ᠦᠰᠦᠭ ᠪᠢᠴᠢᠭ ᠢᠶᠠᠷ ᠦᠭᠦᠯᠡᠬᠦᠢ᠄ ︽ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠪᠤᠭᠤᠲᠤ ᠬᠤᠲᠠ ᠶᠢᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ︵2024 ᠣᠨ ᠤ ᠬᠡᠪᠯᠡᠯ︶ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/10/28
    ᠰᠢᠨ᠎ᠡ ᠪᠠᠶᠢᠳᠠᠯ ᠳᠣᠤᠷᠠᠬᠢ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠠᠵᠢᠯ ᠤᠨ ᠰᠢᠨ᠎ᠡ ᠱᠠᠭᠠᠷᠳᠠᠯᠭ᠎ᠠ ᠳᠤ ᠵᠣᠬᠢᠴᠠᠭᠤᠯᠤᠨ᠂ ᠪᠡᠯᠡᠳᠬᠡᠯ ᠲᠥᠰᠦᠯ ᠤᠨ ᠬᠠᠨᠳᠤᠯᠭᠠᠲᠤ ᠴᠢᠨᠠᠷ᠂ ᠴᠣᠬᠤᠮ ᠪᠠᠶᠢᠯᠳᠤᠭᠠᠨᠲᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯᠯᠠᠭ᠎ᠠ ᠶᠢ ᠵᠢᠷᠤᠮᠵᠢᠭᠤᠯᠤᠨ᠂ ᠪᠥᠬᠦ ᠬᠤᠲᠠ ᠶᠢᠨ ᠪᠠᠶᠢᠭᠠᠯᠢ ᠶᠢᠨ ᠭᠠᠮᠰᠢᠭ ᠢ ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠂ ᠭᠠᠮᠰᠢᠭᠳᠠᠭᠰᠠᠨ ᠬᠥᠮᠦᠰ ᠤᠨ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠵᠤ᠂ ᠭᠠᠮᠰᠢᠭᠳᠠᠭᠰᠠᠨ ᠭᠠᠵᠠᠷ ᠣᠷᠣᠨ ᠤ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠶᠢᠨ ᠲᠥᠯᠥᠭᠡ᠂ ᠮᠠᠨ ᠤ ᠬᠤᠲᠠ ︽ᠤᠯᠤᠰ ᠤᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠲᠥᠰᠦᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠲᠥᠰᠦᠯ︾ ᠢ ᠦᠨᠳᠦᠰᠦᠯᠡᠨ᠂ ︽ᠪᠤᠭᠤᠲᠤ ᠬᠤᠲᠠ ᠶᠢᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠲᠥᠰᠦᠯ︾ ᠳᠤ ᠵᠠᠰᠠᠪᠤᠷᠢ ᠣᠷᠣᠭᠤᠯᠪᠠ᠃    ᠨᠢᠭᠡ᠂ ᠵᠠᠰᠠᠪᠤᠷᠢ ᠣᠷᠤᠭᠤᠯᠤᠭᠰᠠᠨ ᠠᠬᠤᠢ ᠪᠠᠶᠢᠳᠠᠯ    ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠪᠣᠯ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠲᠣᠭᠲᠠᠯᠴᠠᠭ᠎ᠠ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠶᠢ ᠠᠮᠤᠷ ᠲᠦᠪᠰᠢᠨ ᠪᠥᠭᠡᠳ ᠥᠨᠳᠥᠷ ᠪᠦᠲᠦᠮᠵᠢᠲᠡᠶ ᠪᠠᠷ ᠥᠷᠨᠢᠭᠦᠯᠬᠦ ᠶᠢᠨ ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠮᠥᠨ᠂ ᠨᠡᠩ ᠴᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠠ ᠬᠤᠯᠪᠣᠭᠳᠠᠯ ᠪᠦᠬᠦᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠪᠣᠳᠠᠲᠠᠢ ᠢᠯᠡᠷᠡᠯ ᠮᠥᠨ᠃ 2024 ᠣᠨ ᠤ 1 ᠳ᠋ᠦ᠋ᠭᠡᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠤᠯᠤᠰ ᠤᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠲᠥᠰᠦᠯ︾ ᠳᠤ ᠵᠠᠰᠠᠪᠤᠷᠢ ᠣᠷᠣᠭᠤᠯᠤᠨ ᠳᠠᠷᠤᠮᠠᠯᠯᠠᠨ ᠲᠠᠷᠬᠠᠭᠠᠪᠠ᠃ 3 ᠳ᠋ᠤᠭᠠᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠢᠯᠣᠭᠤᠳᠬᠤ ᠭᠠᠵᠠᠷ ᠤᠨ ᠠᠯᠪᠠᠨ ᠭᠡᠷ ︽ᠤᠯᠤᠰ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠦᠪᠯᠡᠯ ᠤᠨ ᠠᠯᠪᠠᠨ ᠭᠡᠷ ᠤᠨ ︿ᠤᠯᠤᠰ ᠤᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ﹀ ᠢ ᠨᠠᠶᠢᠳᠠᠪᠤᠷᠢᠵᠢᠭᠤᠯᠬᠤ ᠲᠤᠬᠠᠶ ᠮᠡᠳᠡᠭᠳᠡᠯ︾ ︵ᠤᠯᠤᠰ ᠤᠨ ᠠᠪᠤᠷᠠᠨ ᠲᠤᠰᠠᠯᠠᠬᠤ ᠠᠯᠪᠠᠨ ᠲᠠᠷᠬᠠᠭᠠᠭᠰᠠᠨ ﹇2024﹈ 5 ᠳ᠋ᠤᠭᠠᠷ ᠲᠣᠭᠠᠲᠤ︶ ᠢ ᠤᠯᠠᠮᠵᠢᠯᠠᠨ ᠲᠠᠷᠬᠠᠭᠠᠵᠤ᠂ ᠲᠣᠰ ᠭᠠᠵᠠᠷ ᠣᠷᠣᠨ ᠤ ᠭᠠᠮᠰᠢᠭ ᠤᠨ ᠣᠨᠴᠠᠯᠢᠭ᠂ ᠲᠦᠭᠰᠢᠭᠦᠷᠢ ᠶᠢᠨ ᠪᠠᠶᠢᠳᠠᠯ᠂ ᠲᠡᠤᠬᠡᠨ ᠭᠠᠮᠰᠢᠭ ᠤᠨ ᠪᠠᠶᠢᠳᠠᠯ ᠵᠡᠷᠭᠡ ᠲᠠᠢ ᠪᠠᠨ ᠤᠶᠠᠯᠳᠤᠭᠤᠯᠤᠨ᠂ ᠬᠤᠲᠠ᠂ ᠰᠢᠶᠠᠨ᠂ ᠰᠢᠶᠠᠩ ᠤᠨ ᠱᠠᠲᠤᠨ ᠤ ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠬᠤ ᠠᠵᠢᠯ ᠢ ᠱᠠᠯᠠᠪᠳᠠᠨ ᠠᠬᠢᠭᠤᠯᠬᠤ ᠶᠢ ᠱᠠᠭᠠᠷᠳᠠᠪᠠ᠃ 6 ᠳ᠋ᠤᠭᠠᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ︵2024 ᠣᠨ ᠤ ᠬᠡᠪᠯᠡᠯ︶︾ ᠢ ᠳᠠᠷᠤᠮᠠᠯᠯᠠᠨ ᠲᠠᠷᠬᠠᠭᠠᠪᠠ᠃    ᠬᠤᠶᠠᠷ᠂ ᠵᠠᠰᠠᠪᠤᠷᠢ ᠣᠷᠣᠭᠤᠯᠤᠭᠰᠠᠨ ᠦᠨᠳᠦᠰᠦᠯᠡᠯ    ᠲᠣᠰ ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠬᠤ ᠳᠤ ᠭᠤᠤᠯᠳᠠᠭᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ︾᠂︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠠᠭ ᠠᠭᠤᠷ ᠤᠨ ᠬᠠᠥᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠠᠭᠠᠨ ᠵᠠᠭᠠᠯᠮᠠᠶᠢᠲᠠᠨ ᠤ ᠬᠠᠤᠯᠢ︾᠂ ︽ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠲᠦᠷᠢᠮ︾᠂ ︽ᠤᠯᠤᠰ ᠤᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ﹀ ᠶᠢ ᠬᠡᠷᠡᠭᠵᠢᠭᠦᠯᠬᠦ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠲᠦᠷᠢᠮ︾ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠢ ᠰᠢᠭᠤᠢ ᠶᠢᠨ ᠬᠠᠣᠯᠢ﹀ ᠶᠢ ᠬᠡᠷᠡᠭᠵᠢᠭᠦᠯᠬᠦ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠲᠦᠷᠢᠮ︾ ᠵᠢᠴᠢ ᠲᠡᠭᠦᠨ ᠢ ᠬᠡᠷᠡᠭᠵᠢᠭᠦᠯᠬᠦ ᠨᠠᠷᠢᠨ ᠲᠦᠷᠢᠮ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠲᠦᠷᠢᠮ︾᠂︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ︾ ᠵᠢᠴᠢ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶ ᠪᠡᠯᠡᠳᠬᠡᠯ ᠲᠥᠰᠦᠯ᠂ ᠭᠡᠨᠡᠳᠲᠡ ᠶᠢᠨ ᠬᠡᠷᠡᠭ ᠢ ᠠᠷᠭᠠᠴᠠᠭᠠᠬᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠶᠢ ᠦᠨᠳᠦᠰᠦᠯᠡᠪᠡ᠃         ᠭᠤᠷᠪᠠ᠂ ᠭᠤᠣᠯ ᠠᠭᠤᠯᠭ᠎ᠠ    ᠰᠢᠨ᠎ᠡ ᠪᠠᠷ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠪᠡᠯᠡᠳᠬᠡᠯ ᠲᠥᠰᠥᠯ︾ ᠢ ᠨᠡᠶᠢᠲᠡ ᠨᠠᠢᠮᠠᠨ ᠶᠡᠭᠡ ᠬᠡᠰᠡᠭ ᠬᠤᠪᠢᠶᠠᠨ᠎ᠠ᠃ ︽ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠲᠥᠰᠦᠯ︾ ᠢ ᠨᠠᠢᠮᠠᠨ ᠬᠡᠰᠡᠭ ᠬᠤᠪᠢᠶᠠᠨ᠎ᠠ᠃ ᠨᠢᠭᠡᠳᠦᠭᠡᠷ ᠬᠡᠰᠡᠭ ᠨᠢ ᠶᠡᠷᠦᠩᠬᠡᠶ ᠲᠦᠷᠢᠮ ᠪᠣᠯᠤᠨ᠎ᠠ᠂ ᠨᠠᠶᠢᠷᠠᠭᠤᠯᠤᠨ ᠵᠣᠬᠢᠶᠠᠬᠤ ᠵᠣᠷᠢᠯᠭ᠎ᠠ᠂ ᠨᠠᠶᠢᠷᠠᠭᠤᠯᠤᠨ ᠵᠣᠬᠢᠶᠠᠬᠤ ᠦᠨᠳᠦᠰᠦᠯᠡᠯ᠂ ᠬᠡᠷᠡᠭᠯᠡᠬᠦ ᠬᠡᠪᠴᠢᠶ᠎ᠡ ᠪᠠ ᠠᠵᠢᠯ ᠤᠨ ᠵᠠᠷᠴᠢᠮ ᠢ ᠲᠣᠳᠤᠷᠬᠠᠶᠢᠯᠠᠪᠠ᠃ ᠬᠤᠶᠠᠳᠤᠭᠠᠷ ᠬᠡᠰᠡᠭ ᠨᠢ ᠵᠣᠬᠢᠶᠠᠨ ᠪᠠᠶᠢᠭᠤᠯᠵᠤ ᠵᠢᠯᠣᠭᠤᠳᠬᠤ ᠲᠣᠭᠲᠠᠯᠴᠠᠭ᠎ᠠ ᠪᠣᠯᠤᠨ᠎ᠠ᠂ ᠪᠤᠭᠤᠲᠤ ᠬᠤᠲᠠ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠥᠪᠯᠡᠯ ᠤᠨ ᠠᠯᠪᠠᠨ ᠬᠡᠷ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠪᠠ᠃ ᠭᠤᠷᠪᠠᠳᠤᠭᠠᠷ ᠬᠡᠰᠡᠭ ᠨᠢ ᠭᠠᠮᠰᠢᠭ ᠠᠴᠠ ᠠᠪᠤᠷᠠᠨ ᠲᠤᠰᠠᠯᠠᠬᠤ ᠪᠡᠯᠡᠳᠬᠡᠯ ᠪᠣᠯᠤᠨ᠎ᠠ᠂ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠡᠯᠡᠳᠬᠡᠯ ᠠᠵᠢᠯ ᠢ ᠵᠢᠷᠤᠮᠵᠢᠭᠤᠯᠪᠠ᠃ ᠳᠥᠷᠪᠡᠳᠦᠭᠡᠷ ᠬᠡᠰᠡᠭ ᠨᠢ ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢ ᠮᠡᠳᠡᠭᠦᠯᠬᠦ ᠪᠠ ᠨᠡᠶᠢᠲᠡᠯᠡᠬᠦ ᠪᠣᠯᠤᠨ᠎ᠠ᠂ ᠪᠠᠶᠢᠭᠠᠯᠢ ᠶᠢᠨ ᠭᠠᠮᠰᠢᠭ ᠤᠨ ᠮᠡᠳᠡᠭᠡ ᠵᠠᠩᠭᠢ ᠶᠢ ᠮᠡᠳᠡᠭᠦᠯᠬᠦ ᠪᠠ ᠨᠡᠶᠢᠲᠡᠯᠡᠬᠦ ᠪᠣᠳᠠᠲᠠᠶ ᠱᠠᠭᠠᠷᠳᠠᠯᠭ᠎ᠠ ᠶᠢ ᠲᠣᠳᠣᠷᠬᠠᠶᠢᠯᠠᠪᠠ᠃ ᠲᠠᠪᠤᠳᠤᠭᠠᠷ ᠬᠡᠰᠡᠭ ᠨᠢ ᠪᠠᠴᠢᠮ ᠪᠠᠶᠢᠳᠠᠯ ᠢ ᠠᠷᠭᠠᠴᠠᠭᠠᠬᠤ ᠴᠤᠤᠷᠢᠶᠠᠳᠤᠯ ᠪᠣᠯᠤᠨ᠎ᠠ᠂ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠶᠢ ᠴᠣᠣᠷᠢᠶᠠᠳᠤᠬᠤ ᠶᠢ ᠲᠦᠷᠪᠡᠨ ᠲᠡᠰ ᠬᠤᠪᠢᠶᠠᠵᠤ᠂ ᠡᠯ᠎ᠡ ᠲᠡᠰ ᠤᠨ ᠡᠬᠢᠯᠡᠭᠦᠯᠬᠦ ᠨᠥᠬᠦᠴᠡᠯ᠂ ᠡᠬᠢᠯᠡᠭᠦᠯᠬᠦ ᠲᠡᠰ ᠳᠠᠷᠠᠭᠠᠯᠠᠯ ᠪᠠ ᠴᠤᠤᠷᠢᠶᠠᠲᠤᠨ ᠳᠠᠭᠠᠬᠤ ᠠᠷᠭ᠎ᠠ ᠬᠡᠮᠵᠢᠶ᠎ᠡ ᠶᠢ ᠲᠤᠰ ᠲᠤᠰ ᠲᠣᠳᠣᠷᠬᠠᠶᠢᠯᠠᠪᠠ᠃ ᠵᠢᠷᠭᠤᠳᠤᠭᠠᠷ ᠬᠡᠰᠡᠭ ᠨᠢ ᠭᠠᠮᠰᠢᠭ ᠤᠨ ᠳᠠᠷᠠᠭᠠᠬᠢ ᠠᠪᠤᠷᠠᠨ ᠲᠤᠰᠠᠯᠠᠯᠲᠠ ᠪᠣᠯᠤᠨ᠎ᠠ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠰᠢᠯᠵᠢᠯᠲᠡ ᠶᠢᠨ ᠬᠤᠭᠤᠴᠠᠭᠠᠨ ᠤ ᠠᠮᠢᠳᠤᠷᠠᠯ ᠤᠨ ᠠᠪᠤᠷᠠᠨ ᠲᠤᠰᠠᠯᠠᠯᠲᠠ᠂ ᠡᠪᠦᠯ ᠬᠠᠪᠤᠷ ᠤᠨ ᠠᠪᠤᠷᠠᠨ ᠲᠤᠰᠠᠯᠠᠯᠲᠠ᠂ ᠨᠤᠷᠠᠵᠤ ᠡᠪᠳᠡᠷᠡᠭᠰᠡᠨ ᠣᠷᠣᠨ ᠰᠠᠭᠤᠴᠠ ᠶᠢ ᠰᠡᠷᠭᠦᠭᠡᠨ ᠲᠠᠬᠢᠨ ᠪᠠᠶᠢᠭᠤᠯᠬᠤ ᠠᠵᠢᠯ ᠢ ᠵᠢᠷᠤᠮᠵᠢᠭᠤᠯᠪᠠ᠃ ᠳᠣᠯᠣᠳᠤᠭᠠᠷ ᠬᠡᠰᠡᠭ ᠨᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠣᠯᠣᠨ᠎ᠠ᠂ ᠡᠭᠦᠨ ᠳᠤ ᠪᠡᠯᠡ ᠮᠥᠩᠭᠦ ᠶᠢᠨ ᠪᠠᠲᠤᠯᠠᠭ᠎ᠠ᠂ ᠡᠳ᠋ ᠪᠣᠳᠠᠰ ᠤᠨ ᠪᠠᠲᠤᠯᠠᠭ᠎ᠠ᠂ ᠴᠢᠮᠡᠭᠡ ᠬᠤᠯᠪᠣᠭ᠎ᠠ ᠪᠠ ᠮᠡᠳᠡᠭᠡ ᠵᠠᠩᠭᠢ ᠶᠢᠨ ᠪᠠᠲᠤᠯᠠᠭ᠎ᠠ᠂ ᠲᠣᠨᠤᠭ ᠲᠥᠬᠦᠭᠡᠷᠦᠮᠵᠢ ᠶᠢᠨ ᠪᠠᠲᠤᠯᠠᠭ᠎ᠠ᠂ ᠬᠥᠮᠥᠨ ᠤ ᠬᠦᠴᠦᠨ ᠤ ᠡᠬᠢ ᠪᠠᠶᠠᠯᠢᠭ ᠤᠨ ᠪᠠᠲᠤᠯᠠᠭ᠎ᠠ᠂ ᠡᠮᠴᠢᠯᠡᠭᠡᠨ ᠤ ᠡᠬᠢ ᠪᠠᠶᠠᠯᠢᠭ ᠤᠨ ᠪᠠᠲᠤᠯᠠᠭ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠲᠤᠯᠠᠭ᠎ᠠ ᠪᠠ ᠠᠮᠤᠷ ᠢ ᠬᠠᠮᠠᠭᠠᠯᠠᠬᠤ ᠬᠠᠮᠠᠭᠠᠯᠠᠯᠲᠠ᠂ ᠨᠡᠶᠢᠭᠡᠮ ᠤᠨ ᠳᠠᠶᠢᠴᠢᠯᠠᠯᠲᠠ ᠶᠢᠨ ᠪᠠᠲᠤᠯᠠᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠲᠤᠯᠠᠭ᠎ᠠ᠂ ᠤᠬᠠᠭᠤᠯᠭ᠎ᠠ ᠪᠠ ᠪᠣᠯᠪᠠᠰᠤᠷᠠᠯ ᠵᠡᠷᠭᠡ ᠪᠠᠭᠲᠠᠨ᠎ᠠ᠃ ᠨᠠᠢᠮᠠᠳᠤᠭᠠᠷ ᠬᠡᠰᠡᠭ ᠨᠢ ᠳᠠᠭᠠᠯᠳᠤᠭᠤᠯᠤᠭᠰᠠᠨ ᠲᠦᠷᠢᠮ ᠪᠣᠯᠣᠨ᠎ᠠ᠂ ᠡᠭᠦᠨ ᠳᠤ ᠨᠡᠷ᠎ᠡ ᠲᠣᠮᠢᠶ᠎ᠠ ᠶᠢᠨ ᠲᠠᠶᠢᠯᠪᠤᠷᠢᠯᠠᠯᠲᠠ᠂ ᠬᠠᠷᠢᠭᠤᠴᠠᠯᠭ᠎ᠠ ᠪᠠ ᠱᠠᠩᠨᠠᠵᠤ ᠲᠣᠷᠭᠠᠬᠤ᠂ ᠪᠡᠯᠡᠳᠬᠡᠯ ᠲᠥᠰᠦᠯ ᠤᠨ ᠬᠠᠮᠢᠶᠠᠷᠤᠯᠲᠠ᠂ ᠪᠠᠶᠢᠳᠠᠯ ᠢ ᠨᠢ ᠯᠠᠪᠯᠠᠯᠲᠠ ᠪᠣᠯᠭᠠᠬᠤ᠂ ᠪᠡᠯᠡᠳᠬᠡᠯ ᠲᠥᠰᠦᠯ ᠢ ᠬᠡᠷᠡᠭᠵᠢᠭᠦᠯᠬᠦ ᠴᠠᠭ ᠵᠡᠷᠭᠡ ᠠᠭᠤᠯᠭ᠎ᠠ ᠶᠢ ᠪᠠᠭᠲᠠᠭᠠᠨ᠎ᠠ᠃ ︽ᠪᠡᠯᠡᠳᠬᠡᠯ ᠲᠥᠰᠦᠯ︾ ᠳᠤ ᠪᠠᠰᠠ ᠳᠠᠭᠠᠯᠳᠤᠭᠤᠯᠤᠯ᠄ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠶᠢ ᠡᠬᠢᠯᠡᠭᠦᠯᠬᠦ ᠨᠥᠬᠦᠴᠡᠯ᠂ ᠪᠤᠭᠤᠲᠤ ᠬᠤᠲᠠ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠥᠪᠯᠡᠯ ᠤᠨ ᠭᠡᠰᠢᠭᠦᠨ ᠵᠢᠴᠢ ᠠᠵᠢᠯ ᠤᠨ ᠡᠭᠦᠷᠭᠡ ᠬᠠᠷᠢᠭᠤᠴᠠᠯᠭ᠎ᠠ ᠪᠠᠭᠲᠠᠨ᠎ᠠ᠃    ᠲᠣᠰ ᠤᠳᠠᠭᠠᠨ ᠤ ᠵᠠᠰᠠᠪᠤᠷᠢ ᠣᠷᠣᠭᠤᠯᠤᠭᠰᠠᠨ ᠭᠤᠤᠯ ᠴᠣᠭᠴᠠ ᠶᠢᠨ ᠪᠦᠲᠦᠴᠡ ᠶᠢᠨ ᠬᠤᠪᠢᠷᠠᠯᠲᠠ ᠶᠡᠭᠡ ᠪᠢᠰᠢ᠂ ᠭᠡᠪᠡᠴᠦ ᠠᠭᠤᠯᠭ᠎ᠠ ᠳᠤ ᠵᠠᠰᠠᠪᠤᠷᠢ ᠣᠷᠣᠭᠤᠯᠤᠭᠰᠠᠨ ᠨᠢ ᠣᠯᠠᠨ᠃ ᠡᠭᠦᠨ ᠳᠤ᠂ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠵᠣᠬᠢᠶᠠᠨ ᠪᠠᠶᠢᠭᠤᠯᠤᠯᠲᠠ ᠶᠢᠨ ᠵᠢᠯᠣᠭᠤᠳᠬᠤ ᠲᠣᠭᠲᠠᠯᠴᠠᠭ᠎ᠠ ᠶᠢ ᠪᠤᠭᠤᠲᠤ ᠬᠤᠲᠠ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠬᠡᠷ ᠠᠴᠠ ᠪᠤᠭᠤᠲᠤ ᠬᠤᠲᠠ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠥᠪᠯᠡᠯ ᠤᠨ ᠠᠯᠪᠠᠨ ᠬᠡᠷ ᠪᠣᠯᠭᠠᠨ ᠥᠭᠡᠷᠡᠴᠢᠯᠡᠪᠡ︔ ᠲᠠᠪᠤᠳᠤᠭᠠᠷ ᠬᠡᠰᠡᠭ ᠲᠤ ︽ᠴᠤᠤᠷᠢᠶᠠᠳᠤᠨ ᠳᠠᠭᠠᠵᠤ ᠬᠤᠯᠪᠤᠭᠠᠯᠠᠨ ᠬᠦᠳᠡᠯᠦᠯᠴᠡᠬᠦ︾ ᠶᠢ ᠨᠡᠮᠡᠪᠡ᠂ ᠳᠣᠯᠤᠳᠤᠭᠠᠷ ᠬᠡᠰᠡᠭ ᠲᠤ ︽ᠲᠠᠩᠰᠠ ᠡᠪᠬᠡᠮᠡᠯ ᠢ ᠴᠤᠭᠯᠠᠭᠤᠯᠤᠨ ᠬᠠᠮᠢᠶᠠᠷᠬᠤ︾ ᠶᠢ ᠬᠠᠰᠤᠪᠠ᠂ ᠨᠠᠢᠮᠠᠳᠤᠭᠠᠷ ᠬᠡᠰᠡᠭ ᠲᠤ ︽ᠬᠠᠷᠢᠭᠤᠴᠠᠯᠭ᠎ᠠ ᠪᠠ ᠱᠠᠩᠨᠠᠵᠤ ᠲᠣᠷᠭᠠᠬᠤ︾ ᠶᠢ ᠨᠡᠮᠡᠪᠡ︔ ᠨᠠᠶᠢᠷᠠᠭᠤᠯᠤᠨ ᠵᠣᠬᠢᠶᠠᠭᠰᠠᠨ ᠦᠨᠳᠦᠰᠦᠯᠡᠯ ᠳᠤ ᠦᠶᠡᠷ ᠢ ᠰᠡᠷᠭᠡᠶᠢᠯᠡᠬᠦ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠴᠠᠭ ᠠᠭᠤᠷ᠂ ᠣᠶ ᠰᠢᠭᠤᠶ᠂ ᠨᠤᠲᠤᠭ ᠪᠡᠯᠴᠢᠭᠡᠷ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠪᠠᠭᠠᠰᠬᠠᠬᠤ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠨᠡᠮᠡᠪᠡ︔ ᠨᠠᠶᠢᠷᠠᠭᠤᠯᠤᠨ ᠵᠣᠬᠢᠶᠠᠭᠰᠠᠨ ᠵᠣᠷᠢᠯᠭ᠎ᠠ᠂ ᠠᠵᠢᠯ ᠤᠨ ᠵᠠᠷᠴᠢᠮ ᠵᠡᠷᠭᠡ ᠳᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠶᠢ ᠨᠡᠮᠡᠭᠳᠡᠭᠦᠯᠦᠭᠰᠡᠨ ᠪᠥᠭᠡᠳ ᠣᠶᠢᠷ᠎ᠠ ᠶᠢᠨ ᠵᠢᠯ ᠤᠨ ᠲᠤᠷᠰᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠲᠤᠬᠠᠶ ᠬᠤᠯᠪᠣᠭᠳᠠᠯ ᠪᠦᠬᠦᠢ ᠴᠢᠭᠯᠡᠯᠲᠡ ᠪᠠ ᠱᠠᠭᠠᠷᠳᠠᠯᠭ᠎ᠠ ᠶᠢ ᠦᠨᠳᠦᠰᠦᠯᠡᠨ ᠵᠠᠰᠠᠪᠤᠷᠢ ᠣᠷᠣᠭᠤᠯᠪᠠ︔ ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢ ᠮᠡᠳᠡᠭᠦᠯᠬᠦ ᠪᠠ ᠨᠡᠶᠢᠲᠡᠯᠡᠬᠦ᠂ ᠴᠣᠣᠷᠢᠶᠠᠳᠤᠨ ᠳᠠᠭᠠᠬᠤ ᠠᠷᠭ᠎ᠠ ᠬᠡᠮᠵᠢᠶ᠎ᠡ᠂ ᠭᠠᠮᠰᠢᠭ ᠤᠨ ᠳᠠᠷᠠᠭᠠᠬᠢ ᠠᠪᠤᠷᠠᠨ ᠲᠤᠰᠠᠯᠠᠬᠤ ᠪᠠ ᠰᠡᠷᠭᠦᠭᠡᠵᠦ ᠳᠠᠬᠢᠨ ᠪᠠᠶᠢᠭᠤᠯᠬᠤ ᠵᠡᠷᠭᠡ ᠠᠭᠤᠯᠭ᠎ᠠ ᠳᠤ ᠤᠯᠤᠰ᠂ ᠦᠪᠡᠷᠲᠡᠭᠡᠨ ᠵᠠᠰᠠᠬᠤ ᠣᠷᠣᠨ ᠤ ᠪᠡᠯᠡᠳᠭᠡᠯ ᠲᠦᠰᠦᠯ ᠢ ᠦᠨᠳᠦᠰᠦᠯᠡᠨ ᠵᠠᠰᠠᠪᠤᠷᠢ ᠣᠷᠣᠭᠤᠯᠪᠠ︔ ᠪᠠᠴᠢᠮ ᠪᠠᠶᠢᠳᠠᠯ ᠢ ᠠᠷᠭᠠᠴᠠᠭᠠᠬᠤ ᠶᠢ ᠴᠤᠤᠷᠢᠶᠠᠲᠤᠨ ᠳᠠᠭᠠᠬᠤ ᠡᠬᠢᠯᠡᠭᠦᠯᠬᠦ ᠨᠥᠬᠦᠴᠡᠯ ᠤᠨ ᠳᠣᠲᠣᠷ᠎ᠠ᠂ ᠦᠬᠦᠯ ᠠᠯᠠᠭ᠎ᠠ ᠪᠣᠯᠤᠭᠰᠠᠨ᠂ ᠪᠠᠴᠢᠮ ᠰᠢᠯᠵᠢᠭᠦᠯᠦᠨ ᠲᠥᠪᠬᠢᠨᠡᠭᠦᠯᠦᠭᠰᠡᠨ ᠪᠤᠶᠤ ᠪᠠᠴᠢᠮ ᠠᠮᠢᠳᠤᠷᠠᠯ ᠤᠨ ᠠᠪᠤᠷᠠᠨ ᠲᠤᠰᠠᠯᠠᠬᠤ ᠬᠥᠮᠦᠨ ᠤ ᠲᠤᠭ᠎ᠠ ᠶᠢᠨ ᠨᠥᠬᠦᠴᠡᠯ ᠳᠤ ᠲᠣᠬᠢᠷᠠᠭᠤᠯᠤᠯᠲᠠ ᠬᠢᠵᠦ᠂ ︽ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠬᠡᠷᠡᠭᠰᠡᠯ ᠢ ᠣᠨᠴᠠᠭᠠᠶ ᠬᠤᠬᠢᠷᠠᠯ ᠳᠤ ᠤᠴᠠᠷᠠᠭᠤᠯᠤᠭᠰᠠᠨ᠂ ᠣᠬᠤᠷ ᠬᠤᠭᠤᠴᠠᠭᠠᠨ ᠤ ᠳᠣᠲᠣᠷ᠎ᠠ ᠣᠷᠣᠯᠭ᠎ᠠ ᠶᠢᠨ ᠢᠷᠡᠯᠲᠡ ᠪᠠᠨ ᠠᠯᠳᠠᠭᠰᠠᠨ᠂ ᠨᠡᠶᠢᠭᠡᠮ ᠤᠨ ᠠᠩᠬᠠᠷᠤᠯ ᠤᠨ ᠬᠡᠮᠵᠢᠶ᠎ᠡ ᠣᠨᠴᠠᠭᠠᠶ ᠥᠨᠳᠥᠷ︾ ᠨᠢᠭᠡ ᠲᠥᠷᠥᠯ ᠤᠨ ᠬᠡᠮᠵᠢᠶ᠎ᠡ ᠲᠣᠭᠲᠠᠭᠠᠬᠤ ᠶᠢᠨ ᠠᠷᠭ᠎ᠠ ᠦᠭᠡᠢ ᠨᠥᠬᠦᠴᠡᠯ ᠢ ᠠᠪᠴᠤ ᠬᠠᠶᠠᠪᠠ᠃
11.1001.jpg
ᠢᠷᠡᠯᠲᠡ᠄ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ