2024 ᠣᠨ ᠤ 1 – 9 ᠳ᠋ᠦ᠋ᠭᠡᠷ ᠰᠠᠷ᠎ᠠ ᠶᠢᠨ ᠪᠤᠭᠤᠲᠤ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2024/10/31
    1 – 9 ᠳ᠋ᠦ᠋ᠭᠡᠷ ᠰᠠᠷ᠎ᠠ ᠳᠤ᠂ ᠪᠤᠭᠤᠲᠤ ᠬᠤᠳᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠨᠢ ᠠᠳᠠᠯᠢ ᠬᠤᠭᠤᠴᠠᠭᠠᠨ ᠤ ᠬᠢ ᠠᠴᠠ ᠪᠠᠨ 14.5% ᠪᠠᠷ ᠨᠡᠮᠡᠭᠳᠡᠪᠡ᠃    ᠭᠤᠷᠪᠠᠨ ᠲᠣᠮᠣ ᠲᠥᠷᠥᠯ ᠢᠶᠠᠷ ᠠᠪᠴᠤ ᠦᠵᠡᠪᠡᠯ᠂ 1 – 9 ᠳ᠋ᠦ᠋ᠭᠡᠷ ᠰᠠᠷ᠎ᠠ ᠳᠤ᠂ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 10.7% ᠪᠠᠷ ᠨᠡᠮᠡᠭᠳᠡᠪᠡ︔ ᠦᠢᠯᠡᠳᠬᠦ ᠦᠢᠯᠡᠰ 17.8% ᠪᠠᠷ ᠨᠡᠮᠡᠭᠳᠡᠪᠡ︔ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 0.8% ᠪᠠᠷ ᠨᠡᠮᠡᠭᠳᠡᠪᠡ᠃    ᠠᠵᠤ ᠠᠬᠤᠢ ᠶᠢᠨ ᠲᠦᠷᠦᠯ ᠬᠡᠯᠪᠡᠷᠢ ᠪᠠᠷ ᠦᠵᠡᠪᠡᠯ᠂ 1 – 9 ᠳ᠋ᠦ᠋ᠭᠡᠷ ᠰᠠᠷ᠎ᠠ ᠳᠤ᠂ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ ᠤᠨ ᠨᠡᠮᠡᠭᠳᠡᠯ ᠦᠷᠳᠡᠭ ᠨᠢ ᠠᠳᠠᠯᠢ ᠬᠤᠭᠤᠴᠠᠭᠠᠨ ᠤ ᠬᠢ ᠠᠴᠠ 5.1% ᠪᠠᠷ ᠨᠡᠮᠡᠭᠳᠡᠪᠡ︔ ᠬᠤᠪᠢ ᠣᠷᠣᠭᠤᠯᠤᠭᠰᠠᠨ ᠳᠦᠷᠢᠮᠲᠦ ᠠᠵᠤ ᠠᠬᠤᠶᠢᠯᠠᠯ 14.5% ᠪᠠᠷ ᠨᠡᠮᠡᠭᠳᠡᠪᠡ︔ ᠠᠷᠠᠳ ᠤᠨ ᠡᠵᠡᠩᠨᠡᠭᠰᠡᠨ ᠠᠵᠤ ᠠᠬᠤᠶᠢᠯᠠᠯ 23.3% ᠪᠠᠷ ᠨᠡᠮᠡᠭᠳᠡᠪᠡ᠃    ᠠᠵᠢᠯ ᠲᠦᠷᠦᠯ ᠢᠶᠠᠷ ᠠᠪᠴᠤ ᠦᠵᠡᠪᠡᠯ᠂ 1 – 9 ᠳ᠋ᠦ᠋ᠭᠡᠷ ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ 32 ᠲᠤᠮᠤ ᠲᠦᠷᠦᠯ ᠤᠨ ᠠᠵᠢᠯ ᠲᠦᠷᠦᠯ ᠤᠨ ᠳᠣᠲᠣᠷ᠎ᠠ᠂ 19 ᠠᠵᠢᠯ ᠲᠦᠷᠦᠯ ᠤᠨ ᠨᠡᠮᠡᠭᠳᠡᠯ ᠦᠷᠳᠡᠭ ᠨᠢ ᠨᠡᠮᠡᠭᠳᠡᠵᠦ᠂ ᠨᠡᠮᠡᠭᠳᠡᠯ ᠤᠨ ᠬᠡᠪᠴᠢᠶ᠎ᠡ ᠨᠢ 59.4% ᠪᠣᠯᠪᠠ᠃ ᠡᠭᠦᠨ ᠳᠤ᠂ ᠲᠡᠮᠦᠷᠯᠢᠭ ᠤᠨ ᠪᠤᠰᠤ ᠠᠭᠤᠷᠬᠠᠢ ᠶᠢᠨ ᠦᠢᠯᠡᠰ ᠤᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 26.2 % ᠪᠠᠷ ᠨᠡᠮᠡᠭᠳᠡᠵᠦ᠂ ᠥᠩᠭᠡᠲᠦ ᠲᠡᠮᠦᠷᠯᠢᠭ ᠬᠠᠶᠢᠯᠤᠭᠤᠯᠬᠤ ᠪᠠ ᠳᠠᠷᠤᠵᠤ ᠤᠷᠲᠤᠳᠬᠠᠨ ᠪᠣᠯᠪᠠᠰᠤᠷᠠᠭᠤᠯᠬᠤ ᠦᠢᠯᠡᠰ ᠤᠨ ᠨᠡᠮᠡᠭᠳᠡᠯ ᠥᠷᠲᠡᠭ ᠨᠢ 17.3 % ᠪᠠᠷ ᠨᠡᠮᠡᠭᠳᠡᠵᠦ᠂ ᠨᠡᠭᠦᠷᠡᠰᠦ ᠮᠠᠯᠲᠠᠬᠤ ᠪᠠ ᠤᠬᠢᠶᠠᠵᠤ ᠰᠢᠯᠢᠬᠦ ᠦᠢᠯᠡᠰ ᠤᠨ ᠨᠡᠮᠡᠭᠳᠡᠯ ᠥᠷᠲᠡᠭ ᠨᠢ 66.4 % ᠪᠠᠷ ᠨᠡᠮᠡᠭᠳᠡᠪᠡ᠃    ᠭᠤᠣᠯ ᠪᠣᠯᠬᠤ ᠦᠢᠯᠡᠳᠬᠦᠨ ᠠᠴᠠ ᠠᠪᠴᠤ ᠦᠵᠡᠪᠡᠯ᠂ 1 – 9 ᠳ᠋ᠦ᠋ᠭᠡᠷ ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ 30 ᠵᠦᠢᠯ ᠤᠨ ᠭᠤᠣᠯ ᠦᠢᠯᠡᠳᠬᠦᠨ ︵ᠡᠨᠧᠷᠭᠢ ᠶᠢᠨ ᠦᠢᠯᠡᠳᠬᠦᠨ ᠢ ᠪᠠᠭᠲᠠᠭᠠᠬᠤ ᠦᠭᠡᠢ︶ ᠤᠨ ᠳᠣᠲᠣᠷᠠᠬᠢ 14 ᠵᠦᠢᠯ ᠨᠢ ᠠᠳᠠᠯᠢ ᠬᠤᠭᠤᠴᠠᠭᠠᠨ ᠤ ᠬᠢ ᠠᠴᠠ ᠨᠡᠮᠡᠭᠳᠡᠪᠡ᠃ ᠡᠭᠦᠨ ᠳᠤ᠂ ᠬᠤᠪᠣᠷ ᠰᠢᠷᠣᠶ ᠶᠢᠨ ᠨᠢᠭᠡᠳᠪᠦᠷᠢ ᠶᠢᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ 247.8% ᠪᠠᠷ ᠨᠡᠮᠡᠭᠳᠡᠵᠦ᠂ ᠣᠯᠠᠨ ᠲᠠᠯᠠᠰᠲᠤ ᠴᠠᠬᠢᠭᠤᠷ ᠤᠨ ᠭᠠᠷᠤᠯᠲᠠ 100.6% ᠪᠠᠷ ᠨᠡᠮᠡᠭᠳᠡᠵᠦ᠂ ᠲᠠᠩ ᠲᠠᠯᠠᠰᠲᠤ ᠴᠠᠬᠢᠭᠤᠷ ᠤᠨ ᠭᠠᠷᠤᠯᠲᠠ 81.8% ᠪᠠᠷ ᠨᠡᠮᠡᠭᠳᠡᠵᠦ᠂ ᠲᠠᠩ ᠬᠤᠪᠣᠷ ᠰᠢᠷᠣᠶ ᠶᠢᠨ ᠲᠡᠮᠦᠷᠯᠢᠭ ᠤᠨ ᠭᠠᠷᠤᠯᠲᠠ 31.3% ᠪᠠᠷ ᠨᠡᠮᠡᠭᠳᠡᠵᠦ᠂ ᠲᠡᠮᠦᠷ ᠤᠨ ᠬᠦᠳᠡᠷ ᠤᠨ ᠪᠦᠲᠦᠭᠡᠭᠳᠡᠬᠦᠨ ᠤ ᠭᠠᠷᠤᠯᠲᠠ 4.5% ᠪᠠᠷ ᠨᠡᠮᠡᠭᠳᠡᠵᠦ᠂ ᠬᠥᠩᠭᠡᠨ ᠴᠠᠭᠠᠨ ᠤ ᠭᠠᠷᠤᠯᠲᠠ 4.1% ᠪᠠᠷ ᠨᠡᠮᠡᠭᠳᠡᠪᠡ᠃ 16 ᠵᠦᠢᠯ ᠤᠨ ᠭᠤᠤᠯ ᠪᠦᠲᠦᠭᠡᠭᠳᠡᠬᠦᠨ ᠠᠳᠠᠯᠢ ᠬᠤᠭᠤᠴᠠᠭᠠᠨ ᠤ ᠬᠢ ᠠᠴᠠ ᠪᠠᠨ ᠪᠠᠭᠤᠷᠠᠪᠠ᠃ ᠡᠭᠦᠨ ᠳᠤ᠂ ᠬᠤᠪᠣᠷ ᠰᠢᠷᠣᠶ ᠶᠢᠨ ᠬᠤᠪᠣᠷ ᠰᠢᠷᠣᠶ ᠶᠢᠨ ᠲᠡᠮᠦᠷᠯᠢᠭ ᠤᠨ ᠠᠭᠤᠷᠬᠠᠶ ᠶᠢᠨ ᠭᠠᠷᠤᠯᠲᠠ 14.8% ᠪᠠᠷ ᠪᠠᠭᠤᠷᠠᠵᠤ᠂ ᠪᠣᠯᠣᠳ ᠮᠠᠲ᠋ᠧᠷᠢᠶᠠᠯ ᠤᠨ ᠭᠠᠷᠤᠯᠲᠠ 13.8% ᠪᠠᠷ ᠪᠠᠭᠤᠷᠠᠵᠤ᠂ ᠪᠦᠳᠦᠭᠦᠯᠢᠭ ᠪᠣᠯᠣᠳ ᠤᠨ ᠭᠠᠷᠤᠯᠲᠠ 13.2% ᠢᠶᠠᠷᠪᠠᠭᠤᠷᠠᠵᠤ᠂ ᠰᠢᠷᠡᠮᠦ ᠶᠢᠨ ᠭᠠᠷᠤᠯᠲᠠ 12.3% ᠪᠠᠷ ᠪᠠᠭᠤᠷᠠᠪᠠ᠃    1 – 9 ᠳ᠋ᠦ᠋ᠭᠡᠷ ᠰᠠᠷ᠎ᠠ ᠳᠤ᠂ ᠪᠤᠭᠤᠲᠤ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠪᠣᠷᠣᠯᠠᠭᠤᠯᠤᠯᠲᠠ ᠶᠢᠨ ᠨᠣᠷᠮ᠎ᠠ ᠨᠢ 89.9% ᠪᠠᠶᠢᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 7.2 ᠵᠠᠭᠤᠨ ᠤ ᠴᠡᠭ ᠢᠶᠠᠷ ᠪᠠᠭᠤᠷᠠᠪᠠ᠃ 
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠲᠤᠭ᠎ᠠ ᠪᠦᠷᠢᠳᠭᠡᠯ ᠤᠨ ᠲᠤᠪᠴᠢᠶ᠎ᠠ