠢ ᠪᠤᠢ︖︾ ᠵᠡᠷᠭᠡ ᠠᠰᠠᠭᠤᠨ ᠯᠠᠪᠯᠠᠬᠤ ᠳᠠᠭᠤᠨ ᠲᠠᠰᠤᠷᠠᠯᠲᠠ ᠦᠭᠡᠢ ᠰᠣᠨᠣᠰᠳᠠᠵᠤ᠂ ᠨᠢᠭᠡ ᠪᠦᠯᠦᠭ ᠠᠵᠢᠯ ᠡᠷᠢᠭᠰᠡᠳ ᠪᠠᠭ᠋ᠠᠷᠬᠤᠨ | ᠬᠦᠭᠡᠭᠡᠴᠡᠯᠳᠦᠨ ᠢᠷᠡᠵᠦ᠂ ᠰᠡᠳᠬᠢᠯ ᠰᠠᠨᠠᠭᠠᠨ ᠳᠤ ᠪᠠᠨ ᠲᠣᠬᠢᠷᠠᠭᠰᠠᠨ ᠠᠵᠢᠯ ᠡᠷᠢᠨ᠎ᠡ᠃ | | | | | | 10 ᠳ᠋ᠤᠭᠠᠷ ᠰᠠᠷ᠎ᠠ ᠶᠢᠨ 26 ᠤ ᠡᠳᠦᠷ ᠤᠨ ᠦᠳᠡ ᠶᠢᠨ ᠬᠤᠶᠢᠨ᠎ᠠ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠬᠥᠳᠡᠯᠮᠦᠷᠢ ᠠᠵᠢᠯ ᠣᠯᠭᠤᠯᠲᠠ ᠶᠢᠨ | ᠦᠢᠯᠡᠴᠢᠯᠡᠭᠡᠨ ᠤ ᠲᠥᠪ ᠳ᠋ᠦᠩ ᠾᠧ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠲᠠᠢ ᠬᠠᠮᠲᠤᠷᠠᠨ ᠪᠤᠭᠤᠲᠤ ᠶᠢᠨ ᠮᠦᠸᠧ ᠡᠯ ᠴᠧᠩ ᠳᠤ ᠠᠯᠳᠠᠨ | ᠨᠠᠮᠤᠷ ᠤᠨ ᠠᠵᠢᠯ ᠤᠨ ᠪᠠᠶᠢᠷᠢ ᠬᠦᠷᠭᠡᠵᠦ ᠠᠵᠢᠯ ᠣᠯᠭᠤᠯᠲᠠ ᠶᠢ ᠠᠬᠢᠭᠤᠯᠬᠤ · ᠣᠨᠤᠪᠴᠢᠲᠠᠢ ᠦᠢᠯᠡᠴᠢᠯᠡᠵᠦ ᠬᠥᠭᠵᠢᠯᠲᠡ ᠶᠢ ᠠᠬᠢᠭᠤᠯᠬᠤ — ᠪᠤᠭᠤᠲᠤ ᠬᠤᠳᠠ ᠶᠢᠨ | 2024 ᠣᠨ ᠤ ᠠᠯᠳᠠᠨ ᠨᠠᠮᠤᠷ ᠤᠨ ᠠᠵᠢᠯᠲᠠᠨ ᠡᠯᠰᠡᠬᠦ ᠰᠠᠷ᠎ᠠ ︵ᠳ᠋ᠦᠩ ᠾᠧ ᠲᠣᠭᠤᠷᠢᠭ ᠤᠨ ᠲᠤᠰᠬᠠᠢ ᠲᠠᠯᠠᠪᠤᠷ︶ ᠶᠢᠨ ᠠᠵᠢᠯᠲᠠᠨ ᠡᠯᠰᠡᠬᠦ ᠬᠤᠷᠠᠯ ᠢ ᠡᠷᠬᠢᠯᠡᠪᠡ᠃ | | | | | | ᠠᠵᠢᠯᠯᠠᠭ᠎ᠠ ᠨᠢ ᠺᠡᠸ᠋ ᠺᠡᠸ᠋ ︵ᠪᠤᠭᠤᠲᠤ︶ ᠬᠤᠪᠣᠷ ᠰᠢᠷᠣᠶ ᠶᠢᠨ ᠲᠣᠭᠲᠠᠮᠠᠯ ᠰᠣᠷᠢᠨᠵᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ | ᠮᠣᠩᠭᠤᠯ ᠤᠨ ᠮᠧᠩ ᠺᠠᠯᠢ ᠶᠢᠨ ᠡᠷᠦᠳᠡᠰᠦ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠢᠨ ᠼᠢ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠰᠢᠩ ᠪᠥᠸᠧ ᠬᠤᠪᠣᠷ ᠰᠢᠷᠣᠶ ᠶᠢᠨ ᠰᠢᠨ᠎ᠡ | ᠮᠠᠲ᠋ᠧᠷᠢᠶᠠᠯ ︵ᠪᠤᠭᠤᠲᠤ︶ ᠤᠨ ᠬᠢᠵᠠᠭᠠᠷᠲᠤ ᠺᠣᠮᠫᠠᠨᠢ ᠵᠡᠷᠭᠡ 8 ᠪᠠᠶ᠋ᠬᠠᠣᠪᠤᠭ᠎ᠠ ᠶᠢᠨ ᠠᠵᠤ ᠠᠬᠤᠶᠢᠯᠠᠯ ᠢ ᠲᠠᠲᠠᠵᠤ ᠣᠷᠣᠯᠴᠠᠭᠤᠯᠪᠠ᠃ ᠠᠵᠢᠯᠯᠠᠭ᠎ᠠ ᠶᠢᠨ ᠲᠤᠬᠠᠶ ᠶᠢᠨ | ᠲᠠᠯᠠᠪᠤᠷ ᠲᠤ᠂ ᠠᠵᠢᠯᠲᠠᠨ ᠡᠯᠰᠡᠬᠦ ᠵᠠᠷᠯᠠᠯ ᠠᠴᠠ ᠠᠵᠢᠯ ᠡᠷᠢᠭᠰᠡᠳ ᠤᠨ ᠭᠦᠶᠦᠯᠭᠡᠨ ᠦᠵᠡᠬᠦ ᠠᠵᠢᠯ ᠤᠨ ᠪᠠᠶᠢᠷᠢ ᠶᠢᠨ ᠱᠠᠭᠠᠷᠳᠠᠯᠭ᠎ᠠ᠂ ᠴᠠᠯᠢᠩ ᠬᠥᠯᠥᠰᠥ ᠣᠯᠭᠤᠮᠵᠢ ᠵᠡᠷᠭᠡ | ᠵᠠᠩᠭᠢᠯᠠᠭ᠎ᠠ ᠶᠢᠨ ᠮᠡᠳᠡᠭᠡ ᠵᠠᠩᠭᠢ ᠶᠢ ᠳᠡᠯᠭᠡᠨ ᠲᠠᠯᠪᠢᠭᠰᠠᠨ ᠪᠥᠭᠡᠳ ᠵᠠᠷᠯᠠᠯ ᠠᠴᠠ ᠡᠮᠦᠨ᠎ᠡ 1 ᠠᠵᠢᠯᠲᠠᠨ ᠲᠣᠬᠢᠷᠠᠭᠤᠯᠵᠤ ᠮᠠᠳᠠᠭ ᠲᠠᠢ ᠠᠰᠠᠭᠤᠳᠠᠯ ᠢ ᠬᠠᠷᠢᠭᠤᠯᠬᠤ ᠶᠢ | ᠬᠠᠷᠢᠭᠤᠴᠠᠭᠤᠯᠪᠠ᠃ ᠡᠭᠦᠨ ᠤ ᠬᠠᠮᠲᠤ᠂ ᠲᠣᠭᠤᠷᠢᠭ ᠤᠨ ᠬᠥᠳᠡᠯᠮᠦᠷᠢ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠠᠴᠠ ᠵᠥᠪᠯᠡᠯᠭᠡ ᠥᠭᠬᠦ ᠦᠢᠯᠡᠴᠢᠯᠡᠭᠡᠨ ᠤ ᠲᠠᠪᠴᠠᠩ | ᠭᠠᠷᠭᠠᠵᠤ᠂ ᠴᠢᠳᠠᠪᠤᠷᠢᠲᠠᠨ ᠢ ᠪᠠᠶ᠋ᠬᠠᠣᠪᠤᠭ᠎ᠠ ᠳᠤ ᠣᠷᠣᠭᠤᠯᠤᠨ ᠠᠪᠴᠢᠷᠠᠵᠤ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢᠨ ᠭᠠᠷ ᠳᠡᠪᠲᠡᠷ ᠢ | ᠲᠠᠯᠪᠢᠵᠤ᠂ ᠠᠵᠢᠯ ᠡᠷᠢᠭᠰᠡᠳ ᠢ ᠴᠠᠭ ᠲᠤᠬᠠᠶ ᠳᠤᠨᠢ ᠤᠷᠪᠠᠭᠤᠯᠤᠨ ᠦᠵᠡᠬᠦ ᠶᠢᠨ ᠬᠠᠮᠲᠤ ᠠᠵᠢᠯ ᠡᠷᠢᠭᠰᠡᠳ ᠲᠤ ᠠᠵᠢᠯ ᠣᠯᠭᠤᠬᠤ ᠲᠥᠷᠥ ᠶᠢᠨ ᠪᠣᠳᠣᠯᠭ᠎ᠠ ᠶᠢᠨ ᠯᠠᠪᠯᠠᠭ᠎ᠠ᠂ | ᠠᠵᠢᠯ ᠮᠡᠷᠭᠡᠵᠢᠯ ᠤᠨ ᠵᠢᠯᠣᠭᠤᠳᠣᠯᠭ᠎ᠠ᠂ ᠲᠣᠪᠴᠢ ᠨᠠᠮᠲᠠᠷ ᠪᠢᠴᠢᠬᠦ ᠵᠢᠯᠣᠭᠤᠳᠣᠯᠭ᠎ᠠ ᠵᠡᠷᠭᠡ ᠦᠢᠯᠡᠴᠢᠯᠡᠭᠡ ᠬᠠᠩᠭᠠᠪᠠ᠃ ᠲᠣᠰ ᠤᠳᠠᠭᠠᠨ ᠤ ᠠᠵᠢᠯᠲᠠᠨ ᠡᠯᠰᠡᠬᠦ ᠬᠤᠷᠠᠯ ᠳᠤ | ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠠᠵᠤ ᠠᠬᠤᠶᠢᠯᠠᠯ ᠨᠡᠶᠢᠲᠡ 73 ᠰᠢᠯᠢᠳᠡᠭ ᠠᠵᠢᠯ ᠤᠨ ᠪᠠᠶᠢᠷᠢ ᠬᠠᠩᠭᠠᠵᠤ᠂ ᠡᠩ ᠤᠨ ᠠᠵᠤ ᠦᠢᠯᠡᠳᠪᠦᠷᠢ᠂ ᠮᠠᠰᠢᠨ ᠰᠡᠯᠪᠢᠨ | ᠵᠠᠰᠠᠬᠤ ᠠᠵᠢᠯᠴᠢᠨ᠂ ᠬᠥᠭᠡᠷᠭᠡ ᠶᠢᠨ ᠠᠵᠢᠯᠴᠢᠨ᠂ ᠲᠠᠷᠢᠶᠠᠯᠠᠩ ᠤᠨ ᠮᠡᠷᠭᠡᠵᠢᠯ ᠤᠨ ᠦᠢᠯᠡᠴᠢᠯᠡᠭᠡᠨ ᠤ ᠠᠵᠢᠯᠲᠠᠨ ᠵᠡᠷᠭᠡ 21 ᠠᠵᠢᠯ ᠲᠥᠷᠥᠯ ᠢ ᠬᠠᠮᠤᠷᠴᠤ᠂ ᠲᠤᠬᠠᠶ ᠶᠢᠨ | ᠲᠠᠯᠠᠪᠠᠶ ᠳᠤ ᠠᠵᠢᠯ ᠣᠯᠭᠤᠬᠤ ᠰᠠᠨᠠᠮᠵᠢ ᠲᠠᠢ 35 ᠬᠦᠮᠦᠨ ᠪᠠᠶᠢᠵᠤ᠂ ᠠᠵᠢᠯ ᠣᠯᠵᠤ ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢᠨ ᠭᠠᠷ ᠳᠡᠪᠲᠡᠷ ᠢ 200 | ᠭᠠᠷᠤᠶ ᠬᠤᠪᠢ ᠲᠠᠷᠬᠠᠭᠠᠪᠠ᠃ | | | | | | ᠲᠠᠷᠠᠭᠠᠴᠢ ᠶᠢᠨ ᠠᠯᠬᠤᠮ ᠳᠤ᠂ ᠲᠣᠭᠤᠷᠢᠭ ᠤᠨ ᠬᠥᠳᠡᠯᠮᠦᠷᠢ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠦᠷᠭᠦᠯᠵᠢᠯᠡᠨ ᠠᠵᠢᠯ ᠤᠨ ᠠᠷᠭ᠎ᠠ ᠶᠢᠨ ᠰᠢᠨ᠎ᠡ ᠶᠢ | ᠡᠭᠦᠳᠴᠦ᠂ ᠦᠢᠯᠡᠴᠢᠯᠡᠭᠡᠨ ᠤ ᠵᠠᠭᠪᠤᠷ ᠢᠶᠠᠨ ᠰᠢᠯᠢᠳᠡᠭᠵᠢᠭᠦᠯᠦᠨ᠂ ︽ᠪᠠᠭ᠎ᠠ ᠬᠡᠪᠴᠢᠶ᠎ᠡ᠂ ᠥᠨᠳᠥᠷ ᠳᠠᠪᠲᠠᠮᠵᠢ᠂ ᠪᠠᠶᠢᠩᠭᠤᠵᠢᠭᠤᠯᠬᠤ︾ ᠵᠠᠷᠴᠢᠮ ᠶᠣᠰᠣᠭᠠᠷ᠂ ︽ᠳᠡᠭᠡᠳᠦ | ᠰᠤᠷᠭᠠᠭᠤᠯᠢ ᠳᠤ ᠣᠷᠣᠭᠤᠯᠬᠤ᠂ ᠬᠤᠳᠠᠯᠳᠤᠭᠠᠨ ᠤ ᠲᠣᠭᠤᠷᠢᠭ ᠲᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ︾ ᠵᠡᠷᠭᠡ ᠶᠢ ᠥᠷᠨᠢᠭᠦᠯᠵᠦ᠂ ᠠᠵᠤ ᠠᠬᠤᠶᠢᠯᠠᠯ ᠢ | ᠬᠠᠪᠰᠤᠷᠤᠨ ᠠᠵᠢᠯᠲᠠᠨ ᠡᠯᠰᠡᠬᠦ ᠶᠢᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠣᠯᠠᠨ ᠠᠷᠭ᠎ᠠ ᠵᠠᠮ᠂ ᠣᠯᠠᠨ ᠬᠡᠪ ᠵᠠᠭᠪᠤᠷ ᠢᠶᠠᠷ ᠴᠢᠳᠠᠪᠤᠷᠢᠲᠠᠨ ᠡᠯᠰᠡᠵᠦ ᠣᠶᠤᠨ ᠤᠬᠠᠭᠠᠨ | ᠣᠷᠣᠭᠤᠯᠬᠤ ᠶᠢ ᠪᠡᠶᠡᠯᠡᠭᠦᠯᠵᠦ᠂ ᠠᠵᠤ ᠠᠬᠤᠶᠢᠯᠠᠯ ᠤᠨ ︽ᠠᠵᠢᠯᠴᠢᠨ ᠡᠯᠰᠡᠬᠦ ᠳᠤ ᠬᠦᠴᠢᠷᠲᠡᠶ︾ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠣᠯᠠᠨ ᠲᠦᠮᠡᠨ ᠢ | ᠬᠠᠪᠰᠤᠷᠤᠨ ᠳᠥᠭᠦᠮ ᠳᠥᠲᠡ ᠠᠵᠢᠯ ᠣᠯᠭᠤᠵᠤ᠂ ᠭᠠᠵᠠᠷ ᠣᠷᠣᠨ ᠤ ᠨᠡᠶᠢᠭᠡᠮ ᠤᠨ ᠠᠵᠤ ᠠᠬᠤᠶ ᠶᠢᠨ ᠲᠣᠭᠲᠠᠭᠤᠨ ᠢᠶᠠᠷ ᠬᠥᠭᠵᠢᠬᠦ ᠳᠤ ᠬᠦᠴᠦᠨ ᠨᠡᠮᠡᠷᠢᠯᠡᠨ᠎ᠡ᠃ | |