10 ᠳ᠋ᠤᠭᠠᠷ ᠰᠠᠷ᠎ᠠ ᠶᠢᠨ 28 ᠤ ᠡᠳᠦᠷ ᠠᠭᠤᠷᠬᠠᠢ ᠮᠠᠯᠲᠠᠬᠤ ᠠᠵᠢᠯ ᠤᠨ ᠬᠡᠯᠲᠡᠰ ᠨᠦᠬᠡᠯᠡᠬᠦ ᠬᠡᠰᠡᠭ ᠤᠨ ᠰᠡᠯᠪᠢᠨ ᠵᠠᠰᠠᠬᠤ ᠠᠵᠢᠯ ᠤᠨ ᠪᠠᠷᠢᠮᠵᠢᠶ᠎ᠠ ᠶᠢᠨ ᠪᠣᠯᠪᠠᠰᠤᠷᠠᠯ | ᠥᠷᠨᠢᠭᠦᠯᠪᠡ᠃ ᠲᠣᠰ ᠤᠳᠠᠭᠠᠨ ᠤ ᠪᠣᠯᠪᠠᠰᠤᠷᠠᠯ ᠳᠤ ᠲᠤᠬᠠᠶ ᠶᠢᠨ ᠲᠠᠯᠠᠪᠤᠷ ᠤᠨ ᠠᠮᠤᠷ ᠲᠦᠪᠰᠢᠨ ᠢ ᠬᠢᠨᠠᠨ ᠬᠠᠮᠠᠭᠠᠯᠠᠭᠴᠢ᠂ ᠠᠩᠭᠢ ᠶᠢᠨ ᠳᠠᠷᠤᠭ᠎ᠠ᠂ ᠳᠠᠩ ᠮᠠᠰᠢᠨ ᠤ ᠳᠠᠷᠤᠭ᠎ᠠ | ᠵᠢᠴᠢ ᠬᠠᠮᠢᠶ᠎ᠠ ᠪᠥᠬᠦᠶ ᠲᠠᠯ᠎ᠠ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠠᠵᠢᠯᠲᠠᠨ ᠣᠷᠤᠯᠴᠠᠪᠠ᠃ | | | | | | ᠲᠣᠰ ᠤᠳᠠᠭᠠᠨ ᠤ ᠪᠣᠯᠪᠠᠰᠤᠷᠠᠯ ᠨᠢ ᠠᠵᠢᠯ ᠤᠨ ᠳᠠᠷᠠᠭᠠᠯᠠᠯ᠂ ᠠᠵᠢᠯ ᠤᠨ ᠠᠭᠤᠯᠭ᠎ᠠ᠂ ᠮᠡᠷᠭᠡᠵᠢᠯ ᠤᠨ ᠭᠤᠤᠯᠳᠠᠯᠭ᠎ᠠ᠂ ᠠᠶᠤᠯ ᠤᠨ ᠡᠬᠢ ᠵᠢᠴᠢ 5 ᠲᠥᠷᠥᠯ ᠤᠨ ᠠᠳᠡᠯ ᠤᠨ | ᠲᠥᠷᠥᠯ ᠬᠡᠯᠪᠡᠷᠢ ᠬᠢᠭᠡᠳ ᠠᠮᠤᠷ ᠲᠦᠪᠰᠢᠨ ᠤ ᠠᠷᠭ᠎ᠠ ᠬᠡᠮᠵᠢᠶ᠎ᠡ ᠵᠡᠷᠭᠡ ᠲᠠᠯ᠎ᠠ ᠪᠠᠷ᠂ ︽KY- 310 ᠥᠷᠥᠮᠳᠡᠭᠦᠷ ᠮᠠᠰᠢᠨ ᠤ ᠲᠣᠭᠲᠠᠪᠤᠷᠢᠵᠢᠭᠤᠯᠤᠭᠴᠢ ᠶᠢ ᠰᠣᠯᠢᠬᠤ | ᠪᠠᠷᠢᠮᠵᠢᠶ᠎ᠠ︾᠂ ︽KY- 310 ᠥᠷᠥᠮᠳᠡᠭᠦᠷ ᠮᠠᠰᠢᠨ ᠤ ᠠᠶᠠᠯᠠᠯ ᠤᠨ ᠰᠡᠭᠦᠯᠴᠢ ᠶᠢᠨ ᠳᠡᠰ ᠤᠨ ᠬᠡᠯᠬᠢᠶ᠎ᠡ ᠶᠢᠨ ᠪᠠᠷᠢᠮᠵᠢᠶ᠎ᠠ︾ ᠳᠠᠬᠢ ᠠᠭᠤᠯᠭ᠎ᠠ ᠶᠢ ᠵᠦᠢᠯ ᠳᠠᠷᠠᠭᠠᠯᠠᠨ ᠡᠮᠬᠢᠯᠡᠬᠦ | ᠪᠠ ᠤᠷ᠎ᠠ ᠴᠢᠳᠠᠪᠤᠷᠢ ᠶᠢ ᠪᠠᠬᠢᠵᠢᠭᠦᠯᠪᠡ᠃ | ᠲᠣᠰ ᠤᠳᠠᠭᠠᠨ ᠤ ᠪᠣᠯᠪᠠᠰᠤᠷᠠᠯ ᠢᠶᠠᠷ ᠳᠠᠮᠵᠢᠭᠤᠯᠤᠨ᠂ ᠠᠵᠢᠯᠲᠠᠨ ᠠᠵᠢᠯᠴᠢᠨ ᠤ ᠠᠮᠤᠷ ᠲᠦᠪᠰᠢᠨ ᠤ ᠣᠶᠢᠯᠠᠭᠠᠭᠳᠠᠬᠤᠨ ᠪᠠ ᠠᠮᠤᠷ ᠲᠦᠪᠰᠢᠨ ᠤ ᠤᠬᠠᠮᠰᠠᠷ ᠢ | ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠠᠵᠢᠯᠲᠠᠨ ᠠᠵᠢᠯᠴᠢᠨ ᠤ ᠠᠮᠤᠷ ᠲᠦᠪᠰᠢᠨ ᠤ ᠲᠦᠭᠰᠢᠭᠦᠷᠢ ᠶᠢ ᠢᠯᠭᠠᠨ ᠲᠠᠨᠢᠬᠤ ᠴᠢᠳᠠᠪᠤᠷᠢ ᠶᠢ ᠨᠡᠮᠡᠭᠳᠡᠭᠦᠯᠦᠭᠰᠡᠨ ᠪᠥᠭᠡᠳ | ᠠᠵᠢᠯ ᠤᠨ ᠪᠠᠷᠢᠮᠵᠢᠶ᠎ᠠ ᠶᠢᠨ ᠠᠭᠤᠯᠭ᠎ᠠ ᠪᠠ ᠳᠠᠪᠬᠤᠷ ᠤᠷᠢᠳᠴᠢᠯᠠᠨ ᠰᠡᠷᠭᠡᠶᠢᠯᠡᠬᠦ ᠲᠣᠭᠲᠠᠴᠠ ᠶᠢ ᠣᠷᠭᠠᠨᠢᠭ ᠢᠶᠠᠷ ᠤᠶᠠᠯᠳᠤᠭᠤᠯᠬᠤ ᠶᠢ ᠳᠥᠯᠭᠢᠨ ᠠᠬᠢᠭᠤᠯᠵᠤ᠂ ᠠᠭᠤᠷᠬᠠᠶ | ᠮᠠᠯᠲᠠᠬᠤ ᠠᠵᠢᠯ ᠤᠨ ᠬᠡᠯᠲᠡᠰ ᠤᠨ ᠠᠶᠤᠯ ᠦᠭᠡᠢ ᠦᠢᠯᠡᠳᠪᠦᠷᠢᠯᠡᠯ ᠤᠨ ᠰᠠᠭᠤᠷᠢ ᠶᠢ ᠪᠠᠳᠤᠳᠬᠠᠪᠠ᠃ | |