ᠨᠢᠭᠡ᠂ ᠠᠬᠤᠶ ᠪᠠᠶᠢᠳᠠᠯ | ᠪᠥᠬᠦ ᠬᠤᠲᠠ ᠶᠢᠨ ᠡᠮᠴᠢᠯᠡᠭᠡᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠴᠢᠨᠠᠷ ᠰᠠᠶᠢᠲᠠᠶ ᠥᠨᠳᠥᠷ ᠪᠦᠲᠦᠮᠵᠢᠲᠡᠶ ᠣᠲᠣ | ᠦᠶ᠎ᠡ ᠶᠢᠨ ᠡᠮᠴᠢᠯᠡᠭᠡᠨ ᠤ ᠦᠢᠯᠡᠴᠢᠯᠡᠭᠡᠨ ᠤ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠠᠷᠠᠳ ᠣᠯᠠᠨ ᠳᠤ ᠪᠥᠬᠦ ᠲᠠᠯ᠎ᠠ ᠶᠢᠨ ᠪᠥᠬᠦ ᠦᠶᠡᠯᠡᠯ ᠤᠨ ᠬᠤᠭᠤᠴᠠᠭᠠᠨ ᠤ | ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠬᠤ ᠪᠠᠷ ᠴᠢᠷᠮᠠᠶᠢᠬᠤ ᠶᠢᠨ ᠲᠥᠯᠥᠭᠡ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ︽ᠡᠮᠴᠢᠯᠡᠭᠡᠨ ᠤ | ᠪᠠᠶᠢᠭᠤᠯᠤᠮᠵᠢ ᠶᠢᠨ ᠲᠣᠬᠢᠷᠠᠭᠤᠯᠤᠯᠲᠠ ᠶᠢᠨ ᠵᠢᠯᠣᠭᠤᠳᠬᠤ ᠵᠠᠷᠴᠢᠮ ︵2021 ᠣᠨ - 2025 ᠣᠨ︶︾᠂ ︽ᠪᠤᠭᠤᠲᠤ ᠬᠤᠲᠠ ᠶᠢᠨ ︿ᠠᠷᠪᠠᠨ ᠳᠥᠷᠪᠡᠳᠦᠭᠡᠷ ᠲᠠᠪᠤᠨ | ᠵᠢᠯ﹀ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ︵ᠪᠣᠭᠤᠲᠤ ᠵᠠᠰᠠᠭ ᠠᠯᠪᠠᠨ ᠲᠠᠷᠬᠠᠭᠠᠭᠰᠠᠨ ﹇2022﹈ 125 | ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠢᠯᠣᠭᠤᠳᠬᠤ ᠵᠣᠷᠢᠭ ᠰᠠᠨᠠᠭ᠎ᠠ ᠶᠢ ᠦᠨᠳᠦᠰᠦᠯᠡᠨ᠂ ︽2023 ᠣᠨ ᠤ ᠪᠤᠭᠤᠲᠤ ᠬᠤᠲᠠ ᠶᠢᠨ ᠡᠷᠡᠭᠦᠯ ᠬᠠᠮᠠᠭᠠᠯᠠᠯ ᠤᠨ | ᠡᠬᠢ ᠪᠠᠶᠠᠯᠢᠭ ᠤᠨ ᠲᠣᠪᠴᠢ ᠮᠡᠳᠡᠭᠡ︾᠂ ᠪᠤᠭᠤᠲᠤ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠠᠯᠪᠠᠨ ᠰᠦᠯᠵᠢᠶ᠎ᠡ᠂ 2023 ᠣᠨ ᠤ ᠡᠷᠡᠭᠦᠯ ᠡᠩᠬᠡ ᠥᠪᠥᠷ | ᠮᠣᠩᠭᠤᠯ ᠤᠨ ᠠᠵᠢᠯᠯᠠᠭᠠᠨ ᠤ ᠬᠢᠨᠠᠨ ᠬᠡᠮᠵᠢᠵᠦ ᠦᠨᠡᠯᠡᠨ ᠵᠢᠱᠢᠬᠦ ᠭᠦᠢᠴᠡᠳᠬᠡᠯ ᠲᠤᠭ᠎ᠠ ᠵᠡᠷᠭᠡ ᠬᠠᠮᠤᠭ ᠤᠨ ᠰᠢᠨ᠎ᠡ ᠲᠤᠭ᠎ᠠ ᠪᠠᠷᠢᠮᠲᠠ ᠶᠢ ᠦᠨᠳᠦᠰᠦᠯᠡᠨ᠂ ᠮᠠᠨ ᠤ ᠬᠤᠲᠠ ᠶᠢᠨ | ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠲᠥᠯᠥᠪᠵᠢᠭᠦᠯᠭᠡ ᠶᠢ ᠲᠣᠭᠲᠠᠭᠠᠪᠠ᠃ | ᠬᠤᠶᠠᠷ᠂ ᠬᠠᠷᠠᠯᠲᠠ | 2025 ᠣᠨ ᠪᠣᠯᠬᠤ ᠳᠤ᠂ ᠬᠤᠲᠠ ᠬᠥᠳᠡᠭᠡ ᠶᠢᠨ ᠬᠥᠮᠦᠨ ᠠᠮᠠ ᠶᠢᠨ ᠬᠠᠷᠢᠴᠠᠯ ᠲᠠᠢ ᠬᠠᠷᠢᠯᠴᠠᠨ ᠵᠣᠬᠢᠴᠠᠯᠳᠤᠭᠤᠯᠵᠤ᠂ ᠠᠳᠠᠯᠢ ᠪᠤᠰᠤ ᠲᠥᠷᠥᠯ ᠤᠨ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠴᠢᠳᠠᠮᠵᠢ ᠲᠠᠢ ᠬᠠᠷᠢᠯᠴᠠᠨ ᠵᠣᠬᠢᠴᠠᠯᠳᠤᠭᠤᠯᠵᠤ᠂ ︽ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠬᠤ︾᠂ ︽ᠦᠨᠳᠦᠰᠦᠨ ᠱᠠᠲᠤ ᠪᠠᠷ | ᠭᠤᠤᠯᠳᠠᠯᠭ᠎ᠠ ᠪᠣᠯᠭᠠᠬᠤ︾᠂ ︽ᠬᠢᠲᠠᠳ ᠧᠦ᠋ᠷᠣᠫᠠ ᠡᠮᠨᠡᠯᠭᠡ ᠶᠢ ᠵᠡᠷᠭᠡ ᠪᠠᠷ ᠴᠢᠬᠤᠯᠠᠴᠢᠯᠠᠬᠤ︾ ᠵᠠᠷᠴᠢᠮ ᠵᠡᠷᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠤᠨ | ᠲᠣᠬᠢᠷᠠᠭᠤᠯᠤᠯᠲᠠ ᠶᠢᠨ ᠪᠠᠶᠢᠷᠢᠰᠢᠯ ᠢ ᠨᠠᠩ ᠰᠠᠶᠢᠲᠤᠷ ᠢᠯᠡᠷᠡᠭᠦᠯᠵᠦ᠂ ᠪᠤᠭᠤᠲᠤ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠪᠠ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠦᠢᠯᠡᠰ ᠤᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠬᠠᠷᠢᠯᠴᠠᠨ ᠵᠣᠬᠢᠴᠠᠬᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠥᠭᠡᠷᠡᠴᠢᠯᠡᠯᠲᠡ ᠬᠥᠭᠵᠢᠯᠲᠡ ᠶᠢᠨ ᠱᠠᠭᠠᠷᠳᠠᠯᠭ᠎ᠠ ᠲᠠᠢ ᠨᠢᠭᠡᠳᠦᠯᠲᠡᠶ᠂ ᠡᠮᠴᠢᠯᠡᠭᠡ ᠪᠠ ᠰᠡᠷᠭᠡᠶᠢᠯᠡᠯᠲᠡ ᠶᠢ ᠠᠭᠤᠰᠤᠯᠴᠠᠭᠤᠯᠬᠤ᠂ ᠡᠩ ᠤᠨ ᠪᠠ ᠪᠠᠴᠢᠮ ᠪᠠᠶᠢᠳᠠᠯ ᠢ | ᠤᠶᠠᠯᠳᠤᠭᠤᠯᠬᠤ᠂ ᠡᠮᠴᠢᠯᠡᠭᠡ ᠪᠠ ᠰᠤᠪᠢᠯᠠᠯᠲᠠ ᠶᠢ ᠤᠶᠠᠯᠳᠤᠭᠤᠯᠬᠤ᠂ ᠬᠢᠲᠠᠳ ︵ᠮᠣᠩᠭᠤᠯ︶ ᠧᠦ᠋ᠷᠣᠫᠠ ᠶᠢ ᠵᠡᠷᠭᠡ ᠪᠠᠷ ᠴᠢᠬᠤᠯᠠᠴᠢᠯᠠᠬᠤ᠂ ᠳᠡᠭᠡᠲᠦ ᠲᠣᠣᠷᠠᠲᠤ | ᠱᠠᠲᠤ ᠪᠠᠷ ᠢᠶᠠᠨ ᠬᠤᠯᠪᠤᠭᠠᠯᠠᠨ ᠬᠦᠳᠦᠯᠦᠯᠴᠡᠬᠦ᠂ ᠱᠠᠲᠤ ᠬᠤᠪᠢᠶᠠᠨ ᠰᠡᠷᠭᠡᠶᠢᠯᠡᠨ ᠵᠠᠰᠠᠬᠤ ᠨᠡᠩ ᠪᠦᠷᠢᠨ ᠲᠡᠭᠦᠯᠳᠡᠷ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠲᠣᠭᠲᠠᠯᠴᠠᠭ᠎ᠠ ᠶᠢ ᠦᠨᠳᠦᠰᠦᠨ ᠳᠤ ᠪᠠᠨ ᠪᠠᠶᠢᠭᠤᠯᠤᠨ ᠪᠦᠲᠦᠭᠡᠨ᠎ᠡ᠃ | ᠭᠤᠷᠪᠠ᠂ ᠭᠤᠣᠯ ᠠᠭᠤᠯᠭ᠎ᠠ | ᠲᠤᠰ ᠲᠥᠯᠥᠪᠵᠢᠭᠦᠯᠭᠡ ᠨᠢ 6 ᠬᠡᠰᠡᠭ ᠢ ᠪᠠᠭᠲᠠᠭᠠᠵᠤ᠂ ᠲᠤᠰ ᠲᠤᠰ᠄ | ᠨᠢᠭᠡᠳᠦᠭᠡᠷ ᠬᠡᠰᠡᠭ᠄ ᠲᠥᠯᠥᠪᠵᠢᠭᠦᠯᠭᠡ ᠶᠢᠨ ᠠᠬᠤᠶ ᠪᠠᠶᠢᠳᠠᠯ᠃ ᠨᠡᠶᠢᠭᠡᠮ ᠤᠨ ᠠᠵᠤ ᠠᠬᠤᠶ ᠶᠢᠨ ᠬᠥᠭᠵᠢᠯᠲᠡ ᠶᠢᠨ ᠲᠦᠢᠮᠣ ᠪᠠᠶᠢᠳᠠᠯ᠂ ᠰᠠᠭᠤᠭᠠᠯᠢ ᠠᠷᠠᠳ ᠤᠨ ᠡᠷᠡᠭᠦᠯ | ᠮᠡᠨᠳᠦ ᠶᠢᠨ ᠬᠢᠷᠢ ᠲᠦᠪᠰᠢᠨ᠂ ᠡᠮᠴᠢᠯᠡᠭᠡᠨ ᠤ ᠡᠬᠢ ᠪᠠᠶᠠᠯᠢᠭ ᠤᠨ ᠣᠳᠣᠬᠢ ᠪᠠᠶᠢᠳᠠᠯ ᠵᠡᠷᠭᠡ ᠭᠤᠷᠪᠠᠨ ᠲᠠᠯ᠎ᠠ ᠠᠴᠠ ᠣᠳᠣᠬᠠᠨ ᠤ ᠮᠠᠨ ᠤ ᠬᠤᠲᠠ ᠶᠢᠨ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠳᠠᠯ ᠢ ᠳ᠋ᠦᠩᠨᠡᠭᠰᠡᠨ ᠪᠥᠭᠡᠳ ᠣᠷᠣᠰᠢᠵᠤ ᠪᠠᠶᠢᠭ᠎ᠠ ᠠᠰᠠᠭᠤᠳᠠᠯ ᠪᠠ ᠲᠤᠯᠭᠠᠷᠠᠵᠤ ᠪᠠᠶᠢᠭ᠎ᠠ ᠥᠷᠢᠰᠥᠯᠳᠦᠭᠡᠨ ᠢ ᠳᠤᠷᠠᠳᠪᠠ᠂ ᠵᠢᠱᠢᠶᠡᠯᠡᠪᠡᠯ ᠡᠮᠴᠢᠯᠡᠭᠡᠨ ᠤ ᠡᠬᠢ | ᠪᠠᠶᠠᠯᠢᠭ ᠤᠨ ᠲᠠᠷᠬᠠᠯᠲᠠ ᠲᠡᠩᠴᠡᠭᠦᠷᠢ ᠥᠬᠡᠶ᠂ ᠠᠰᠢᠭᠯᠠᠯᠲᠠ ᠶᠢᠨ ᠨᠣᠷᠮ᠎ᠠ ᠥᠨᠳᠥᠷ ᠪᠢᠰᠢ᠂ ᠪᠦᠲᠦᠴᠡ ᠶᠢ ᠪᠠᠰᠠ ᠤᠯᠠᠮ ᠨᠢᠭᠡ ᠠᠯᠬᠤᠮ ᠰᠢᠯᠢᠳᠡᠭᠵᠢᠭᠦᠯᠬᠦ ᠴᠢᠬᠤᠯᠠᠲᠠᠶ ᠵᠡᠷᠭᠡ | ᠪᠣᠯᠤᠨ᠎ᠠ᠃ | ᠬᠤᠶᠠᠳᠤᠭᠠᠷ ᠬᠡᠰᠡᠭ᠄ ᠶᠡᠷᠦᠩᠬᠡᠢ ᠱᠠᠭᠠᠷᠳᠠᠯᠭ᠎ᠠ᠃ ᠠᠷᠠᠳ ᠲᠦᠮᠡᠨ ᠤ ᠡᠷᠡᠭᠦᠯ ᠮᠡᠨᠳᠦ ᠪᠠᠷ ᠭᠤᠤᠯ ᠪᠣᠯᠭᠠᠬᠤ ᠶᠢ ᠪᠠᠷᠢᠮᠲᠠᠯᠠᠵᠤ᠂ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶ᠎ᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠ ᠡᠮᠴᠢᠯᠡᠭᠡᠨ ᠤ ᠥᠨᠳᠦᠷᠯᠢᠭ ᠢ ᠪᠥᠬᠦ ᠲᠠᠯ᠎ᠠ ᠪᠠᠷ ᠪᠣᠶ ᠪᠣᠯᠭᠠᠬᠤ ᠪᠠᠷ ᠬᠠᠷᠠᠯᠲᠠ ᠪᠣᠯᠭᠠᠵᠤ᠂ | ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠬᠤ᠂ ᠣᠷᠣᠨ ᠪᠦᠰᠡ ᠶᠢ ᠨᠢᠭᠡᠳᠦᠯᠲᠡᠶ ᠲᠥᠯᠥᠪᠵᠢᠭᠦᠯᠬᠦ᠂ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠬᠤ᠂ ᠬᠢᠲᠠᠳ | ︵ᠮᠣᠩᠭᠤᠯ︶ ᠧᠦ᠋ᠷᠣᠫᠠ ᠡᠮᠨᠡᠯᠭᠡ ᠶᠢ ᠵᠡᠷᠭᠡ ᠪᠠᠷ ᠴᠢᠬᠤᠯᠠᠴᠢᠯᠠᠬᠤ ᠲᠠᠪᠤᠨ ᠵᠠᠷᠴᠢᠮ ᠢ ᠪᠠᠷᠢᠮᠲᠠᠯᠠᠨ᠂ 2025 ᠣᠨ ᠪᠣᠯᠬᠤ ᠳᠤ᠂ ᠬᠤᠲᠠ ᠬᠥᠳᠡᠭᠡ ᠶᠢᠨ ᠬᠥᠮᠦᠨ ᠠᠮᠠ ᠶᠢᠨ | ᠬᠠᠷᠢᠴᠠᠯ ᠲᠠᠢ ᠬᠠᠷᠢᠯᠴᠠᠨ ᠵᠣᠬᠢᠴᠠᠯᠳᠤᠭᠤᠯᠵᠤ᠂ ᠠᠳᠠᠯᠢ ᠪᠤᠰᠤ ᠲᠥᠷᠥᠯ ᠤᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠴᠢᠳᠠᠮᠵᠢ ᠲᠠᠢ ᠬᠠᠷᠢᠯᠴᠠᠨ | ᠵᠣᠬᠢᠴᠠᠯᠳᠤᠭᠤᠯᠵᠤ᠂ ︽ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠬᠤ︾᠂ ︽ᠦᠨᠳᠦᠰᠦᠨ ᠱᠠᠲᠤ ᠪᠠᠷ ᠭᠤᠤᠯᠳᠠᠯᠭ᠎ᠠ ᠪᠣᠯᠭᠠᠬᠤ︾᠂ ︽ᠬᠢᠲᠠᠳ ᠧᠦ᠋ᠷᠣᠫᠠ ᠡᠮᠨᠡᠯᠭᠡ ᠶᠢ | ᠵᠡᠷᠭᠡ ᠪᠠᠷ ᠴᠢᠬᠤᠯᠠᠴᠢᠯᠠᠬᠤ︾ ᠵᠠᠷᠴᠢᠮ ᠵᠡᠷᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠪᠠᠶᠢᠷᠢᠰᠢᠯ ᠢ ᠨᠠᠩ ᠰᠠᠶᠢᠲᠤᠷ ᠢᠯᠡᠷᠡᠭᠦᠯᠵᠦ᠂ ᠪᠤᠭᠤᠲᠤ | ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠪᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠬᠠᠷᠢᠯᠴᠠᠨ | ᠵᠣᠬᠢᠴᠠᠬᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠥᠭᠡᠷᠡᠴᠢᠯᠡᠯᠲᠡ ᠬᠥᠭᠵᠢᠯᠲᠡ ᠶᠢᠨ ᠱᠠᠭᠠᠷᠳᠠᠯᠭ᠎ᠠ ᠲᠠᠢ ᠨᠢᠭᠡᠳᠦᠯᠲᠡᠶ᠂ | ᠡᠮᠴᠢᠯᠡᠭᠡ ᠪᠠ ᠰᠡᠷᠭᠡᠶᠢᠯᠡᠯᠲᠡ ᠶᠢ ᠠᠭᠤᠰᠤᠯᠴᠠᠭᠤᠯᠬᠤ᠂ ᠡᠩ ᠤᠨ ᠪᠠ ᠪᠠᠴᠢᠮ ᠪᠠᠶᠢᠳᠠᠯ ᠢ ᠤᠶᠠᠯᠳᠤᠭᠤᠯᠬᠤ᠂ ᠡᠮᠴᠢᠯᠡᠭᠡ ᠪᠠ ᠰᠤᠪᠢᠯᠠᠯᠲᠠ ᠶᠢ ᠤᠶᠠᠯᠳᠤᠭᠤᠯᠬᠤ᠂ ᠬᠢᠲᠠᠳ | ︵ᠮᠣᠩᠭᠤᠯ︶ ᠧᠦ᠋ᠷᠣᠫᠠ ᠶᠢ ᠵᠡᠷᠭᠡ ᠪᠠᠷ ᠴᠢᠬᠤᠯᠠᠴᠢᠯᠠᠬᠤ᠂ ᠳᠡᠭᠡᠲᠦ ᠲᠣᠣᠷᠠᠲᠤ ᠱᠠᠲᠤ ᠪᠠᠷ ᠢᠶᠠᠨ ᠬᠤᠯᠪᠤᠭᠠᠯᠠᠨ ᠬᠦᠳᠦᠯᠦᠯᠴᠡᠬᠦ᠂ ᠱᠠᠲᠤ ᠬᠤᠪᠢᠶᠠᠨ ᠰᠡᠷᠭᠡᠶᠢᠯᠡᠨ ᠵᠠᠰᠠᠬᠤ ᠨᠡᠩ | ᠪᠦᠷᠢᠨ ᠲᠡᠭᠦᠯᠳᠡᠷ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢ ᠦᠨᠳᠦᠰᠦᠨ ᠳᠤ ᠪᠠᠨ ᠪᠠᠶᠢᠭᠤᠯᠤᠨ ᠪᠦᠲᠦᠭᠡᠨ᠎ᠡ᠃ | ᠭᠤᠷᠪᠠᠳᠤᠭᠠᠷ ᠬᠡᠰᠡᠭ᠄ ᠡᠮᠴᠢᠯᠡᠭᠡᠨ ᠤ ᠪᠠᠶᠢᠭᠤᠯᠤᠮᠵᠢ ᠶᠢᠨ ᠲᠣᠬᠢᠷᠠᠭᠤᠯᠤᠯᠲᠠ᠃ ︽ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ᠂ ᠪᠦᠲᠦᠴᠡ ᠶᠢ ᠲᠣᠬᠢᠷᠠᠭᠤᠯᠬᠤ᠂ | ᠲᠣᠭᠲᠠᠴᠠ ᠶᠢ ᠪᠠᠶᠢᠭᠤᠯᠬᠤ᠂ ᠦᠨᠳᠦᠰᠦᠨ ᠱᠠᠲᠤᠨ ᠳᠤ ᠭᠦᠨᠵᠡᠭᠡᠶᠢᠷᠡᠬᠦ ᠶᠢ ᠠᠬᠢᠭᠤᠯᠬᠤ᠂ ᠳᠡᠰ ᠬᠤᠪᠢᠶᠠᠬᠤ ᠶᠢ ᠪᠠᠲᠤᠯᠠᠬᠤ︾ ᠰᠡᠳᠬᠢᠴᠡ ᠪᠠᠷ ᠡᠮᠴᠢᠯᠡᠭᠡᠨ ᠤ ᠪᠠᠶᠢᠭᠤᠯᠤᠮᠵᠢ ᠶᠢ | ᠲᠣᠬᠢᠷᠠᠭᠤᠯᠤᠨ᠎ᠠ᠃ ᠬᠤᠲᠠ ᠶᠢᠨ ᠱᠠᠲᠤᠨ ᠤ ᠭᠤᠷᠪᠠᠳᠤᠭᠠᠷ ᠲᠡᠰ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠨᠡᠶᠢᠲᠡ 6 ᠪᠠᠶᠢᠵᠤ᠂ ᠲᠣᠰ ᠲᠣᠰ ᠬᠤᠲᠠ ᠶᠢᠨ | ᠲᠥᠪ ᠡᠮᠨᠡᠯᠭᠡ ᠶᠢᠨ ᠬᠤᠷᠢᠶ᠎ᠠ᠂ ᠪᠤᠭᠤᠲᠤ ᠶᠢᠨ ᠡᠮᠨᠡᠯᠭᠡ ᠶᠢᠨ ᠨᠢᠭᠡᠳᠦᠭᠡᠷ ᠬᠠᠷᠢᠶᠠᠲᠤ ᠡᠮᠨᠡᠯᠭᠡ ᠶᠢᠨ ᠬᠤᠷᠢᠶ᠎ᠠ᠂ ᠪᠤᠭᠤᠲᠤ ᠶᠢᠨ ᠪᠣᠯᠣᠳ ᠲᠡᠮᠦᠷ ᠤᠨ ᠡᠮᠨᠡᠯᠭᠡ ᠶᠢᠨ ᠬᠤᠷᠢᠶ᠎ᠠ᠂ | ᠪᠤᠭᠤᠲᠤ ᠶᠢᠨ ᠡᠮᠨᠡᠯᠭᠡ ᠶᠢᠨ ᠬᠤᠶᠠᠳᠤᠭᠠᠷ ᠬᠠᠷᠢᠶᠠᠲᠤ ᠡᠮᠨᠡᠯᠭᠡ ᠶᠢᠨ ᠬᠤᠷᠢᠶ᠎ᠠ᠂ ᠬᠤᠲᠠ ᠶᠢᠨ ᠳᠥᠷᠪᠡᠳᠦᠭᠡᠷ ᠡᠮᠨᠡᠯᠭᠡ ᠶᠢᠨ ᠬᠤᠷᠢᠶ᠎ᠠ᠂ ᠤᠯᠤᠰ ᠤᠨ ᠡᠮ ᠤᠨ ᠤᠮᠠᠷᠠᠲᠤ ᠶᠢᠨ | ᠡᠮᠨᠡᠯᠭᠡ ᠶᠢᠨ ᠬᠤᠷᠢᠶ᠎ᠠ ᠪᠣᠯᠤᠨ᠎ᠠ᠃ ᠬᠤᠲᠠ ᠶᠢᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠪᠣᠯ ᠭᠤᠷᠪᠠᠳᠤᠭᠠᠷ ᠳᠡᠰ ᠤᠨ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ | ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠣᠯᠤᠨ᠎ᠠ᠃ ᠬᠤᠲᠠ ᠶᠢᠨ ᠱᠠᠲᠤᠨ ᠤ ᠠᠯᠪᠠᠨ ᠠᠴᠠ ᠪᠠᠶᠢᠭᠤᠯᠤᠭᠰᠠᠨ ᠭᠤᠷᠪᠠᠳᠤᠭᠠᠷ ᠳᠡᠰ ᠤᠨ ᠲᠤᠰᠬᠠᠶ ᠡᠮᠨᠡᠯᠭᠡ ᠶᠢᠨ ᠬᠤᠷᠢᠶ᠎ᠠ | ᠨᠡᠶᠢᠲᠡ 6 ᠪᠠᠶᠢᠵᠤ᠂ ᠲᠣᠰ ᠲᠣᠰ ᠬᠤᠲᠠ ᠶᠢᠨ ᠭᠤᠷᠪᠠᠳᠤᠭᠠᠷ ᠡᠮᠨᠡᠯᠭᠡ ᠶᠢᠨ ᠬᠤᠷᠢᠶ᠎ᠠ᠂ ᠬᠤᠲᠠ ᠶᠢᠨ ᠵᠢᠷᠭᠤᠳᠤᠭᠠᠷ ᠡᠮᠨᠡᠯᠭᠡ ᠶᠢᠨ ᠬᠤᠷᠢᠶ᠎ᠠ᠂ ᠬᠤᠲᠠ ᠶᠢᠨ ᠬᠠᠪᠤᠳᠠᠷ ᠤᠨ | ᠡᠮᠨᠡᠯᠭᠡ ᠶᠢᠨ ᠬᠤᠷᠢᠶ᠎ᠠ᠂ ᠬᠤᠲᠠ ᠶᠢᠨ ᠨᠢᠳᠦᠨ ᠤ ᠡᠮᠨᠡᠯᠭᠡ ᠶᠢᠨ ᠬᠤᠷᠢᠶ᠎ᠠ᠂ ᠪᠤᠭᠤᠲᠤ ᠶᠢᠨ ᠪᠣᠯᠣᠳ ᠲᠡᠮᠦᠷ ᠤᠨ ᠭᠤᠷᠪᠠᠳᠤᠭᠠᠷ ᠡᠮᠨᠡᠯᠭᠡ ᠶᠢᠨ ᠬᠤᠷᠢᠶ᠎ᠠ᠂ ᠤᠯᠤᠰ ᠤᠨ ᠡᠮ ᠤᠨ | ᠨᠢᠭᠡᠳᠦᠭᠡᠷ ᠮᠠᠰᠢᠨ ᠤ ᠡᠮᠨᠡᠯᠭᠡ ᠶᠢᠨ ᠬᠤᠷᠢᠶ᠎ᠠ ᠣᠳᠤ ᠶᠠᠭ ᠠᠮᠠᠨ ᠬᠥᠨᠳᠡᠶ ᠶᠢᠨ ᠲᠤᠰᠬᠠᠶ ᠡᠮᠨᠡᠯᠭᠡ ᠶᠢᠨ ᠬᠤᠷᠢᠶ᠎ᠠ ᠪᠣᠯᠵᠣ ᠪᠠᠶᠢᠨ᠎ᠠ᠃ ᠬᠤᠰᠢᠭᠤ ᠰᠢᠶᠠᠨ ᠲᠣᠭᠤᠷᠢᠭ ᠨᠢᠭᠡᠪᠦᠷᠢ | ᠵᠠᠷᠴᠢᠮ ᠳᠡᠭᠡᠷ᠎ᠡ ᠪᠠᠨ 1 ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠠ 1 ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠨᠡᠯᠭᠡ ᠶᠢᠨ ᠬᠤᠷᠢᠶ᠎ᠠ ᠲᠣᠬᠢᠷᠠᠭᠤᠯᠵᠤ᠂ ᠰᠤᠮᠤ | ᠰᠢᠶᠠᠩ ᠪᠠᠯᠭᠠᠰᠤ ᠨᠢᠭᠡᠪᠦᠷᠢ ᠵᠠᠷᠴᠢᠮ ᠳᠡᠭᠡᠷ᠎ᠡ ᠪᠠᠨ 1 ᠵᠠᠰᠠᠭ ᠤᠨ ᠣᠷᠳᠣᠨ ᠠᠴᠠ ᠡᠷᠭᠢᠯᠡᠭᠰᠡᠨ ᠪᠠᠷᠢᠮᠵᠢᠶᠠᠵᠢᠭᠤᠯᠤᠭᠰᠠᠨ ᠪᠦᠲᠦᠭᠡᠨ ᠪᠠᠶᠢᠭᠤᠯᠤᠯᠲᠠ ᠶᠢᠨ ᠰᠤᠮᠤ ᠰᠢᠶᠠᠩ | ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠲᠣᠬᠢᠷᠠᠭᠤᠯᠤᠨ᠎ᠠ᠃ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠳᠠᠯ᠎ᠠ ᠪᠠᠷ᠂ ᠬᠤᠳᠠ ᠳᠤ ᠡᠪᠡᠳᠴᠢᠨ | ᠡᠮᠭᠡᠭ ᠢ ᠰᠡᠷᠬᠡᠶᠢᠯᠡᠨ ᠡᠵᠡᠮᠳᠡᠬᠦ ᠳᠦᠪ ︵ᠡᠷᠡᠬᠦᠯ ᠬᠠᠮᠠᠭᠠᠯᠠᠯ ᠤᠨ ᠬᠢᠨᠠᠯᠳᠠ ᠳᠠᠯᠪᠢᠬᠤ ᠭᠠᠵᠠᠷ︶᠂ ᠡᠬᠡ ᠨᠢᠯᠬᠠᠰ ᠤᠨ ᠡᠷᠡᠬᠦᠯ ᠮᠡᠨᠳᠦ ᠶᠢ ᠬᠠᠮᠠᠭᠠᠯᠠᠬᠤ ᠡᠮᠨᠡᠯᠬᠡ ᠶᠢᠨ ᠬᠤᠷᠢᠶ᠎ᠠ᠂ | ᠴᠢᠰᠤᠨ ᠤ ᠭᠤᠤᠯ ᠦᠷᠳᠡᠭᠡ᠂ ᠲᠦᠷᠭᠡᠨ ᠠᠪᠤᠷᠠᠯᠳᠠ ᠶᠢᠨ ᠵᠢᠯᠤᠭᠤᠳᠬᠤ ᠳᠦᠪ᠂ ᠡᠯ᠎ᠡ ᠬᠤᠰᠢᠭᠤ᠂ ᠰᠢᠶᠠᠨ᠂ ᠳᠤᠭᠤᠷᠢᠭ ᠳᠤᠰᠪᠤᠷᠢ 1 ᠬᠤᠰᠢᠭᠤ ᠰᠢᠶᠠᠨ ᠳᠤᠭᠤᠷᠢᠭ ᠤᠨ | ᠳᠡᠰ ᠤᠨ ᠡᠪᠡᠳᠴᠢᠨ ᠡᠮᠭᠡᠭ ᠢ ᠰᠡᠷᠬᠡᠶᠢᠯᠡᠨ ᠡᠵᠡᠮᠳᠡᠬᠦ ᠳᠦᠪ ︵ᠡᠷᠡᠬᠦᠯ ᠬᠠᠮᠠᠭᠠᠯᠠᠯ ᠤᠨ ᠬᠢᠨᠠᠯᠳᠠ ᠳᠠᠯᠪᠢᠬᠤ ᠦᠷᠳᠡᠭᠡ︶᠂ ᠡᠬᠡ ᠨᠢᠯᠬᠠᠰ ᠤᠨ ᠡᠷᠡᠬᠦᠯ ᠮᠡᠨᠳᠦ ᠶᠢ ᠬᠠᠮᠠᠭᠠᠯᠠᠬᠤ | ᠡᠮᠨᠡᠯᠬᠡ ᠶᠢᠨ ᠬᠤᠷᠢᠶ᠎ᠠ ︵ᠭᠠᠵᠠᠷ︶ ᠪᠠᠶᠢᠭᠤᠯᠤᠨ᠎ᠠ᠃ ᠨᠡᠶᠢᠭᠡᠮ ᠤᠨ ᠡᠷᠬᠢᠯᠡᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠲᠠᠯ᠎ᠠ ᠪᠠᠷ᠂ ᠡᠷᠬᠡ ᠲᠡᠭᠰᠢ᠂ ᠢᠯᠡ᠂ ᠵᠢᠷᠤᠮᠵᠢᠯ ᠲᠠᠢ᠂ | ᠡᠮᠬᠢ ᠵᠢᠷᠤᠮ ᠲᠠᠢ ᠪᠠᠶᠢᠬᠤ ᠰᠠᠭᠤᠷᠢᠨ ᠳᠡᠭᠡᠷ᠎ᠡ᠂ ᠠᠷᠠᠳ ᠠᠴᠠ ᠡᠵᠡᠩᠨᠡᠭᠰᠡᠨ ᠡᠮᠴᠢᠯᠡᠭᠡᠨ ᠤ ᠪᠠᠶᠢᠭᠤᠯᠤᠮᠵᠢ ᠨᠤᠭᠤᠳ ᠤᠨ ᠥᠨᠳᠥᠷ ᠬᠢᠷᠢ ᠬᠡᠮᠵᠢᠶ᠎ᠡ ᠲᠠᠢ ᠭᠤᠷᠪᠠᠳᠤᠭᠠᠷ ᠲᠠᠰ ᠤᠨ | ᠡᠮᠨᠡᠯᠭᠡ ᠶᠢᠨ ᠬᠤᠷᠢᠶ᠎ᠠ ᠪᠣᠯᠤᠨ ᠲᠤᠰᠬᠠᠶ ᠡᠮᠨᠡᠯᠭᠡ ᠶᠢᠨ ᠬᠤᠷᠢᠶ᠎ᠠ ᠡᠷᠬᠢᠯᠡᠬᠦ ᠶᠢ ᠵᠣᠷᠢᠭᠵᠢᠭᠤᠯᠤᠨ᠎ᠠ᠂ ᠵᠢᠱᠢᠶᠡᠯᠡᠪᠡᠯ᠂ ᠴᠤᠤ ᠵᠢᠤᠢ ᠨᠢᠳᠦᠨ ᠤ ᠡᠮᠨᠡᠯᠭᠡ ᠶᠢᠨ ᠬᠤᠷᠢᠶ᠎ᠠ᠂ ᠯᠢ ᠳ᠋ᠧ | ᠠᠷᠠᠰᠤᠨ ᠡᠪᠡᠳᠴᠢᠨ ᠤ ᠡᠮᠨᠡᠯᠭᠡ ᠶᠢᠨ ᠬᠤᠷᠢᠶ᠎ᠠ᠂ ᠠᠷᠠᠳ ᠣᠯᠠᠨ ᠳᠤ ᠣᠯᠠᠨ ᠬᠡᠯᠪᠡᠷᠢ ᠶᠢᠨ᠂ ᠥᠨᠳᠥᠷ ᠬᠢᠷᠢ ᠬᠡᠮᠵᠢᠶ᠎ᠡ ᠲᠠᠢ᠂ ᠨᠠᠩ ᠳᠥᠭᠦᠮ ᠳᠥᠲᠡ ᠡᠮᠴᠢᠯᠡᠭᠡᠨ ᠤ | ᠦᠢᠯᠡᠴᠢᠯᠡᠭᠡ ᠬᠠᠩᠭᠠᠨ᠎ᠠ᠃ | ᠳᠥᠷᠪᠡᠳᠦᠭᠡᠷ ᠬᠡᠰᠡᠭ᠄ ᠡᠪᠡᠳᠴᠢᠲᠡᠨ ᠤ ᠣᠷᠣ ᠶᠢᠨ ᠲᠣᠬᠢᠷᠠᠭᠤᠯᠤᠯᠲᠠ᠃ ᠣᠶᠢᠷ᠎ᠠ ᠶᠢᠨ ᠵᠢᠯ ᠤᠨ ᠡᠪᠡᠳᠴᠢᠲᠡᠨ ᠤ ᠣᠷᠣ ᠶᠢᠨ ᠬᠤᠪᠢᠷᠠᠯᠲᠠ ᠶᠢᠨ ᠪᠠᠶᠢᠳᠠᠯ ᠢ | ᠦᠨᠳᠦᠰᠦᠯᠡᠨ᠂ ᠢᠷᠡᠭᠡᠳᠦᠶ ᠶᠢᠨ ᠬᠥᠮᠦᠨ ᠠᠮᠠ ᠪᠠ ᠡᠮᠴᠢᠯᠡᠭᠡᠨ ᠤ ᠬᠡᠷᠡᠭᠴᠡᠭᠡ ᠶᠢᠨ ᠬᠤᠪᠢᠷᠠᠯᠲᠠ ᠲᠠᠢ ᠤᠶᠠᠯᠳᠤᠭᠤᠯᠬᠤ ᠶᠢᠨ ᠬᠠᠮᠲᠤ ᠡᠪᠡᠳᠴᠢᠲᠡᠨ ᠤ ᠣᠷᠣ ᠶᠢᠨ ᠨᠡᠮᠡᠭᠳᠡᠯ ᠢ | ᠭᠤᠣᠯᠳᠠᠭᠤ ᠣᠶᠤᠨ ᠮᠡᠳᠡᠷᠡᠯ ᠤᠨ ᠡᠷᠡᠭᠦᠯ ᠬᠠᠮᠠᠭᠠᠯᠠᠯ᠂ ᠡᠷᠡᠭᠦᠯᠵᠢᠯ᠂ ᠬᠠᠯᠳᠠᠪᠤᠷᠢᠲᠤ ᠡᠪᠡᠳᠴᠢᠨ᠂ ᠬᠠᠪᠤᠳᠠᠷ᠂ ᠬᠦᠨᠳᠦ ᠡᠪᠡᠳᠴᠢᠨ ᠵᠡᠷᠭᠡ ᠬᠦᠷᠢᠶ᠎ᠡ ᠲᠡᠶᠢᠰᠢ ᠬᠡᠯᠪᠠᠶᠢᠯᠭᠡᠵᠦ᠂ | ᠡᠮᠴᠢᠯᠡᠭᠡᠨ ᠤ ᠪᠠᠶᠢᠭᠤᠯᠤᠮᠵᠢ ᠶᠢᠨ ᠣᠷᠣ ᠶᠢᠨ ᠲᠤᠭ᠎ᠠ ᠶᠢ ᠲᠣᠬᠢᠷᠠᠭᠤᠯᠵᠤ᠂ 2025 ᠣᠨ ᠪᠣᠯᠬᠤ ᠳᠤ᠂ ᠪᠥᠬᠦ ᠬᠤᠲᠠ ᠶᠢᠨ ᠪᠠᠶᠢᠩᠭᠤ ᠰᠠᠭᠤᠭ᠎ᠠ ᠬᠥᠮᠦᠨ ᠠᠮᠠ | 285 ᠲᠦᠮᠡ᠂ ᠪᠠᠶᠢᠩᠭᠤ ᠰᠠᠭᠤᠭ᠎ᠠ ᠮᠢᠩᠭᠠᠨ ᠬᠥᠮᠦᠨ ᠠᠮᠠ ᠪᠦᠷᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠪᠡᠳᠴᠢᠲᠡᠨ ᠤ ᠣᠷᠣ ᠶᠢᠨ ᠲᠤᠭ᠎ᠠ ᠶᠢ 7.8 | ᠬᠤᠪᠢ ᠳᠣᠲᠣᠷ᠎ᠠ ᠬᠢᠵᠠᠭᠠᠷᠯᠠᠨ ᠪᠤᠳᠤᠵᠤ᠂ ᠪᠥᠬᠦ ᠬᠤᠲᠠ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠣᠷᠣ ᠶᠢᠨ ᠲᠤᠭ᠎ᠠ ᠶᠢ 2. 20 ᠲᠦᠮᠡ ᠳᠤ | ᠬᠢᠵᠠᠭᠠᠷᠯᠠᠨ᠎ᠠ᠃ ᠡᠭᠦᠨ ᠳᠤ᠂ ᠬᠤᠲᠠ ᠶᠢᠨ ᠨᠠᠢᠮᠠᠳᠤᠭᠠᠷ ᠡᠮᠨᠡᠯᠭᠡ ᠶᠢᠨ ᠬᠤᠷᠢᠶ᠎ᠠ ᠶᠢᠨ ᠪᠦᠬᠦᠯᠢ ᠪᠠᠶᠢᠭᠤᠯᠤᠮᠵᠢ ᠶᠢ ᠬᠤᠲᠠ ᠶᠢᠨ ᠲᠥᠪ ᠡᠮᠨᠡᠯᠭᠡ ᠶᠢᠨ ᠬᠤᠷᠢᠶ᠎ᠠ ᠳᠤ ᠬᠤᠪᠢᠶᠠᠷᠢᠯᠠᠨ | ᠥᠭᠴᠦ᠂ ᠬᠤᠲᠠ ᠶᠢᠨ ᠲᠥᠪ ᠤᠨ ᠡᠮᠨᠡᠯᠭᠡ ᠶᠢᠨ ᠬᠤᠷᠢᠶ᠎ᠠ ᠶᠢᠨ 2025 ᠣᠨ ᠤ ᠬᠠᠷᠠᠯᠲᠠᠲᠤ ᠣᠷᠣ ᠶᠢᠨ ᠲᠤᠭ᠎ᠠ 2000 ᠬᠤᠪᠢ᠂ ᠪᠤᠭᠤᠲᠤ ᠶᠢᠨ ᠡᠮᠨᠡᠯᠭᠡ ᠶᠢᠨ ᠨᠢᠭᠡᠳᠦᠭᠡᠷ | ᠬᠠᠷᠢᠶᠠᠲᠤ ᠡᠮᠨᠡᠯᠭᠡ ᠶᠢᠨ ᠬᠤᠷᠢᠶ᠎ᠠ 2025 ᠣᠨ ᠤ ᠬᠠᠷᠠᠯᠲᠠᠲᠤ ᠣᠷᠣ ᠶᠢᠨ ᠲᠤᠭ᠎ᠠ 1500 ︵ᠣᠯᠠᠨ ᠤᠯᠤᠰ ᠤᠨ ᠶᠠᠮᠤᠨ 300 ᠪᠠᠭᠲᠠᠨ᠎ᠠ︶᠂ ᠪᠤᠭᠤᠲᠤ ᠶᠢᠨ | ᠡᠮᠨᠡᠯᠭᠡ ᠶᠢᠨ ᠬᠤᠶᠠᠳᠤᠭᠠᠷ ᠬᠠᠷᠢᠶᠠᠲᠤ ᠡᠮᠨᠡᠯᠭᠡ ᠶᠢᠨ ᠬᠤᠷᠢᠶ᠎ᠠ ᠶᠢᠨ 2025 ᠣᠨ ᠤ ᠬᠠᠷᠠᠯᠲᠠᠲᠤ ᠣᠷᠣ ᠶᠢᠨ ᠲᠤᠭ᠎ᠠ 750 ᠬᠤᠪᠢ᠂ ᠬᠤᠲᠠ ᠶᠢᠨ ᠳᠥᠷᠪᠡᠳᠦᠭᠡᠷ | ᠡᠮᠨᠡᠯᠭᠡ ᠶᠢᠨ ᠬᠤᠷᠢᠶ᠎ᠠ ᠶᠢᠨ ᠬᠠᠷᠠᠯᠲᠠᠲᠤ ᠣᠷᠣᠨ ᠤ ᠲᠤᠭ᠎ᠠ 610 ᠪᠣᠯᠤᠨ᠎ᠠ᠃ | ᠲᠠᠪᠤᠳᠤᠭᠠᠷ ᠬᠡᠰᠡᠭ᠄ ᠠᠵᠢᠯᠲᠠᠨ ᠤ ᠲᠣᠬᠢᠷᠠᠭᠤᠯᠤᠯᠲᠠ᠃ 2025 ᠣᠨ ᠪᠣᠯᠬᠤ ᠳᠤ᠂ ᠪᠠᠶᠢᠩᠭᠤ ᠰᠠᠭᠤᠭ᠎ᠠ ᠮᠢᠩᠭᠠᠨ ᠬᠥᠮᠥᠨ ᠠᠮᠠ ᠪᠦᠷᠢ ᠳᠤ ᠠᠵᠢᠯ ᠡᠷᠬᠢᠯᠡᠬᠦ | ︵ᠲᠤᠰᠠᠯᠠᠬᠤ︶ ᠡᠮᠴᠢ ᠶᠢᠨ ᠲᠤᠭ᠎ᠠ ᠶᠢ 3.62 ᠬᠥᠮᠥᠨ ᠳᠤ ᠬᠦᠷᠦᠭᠦᠯᠵᠦ᠂ ᠬᠢᠲᠠᠳ ᠡᠮᠨᠡᠯᠭᠡ ᠶᠢᠨ ᠲᠥᠷᠥᠯ ᠢᠯᠭᠠᠯ ᠢᠶᠠᠷ ᠠᠵᠢᠯ ᠡᠷᠬᠢᠯᠡᠬᠦ ︵ᠲᠤᠰᠠᠯᠠᠬᠤ︶ ᠡᠮᠴᠢ ᠶᠢᠨ | ᠲᠤᠭ᠎ᠠ ᠶᠢ 0.62 ᠲᠤ ᠬᠦᠷᠦᠭᠦᠯᠵᠦ᠂ ᠬᠡᠦᠬᠡᠳ ᠤᠨ ᠰᠠᠯᠠᠭᠠᠨ ᠤ ᠠᠵᠢᠯ ᠡᠷᠬᠢᠯᠡᠬᠦ ︵ᠲᠤᠰᠠᠯᠠᠬᠤ︶ ᠡᠮᠴᠢ ᠶᠢᠨ ᠲᠤᠭ᠎ᠠ ᠶᠢ 0.87 ᠬᠥᠮᠥᠨ ᠳᠤ ᠬᠦᠷᠦᠭᠦᠯᠵᠦ᠂ | ᠳᠠᠩᠰᠠᠯᠠᠭᠤᠯᠤᠭᠰᠠᠨ ᠰᠤᠪᠢᠯᠠᠭᠴᠢ ᠶᠢᠨ ᠲᠤᠭ᠎ᠠ ︵ᠲᠤᠰᠠᠯᠠᠬᠤ︶ ᠶᠢ 4.6 ᠬᠥᠮᠥᠨ ᠳᠤ ᠬᠦᠷᠦᠭᠦᠯᠵᠦ᠂ ᠡᠮ ᠨᠠᠶᠢᠷᠠᠭᠴᠢ ᠶᠢᠨ ᠲᠤᠭ᠎ᠠ ︵ᠬᠥᠮᠥᠰ︶ ᠶᠢ 0.54 ᠬᠥᠮᠥᠨ ᠳᠤ | ᠬᠦᠷᠦᠭᠦᠯᠦᠨ᠎ᠡ︔ 10 ᠲᠦᠮᠡᠨ ᠬᠥᠮᠥᠨ ᠠᠮᠠ ᠶᠢᠨ ᠡᠷᠡᠭᠦᠯᠵᠢᠭᠦᠯᠬᠦ ᠡᠮᠴᠢ ︵ᠲᠤᠰᠠᠯᠠᠭᠴᠢ︶ 8 ᠬᠦᠮᠦᠨ ᠳᠤ ᠬᠦᠷᠭᠡᠨ᠎ᠡ︔ ᠲᠦᠮᠡᠨ ᠬᠦᠮᠦᠨ ᠪᠦᠷᠢ ᠶᠢᠨ ᠶᠡᠷᠦᠩᠬᠡᠢ | ᠰᠠᠯᠠᠭᠠᠨ ᠤ ᠡᠮᠴᠢ ᠶᠢᠨ ᠲᠤᠭ᠎ᠠ ᠶᠢ 3.93 ᠬᠥᠮᠥᠨ ᠳᠤ ᠬᠦᠷᠦᠭᠦᠯᠵᠦ᠂ ᠡᠮᠴᠢ ᠰᠤᠪᠢᠯᠠᠭᠴᠢ ᠶᠢᠨ ᠬᠠᠷᠢᠴᠠᠯ ᠢ 1᠄ 1.20 ᠳᠤ ᠬᠦᠷᠦᠭᠦᠯᠵᠦ᠂ ᠣᠷᠣ ᠪᠠ ᠬᠥᠮᠥᠨ ︵ᠡᠷᠡᠭᠦᠯ | ᠬᠠᠮᠠᠭᠠᠯᠠᠯ ᠤᠨ ᠠᠵᠢᠯᠲᠠᠨ︶ ᠤ ᠬᠠᠷᠢᠴᠠᠯ ᠢ 1᠄ 1.6 ᠳᠤ ᠬᠦᠷᠦᠭᠦᠯᠦᠨ᠎ᠡ᠃ | ᠵᠢᠷᠭᠤᠳᠤᠭᠠᠷ ᠬᠡᠰᠡᠭ᠄ ᠪᠠᠲᠤᠯᠠᠬᠤ ᠠᠷᠭ᠎ᠠ ᠬᠡᠮᠵᠢᠶ᠎ᠡ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠤᠰᠤᠳ ᠰᠠᠯᠠᠭ᠎ᠠ ᠮᠥᠴᠢᠷ ᠲᠠᠢ ᠬᠤᠯᠪᠣᠭᠠᠯᠠᠨ᠂ | ᠰᠢᠰᠲ᠋ᠧᠮ ᠲᠠᠢ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠬᠦᠴᠦ ᠪᠠᠨ ᠬᠠᠮᠲᠤᠳᠬᠠᠨ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢ ᠠᠬᠢᠭᠤᠯᠤᠨ᠎ᠠ᠃ ᠬᠤᠰᠢᠭᠤ ᠰᠢᠶᠠᠨ | ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠣᠷᠣᠨ ᠪᠦᠰᠡ ᠶᠢᠨ ᠳᠣᠲᠣᠷᠠᠬᠢ ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠶᠢ | ᠨᠢᠭᠡᠳᠦᠯᠲᠡᠶ ᠡᠮᠬᠢᠯᠡᠵᠦ᠂ ᠡᠮᠴᠢᠯᠡᠭᠡᠨ ᠤ ᠡᠬᠢ ᠪᠠᠶᠠᠯᠢᠭ ᠢ ᠵᠦᠶ ᠵᠣᠬᠢᠰᠲᠠᠶ ᠲᠣᠬᠢᠷᠠᠭᠤᠯᠬᠤ ᠶᠢ ᠬᠥᠲᠥᠯᠦᠨ ᠵᠢᠯᠣᠭᠤᠳᠴᠤ᠂ ᠡᠮᠴᠢᠯᠡᠭᠡᠨ ᠤ ᠪᠠᠶᠢᠭᠤᠯᠤᠮᠵᠢ ᠶᠢᠨ ᠬᠥᠭᠵᠢᠯᠲᠡ ᠶᠢ | ᠠᠵᠤ ᠠᠬᠤᠶ ᠨᠡᠶᠢᠭᠡᠮ ᠤᠨ ᠬᠥᠭᠵᠢᠯᠲᠡ ᠲᠠᠢ ᠨᠢᠭᠲᠠ ᠵᠣᠯᠭᠠᠭᠤᠯᠵᠤ᠂ ᠣᠷᠣᠨ ᠪᠦᠰᠡ ᠶᠢᠨ ᠳᠣᠲᠣᠷᠠᠬᠢ ᠰᠠᠭᠤᠭᠠᠯᠢ ᠠᠷᠠᠳ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ | ᠡᠮᠴᠢᠯᠡᠭᠡᠨ ᠤ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ |