ᠪᠠᠶ᠋ᠬᠠᠣᠪᠤᠭ᠎ᠠ — ᠬᠤᠪᠣᠷ ᠰᠢᠷᠤᠢ ᠶᠢᠨ ᠬᠦᠴᠦᠷᠬᠡᠭ ᠤᠯᠤᠰ ᠤᠨ ᠬᠦᠰᠡᠯ ᠤᠨ ᠡᠬᠢᠯᠡᠯᠲᠡ ᠶᠢᠨ ᠭᠠᠵᠠᠷ᠃ | | | | | | 1927 ᠣᠨ ᠳᠤ᠂ ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠠᠵᠢᠯᠲᠠᠨ᠂ ᠵᠦᠩ ᠿᠦᠢ ᠪᠠᠷᠠᠭᠤᠨ ᠬᠤᠶᠢᠲᠤ ᠶᠢᠨ ᠰᠢᠨᠵᠢᠯᠡᠬᠦ ᠤᠬᠠᠭᠠᠨ ᠤ ᠰᠢᠨᠵᠢᠯᠡᠨ ᠪᠠᠶᠢᠴᠠᠭᠠᠬᠤ | ᠪᠦᠯᠬᠦᠮ ᠤᠨ ᠭᠡᠰᠢᠭᠦᠨ ᠳ᠋ᠢᠩ ᠳ᠋ᠤᠤ ᠾᠧᠩ ᠪᠠᠶ᠋ᠬᠠᠣᠪᠤᠭ᠎ᠠ ᠶᠢᠨ ᠠᠭᠤᠷᠬᠠᠢ ᠶᠢ ᠢᠯᠡᠷᠡᠭᠦᠯᠪᠡ᠃ | 1934 ᠣᠨ ᠳᠤ᠂ ᠲᠥᠪ ᠤᠨ ᠰᠤᠳᠤᠯᠭᠠᠨ ᠤ ᠬᠦᠷᠢᠶᠡᠯᠡᠩ ᠤᠨ ᠭᠠᠵᠠᠷ ᠰᠢᠨᠵᠢᠯᠡᠭᠡᠨ ᠤ ᠰᠤᠳᠤᠯᠭᠠᠨ ᠤ ᠭᠠᠵᠠᠷ ᠤᠨ ᠰᠤᠳᠤᠯᠤᠭᠴᠢ ᠾᠧ ᠽᠦᠸᠧ ᠯᠢᠨ ᠠᠪᠴᠢᠷᠠᠭᠰᠠᠨ | ᠪᠠᠶ᠋ᠬᠠᠤᠪᠤᠭ᠎ᠠ ᠶᠢᠨ ᠠᠭᠤᠷᠬᠠᠢ ᠶᠢᠨ ᠳᠣᠲᠣᠷ᠎ᠠ ᠠᠴᠠ ᠬᠤᠶᠠᠷ ᠵᠦᠢᠯ ᠤᠨ ᠬᠤᠪᠣᠷ ᠰᠢᠷᠣᠢ ᠶᠢᠨ ᠡᠷᠦᠳᠡᠰᠦ ᠶᠢ ᠢᠯᠡᠷᠡᠭᠦᠯᠵᠦ᠂ 24 ᠵᠢᠯ ᠤᠨ ᠳᠠᠷᠠᠭ᠎ᠠ᠂ ᠪᠠᠶᠢᠭᠤᠯᠤᠭᠳᠠᠭᠠᠳ | ᠵᠥᠪᠬᠡᠨ 4 ᠵᠢᠯ ᠪᠣᠯᠵᠤ ᠪᠠᠶᠢᠭ᠎ᠠ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠳᠤᠮᠳᠠᠳᠤ ᠤᠯᠤᠰ ᠤᠨ ᠬᠠᠮᠤᠭ ᠤᠨ ᠡᠷᠲᠡᠨ ᠤ ᠬᠤᠪᠣᠷ ᠰᠢᠷᠣᠢ ᠶᠢ ᠠᠮᠵᠢᠯᠲᠠ ᠲᠠᠢ ᠮᠠᠯᠲᠠᠵᠤ | ᠭᠠᠷᠭᠠᠪᠠ᠃ | 1959 ᠣᠨ ᠤ ᠵᠢᠯ ᠤᠨ ᠡᠴᠦᠰ ᠲᠤ᠂ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠨᠢᠭᠡᠳᠦᠭᠡᠷ ᠵᠤᠤᠬ᠎ᠠ ᠬᠤᠪᠣᠷ ᠰᠢᠷᠣᠶ ᠶᠢᠨ ᠴᠠᠬᠢᠭᠤᠷ ᠲᠡᠮᠦᠷ ᠤᠨ ᠬᠠᠶᠢᠯᠤᠰᠢ ᠶᠢ | ᠠᠮᠵᠢᠯᠲᠠ ᠲᠠᠢ ᠪᠣᠯᠪᠠᠰᠤᠷᠠᠭᠤᠯᠵᠤ᠂ ᠳᠤᠮᠳᠠᠳᠤ ᠤᠯᠤᠰ ᠤᠨ ᠬᠤᠪᠣᠷ ᠰᠢᠷᠣᠶ ᠶᠢᠨ ᠠᠵᠤ ᠦᠢᠯᠡᠳᠪᠦᠷᠢ ᠵᠢᠩᠬᠢᠨᠢ ᠪᠠᠷ ᠡᠬᠢᠯᠡᠪᠡ᠃ ᠪᠤᠭᠤᠲᠤ ᠶᠢᠨ ᠪᠣᠯᠣᠳ ᠲᠡᠮᠦᠷ ᠤᠨ | ᠺᠣᠮᠫᠠᠨᠢ ᠶᠢᠨ ᠬᠤᠪᠣᠷ ᠰᠢᠷᠤᠢ ᠶᠢᠨ ᠠᠵᠤ ᠦᠢᠯᠡᠳᠪᠦᠷᠢ ᠴᠤ ᠤᠯᠤᠰ ᠤᠨ ᠬᠦᠭᠵᠢᠯᠲᠡ ᠶᠢ ᠳᠠᠭᠠᠯᠳᠤᠨ ᠪᠠᠭ᠎ᠠ ᠠᠴᠠ ᠪᠠᠨ ᠶᠡᠭᠡ᠂ ᠳᠣᠷᠣᠢ ᠪᠠᠭᠤᠷᠠᠢ ᠠᠴᠠ ᠪᠠᠨ ᠬᠦᠴᠦᠷᠬᠡᠭ | ᠪᠣᠯᠤᠭᠰᠠᠨ ᠭᠡᠷᠡᠯ ᠰᠠᠴᠤᠷᠠᠩᠭᠤᠢ ᠵᠠᠮ ᠢᠶᠠᠷ ᠵᠠᠮᠨᠠᠪᠠ᠃ | | ᠲᠡᠦᠬᠡ ᠶᠢᠨ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠨ᠎ᠡ | 1978 ᠣᠨ ᠤ 3 ᠳ᠋ᠤᠭᠠᠷ ᠰᠠᠷ᠎ᠠ ᠶᠢᠨ 18 ᠤ ᠡᠳᠦᠷ᠂ ᠪᠡᠭᠡᠵᠢᠩ ᠮᠠᠰᠢ ᠲᠤᠩᠭᠠᠯᠠᠭ ᠰᠠᠶᠢᠬᠠᠨ᠂ ᠰᠦᠷ ᠵᠢᠪᠬᠤᠯᠠᠩᠲᠤ ᠠᠷᠠᠳ ᠤᠨ ᠶᠡᠭᠡ ᠬᠤᠷᠠᠯ ᠤᠨ ᠲᠠᠩᠬᠢᠮ ᠳᠤ᠂ | ᠮᠠᠨ ᠤ ᠤᠯᠤᠰ ᠤᠨ ᠰᠢᠨᠵᠢᠯᠡᠬᠦ ᠤᠬᠠᠭᠠᠨ ᠤ ᠲᠡᠦᠬᠡᠨ ᠳᠡᠭᠡᠷᠡᠬᠢ ᠤᠷᠢᠳ ᠡᠮᠦᠨ᠎ᠡ ᠪᠠᠶᠢᠭ᠎ᠠ ᠦᠭᠡᠢ ᠦᠪᠡᠳᠡᠭᠰᠢ ᠬᠤᠷᠠᠯ — ᠪᠦᠬᠦ ᠤᠯᠤᠰ ᠤᠨ ᠰᠢᠨᠵᠢᠯᠡᠬᠦ ᠤᠬᠠᠭᠠᠨ ᠤ ᠶᠡᠭᠡ | ᠬᠤᠷᠠᠯ ᠶᠠᠭ ᠶᠠᠪᠤᠭᠳᠠᠵᠤ ᠪᠠᠶᠢᠨ᠎ᠠ᠃ ᠡᠨᠠ ᠪᠤᠯ ᠨᠢᠭᠡᠨ ᠣᠲᠠᠭᠠᠨ ᠤ ᠰᠢᠠᠵᠢᠯᠠᠭᠦ ᠣᠬᠠᠭᠠᠨ ᠤ ᠣᠢᠢᠯᠠᠰ ᠤᠨ ᠲᠠᠯ᠎ᠠ ᠪᠠᠷ ᠠᠯᠣᠰ ᠬᠡᠲᠤ ᠶᠢᠨ ᠨᠦᠯᠣᠭᠡ ᠲᠠᠢ ᠤᠯᠤᠰ ᠤᠨ | ᠬᠤᠷᠠᠯᠳᠤᠭᠠᠨ ᠪᠣᠯᠬᠤ ᠪᠦᠭᠡᠳ ᠬᠤᠪᠤᠷ ᠰᠢᠷᠣᠢ ᠶᠢᠨ ᠠᠵᠢᠯ ᠠᠩᠬᠠᠲᠠᠬᠴᠢ ᠣᠲᠠᠭ᠎ᠠ ᠶᠡᠭᠡ ᠬᠤᠷᠠᠯ ᠤᠨ ᠮᠠᠲᠠᠭᠦᠯᠣᠯᠲᠠ ᠳᠤ ᠪᠢᠴᠢᠭᠳᠡᠭᠰᠡᠨ ᠤᠳᠠᠭ᠎ᠠ᠂ ᠮᠠᠲᠠᠭᠦᠯᠣᠯᠲᠠ ᠳᠤ᠂ ︽ | ᠫᠠᠨ ᡁᠢ ᠬᠤᠸᠠ᠂ ᠪᠣᠭᠤᠲᠤ᠂ ᠵᠢᠨᠴᠤᠸᠠᠨ ᠵᠠᠷᠭᠡ ᠣᠯᠠᠨ ᠲᠡᠮᠦᠷᠯᠢᠭ ᠤᠨ ᠬᠠᠮᠲᠤ ᠣᠷᠤᠰᠢᠬᠤ ᠠᠭᠤᠷᠬᠠᠢ ᠶᠢᠨ ᠰᠣᠳᠣᠯᠭᠠᠨ ᠢ ᠲᠦᠷᠭᠡᠳᠭᠡᠨ᠂ ᠶᠠᠷᠣᠩᠭᠡᠶᠢᠯᠠᠨ ᠠᠰᠢᠬᠯᠠᠬᠤ | ᠮᠠᠷᠭᠡᠵᠢᠯ ᠤᠨ ᠪᠤᠭᠤᠮᠲᠠ ᠶᠢ ᠰᠢᠪᠲᠤᠯᠵᠤ᠂ ᠵᠡᠰ᠂ ᠬᠦᠩᠭᠡᠨᠴᠠᠭᠠᠨ ᠤ ᠡᠭᠢ ᠪᠠᠶᠠᠯᠢᠭ ᠢ ᠨᠡᠬᠡᠭᠡᠨ ᠬᠦᠭᠵᠢᠭᠦᠯᠬᠦ ᠰᠣᠲᠣᠯᠣᠯ ᠢ ᠴᠢᠩᠭᠠᠳᠬᠠᠨ᠂ ᠲᠢᠲ᠋ᠠᠨ᠂ ᠸᠠᠨᠠᠳᠢ ᠶᠢᠨ | ᠣᠢᠢᠯᠠᠣᠠᠪᠤᠷᠢᠯᠠᠯ ᠢ ᠲᠠᠯᠠᠭᠡᠢ ᠶᠢᠨ ᠲᠠᠷᠢᠭᠦᠠ ᠤ ᠡᠩᠨᠡᠭᠡᠨ ᠳᠤ ᠣᠷᠤᠭᠤᠯᠵᠤ᠂ ᠵᠡᠰ᠂ ᠬᠦᠩᠭᠡᠨᠴᠠᠭᠠᠨ᠂ ᠨᠢᠺᠧᠯ ᠪᠣᠯᠤᠨ ᠬᠤᠪᠤᠷ ᠰᠢᠷᠤᠢ ᠪᠣᠯᠪᠠᠰᠤᠷᠠᠭᠤᠯᠬᠤ ᠮᠡᠷᠭᠡᠵᠢᠯ ᠢ | ᠳᠡᠯᠡᠬᠡᠢ ᠶᠢᠨ ᠲᠡᠷᠢᠭᠦᠨ ᠤ ᠲᠦᠪᠰᠢᠨ ᠳᠤ ᠣᠶᠢᠷᠠᠳᠤᠭᠤᠯᠤᠨᠠ︾ ᠭᠡᠵᠦ ᠳᠤᠷᠠᠳᠪᠠ᠃ | ᠪᠠᠶᠠᠬᠤᠪᠤᠭ᠎ᠠ ᠣᠯᠠᠨ ᠲᠡᠮᠦᠷᠯᠢᠭ ᠬᠠᠮᠲᠤ ᠣᠷᠤᠰᠢᠬᠤ ᠠᠭᠤᠷᠬᠠᠢ ᠶᠢᠨ ᠶᠡᠷᠦᠩᠬᠡᠢ ᠠᠰᠢᠭᠯᠠᠯᠲᠠ ᠶᠢ ᠭᠤᠣᠯᠳᠠᠯᠭ᠎ᠠ ᠲᠠᠢ ᠰᠢᠢᠳᠪᠦᠷᠢᠯᠡᠬᠦ ᠲᠥᠯᠥᠪᠵᠢᠭᠦᠯᠭᠡ ᠳᠤ ᠵᠢᠩᠬᠢᠨᠢ ᠪᠠᠷ | ᠣᠷᠣᠭᠤᠯᠪᠠ᠃ | ᠬᠤᠪᠣᠷ ᠰᠢᠷᠣᠢ ᠶᠢᠨ ᠠᠵᠤ ᠦᠢᠯᠡᠰ ᠢ ᠬᠥᠭᠵᠢᠭᠦᠯᠬᠦ ᠲᠡᠦᠬᠡᠨ ᠬᠦᠨᠳᠦ ᠡᠭᠦᠷᠭᠡ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠮᠥᠷᠥᠨ ᠳᠡᠭᠡᠷ᠎ᠡ ᠲᠤᠯᠪᠠ᠃ | ᠲᠡᠷᠡ ᠦᠶ᠎ᠡ ᠳᠤ᠂ ᠳᠤᠮᠳᠠᠳᠤ ᠤᠯᠤᠰ ᠤᠨ ᠬᠤᠪᠣᠷ ᠰᠢᠷᠣᠶ ᠶᠢᠨ ᠵᠢᠯ ᠤᠨ ᠶᠡᠷᠦᠩᠬᠡᠶ ᠭᠠᠷᠤᠯᠲᠠ 1000 ᠲᠣᠨ ᠤ ᠪᠣᠭᠤᠮᠲᠠ ᠶᠢ ᠳᠠᠪᠠᠵᠤ᠂ ᠡᠭᠦᠨ ᠤ ᠳᠣᠲᠣᠷᠠᠬᠢ | ᠣᠯᠠᠩᠬᠢ ᠨᠢ ᠪᠤᠭᠤᠲᠤ ᠶᠢᠨ ᠪᠣᠯᠣᠳ ᠲᠡᠮᠦᠷ ᠤᠨ ᠺᠤᠮᠫᠠᠨᠢ ᠶᠢᠨ ᠦᠢᠯᠡᠳᠪᠦᠷᠢᠯᠡᠭᠰᠡᠨ ᠬᠤᠪᠣᠷ ᠰᠢᠷᠣᠶ ᠴᠠᠬᠢᠭᠤᠷ ᠲᠡᠮᠦᠷ ᠤᠨ ᠬᠠᠶᠢᠯᠤᠰᠢ ᠪᠣᠯᠤᠨ᠎ᠠ᠃ 1978 ᠣᠨ ᠠᠴᠠ | 1986 ᠣᠨ ᠪᠣᠯᠲᠠᠯ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠶ ᠰᠠᠶᠢᠳ ᠹᠠᠩ ᠢ ᠨᠥᠬᠦᠷ ᠪᠠᠶᠠᠨ᠋ᠣ᠋ᠪᠣᠭ᠎ᠠ ᠠᠭᠤᠷᠬᠠᠢ ᠶᠢᠨ ᠬᠤᠪᠣᠷ ᠰᠢᠷᠣᠶ᠂ ᠲᠡᠮᠦᠷ᠂ | ᠨᠢᠥᠪᠢ ᠵᠡᠷᠭᠡ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠤᠯᠤᠰ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠮᠡᠷᠭᠡᠵᠢᠯ ᠤᠨ ᠲᠤᠰᠬᠠᠶ ᠮᠡᠷᠭᠡᠵᠢᠯᠲᠡᠨ ᠢ ᠳᠠᠭᠠᠭᠤᠯᠤᠨ ᠳᠣᠯᠤᠭ᠎ᠠ ᠤᠳᠠᠭ᠎ᠠ ᠪᠤᠭᠤᠲᠤ ᠳᠤ ᠬᠦᠷᠴᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ | ᠠᠵᠢᠯ ᠢ ᠵᠣᠬᠢᠶᠠᠨ ᠪᠠᠶᠢᠭᠤᠯᠵᠤ᠂ ᠪᠤᠭᠤᠲᠤ ᠶᠢᠨ ᠪᠠᠶ᠋ᠬᠠᠣᠪᠤᠭ᠎ᠠ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠪᠠ ᠳᠤᠮᠳᠠᠳᠤ ᠤᠯᠤᠰ ᠤᠨ ᠬᠤᠪᠣᠷ ᠰᠢᠷᠣᠶ ᠶᠢᠨ ᠠᠵᠤ | ᠦᠢᠯᠡᠳᠪᠦᠷᠢ ᠶᠢᠨ ᠲᠦᠷᠭᠡᠨ ᠬᠥᠭᠵᠢᠯᠲᠡ ᠶᠢ ᠶᠡᠭᠡ ᠪᠠᠷ ᠠᠬᠢᠭᠤᠯᠪᠠ᠃ 1981 ᠣᠨ ᠳᠤ᠂ ᠹᠠᠩ ᠢ ᠳᠥᠷᠪᠡᠳᠦᠭᠡᠷ ᠤᠳᠠᠭ᠎ᠠ ᠪᠤᠭᠤᠲᠤ ᠳᠤ ᠬᠦᠷᠴᠦ ᠬᠤᠪᠣᠷ ᠰᠢᠷᠣᠢ ᠶᠢᠨ | ᠠᠵᠢᠯ ᠢ ᠪᠠᠶᠢᠴᠠᠭᠠᠨ ᠰᠤᠳᠤᠯᠬᠤ ᠶᠢᠨ ᠬᠠᠮᠲᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠤᠨ ᠬᠤᠷᠠᠯ ᠳᠡᠭᠡᠷ᠎ᠡ ᠶᠠᠷᠢᠶ᠎ᠠ ᠲᠠᠯᠪᠢᠬᠤ ᠳᠠᠭᠠᠨ᠂ ︽ᠪᠢᠳᠡ ᠳᠡᠯᠡᠬᠡᠢ | ᠳᠡᠭᠡᠷᠡᠬᠢ ᠬᠤᠪᠣᠷ ᠰᠢᠷᠣᠢ ᠶᠢᠨ ᠲᠤᠮᠤ ᠤᠯᠤᠰ ᠪᠣᠯᠬᠤ ᠪᠠᠷ ᠴᠢᠷᠮᠠᠶᠢᠬᠤ ᠬᠡᠷᠡᠭᠲᠡᠢ︾ ᠭᠡᠪᠡ᠃ | ᠪᠣᠣ ᠭᠠᠩ ᠬᠦᠨᠳᠦ ᠡᠭᠦᠷᠭᠡ ᠶᠢ ᠬᠦᠴᠦᠯᠡᠨ ᠡᠭᠦᠷᠭᠡᠯᠡᠵᠦ᠂ ᠡᠷᠡᠭᠡᠯᠵᠡᠯ ᠦᠭᠡᠢ ᠬᠠᠨᠳᠤᠨ᠎ᠠ᠃ | | ᠰᠢᠨᠵᠢᠯᠡᠬᠦ ᠤᠬᠠᠭᠠᠨᠲ᠋ᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠦᠴᠦᠯᠡᠨ ᠴᠢᠷᠮᠠᠶᠢᠨ᠎ᠠ | ᠰᠢᠨ᠎ᠡ ᠲᠤᠮᠳᠠᠲᠤ ᠤᠯᠤᠰ ᠪᠠᠢᠭᠤᠯᠤᠭᠳᠠᠭᠰᠠᠨ ᠤ ᠡᠬᠢᠨ ᠳᠤ ᠤᠯᠤᠰ ᠤᠨ ᠳᠣᠲᠣᠭᠠᠳᠤ ᠶᠢᠨ ᠣᠯᠠᠨ ᠠᠵᠤ ᠠᠬᠤᠢ ᠪᠦᠷ ᠬᠦᠭᠵᠢᠭᠡᠳᠦᠢ᠃ ᠬᠤᠪᠣᠷ ᠰᠢᠷᠣᠶ ᠨᠢ ︽ᠠᠵᠤ | ᠦᠢᠯᠡᠳᠪᠦᠷᠢ ᠶᠢᠨ ᠸᠢᠲ᠋ᠠᠮᠢᠨ︾᠂ ︽ᠰᠢᠨ᠎ᠡ ᠮᠠᠲ᠋ᠧᠷᠢᠶᠠᠯ ᠤᠨ ᠡᠬᠡ︾ ᠪᠣᠯᠤᠭᠰᠠᠨ ᠤ ᠬᠤᠪᠢ ᠳᠤ ᠤᠯᠤᠰ ᠤᠨ ᠳᠣᠲᠣᠭᠠᠳᠤ ᠶᠢᠨ ᠪᠦᠬᠦᠯᠢ ᠴᠣᠭᠴᠠ ᠶᠢᠨ ᠠᠵᠤ | ᠦᠢᠯᠡᠳᠪᠦᠷᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠭᠡᠪᠡᠴᠦ ᠭᠠᠳᠠᠭᠠᠳᠤ ᠶᠢᠨ ᠮᠡᠷᠭᠡᠵᠢᠯ ᠤᠨ ᠭᠠᠭᠴᠠᠭᠠᠷ ᠡᠵᠡᠮᠰᠢᠯ ᠨᠢ | ᠬᠤᠪᠣᠷ ᠰᠢᠷᠣᠢ ᠶᠢᠨ ᠠᠵᠢᠯ ᠲᠥᠷᠥᠯ ᠤᠨ ᠬᠥᠭᠵᠢᠯᠲᠡ ᠶᠢ ᠬᠦᠨᠳᠦ ᠨᠣᠴᠢᠲᠠᠢ ᠬᠢᠵᠠᠭᠠᠷᠯᠠᠵᠤ᠂ ︽ᠬᠤᠪᠣᠷ ᠰᠢᠷᠣᠢ ᠶᠢᠨ ᠲᠣᠮᠣ ᠤᠯᠤᠰ︾ ᠪᠣᠯᠤᠶ᠎ᠠ ᠭᠡᠪᠡᠯ ᠡᠷᠬᠡᠪᠰᠢ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠠᠨᠠᠭᠠᠴᠢᠯᠠᠭᠠᠲᠤ ᠡᠷᠬᠡ ᠶᠢ ᠥᠪᠡᠷ ᠤᠨ ᠭᠠᠷ ᠲᠠᠭᠠᠨ ᠪᠠᠲᠤ ᠡᠵᠡᠮᠳᠡᠬᠦ ᠬᠡᠷᠡᠭᠲᠡᠢ᠃ | 1954 ᠣᠨ ᠳᠤ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠪᠠᠶᠢᠭᠤᠯᠤᠭᠳᠠᠭᠰᠠᠨ ᠠᠴᠠ ᠡᠬᠢᠯᠡᠨ᠂ ᠥᠷᠭᠡᠨ ᠤᠯᠠᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠳᠠᠨ | ᠂ ᠪᠦᠳᠦᠭᠡᠨ ᠪᠠᠶᠢᠭᠤᠯᠤᠭᠴᠢᠳ ᠶᠠᠮᠠᠷᠪᠠ ᠭᠠᠳᠠᠨ᠎ᠠ ᠠᠴᠠ ᠢᠷᠡᠭᠰᠡᠨ ᠮᠡᠷᠭᠡᠵᠢᠯ ᠢᠶᠠᠷ ᠯᠠᠪᠯᠠᠯᠲᠠ ᠪᠣᠯᠭᠠᠭᠰᠠᠨ ᠦᠭᠡᠢ ᠪᠠᠶᠢᠳᠠᠯ ᠳᠣᠣᠷ᠎ᠠ᠂ ᠪᠠᠶ᠋ᠬᠠᠣᠪᠤᠭ᠎ᠠ ᠶᠢᠨ ᠬᠤᠪᠣᠷ ᠰᠢᠷᠣᠢ ᠶᠢᠨ | ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠶᠢᠨ ᠲᠣᠭᠤᠷᠢᠨ ᠳᠤ ᠪᠡᠶ᠎ᠡ ᠪᠠᠨ ᠳᠠᠭᠠᠭᠠᠵᠤ ᠡᠵᠡᠨ ᠮᠡᠳᠡᠨ ᠬᠤᠪᠣᠷ ᠰᠢᠷᠣᠢ ᠶᠢᠨ ᠠᠵᠤ ᠦᠢᠯᠡᠳᠪᠦᠷᠢ ᠶᠢᠨ ᠰᠠᠭᠤᠷᠢ ᠰᠤᠳᠤᠯᠭᠠᠨ ᠢ | ᠪᠡᠶᠡᠯᠡᠭᠦᠯᠵᠦ᠂ ᠤᠷᠢᠳ ᠬᠤᠵᠢᠳ ᠪᠠᠶ᠋ᠬᠠᠣᠪᠤᠭ᠎ᠠ ᠶᠢᠨ ᠠᠭᠤᠷᠬᠠᠢ ᠶᠢᠨ ᠳᠣᠲᠣᠷᠠᠬᠢ ᠬᠤᠪᠣᠷ ᠰᠢᠷᠣᠢ ᠶᠢᠨ ᠬᠦᠳᠡᠷ ᠰᠣᠩᠭᠤᠬᠤ ᠤᠷ᠎ᠠ ᠮᠡᠷᠭᠡᠵᠢᠯ ᠤᠨ ᠴᠤᠪᠤᠷᠠᠯ᠂ ᠴᠢᠭᠢᠭᠯᠢᠭ | ᠠᠷᠭ᠎ᠠ ᠶᠢ ᠭᠠᠷᠭᠠᠨ ᠠᠪᠬᠤ ᠭᠠᠷ ᠤᠷᠠᠯᠠᠯ ᠤᠨ ᠴᠤᠪᠤᠷᠠᠯ᠂ ᠭᠠᠯ ᠠᠷᠭ᠎ᠠ ᠪᠠᠷ ᠬᠠᠶᠢᠯᠤᠭᠤᠯᠬᠤ ᠭᠠᠷ ᠤᠷᠠᠯᠠᠯ ᠤᠨ ᠴᠤᠪᠤᠷᠠᠯ᠂ ᠬᠤᠪᠣᠷ ᠰᠢᠷᠣᠢ ᠶᠢᠨ ᠪᠤᠯᠤᠳ ᠲᠡᠮᠦᠷ ᠵᠡᠷᠭᠡ | ᠬᠦᠷᠢᠶᠡᠨ ᠤ ᠬᠡᠷᠡᠭᠯᠡᠯᠲᠡ ᠵᠡᠷᠭᠡ ᠳᠡᠯᠡᠬᠡᠢ ᠶᠢᠨ ᠴᠢᠨᠠᠷᠲᠠᠢ ᠬᠦᠴᠢᠷ ᠠᠰᠠᠭᠤᠳᠠᠯ ᠢ ᠰᠢᠢᠳᠪᠦᠷᠢᠯᠡᠪᠡ᠃ 20 ᠳ᠋ᠤᠭᠠᠷ ᠵᠠᠭᠤᠨ ᠤ ᠳᠠᠯᠠᠭᠠᠳ ᠣᠨ ᠤ ᠡᠬᠢ ᠪᠣᠯᠲᠠᠯ᠎ᠠ ᠥᠨᠳᠥᠷ | ᠴᠡᠪᠡᠷᠴᠡ ᠲᠠᠢ ᠬᠤᠪᠣᠷ ᠰᠢᠷᠣᠢ ᠶᠢᠨ ᠠᠭᠤᠷᠬᠠᠢ ᠶᠢᠨ ᠲᠤᠰᠬᠠᠢ ᠠᠰᠢᠭ ᠢ ᠪᠣᠯᠪᠠᠰᠤᠷᠠᠭᠤᠯᠬᠤ ᠮᠡᠷᠭᠡᠵᠢᠯ ᠵᠥᠪᠬᠡᠨ ᠴᠥᠭᠡᠨ ᠲᠣᠭᠠᠨ ᠤ ᠬᠥᠭᠵᠢᠭᠰᠡᠨ ᠤᠯᠤᠰ ᠤᠨ ᠭᠠᠷ ᠲᠤ | ᠪᠠᠶᠢᠭᠰᠠᠨ ᠪᠠᠶᠢᠨ᠎ᠠ᠃ | 1975 ᠣᠨ ᠳᠤ ᠰᠢᠤᠢ ᠭᠤᠸᠠᠩ ᠰᠢᠶᠠᠨ ᠠᠺᠠᠳᠧᠮᠢᠴᠢ ᠪᠦᠷᠢᠨ ᠪᠦᠲᠦᠨ ᠬᠡᠯᠬᠢᠶᠡᠵᠢᠭᠦᠯᠦᠨ ᠴᠣᠬᠤᠯᠠᠪᠤᠷᠢᠯᠠᠬᠤ ᠠᠷᠭ᠎ᠠ ᠶᠢᠨ ᠮᠡᠷᠭᠡᠵᠢᠯ ᠢ ᠳᠤᠷᠠᠳᠴᠤ᠂ ᠰᠠᠯᠵᠤ | ᠭᠠᠷᠤᠭᠰᠠᠨ ᠬᠤᠪᠣᠷ ᠰᠢᠷᠣᠶ ᠶᠢᠨ ᠡᠯᠧᠮᠧᠨ᠋ᠲ ᠤᠨ ᠴᠡᠪᠡᠷᠴᠡ ᠶᠢᠨ ᠬᠡᠮᠵᠢᠶ᠎ᠡ 99.99% ᠳᠤ ᠬᠦᠷᠴᠦ᠂ ᠳᠡᠯᠡᠬᠡᠶ ᠳᠤ ᠣᠷᠦ᠋ᠢᠯᠠᠭᠰᠠᠨ ᠪᠠᠶᠢᠨ᠎ᠠ᠃ | ᠰᠢᠤᠢ ᠭᠤᠸᠠᠩ ᠰᠢᠶᠠᠨ ᠠᠺᠠᠳᠧᠮᠢᠴᠢ ᠶᠢᠨ ᠳᠠᠭᠠᠭᠤᠯᠭ᠎ᠠ ᠳᠣᠣᠷ᠎ᠠ᠂ ᠨᠠᠶᠠᠭᠠᠳ ᠣᠨ ᠳᠤ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠬᠤᠪᠣᠷ ᠰᠢᠷᠣᠢ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠦᠷᠭᠦᠯᠵᠢᠯᠡᠨ ᠰᠢᠨ᠎ᠡ ᠰᠢᠪᠲᠤᠯᠤᠯᠲᠠ ᠲᠠᠢ ᠪᠣᠯᠪᠠ᠃ ︽P507 ᠳᠠᠪᠤᠰᠤᠨ ᠬᠦᠴᠢᠯ ᠤᠨ ᠰᠢᠰᠲ᠋ᠧᠮ ᠤᠨ | ᠬᠥᠩᠭᠡᠨ ᠳᠤᠮᠳᠠ ᠬᠤᠪᠣᠷ ᠰᠢᠷᠣᠶ ᠳᠤ ᠪᠦᠷᠢᠨ ᠴᠣᠬᠤᠯᠠᠪᠤᠷᠢ ᠭᠠᠷᠭᠠᠵᠤ ᠦᠷᠭᠦᠯᠵᠢᠯᠡᠨ ᠰᠠᠯᠭᠠᠬᠤ ᠤᠷ᠎ᠠ ᠮᠡᠷᠭᠡᠰᠢᠯ︾᠂ ︽ᠪᠠᠶ᠋ᠬᠠᠣᠪᠤᠭ᠎ᠠ ᠶᠢᠨ ᠳᠤᠮᠳᠠ ᠰᠢᠪᠲᠦᠷᠲᠦ | ᠬᠦᠳᠡᠷ ᠤᠨ ᠬᠥᠪᠦᠮᠡᠯ ᠰᠣᠩᠭᠤᠯᠲᠠ — ᠰᠢᠯᠢᠬᠦ ᠴᠢᠨᠠᠷᠲᠠᠶ ᠪᠥᠭᠡᠮᠨᠡᠷᠡᠯ ᠤᠨ ᠬᠦᠳᠡᠷ ᠰᠢᠯᠢᠬᠦ ᠤᠷ᠎ᠠ ᠮᠡᠷᠭᠡᠰᠢᠯ︾᠂ ︽ᠢᠰᠦᠯᠳᠦᠭᠰᠡᠨ ᠪᠣᠳᠠᠰ ᠢ ᠴᠠᠬᠢᠯᠭᠠᠨ ᠵᠠᠳᠠᠯᠤᠯ ᠤᠨ | ᠠᠷᠭ᠎ᠠ ᠪᠠᠷ ᠵᠠᠯᠭᠠᠪᠠᠷ ᠨᠸᠣᠳᠢᠮ ᠲᠡᠮᠦᠷ ᠤᠨ ᠬᠠᠶᠢᠯᠤᠰᠢ ᠪᠠ ᠲᠡᠮᠦᠷᠯᠢᠭ ᠤᠨ ᠨᠤᠫᠢᠯᠠ ᠦᠢᠯᠡᠳᠬᠦ︾ ᠶᠢ ᠵᠠᠯᠭᠠᠪᠠᠷ ᠰᠤᠳᠤᠯᠤᠨ ᠨᠡᠬᠡᠭᠡᠵᠦ ᠠᠮᠵᠢᠯᠲᠠ ᠣᠯᠵᠤ᠂ ᠡᠷᠦᠳᠡᠰᠦ | ᠰᠣᠩᠭᠤᠬᠤ ᠴᠢᠳᠠᠪᠤᠷᠢ ᠶᠡᠭᠡ ᠪᠠᠷ ᠳᠡᠭᠡᠭᠰᠢᠯᠡᠵᠦ᠂ ᠬᠤᠪᠣᠷ ᠰᠢᠷᠣᠶ ᠶᠢᠨ ᠢᠰᠦᠯᠳᠦᠭᠰᠡᠨ ᠪᠣᠳᠠᠰ ᠪᠠ ᠬᠤᠪᠣᠷ ᠰᠢᠷᠣᠶ ᠶᠢᠨ ᠲᠡᠮᠦᠷᠯᠢᠭ ᠦᠢᠯᠡᠳᠪᠦᠷᠢᠯᠡᠬᠦ ᠴᠢᠳᠠᠪᠤᠷᠢ ᠲᠠᠢ ᠪᠣᠯᠵᠤ᠂ | ᠮᠠᠨ ᠤ ᠤᠯᠤᠰ ᠤᠨ ᠪᠠᠶ᠋ᠬᠠᠣᠪᠤᠭ᠎ᠠ ᠶᠢᠨ ᠬᠤᠪᠣᠷ ᠰᠢᠷᠣᠶ ᠶᠢᠨ ᠲᠦᠭᠦᠬᠡᠶ ᠮᠠᠲ᠋ᠧᠷᠢᠶᠠᠯ ᠤᠨ ᠠᠵᠤ ᠦᠶᠢᠯᠡᠰᠵᠢᠯᠲᠡ ᠶᠢᠨ ᠠᠰᠠᠭᠤᠳᠠᠯ ᠢ ᠦᠨᠳᠦᠰᠦᠨ ᠳᠡᠭᠡᠨ ᠰᠢᠢᠳᠪᠦᠷᠢᠯᠡᠪᠡ᠃ | ᠪᠤᠭᠤᠲᠤ ᠶᠢᠨ ᠬᠤᠪᠣᠷ ᠰᠢᠷᠤᠢ ᠶᠢᠨ ᠰᠤᠳᠤᠯᠭᠠᠨ ᠤ ᠬᠦᠷᠢᠶᠡᠯᠡᠩ ᠨᠢ ᠪᠦᠬᠦ ᠤᠯᠤᠰ ᠤᠨ ᠬᠡᠪᠴᠢᠶᠡᠨ ᠳᠤ ᠬᠤᠪᠣᠷ ᠰᠢᠷᠤᠢ ᠶᠢ ᠪᠣᠯᠪᠠᠰᠤᠷᠠᠭᠤᠯᠵᠤ ᠰᠠᠯᠭᠠᠬᠤ ᠮᠡᠷᠭᠡᠵᠢᠯ ᠢ | ᠳᠡᠯᠭᠡᠷᠡᠭᠦᠯᠵᠦ᠂ ᠳᠤᠮᠳᠠᠳᠤ ᠤᠯᠤᠰ ᠤᠨ ᠬᠤᠪᠣᠷ ᠰᠢᠷᠤᠢ ᠶᠢᠨ ᠰᠢᠨ᠎ᠡ ᠤᠷ᠎ᠠ ᠮᠡᠷᠭᠡᠰᠢᠯ ᠰᠢᠨ᠎ᠡ ᠮᠡᠷᠭᠡᠵᠢᠯ ᠢ ᠭᠠᠵᠠᠷ ᠪᠣᠯᠭᠠᠨ ᠳᠤ ᠴᠡᠴᠡᠭᠯᠡᠬᠦ ᠶᠢ ᠲᠦᠯᠬᠢᠨ ᠠᠬᠢᠭᠤᠯᠪᠠ᠃ | ᠬᠤᠪᠣᠷ ᠰᠢᠷᠣᠶ ᠶᠢᠨ ᠦᠢᠯᠡᠳᠪᠦᠷᠢᠯᠡᠯ ᠤᠨ ᠮᠡᠷᠭᠡᠵᠢᠯ ᠤᠨ ᠰᠢᠪᠲᠤᠯᠤᠯᠲᠠ᠂ ᠤᠯᠤᠰ ᠤᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠵᠢᠴᠢ ᠬᠥᠮᠦᠨ ᠤ ᠬᠦᠴᠦᠨ᠂ ᠣᠷᠴᠢᠨ | ᠲᠣᠭᠤᠷᠢᠨ ᠤ ᠥᠪᠡᠷ ᠤᠨ ᠥᠷᠲᠡᠭ ᠤᠨ ᠳᠠᠪᠠᠭᠤᠯᠢᠭ ᠨᠢ ᠳᠤᠮᠳᠠᠳᠤ ᠤᠯᠤᠰ ᠤᠨ ᠬᠤᠪᠣᠷ ᠰᠢᠷᠣᠶ ᠶᠢᠨ ᠠᠵᠤ ᠦᠢᠯᠡᠳᠪᠦᠷᠢ ᠶᠢᠨ ᠥᠷᠢᠰᠥᠯᠳᠦᠬᠦ ᠬᠦᠴᠦᠨ ᠢ ᠲᠦᠢᠯ ᠤᠨ | ᠶᠡᠬᠡᠪᠡᠷ ᠳᠡᠭᠡᠭᠰᠢᠯᠡᠭᠦᠯᠦᠭᠡᠳ᠂ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠠᠵᠤ ᠦᠢᠯᠡᠰ ᠡᠭᠦᠨ ᠠᠴᠠ ᠡᠬᠢᠯᠡᠨ ᠲᠡᠷᠢᠭᠦᠨ ᠦᠡᠩᠨᠡᠭᠡᠨ ᠳᠤ ᠣᠷᠤᠪᠠ᠃ | 1986 ᠣᠨ ᠳᠤ ᠳᠤᠮᠳᠠᠳᠤ ᠤᠯᠤᠰ ᠤᠨ ᠬᠤᠪᠣᠷ ᠰᠢᠷᠣᠶ ᠪᠣᠯᠪᠠᠰᠤᠷᠠᠭᠤᠯᠬᠤ ᠰᠠᠯᠭᠠᠭᠰᠠᠨ ᠦᠢᠯᠡᠳᠬᠦᠨ ᠤ ᠭᠠᠷᠤᠯᠲᠠ ᠳᠡᠯᠡᠬᠡᠶ ᠶᠢᠨ ᠨᠢᠭᠡᠳᠦᠭᠡᠷ ᠲᠤ ᠣᠷᠣᠵᠤ᠂ | ᠳᠡᠯᠡᠬᠡᠶ ᠶᠢᠨ ᠨᠢᠭᠡᠳᠦᠭᠡᠷ ᠬᠤᠪᠣᠷ ᠰᠢᠷᠣᠶ ᠶᠢᠨ ᠦᠢᠯᠡᠳᠪᠦᠷᠢᠯᠡᠬᠦ ᠤᠯᠤᠰ ᠪᠠ ᠬᠠᠩᠭᠠᠯᠭ᠎ᠠ ᠶᠢᠨ ᠤᠯᠤᠰ ᠪᠣᠯᠤᠭᠰᠠᠨ ᠪᠠᠶᠢᠨ᠎ᠠ᠃ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ | ᠪᠠᠰᠠ ᠳᠡᠯᠡᠬᠡᠢ ᠶᠢᠨ ᠤᠢ ᠰᠢᠭᠤᠢ ᠳᠤ ᠤᠮᠤᠷᠬᠠᠭ ᠪᠠᠶᠢᠭ᠎ᠠ ᠬᠠᠮᠤᠭ ᠤᠨ ᠶᠡᠭᠡ ᠬᠤᠪᠣᠷ ᠰᠢᠷᠣᠢ ᠶᠢᠨ ᠨᠠᠷᠢᠯᠢᠭ ᠠᠭᠤᠷᠬᠠᠢ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ | ᠪᠣᠯᠵᠠᠢ᠃ | ᠳᠤᠮᠳᠠᠳᠤ ᠤᠯᠤᠰ ᠤᠨ ᠬᠤᠪᠣᠷ ᠰᠢᠷᠤᠢ ᠶᠢᠨ ᠲᠣᠮᠣ ᠤᠯᠤᠰ ᠤᠨ ᠬᠦᠰᠡᠯ᠂ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠠᠵᠤ ᠠᠬᠤᠢᠯᠠᠯ ᠢᠶᠠᠷ ᠤᠯᠤᠰ ᠢᠶᠠᠨ | ᠬᠦᠴᠦᠷᠬᠡᠭᠵᠢᠭᠦᠯᠬᠦ ᠬᠦᠰᠡᠯ ᠡᠴᠦᠰ ᠲᠤ ᠪᠠᠨ ᠪᠡᠶᠡᠯᠡᠭᠳᠡᠪᠡ᠃ | | ᠵᠠᠬ᠎ᠠ ᠳᠡᠯᠭᠡᠭᠦᠷ ᠳᠠᠪᠠᠯᠭᠠᠨ ᠢ ᠰᠥᠷᠥᠨ ᠤᠷᠤᠭᠰᠢᠯᠠᠵᠤ ᠪᠠᠶᠢᠨ᠎ᠠ | 1992 ᠤᠨ ᠳᠤ ᠳ᠋ᠧᠩ ᠰᠢᠶᠤᠤ ᠫᠢᠩ ᠨᠦᠭᠦᠷ ᠡᠮᠦᠨᠡᠳᠤ ᠤᠷᠤᠨ ᠢ ᠳᠤᠭᠤᠷᠢᠨ ᠪᠠᠶᠢᠴᠠᠭᠠᠬᠤ ᠶᠠᠷᠢᠶᠠᠨ ᠳᠤ ᠪᠠᠨ᠄ ︽ᠳᠤᠮᠳᠠᠳᠤ ᠳᠣᠷᠤᠨᠠᠲᠤ ᠤᠷᠤᠨ ᠴᠢᠯᠠᠭᠤᠨ | ᠳᠤᠰᠤ ᠲᠠᠢ᠂ ᠳᠤᠮᠳᠠᠳᠤ ᠤᠯᠤᠰ ᠬᠤᠪᠤᠷ ᠰᠢᠷᠤᠢ ᠲᠠᠢ᠃ ᠳᠣᠮᠲᠠᠲᠤ ᠤᠯᠤᠰ ᠤᠨ ᠬᠤᠪᠤᠷ ᠰᠢᠷᠣᠢ ᠶᠢᠨ ᠡᠭᠢ ᠪᠠᠶᠠᠯᠢᠭ ᠪᠦᠭᠦ ᠲᠠᠯᠠᠭᠡᠢ ᠶᠢᠨ ᠨᠢᠭᠡᠨᠲᠡ ᠮᠡᠳᠡᠭᠰᠡᠨ | ᠬᠠᠳᠠᠭᠠᠯᠠᠭᠳᠠᠴᠠ ᠶᠢᠨ 80% ᠶᠢ ᠡᠵᠠᠯᠠᠵᠤ᠂ ᠪᠠᠶᠢᠷᠢ ᠰᠠᠭᠤᠷᠢ ᠨᠢ ᠳᠣᠮᠲᠠᠲᠤ ᠳᠣᠷᠣᠨᠠᠲᠤ ᠶᠢᠨ ᠴᠢᠯᠠᠭᠤᠠ ᠲᠤᠰᠣ ᠲᠠᠢ ᠬᠠᠷᠢᠴᠠᠭᠤᠯᠵᠤ ᠪᠣᠯᠤᠨ᠎ᠠ᠂ ᠮᠠᠰᠢ ᠴᠢᠬᠤᠯᠠ | ᠪᠠᠶᠢᠯᠲᠣᠬᠤ ᠪᠤᠲᠣᠯᠭ᠎ᠠ ᠶᠢᠨ ᠠᠴᠢ ᠬᠤᠯᠪᠤᠬᠲᠠᠯ ᠲᠠᠢ ᠪᠣᠯᠬᠤᠷ ᠬᠤᠪᠤᠷ ᠰᠢᠷᠣᠢ ᠶᠢᠨ ᠶᠠᠪᠤᠲᠠᠯ ᠢ ᠡᠷᠭᠡᠪᠰᠢ ᠰᠠᠶᠢᠲᠣᠷ ᠬᠢᠭᠦ ᠬᠡᠷᠡᠭᠲᠡᠢ︾ ᠭᠡᠵᠦ ᠵᠢᠭᠠᠵᠤ ᠭᠠᠷᠭᠠᠪᠠ᠃ | ︽ᠬᠠᠪᠤᠷ ᠤᠨ ᠦᠯᠢᠭᠡᠷ︾ ᠤᠮᠠᠷᠠᠲᠤ ᠶᠢᠨ ᠲᠠᠯ᠎ᠠ ᠨᠤᠲᠤᠭ ᠲᠤ ᠦᠯᠢᠶᠡᠵᠦ᠂ ︽ᠬᠤᠪᠣᠷ ᠰᠢᠷᠣᠶ ᠶᠢᠨ ᠶᠠᠪᠤᠳᠠᠯ ᠢ ᠰᠠᠶᠢᠲᠤᠷ ᠬᠢᠬᠦ︾ ᠶᠢ ᠦᠶ᠎ᠡ ᠶᠢᠨ ᠦᠶ᠎ᠡ ᠶᠢᠨ ︽ | ᠬᠤᠪᠣᠷ ᠰᠢᠷᠣᠶ ᠶᠢᠨ ᠬᠥᠮᠦᠨ︾ ᠤ ᠰᠡᠳᠬᠢᠯ ᠳᠤ ᠭᠦᠨ ᠬᠠᠳᠠᠩᠰᠢᠭᠤᠯᠵᠠᠶ᠃ | 1997 ᠣᠨ ᠳᠤ᠂ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠬᠠᠷᠢᠶ᠎ᠠ ᠬᠤᠪᠣᠷ ᠰᠢᠷᠣᠢ ᠶᠢᠨ ᠠᠵᠤ ᠦᠢᠯᠡᠰ ᠤᠨ ᠡᠬᠢ ᠪᠠᠶᠠᠯᠢᠭ ᠢ ᠨᠡᠶᠢᠳᠬᠡᠵᠦ᠂ ᠬᠤᠪᠣᠷ ᠰᠢᠷᠣᠢ ᠶᠢᠨ | ᠳᠡᠭᠡᠳᠦ ᠰᠠᠯᠠᠭ᠎ᠠ ︵2015 ᠣᠨ ᠳᠤ ︽ᠤᠮᠠᠷᠠᠲᠤ ᠶᠢᠨ ᠬᠤᠪᠣᠷ ᠰᠢᠷᠣᠢ︾ ᠭᠡᠵᠦ ᠬᠠᠯᠠᠪᠠ︶ ᠶᠢ ᠪᠠᠶᠢᠭᠤᠯᠤᠭᠰᠠᠨ ᠪᠥᠭᠡᠳ ᠲᠤᠰ ᠵᠢᠯ ᠳᠤ ᠱᠠᠩᠬᠠᠢ ᠶᠢᠨ ᠦᠨᠡᠲᠦ | ᠲᠡᠮᠳᠡᠭᠲᠦ ᠶᠢᠨ ᠠᠷᠠᠯᠵᠢᠶᠠᠨ ᠤ ᠭᠠᠵᠠᠷ ᠲᠤ ᠵᠠᠬ᠎ᠠ ᠳᠡᠯᠭᠡᠭᠦᠷ ᠲᠤ ᠭᠠᠷᠴᠤ᠂ ᠳᠤᠮᠳᠠᠳᠤ ᠤᠯᠤᠰ ᠤᠨ ᠬᠤᠪᠣᠷ ᠰᠢᠷᠣᠢ ᠶᠢᠨ ᠠᠵᠢᠯ ᠲᠦᠷᠦᠯ ᠤᠨ ᠠᠩᠬᠠᠳᠠᠭᠴᠢ ᠵᠠᠬ᠎ᠠ | ᠳᠡᠯᠭᠡᠭᠦᠷ ᠲᠤ ᠭᠠᠷᠤᠭᠰᠠᠨ ᠺᠣᠮᠫᠠᠨᠢ ᠪᠣᠯᠵᠠᠢ᠃ | ︽ᠳᠤᠮᠳᠠᠳᠤ ᠶᠢᠨ ᠬᠤᠪᠣᠷ ᠰᠢᠷᠣᠢ ᠶᠢᠨ ᠠᠩᠬᠠᠨ ᠤ ᠰᠲ᠋ᠣᠺ︾ ᠤᠨ ᠬᠤᠩᠬᠤ ᠶᠢᠨ ᠳᠠᠭᠤᠨ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠤᠳᠤ ᠦᠶ᠎ᠡ ᠶᠢᠨ ᠠᠵᠤ | ᠠᠬᠤᠶᠢᠯᠠᠯ ᠤᠨ ᠲᠦᠷᠢᠮ ᠢ ᠪᠠᠶᠢᠭᠤᠯᠬᠤ ᠠᠩᠬᠠᠨ ᠤ ᠭᠤᠣᠯ ᠢ ᠡᠬᠢᠯᠡᠭᠦᠯᠦᠭᠰᠡᠨ ᠪᠥᠭᠡᠳ ᠳᠤᠮᠳᠠᠳᠤ ᠤᠯᠤᠰ ᠤᠨ ᠬᠤᠪᠣᠷ ᠰᠢᠷᠣᠢ ᠶᠢᠨ ᠠᠵᠤ ᠦᠢᠯᠡᠰ ᠤᠨ ᠥᠷᠨᠢᠩᠭᠦᠢ | ᠬᠥᠭᠵᠢᠯᠲᠡ ᠶᠢᠨ ᠰᠢᠨ᠎ᠡ ᠬᠠᠭᠤᠳᠠᠰᠤ ᠶᠢ ᠰᠡᠬᠦᠪᠡ᠃ | ᠬᠦᠷᠦᠩᠭᠡ ᠶᠢᠨ ᠵᠠᠬ᠎ᠠ ᠳᠡᠯᠭᠡᠭᠦᠷ ᠤᠨ ᠠᠰᠢᠭᠲᠠᠢ ᠪᠡᠯᠡ ᠮᠥᠩᠭᠦ ᠴᠤᠭᠯᠠᠭᠤᠯᠬᠤ ᠨᠥᠬᠦᠴᠡᠯ ᠳᠤ ᠲᠦᠰᠢᠭᠯᠡᠨ᠂ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠠᠩᠬᠠᠨ ᠤ | ᠪᠡᠯᠡ ᠮᠥᠩᠭᠦ ᠪᠠᠨ ᠠᠰᠢᠭᠯᠠᠵᠤ᠂ ᠳᠡᠯᠡᠬᠡᠢ ᠳᠡᠭᠡᠷᠡᠬᠢ ᠬᠠᠮᠤᠭ ᠤᠨ ᠶᠡᠭᠡ᠂ ᠬᠠᠮᠤᠭ ᠤᠨ ᠲᠡᠷᠢᠭᠦᠨ ᠤ ᠬᠤᠪᠣᠷ ᠰᠢᠷᠣᠢ ᠶᠢ ᠴᠣᠬᠤᠯᠠᠬᠤ ᠪᠦᠷᠢᠨ ᠦᠢᠯᠡᠳᠪᠦᠷᠢᠯᠡᠯ ᠤᠨ ᠱᠤᠭᠤᠮ ᠢ | ᠪᠠᠶᠢᠭᠤᠯᠵᠤ᠂ ᠨᠢᠭᠡ ᠯᠡ ᠳᠡᠭᠡᠷ᠎ᠡ ᠠᠵᠢᠯ ᠲᠦᠷᠦᠯ ᠤᠨ ᠲᠠᠭᠠᠭᠤᠯᠤᠭᠴᠢ ᠶᠢᠨ ᠪᠠᠶᠢᠷᠢ ᠰᠠᠭᠤᠷᠢ ᠶᠢ ᠲᠠᠯᠪᠢᠭᠰᠠᠨ ᠪᠠᠶᠢᠨ᠎ᠠ᠃ | 1999 ᠣᠨ ᠤ 1 ᠳ᠋ᠦ᠋ᠭᠡᠷ ᠰᠠᠷ᠎ᠠ ᠳᠤ ᠵᠢᠶᠠᠩ ᠽᠧ ᠮᠢᠨ ᠨᠥᠬᠦᠷ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠳᠤ ︽ᠬᠤᠪᠣᠷ ᠰᠢᠷᠣᠶ ᠶᠢ ᠨᠡᠭᠡᠭᠡᠨ ᠠᠰᠢᠭᠯᠠᠬᠤ ᠶᠢ | ᠰᠠᠶᠢᠲᠤᠷ ᠬᠢᠵᠦ᠂ ᠡᠬᠢ ᠪᠠᠶᠠᠯᠢᠭ ᠤᠨ ᠳᠠᠪᠠᠭᠤᠯᠢᠭ ᠢ ᠠᠵᠤ ᠠᠬᠤᠶ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ︾ ᠭᠡᠰᠡᠨ ᠪᠢᠴᠢᠭᠡᠰᠦ ᠶᠢ ᠪᠢᠴᠢᠵᠦ᠂ ᠬᠤᠪᠣᠷ ᠰᠢᠷᠣᠶ ᠶᠢᠨ | ᠠᠵᠢᠯ ᠲᠥᠷᠥᠯ ᠤᠨ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ ᠪᠦᠷᠢᠶ᠎ᠡ ᠶᠢ ᠬᠠᠩᠭᠢᠨᠠᠭᠤᠯᠪᠠ᠃ | ᠡᠭᠦᠨ ᠤ ᠲᠤᠯᠠᠳᠠ᠂ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠬᠤᠪᠣᠷ ᠰᠢᠷᠣᠢ ᠶᠢᠨ ᠬᠡᠷᠡᠭᠯᠡᠭᠡᠨ ᠤ ᠠᠵᠤ ᠦᠢᠯᠡᠰ ᠢ ᠢᠳᠡᠪᠬᠢᠲᠡᠢ ᠨᠡᠭᠡᠭᠡᠨ ᠬᠥᠭᠵᠢᠭᠦᠯᠵᠦ᠂ ᠡᠬᠢ | ᠪᠠᠶᠠᠯᠢᠭ ᠤᠨ ᠳᠠᠪᠠᠭᠤᠯᠢᠭ ᠢ ᠠᠵᠤ ᠠᠬᠤᠢ ᠶᠢᠨ ᠳᠠᠪᠠᠭᠤᠯᠢᠭ ᠪᠠ ᠠᠵᠤ ᠦᠢᠯᠡᠰ ᠤᠨ ᠳᠠᠪᠠᠭᠤᠯᠢᠭ ᠪᠣᠯᠭᠠᠨ ᠬᠤᠪᠢᠷᠠᠭᠤᠯᠬᠤ ᠶᠢ ᠲᠦᠷᠭᠡᠳᠬᠡᠵᠦ᠂ ᠨᠢᠭᠡ ᠲᠠᠯ᠎ᠠ ᠪᠠᠷ ᠬᠤᠪᠣᠷ | ᠰᠢᠷᠣᠢ ᠶᠢᠨ ᠭᠢᠯᠲᠠᠭᠠᠨᠠᠭᠤᠷ ᠮᠠᠲ᠋ᠧᠷᠢᠶᠠᠯ᠂ ᠤᠰᠤᠲᠥ᠋ᠷᠥᠭᠴᠢ ᠬᠠᠳᠠᠭᠠᠯᠠᠬᠤ ᠮᠠᠲ᠋ᠧᠷᠢᠶᠠᠯ᠂ ᠬᠥᠳᠡᠯᠭᠡᠬᠦ ᠬᠦᠴᠦᠨ ᠤ ᠳ᠋ᠢᠶᠠᠨ ᡂᠢ ᠶᠢᠨ ᠬᠤᠪᠣᠷ ᠰᠢᠷᠣᠢ ᠶᠢᠨ ᠭᠦᠨᠵᠡᠭᠡᠢ | ᠡᠳ᠋ᠰᠢᠭᠦᠯᠬᠦ ᠦᠢᠯᠡᠳᠬᠦᠨ ᠤ ᠬᠦᠷᠢᠶᠡᠨ ᠳᠤ ᠣᠷᠣᠭᠤᠯᠬᠤ ᠶᠢᠨ ᠬᠠᠮᠲᠤ ︽ᠬᠤᠪᠢᠯᠭᠠᠨ ᠵᠡᠪᠢ 5︾᠂ ︽ᠬᠤᠪᠢᠯᠭᠠᠨ ᠵᠡᠪᠢ 6︾᠂ ︽ᠬᠤᠪᠢᠯᠭᠠᠨ ᠵᠡᠪᠢ 7︾ ᠪᠠ ︽ᠴᠠᠩ | ᠧ 1 ᠳ᠋ᠦ᠋ᠭᠡᠷ︾ ᠨᠡᠷᠡᠮᠵᠢᠲᠦ ᠬᠥᠯᠭᠡ ᠣᠩᠭᠤᠴᠠᠨ ᠳᠤ ᠴᠢᠬᠤᠯᠠ ᠪᠠᠭᠠᠵᠢ ᠬᠠᠩᠭᠠᠵᠤ᠂ ᠬᠦᠰᠡᠯ ᠵᠡᠭᠦᠳᠦ ᠶᠢ ᠲᠡᠷᠭᠡᠯᠰᠢᠭᠦᠯᠪᠡ︔ ᠨᠢᠭᠡ ᠲᠠᠯ᠎ᠠ ᠪᠠᠷ ᠪᠤᠭᠤᠲᠤ ᠶᠢᠨ ᠪᠣᠯᠣᠳ | ᠲᠡᠮᠦᠷ ᠤᠨ ᠺᠣᠮᠫᠠᠨᠢ ᠲᠤᠰ ᠪᠡᠶ᠎ᠡ ᠶᠢᠨ ᠡᠬᠢ ᠪᠠᠶᠠᠯᠢᠭ ᠤᠨ ᠳᠠᠪᠠᠭᠤᠯᠢᠭ ᠪᠠ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠬᠥᠷᠥᠩᠭᠡ ᠶᠢᠨ ᠳᠠᠪᠠᠭᠤᠯᠢᠭ ᠢᠶᠠᠨ ᠠᠰᠢᠭᠯᠠᠨ᠂ | ᠲᠣᠯᠣᠭᠠᠶᠢᠯᠠᠭᠴᠢ ᠠᠵᠤ ᠠᠬᠤᠶᠢᠯᠠᠯ ᠤᠨ ᠠᠵᠢᠯ ᠲᠥᠷᠥᠯ ᠳᠣᠣᠷ᠎ᠠ ᠪᠠᠶᠢᠬᠤ ᠬᠤᠭᠤᠴᠠᠭᠠᠨ ᠳᠤ ᠪᠠᠨ᠂ ᠪᠥᠬᠦ ᠤᠯᠤᠰ ᠤᠨ ᠬᠤᠪᠣᠷ ᠰᠢᠷᠣᠢ ᠶᠢᠨ ᠠᠵᠢᠯ ᠲᠥᠷᠥᠯ ᠢ ᠡᠮᠬᠢᠯᠡᠨ | ᠨᠡᠶᠢᠯᠡᠭᠦᠯᠬᠦ ᠬᠦᠨᠳᠦ ᠡᠭᠦᠷᠭᠡ ᠶᠢ ᠡᠭᠦᠷᠭᠡᠯᠡᠨ᠂ ᠥᠪᠡᠷᠲᠡᠭᠡᠨ ᠵᠠᠰᠠᠬᠤ ᠣᠷᠣᠨ ᠤ ᠳᠣᠲᠣᠷᠠᠬᠢ 35 ᠬᠤᠪᠣᠷ ᠰᠢᠷᠣᠢ ᠶᠢᠨ ᠳᠡᠭᠡᠳᠦ ᠤᠷᠤᠰᠬᠠᠯ ᠤᠨ ᠠᠵᠤ ᠠᠬᠤᠶᠢᠯᠠᠯ ᠢ ᠡᠮᠬᠢᠯᠡᠨ | ᠨᠡᠶᠢᠯᠡᠭᠦᠯᠵᠦ ᠰᠢᠭᠰᠢᠭᠳᠡᠭᠦᠯᠵᠦ᠂ ᠬᠠᠮᠤᠭ ᠡᠴᠦᠰ ᠲᠤ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠨᠢᠭᠡᠳᠦᠯᠲᠡᠢ ᠨᠡᠭᠡᠭᠡᠨ ᠮᠠᠯᠲᠠᠬᠤ᠂ ᠨᠢᠭᠡᠳᠦᠯᠲᠡᠢ ᠬᠦᠳᠡᠷ ᠰᠣᠩᠭᠤᠨ | ᠨᠢᠭᠡᠳᠦᠯᠲᠡᠢ ᠪᠣᠯᠪᠠᠰᠤᠷᠠᠭᠤᠯᠬᠤ᠂ ᠨᠢᠭᠡᠳᠦᠯᠲᠡᠢ ᠡᠵᠡᠩᠨᠡᠬᠦ ᠪᠠ ᠬᠠᠮᠢᠶᠠᠷᠬᠤ ᠬᠤᠪᠣᠷ ᠰᠢᠷᠣᠢ ᠬᠠᠶᠢᠯᠤᠭᠤᠯᠤᠨ ᠲᠤᠰᠬᠠᠢ ᠡᠵᠡᠩᠨᠡᠬᠦ ᠠᠵᠢᠯ ᠤᠨ ᠪᠠᠶᠢᠭᠤᠯᠤᠯ ᠢ ᠪᠦᠷᠢᠯᠳᠦᠭᠦᠯᠪᠡ᠃ | ᠡᠨᠡ ᠬᠦ ᠬᠤᠭᠤᠴᠠᠭᠠᠨ ᠳᠤ᠂ ᠪᠣᠭᠤᠲᠤ ᠶᠢᠨ ᠪᠣᠯᠤᠳ ᠲᠡᠮᠦᠷ ᠤᠨ ᠺᠣᠮᠫᠠᠨᠢ ᠪᠠᠰᠠ ᠪᠡᠯᠡ ᠣᠷᠣᠭᠤᠯᠤᠨ ᠳᠤᠮᠳᠠᠳᠤ ᠤᠯᠤᠰ ᠤᠨ ᠠᠩᠬᠠᠳᠠᠭᠴᠢ ᠬᠤᠪᠣᠷ ᠰᠢᠷᠣᠢ ᠶᠢᠨ | ᠦᠢᠯᠡᠳᠬᠦᠨ ᠤ ᠠᠷᠠᠯᠵᠢᠶᠠᠨ ᠤ ᠭᠠᠵᠠᠷ — ᠪᠤᠭᠤᠲᠤ ᠶᠢᠨ ᠬᠤᠪᠣᠷ ᠰᠢᠷᠣᠢ ᠶᠢᠨ ᠦᠢᠯᠡᠳᠬᠦᠨ ᠤ ᠠᠷᠠᠯᠵᠢᠶᠠᠨ ᠤ ᠭᠠᠵᠠᠷ ᠢ ᠪᠠᠶᠢᠭᠤᠯᠵᠤ᠂ ᠵᠠᠬ᠎ᠠ ᠳᠡᠯᠭᠡᠭᠦᠷ ᠤᠨ ᠡᠵᠡᠮᠳᠡᠬᠦ | ᠬᠦᠴᠦᠨ ᠠᠯᠬᠤᠮ ᠠᠯᠬᠤᠮ ᠢᠶᠠᠷ ᠳᠡᠭᠡᠭᠰᠢᠯᠡᠪᠡ᠃ | 2006 ᠣᠨ ᠳᠤ᠂ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠬᠤᠪᠣᠷ ᠰᠢᠷᠣᠶ ︽ᠪᠠᠶ᠋ᠬᠠᠣᠪᠤᠭ᠎ᠠ︾ ᠶᠢᠨ ᠳᠠᠩᠰᠠᠯᠠᠭᠤᠯᠤᠭᠰᠠᠨ ᠲᠠᠸᠠᠷ ᠤᠨ ᠲᠡᠮᠳᠡᠭ ᠢ ᠬᠡᠷᠡᠭᠯᠡᠵᠦ᠂ | ᠬᠥᠭᠵᠢᠯᠲᠡ ᠶᠢᠨ ᠣᠨᠣᠯᠵᠢᠬᠤᠨ ᠬᠢᠭᠡᠳ ᠲᠦᠷᠦᠯ ᠲᠡᠮᠳᠡᠭ ᠤᠨ ᠣᠨᠣᠯᠵᠢᠬᠤᠨ ᠤᠯᠤᠰ ᠤᠨ ᠳᠣᠲᠣᠭᠠᠳᠤ ᠭᠠᠳᠠᠭᠠᠳᠤ ᠳᠤ ᠥᠷᠭᠡᠨ ᠢᠶᠠᠷ ᠤᠯᠠᠮᠵᠢᠯᠠᠭᠳᠠᠪᠠ᠃ 2009 ᠣᠨ ᠳᠤ | ︽ᠪᠠᠶ᠋ᠬᠠᠣᠪᠤᠭ᠎ᠠ︾ ᠶᠢᠨ ᠲᠠᠸᠠᠷ ᠤᠨ ᠲᠡᠮᠳᠡᠭ ᠤᠯᠤᠰ ᠤᠨ ᠦᠢᠯᠡᠳᠪᠦᠷᠢ ᠬᠤᠳᠠᠯᠳᠤᠭᠠᠨ ᠤ ᠶᠡᠷᠦᠩᠬᠡᠶ ᠲᠣᠪᠴᠢᠶ᠎ᠠ ᠠᠴᠠ ︽ᠳᠤᠮᠳᠠᠳᠤ ᠤᠯᠤᠰ ᠤᠨ ᠨᠡᠷᠡᠲᠦ ᠲᠠᠸᠠᠷ ᠤᠨ ᠲᠡᠮᠳᠡᠭ | ︾ ᠢᠶᠠᠷ ᠦᠨᠡᠯᠡᠭᠳᠡᠵᠦ᠂ ᠳᠤᠮᠳᠠᠳᠤ ᠭᠠᠳᠠᠭᠠᠳᠤ ᠶᠢᠨ ᠠᠯᠳᠠᠷᠲᠤ ᠦᠨᠳᠦᠰᠦᠲᠡᠨ ᠤ ᠨᠡᠷᠡᠲᠦ ᠲᠡᠮᠳᠡᠭᠲᠦ ᠪᠣᠯᠤᠭᠰᠠᠨ ᠪᠠᠶᠢᠨ᠎ᠠ᠃ | 2014 ᠤᠨ ᠤ 1 ᠳ᠋ᠦ᠋ᠭᠡᠷ ᠰᠠᠷ᠎ᠠ ᠳᠤ᠂ ᠤᠯᠤᠰ ᠤᠨ ᠬᠤᠯᠪᠤᠭᠳᠠᠯ ᠪᠦᠬᠦᠢ ᠶᠠᠮᠤᠨ ᠵᠦᠪᠯᠡᠯ ᠲᠤᠰᠬᠠᠢ ᠰᠡᠳᠦᠪᠳᠤ ᠬᠤᠷᠠᠯ ᠬᠤᠷᠠᠯᠳᠤᠭᠤᠯᠵᠤ᠂ ᠤᠯᠤᠰ ᠤᠨ ᠲᠡᠰ ᠤᠨ | ᠲᠤᠮᠤ ᠭᠡᠯᠪᠡᠷᠢ ᠶᠢᠨ ᠬᠤᠪᠤᠷ ᠰᠢᠷᠤᠢ ᠶᠢᠨ ᠠᠵᠤ ᠠᠬᠤᠢᠢᠯᠠᠯ ᠤᠨ ᠪᠦᠯᠦᠭᠯᠡᠯ ᠢ ᠪᠠᠶᠢᠭᠤᠯᠬᠤ ᠠᠵᠢᠯ ᠤᠨ ᠲᠦᠰᠦᠯ ᠢ ᠪᠠᠳᠤᠯᠠᠪᠠ᠃ 2015 ᠣᠨ ᠳᠤ᠂ ᠪᠤᠭᠤᠲᠤ ᠶᠢᠨ ᠪᠣᠯᠣᠳ | ᠲᠡᠮᠦᠷ ᠢᠶᠠᠷ ᠲᠦᠷᠦᠭᠦᠯᠡᠭᠦᠯᠦᠨ ᠵᠣᠬᠢᠶᠠᠨ ᠪᠠᠶᠢᠭᠤᠯᠤᠭᠰᠠᠨ ᠳᠤᠮᠳᠠᠳᠤ ᠤᠯᠤᠰ ᠤᠨ ᠠᠩᠬᠠᠳᠠᠭᠴᠢ ᠬᠤᠪᠣᠷ ᠰᠢᠷᠣᠶ ᠶᠢᠨ ᠪᠦᠯᠦᠭᠯᠡᠯ — ᠳᠤᠮᠳᠠᠳᠤ ᠤᠯᠤᠰ ᠤᠨ ᠤᠮᠠᠷᠠᠲᠤ ᠶᠢᠨ | ᠬᠤᠪᠣᠷ ᠰᠢᠷᠣᠶ ︵ᠪᠦᠯᠦᠭᠯᠡᠯ︶ ᠶᠢᠨ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠵᠢᠩᠬᠢᠨᠢ ᠪᠠᠷ ᠪᠠᠶᠢᠭᠤᠯᠤᠭᠳᠠᠵᠤ᠂ | ᠠᠵᠢᠯ ᠲᠥᠷᠥᠯ ᠤᠨ ᠲᠥᠪᠯᠡᠷᠡᠯ ᠤᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠲᠣᠮᠣ ᠪᠦᠯᠦᠭᠯᠡᠯ ᠠᠴᠠ ᠬᠤᠪᠣᠷ ᠰᠢᠷᠣᠶ ᠶᠢᠨ ᠡᠬᠢ ᠪᠠᠶᠠᠯᠢᠭ ᠢ ᠡᠵᠡᠮᠰᠢᠨ ᠡᠵᠡᠮᠳᠡᠬᠦ | ᠂ ᠵᠠᠬ᠎ᠠ ᠳᠡᠯᠭᠡᠭᠦᠷ ᠤᠨ ᠠᠵᠢᠯ ᠲᠦᠷᠦᠯ ᠤᠨ ᠬᠦᠭᠵᠢᠯᠲᠡ ᠶᠢᠨ ᠪᠠᠶᠢᠷᠢᠰᠢᠯ ᠢ ᠭᠤᠣᠯᠯᠠᠭᠤᠯᠵᠤ᠂ ᠳᠡᠯᠡᠬᠡᠢ ᠳᠡᠭᠡᠷᠡᠬᠢ ᠥᠷᠢᠰᠥᠯᠳᠦᠬᠦ ᠬᠦᠴᠦᠨ ᠪᠣᠯᠤᠨ ᠦᠭᠡ ᠬᠡᠯᠡᠬᠦ ᠡᠷᠬᠡ ᠶᠢ | ᠳᠡᠭᠡᠭᠰᠢᠯᠡᠭᠦᠯᠪᠡ᠃ | ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠤᠯᠠᠨ ᠡᠰᠢᠴᠢᠯᠡᠭᠰᠡᠨ᠂ ᠣᠳᠣᠬᠢᠴᠢᠯᠠᠭᠰᠠᠨ᠂ ᠳᠡᠯᠡᠬᠡᠶᠢᠵᠢᠭᠰᠡᠨ ᠬᠤᠪᠣᠷ ᠰᠢᠷᠣᠢ ᠶᠢᠨ ᠪᠦᠯᠦᠭᠯᠡᠯ ᠨᠢ ᠬᠦᠰᠡᠯ | ᠵᠡᠭᠦᠳᠦ ᠪᠠᠨ ᠲᠡᠷᠭᠡᠯᠰᠢᠯᠡᠭᠦᠯᠬᠦ ᠶᠢᠨ ᠲᠥᠯᠥᠭᠡ ᠡᠷᠡᠯᠬᠡᠭᠯᠡᠨ ᠤᠷᠤᠭᠰᠢᠯᠠᠨ᠎ᠠ᠃ | | | ᠬᠤᠪᠣᠷ ᠰᠢᠷᠤᠢ ᠶᠢᠨ ᠤᠯᠤᠰ ᠢᠶᠠᠨ ᠬᠦᠴᠦᠷᠬᠡᠭᠵᠢᠭᠦᠯᠬᠦ ᠵᠡᠭᠦᠳᠦ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠳᠤᠮᠳᠠᠳᠤ ᠤᠯᠤᠰ ᠤᠨ ᠬᠤᠪᠣᠷ ᠰᠢᠷᠤᠢ ᠶᠢᠨ ᠠᠵᠢᠯ ᠲᠥᠷᠥᠯ ᠰᠢᠵᠢᠷ ᠠᠯᠲᠠᠨ 10 ᠵᠢᠯ ᠢ ᠥᠩᠭᠡᠷᠡᠭᠦᠯᠵᠡᠢ᠃ | ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠲᠦᠷᠭᠡᠨ ᠬᠥᠭᠵᠢᠵᠦ᠂ ᠤᠯᠤᠰ ᠤᠨ ᠳᠣᠲᠣᠭᠠᠳᠤ ᠶᠢᠨ ᠬᠤᠪᠣᠷ ᠰᠢᠷᠤᠢ ᠶᠢᠨ ᠵᠠᠬ᠎ᠠ ᠳᠡᠯᠭᠡᠭᠦᠷ | ᠨᠡᠩ ᠬᠥᠭᠵᠢᠶᠡᠨᠲᠡᠢ ᠪᠣᠯᠪᠠ︔ ᠬᠤᠪᠣᠷ ᠰᠢᠷᠤᠢ ᠶᠢᠨ ᠦᠢᠯᠡᠳᠪᠦᠷᠢᠯᠡᠯ ᠤᠨ ᠶᠡᠷᠦᠩᠬᠡᠢ ᠬᠡᠪᠴᠢᠶ᠎ᠡ ᠨᠢ ᠤᠯᠤᠰ ᠤᠨ ᠪᠦᠲᠦᠮᠵᠢᠲᠡᠢ ᠲᠣᠬᠢᠷᠠᠭᠤᠯᠤᠯ ᠡᠵᠡᠮᠳᠡᠯ ᠳᠣᠣᠷ᠎ᠠ᠂ | ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠨᠢ ᠨᠡᠩ ᠲᠣᠭᠲᠠᠭᠤᠨ ᠪᠥᠭᠡᠳ ᠵᠦᠢ ᠵᠣᠬᠢᠰᠲᠠᠢ ᠪᠣᠯᠵᠠᠢ᠃ | ᠳᠣᠷᠣᠨᠠᠳᠤ ᠶᠢᠨ ᠰᠠᠯᠬᠢ ᠶᠢ ᠳᠠᠭᠠᠵᠤ ᠲᠦᠮᠡᠨ ᠭᠠᠵᠠᠷ ᠢ ᠵᠣᠷᠢᠨ᠎ᠠ᠃ ᠪᠣᠭᠤᠲᠤ ᠶᠢᠨ ᠪᠣᠯᠤᠳ ᠲᠡᠮᠦᠷ ᠤᠨ ᠺᠣᠮᠫᠠᠨᠢ ᠶᠡᠷᠦᠩᠬᠡᠢ ᠱᠦᠵᠢ ᠰᠢ ᠶᠢᠨ ᠫᠢᠩ ᠤᠨ ᠬᠤᠪᠣᠷ | ᠰᠢᠷᠣᠢ ᠶᠢᠨ ᠠᠵᠤ ᠦᠢᠯᠡᠰ ᠤᠨ ᠪᠣᠬᠢᠷᠲᠤᠯ ᠦᠭᠡᠢ ᠦᠷᠭᠦᠯᠵᠢᠯᠡᠬᠦᠶᠢᠴᠡ ᠬᠥᠭᠵᠢᠯᠲᠡ ᠶᠢ ᠠᠬᠢᠭᠤᠯᠬᠤ ᠲᠤᠬᠠᠢ ᠴᠢᠬᠤᠯᠠ ᠵᠢᠭᠠᠪᠤᠷᠢ ᠶᠣᠰᠣᠭᠠᠷ᠂ ᠤᠯᠤᠰ ᠤᠨ ᠴᠢᠬᠤᠯᠠ ᠶᠡᠭᠡ | ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠬᠦ ᠪᠠ ᠳᠡᠯᠡᠬᠡᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠬᠥᠲᠥᠯᠥᠨ ᠳᠠᠭᠠᠭᠤᠯᠬᠤ ᠶᠢ ᠠᠬᠢᠭᠤᠯᠵᠤ᠂ ᠪᠠᠶ᠋ᠬᠠᠤᠪᠤᠭ᠎ᠠ ᠶᠢᠨ | ᠬᠤᠪᠣᠷ ᠰᠢᠷᠣᠶ ᠶᠢᠨ ᠡᠬᠢ ᠪᠠᠶᠠᠯᠢᠭ ᠢ ᠰᠤᠳᠤᠯᠬᠤ ᠪᠠ ᠪᠦᠬᠦ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠴᠢᠨᠠᠷ ᠰᠠᠶᠢᠲᠠᠶ ᠥᠨᠳᠥᠷ ᠪᠦᠲᠦᠮᠵᠢᠲᠡᠶ | ᠠᠵᠢᠯᠯᠠᠭᠤᠯᠬᠤ ᠶᠢ ᠠᠬᠢᠭᠤᠯᠪᠠ︔ ᠤᠯᠤᠰ ᠤᠨ ᠳᠣᠲᠣᠭᠠᠳᠤ ᠶᠢᠨ ᠴᠣᠷ ᠤᠨ ᠭᠠᠭᠴᠠ ︽ᠤᠯᠤᠰ ᠤᠨ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠢ ᠬᠡᠮᠵᠢᠨ ᠦᠨᠡᠯᠡᠬᠦ ᠠᠵᠢᠯ | ᠲᠥᠷᠥᠯ ᠤᠨ ᠲᠥᠪ︾ ᠢᠶᠠᠷ ᠵᠥᠪᠰᠢᠶᠡᠷᠡᠭᠳᠡᠵᠦ᠂ ᠠᠵᠢᠯ ᠲᠥᠷᠥᠯ ᠤᠨ ᠲᠡᠷᠢᠭᠦᠨ ᠤ ᠥᠨᠳᠥᠷ ᠬᠢᠷᠢ ᠲᠦᠪᠰᠢᠨ ᠪᠦᠬᠦᠢ ᠤᠯᠤᠰ ᠤᠨ ᠲᠠᠰ ᠤᠨ ᠰᠢᠨ᠎ᠡ ᠶᠢ ᠡᠭᠦᠳᠬᠦ | ᠠᠴᠢᠶᠠᠯᠠᠪᠤᠷᠢ ᠶᠢ ᠴᠢᠷᠮᠠᠶᠢᠨ ᠪᠠᠶᠢᠭᠤᠯᠪᠠ︔ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠤᠨ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠠᠶᠢᠭᠤᠯᠤᠯᠲᠠ ᠶᠢ | ᠬᠥᠲᠥᠯᠥᠨ ᠵᠢᠯᠤᠭᠤᠳᠴᠤ ᠳᠠᠶᠢᠴᠢᠯᠠᠨ᠂ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠤᠨ ᠮᠡᠷᠭᠡᠵᠢᠯ ᠤᠨ ᠠᠰᠢᠭᠲᠠᠢ ᠪᠠᠶᠢᠷᠢ ᠶᠢ ᠪᠤᠯᠢᠶᠠᠯᠳᠤᠨ ᠡᠵᠡᠯᠡᠪᠡ︔ ᠵᠧᠵᠢᠶᠠᠩ ᠶᠡᠭᠡ | ᠰᠤᠷᠭᠠᠭᠤᠯᠢ — ᠤᠮᠠᠷᠠᠲᠤ ᠶᠢᠨ ᠬᠤᠪᠤᠷ ᠰᠢᠷᠤᠢ ᠶᠢᠨ ᠬᠠᠮᠲᠤᠷᠠᠨ ᠰᠢᠨ᠎ᠡ ᠶᠢ ᠡᠭᠦᠳᠬᠦ ᠲᠥᠪ᠂ ᠤᠮᠠᠷᠠᠲᠤ ᠶᠢᠨ ᠬᠤᠪᠤᠷ ᠰᠢᠷᠤᠢ — ᠶᠡᠭᠡ ᠰᠤᠷᠭᠠᠭᠤᠯᠢ ᠶᠢᠨ ᠬᠤᠯᠪᠤᠭᠠᠲᠤ | ᠲᠤᠷᠰᠢᠯᠲᠠ ᠶᠢᠨ ᠲᠠᠰᠤᠭ᠂ ᠬᠤᠪᠣᠷ ᠰᠢᠷᠣᠶ ᠶᠢᠨ ᠬᠦᠷᠢᠶᠡᠯᠡᠩ ᠤᠨ ᠲᠢᠶᠠᠨᠵᠢᠨ ᠤ ᠬᠤᠪᠢᠶᠠᠷᠢ ᠬᠦᠷᠢᠶᠡᠯᠡᠩ᠂ ᠬᠤᠪᠣᠷ ᠰᠢᠷᠣᠶ ᠶᠢᠨ ᠬᠦᠷᠢᠶᠡᠯᠡᠩ ᠤᠨ ᠬᠠᠩᠵᠧᠦ ᠶᠢᠨ ᠬᠤᠪᠢᠶᠠᠷᠢ | ᠬᠦᠷᠢᠶᠡᠯᠡᠩ ᠵᠡᠷᠭᠡ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠶᠢ ᠪᠠᠶᠢᠭᠤᠯᠵᠤ᠂ 76 ᠶᠡᠭᠡ ᠳᠡᠭᠡᠳᠦ ᠰᠤᠷᠭᠠᠭᠤᠯᠢ ᠪᠣᠯᠤᠨ ᠰᠢᠨᠵᠢᠯᠡᠬᠦ ᠤᠬᠠᠭᠠᠨ ᠤ | ᠰᠣᠳᠤᠯᠭᠠᠨ ᠤ ᠬᠦᠷᠢᠶᠡᠯᠡᠩ ᠭᠠᠵᠠᠷ ᠯᠤᠭ᠎ᠠ ᠪᠠᠶᠢᠯᠳᠤᠬᠤ ᠪᠣᠳᠤᠯᠭ᠎ᠠ ᠶᠢᠨ ᠬᠠᠮᠲᠤᠷᠠᠯᠴᠠᠭ᠎ᠠ ᠦᠷᠨᠢᠭᠦᠯᠵᠦ᠂ ᠰᠢᠰᠲ᠋ᠧᠮᠵᠢᠭᠰᠡᠨ ᠰᠢᠨ᠎ᠡ ᠶᠢ ᠡᠭᠦᠳᠬᠦ ᠬᠤᠯᠪᠤᠭᠠᠲᠤ ᠴᠣᠭᠴᠠ ᠶᠢ | ᠴᠢᠷᠮᠠᠶᠢᠨ ᠪᠠᠶᠢᠭᠤᠯᠵᠤ᠂ ᠬᠦᠴᠦ ᠪᠠᠨ ᠬᠠᠮᠳᠤᠳᠬᠠᠨ ᠪᠣᠭᠤᠮᠲᠠ ᠰᠢᠪᠲᠤᠯᠬᠤ ᠵᠠᠩᠭᠢᠯᠠᠭ᠎ᠠ ᠶᠢᠨ ᠴᠢᠨᠠᠷᠲᠠᠢ ︽ᠪᠣᠭᠤᠮᠢ︾ ᠮᠡᠷᠭᠡᠵᠢᠯ ᠢ ᠰᠢᠢᠳᠪᠦᠷᠢᠯᠡᠵᠦ᠂ ᠠᠵᠤ ᠦᠢᠯᠡᠰ ᠤᠨ | ᠬᠥᠭᠵᠢᠯᠲᠡ ᠳᠤ ᠭᠤᠣᠯᠯᠠᠬᠤ ᠮᠡᠷᠭᠡᠵᠢᠯ ᠤᠨ ᠲᠤᠯᠭᠠᠭᠤᠷᠢᠯᠠᠯ ᠬᠠᠩᠭᠠᠪᠠ᠃ | ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠲᠡᠮᠦᠷᠯᠢᠭ ᠬᠠᠶᠢᠯᠤᠭᠤᠯᠬᠤ ᠮᠡᠷᠭᠡᠵᠢᠯ ᠤᠨ ᠬᠤᠪᠢᠰᠤᠯᠲᠠ ᠭᠡᠬᠦ ᠡᠨᠡ ᠬᠦ ᠣᠷᠣᠰᠢᠨ ᠲᠣᠭᠲᠠᠨᠢᠵᠤ ᠬᠥᠭᠵᠢᠬᠦ ᠶᠢᠨ ᠦᠨᠳᠦᠰᠦᠨ | ᠴᠡᠭ ᠲᠤ ᠰᠠᠭᠤᠷᠢᠯᠠᠵᠤ᠂ ᠠᠯᠢ ᠤᠯᠠᠨ ᠮᠡᠷᠭᠡᠵᠢᠯ ᠤᠨ ᠥᠭᠡᠷᠡᠴᠢᠯᠡᠯᠲᠡ ᠶᠢᠨ ᠤᠷ᠎ᠠ ᠮᠡᠷᠭᠡᠰᠢᠯ ᠤᠨ ᠲᠤᠷᠰᠢᠯᠲᠠ ᠶᠢ ᠭᠤᠣᠯᠳᠠᠯᠭ᠎ᠠ ᠲᠠᠢ ᠥᠷᠨᠢᠭᠦᠯᠵᠦ᠂ ᠬᠤᠪᠣᠷ ᠰᠢᠷᠣᠢ ᠶᠢᠨ | ᠦᠢᠯᠡᠳᠪᠦᠷᠢᠯᠡᠯ ᠤᠨ ᠤᠷ᠎ᠠ ᠮᠡᠷᠭᠡᠰᠢᠯ ᠤᠨ ᠴᠠᠭ ᠦᠶ᠎ᠡ ᠶᠢᠨ ᠬᠤᠪᠢᠰᠤᠯᠲᠠ ᠶᠢ ᠠᠬᠢᠭᠤᠯᠪᠠ᠃ ᠬᠤᠪᠣᠷ ᠰᠢᠷᠣᠶ ᠶᠢᠨ ᠪᠣᠯᠣᠳ ᠨᠢ ᠬᠤᠪᠣᠷ ᠰᠢᠷᠣᠶ ᠶᠢᠨ ᠲᠡᠮᠦᠷ ᠤᠨ ᠬᠠᠶᠢᠯᠤᠰᠢ᠂ | ᠨᠸᠤᠳᠢᠮ ᠲᠡᠮᠦᠷ ᠤᠨ ᠰᠠᠴᠤᠷᠠᠯᠲᠤ ᠣᠯᠠᠨ ᠲᠦᠢᠯᠰᠢᠷᠠᠯ ᠤᠨ ᠰᠣᠷᠢᠨᠵᠢᠨ ᠴᠠᠭᠠᠷᠢᠭ᠂ ᠬᠤᠪᠣᠷ ᠰᠢᠷᠣᠶ ᠶᠢᠨ ᠮᠠᠭᠨᠢ ᠶᠢᠨ ᠼᠢᠷᠺ ᠤᠨ ᠲᠠᠯᠠᠰᠲᠤ ᠨᠠᠷᠢᠯᠢᠭᠵᠢᠭᠤᠯᠤᠭᠴᠢ᠂ ᠳᠡᠭᠡᠳᠦ | ᠴᠡᠪᠡᠷ ᠬᠤᠪᠣᠷ ᠰᠢᠷᠣᠶ ᠶᠢᠨ ᠲᠡᠮᠦᠷᠯᠢᠭ ᠤᠨ ᠫᠤᠤᠳᠠᠯᠭ᠎ᠠ ᠶᠢᠨ ᠮᠠᠲ᠋ᠧᠷᠢᠶᠠᠯ᠂ ᠰᠣᠷᠢᠨᠵᠢᠨ ᠰᠤᠨᠵᠤ ᠠᠪᠴᠢᠭᠤᠯᠬᠤ ᠶᠢ ᠠᠬᠢᠭᠤᠯᠬᠤ ᠪᠠᠭᠠᠵᠢ᠂ ᠬᠤᠪᠣᠷ ᠰᠢᠷᠣᠶ ᠶᠢᠨ ᠰᠢᠯ | ᠰᠢᠷᠳᠡᠭᠰᠡᠨ ᠳᠠᠪᠬᠤᠷᠭ᠎ᠠ ᠵᠡᠷᠭᠡ ᠪᠠᠷ ᠤᠯᠤᠰ ᠤᠨ ᠳᠣᠲᠣᠭᠠᠳᠤ ᠭᠠᠳᠠᠭᠠᠳᠤ ᠶᠢᠨ ᠬᠤᠭᠤᠰᠣᠨ ᠢ ᠨᠥᠬᠦᠪᠥᠷᠢᠯᠡᠬᠦ᠂ ᠭᠠᠳᠠᠭᠠᠳᠤ ᠶᠢᠨ ᠭᠠᠭᠴᠠᠭᠠᠷ ᠡᠵᠡᠮᠰᠢᠯ ᠢ ᠡᠪᠳᠡᠬᠦ ᠪᠡᠯᠭᠡ | ᠲᠡᠮᠳᠡᠭ ᠤᠨ ᠴᠢᠨᠠᠷᠲᠠᠶ ᠨᠢᠭᠡ ᠪᠦᠯᠦᠭ ᠰᠤᠳᠤᠯᠭᠠᠨ ᠤ ᠦᠷ᠎ᠡ ᠪᠦᠲᠦᠭᠡᠯ ᠪᠣᠷᠣᠭᠠᠨ ᠤ ᠳᠠᠷᠠᠭᠠᠬᠢ ᠬᠤᠯᠤᠰᠤᠨ ᠰᠦᠶ᠎ᠡ ᠮᠡᠲᠦ ᠴᠣᠯᠭᠤᠷᠠᠨ ᠭᠠᠷᠴᠤ᠂ ᠬᠤᠪᠣᠷ ᠰᠢᠷᠣᠶ ᠶᠢᠨ ᠡᠬᠢ | ᠪᠠᠶᠠᠯᠢᠭ ᠤᠨ ᠳᠠᠪᠠᠭᠤᠯᠢᠭ ᠢ ᠠᠵᠤ ᠦᠢᠯᠡᠰ ᠤᠨ ᠳᠠᠪᠠᠭᠤᠯᠢᠭ ᠪᠠ ᠠᠵᠤ ᠠᠬᠤᠶ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠶᠢ ᠦᠨᠡᠨ ᠬᠦ ᠲᠦᠯᠬᠢᠨ ᠠᠬᠢᠭᠤᠯᠪᠠ᠃ | ᠴᠢᠨᠠᠷ ᠰᠠᠶᠢᠲᠠᠢ ᠬᠥᠭᠵᠢᠯᠲᠡ ᠶᠢᠨ ᠱᠠᠲᠤᠨ ᠳᠤ ᠣᠷᠣᠵᠤ᠂ ᠪᠣᠭᠤᠲᠤ ᠶᠢᠨ ᠪᠣᠯᠤᠳ ᠲᠡᠮᠦᠷ ᠤᠨ ᠺᠣᠮᠫᠠᠨᠢ ︽ᠨᠣᠭᠤᠭᠠᠨ ᠠᠭᠤᠯᠤᠭᠳᠠᠴᠠ︾ ᠪᠠᠷ ᠬᠦᠭᠵᠢᠯᠲᠡ ᠶᠢᠨ ︽ | ᠠᠯᠲᠠᠨ ᠤ ᠠᠭᠤᠯᠤᠭᠳᠠᠴᠠ︾ ᠶᠢ ᠳᠡᠭᠡᠭᠰᠢᠯᠡᠭᠦᠯᠵᠦ᠂ ᠭᠤᠣᠯᠯᠠᠬᠤ ᠠᠵᠤ ᠦᠢᠯᠡᠰ ᠤᠨ ᠬᠡᠯᠬᠢᠶ᠎ᠡ ᠶᠢᠨ ᠵᠠᠰᠠᠯᠲᠠ ᠶᠢᠨ ᠬᠦᠨᠳᠦ ᠡᠭᠦᠷᠭᠡ ᠶᠢ ᠡᠷᠡᠰ ᠡᠭᠦᠷᠭᠡᠯᠡᠵᠦ᠂ ᠠᠮᠢ ᠠᠬᠤᠢ ᠶᠢ | ᠤᠷᠢᠳᠠᠪᠠᠷ ᠪᠣᠳᠤᠯᠬᠢᠯᠠᠬᠤ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ | ᠵᠠᠮᠨᠠᠵᠤ᠂ ᠠᠵᠢᠯ ᠲᠦᠷᠦᠯ ᠤᠨ ᠳᠣᠲᠣᠷ᠎ᠠ VOCs ᠤᠨ ᠵᠠᠰᠠᠯᠲᠠ ᠶᠢ ᠤᠷᠢᠳᠠᠪᠠᠷ ᠥᠷᠨᠢᠭᠦᠯᠵᠦ᠂ ᠤᠯᠤᠰ ᠤᠨ ᠲᠡᠰ ᠤᠨ ︽ᠪᠣᠬᠢᠷᠲᠤᠯ ᠦᠭᠡᠢ ᠦᠢᠯᠡᠳᠪᠦᠷᠢ︾᠂ ᠬᠤᠪᠣᠷ | ᠰᠢᠷᠣᠢ ᠶᠢᠨ ᠴᠢᠭᠢᠭᠯᠢᠭ ᠤᠨ ᠠᠷᠭ᠎ᠠ ᠶᠢ ᠪᠣᠯᠪᠠᠰᠤᠷᠠᠭᠤᠯᠤᠨ ︽ᠪᠣᠬᠢᠷᠲᠤᠯ ᠦᠭᠡᠢ ᠪᠦᠲᠦᠭᠡᠭᠳᠡᠬᠦᠨ︾ ᠢ ᠭᠡᠷᠡᠴᠢᠯᠡᠬᠦ ᠪᠠᠷ ᠳᠠᠮᠵᠢᠭᠤᠯᠤᠨ᠂ ᠬᠠᠶᠠᠭᠳᠠᠮᠠᠯ ᠤᠰᠤ ᠶᠢ | ᠭᠠᠳᠠᠭᠰᠢᠯᠠᠭᠤᠯᠬᠤ ᠦᠭᠡᠢ ᠪᠠᠶᠢᠬᠤ ᠶᠢ ᠪᠡᠶᠡᠯᠡᠭᠦᠯᠵᠦ᠂ ᠡᠨᠧᠷᠭᠢ ᠶᠢᠨ ᠬᠤᠷᠣᠭᠳᠠᠯ ᠨᠢ ᠤᠯᠤᠰ ᠤᠨ ᠪᠠᠷᠢᠮᠵᠢᠶ᠎ᠠ ᠶᠢᠨ ᠲᠡᠷᠢᠭᠦᠨ ᠤ ᠬᠡᠮᠵᠢᠭᠳᠡᠯ ᠳᠤ ᠬᠦᠷᠦᠭᠰᠡᠨ ᠤ ᠬᠠᠮᠲᠤ᠂ | ᠬᠠᠶᠠᠭᠳᠠᠮᠠᠯ ᠬᠡᠢ ᠶᠢᠨ ᠭᠠᠳᠠᠭᠰᠢᠯᠠᠭᠤᠯᠤᠯᠲᠠ ᠨᠢ ᠤᠯᠤᠰ ᠤᠨ ᠪᠠᠷᠢᠮᠵᠢᠶ᠎ᠠ ᠶᠢᠨ ᠣᠨᠴᠠᠭᠠᠢ ᠭᠠᠳᠠᠭᠰᠢᠯᠠᠭᠤᠯᠤᠯᠲᠠ ᠶᠢᠨ ᠬᠢᠵᠠᠭᠠᠷ ᠦᠨ᠎ᠡ ᠠᠴᠠ ᠳᠣᠣᠷ᠎ᠠ ᠪᠠᠶᠢᠵᠤ᠂ ᠠᠷᠢᠭᠤᠨ | ᠴᠡᠪᠡᠷ ᠥᠨᠳᠥᠷ ᠪᠦᠲᠦᠮᠵᠢᠲᠡᠢ ᠦᠢᠯᠡᠳᠪᠦᠷᠢᠯᠡᠯ ᠤᠨ ᠵᠠᠭᠪᠤᠷ ᠢ ᠠᠯᠬᠤᠮ ᠠᠯᠬᠤᠮ ᠢᠶᠠᠷ ᠪᠦᠷᠢᠯᠳᠦᠭᠦᠯᠪᠡ᠃ | ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠪᠣᠬᠢᠷᠲᠤᠯ ᠥᠬᠡᠢ ᠳᠣᠣᠷ᠎ᠠ ᠨᠡᠭᠦᠷᠡᠰᠦᠲᠥ᠋ᠷᠦᠭᠴᠢᠲᠦ ᠶᠢ ᠬᠤᠪᠣᠷ ᠰᠢᠷᠤᠢ ᠶᠢᠨ ᠠᠵᠤ ᠦᠢᠯᠡᠰ ᠤᠨ ᠬᠥᠭᠵᠢᠯᠲᠡ ᠶᠢᠨ ᠭᠤᠶᠣ | ᠰᠠᠶᠢᠬᠠᠨ ᠰᠠᠭᠤᠷᠢ ᠥᠩᠭᠡ ᠪᠣᠯᠭᠠᠪᠠ᠃ | 2023 ᠣᠨ ᠤ 6 ᠳ᠋ᠤᠭᠠᠷ ᠰᠠᠷ᠎ᠠ ᠳᠤ᠂ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ ︽ᠪᠠᠶᠢᠯᠳᠤᠬᠤ ᠪᠣᠳᠣᠯᠭ᠎ᠠ ᠶᠢᠨ ᠡᠬᠢ | ᠪᠠᠶᠠᠯᠢᠭ ᠤᠨ ᠳᠠᠪᠠᠭᠤᠯᠢᠭ ᠢ ᠰᠠᠶᠢᠲᠤᠷ ᠪᠠᠳᠠᠷᠠᠭᠤᠯᠵᠤ᠂ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢᠨ ᠴᠢᠨᠠᠷᠲᠠᠶ ᠨᠡᠭᠡᠭᠡᠨ ᠬᠥᠭᠵᠢᠭᠦᠯᠦᠯᠲᠡ᠂ ᠴᠢᠨᠠᠷ | ᠰᠠᠶᠢᠲᠠᠶ ᠠᠰᠢᠭᠯᠠᠯᠲᠠ᠂ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠡᠨᠧᠷᠭᠢ ᠶᠢᠨ ᠡᠬᠢ ᠪᠠᠶᠠᠯᠢᠭ ᠤᠨ ᠲᠤᠬᠠᠶ ᠶᠢᠨ ᠭᠠᠵᠠᠷ ᠲᠤᠨᠢ ᠨᠠᠷᠢᠯᠢᠭ ᠪᠣᠯᠪᠠᠰᠤᠷᠠᠭᠤᠯᠬᠤ ᠶᠢ | ᠴᠢᠩᠭᠠᠳᠬᠠᠵᠤ᠂ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠠᠵᠤ ᠦᠢᠯᠡᠰ ᠢ ᠰᠠᠶᠢᠲᠤᠷ ᠬᠥᠭᠵᠢᠭᠦᠯᠬᠦ ᠬᠡᠷᠡᠭᠲᠡᠶ︾ ᠭᠡᠵᠦ ᠴᠢᠬᠤᠯᠠᠴᠢᠯᠠᠪᠠ᠃ | ︽ᠬᠤᠶᠠᠷ ᠬᠤᠪᠣᠷ ᠰᠢᠷᠣᠶ ᠶᠢᠨ ᠰᠠᠭᠤᠷᠢᠨ ᠭᠠᠵᠠᠷ︾ ᠤᠨ ᠪᠥᠲᠥᠭᠡᠨ ᠪᠠᠶᠢᠭᠤᠯᠤᠯᠲᠠ ᠶᠢᠨ ᠴᠠᠭ ᠦᠶ᠎ᠡ ᠶᠢᠨ ᠰᠡᠳᠦᠪ ᠪᠣᠯ ᠨᠠᠮ ᠤᠨ ᠲᠥᠪ ᠬᠤᠷᠢᠶ᠎ᠠ ᠤᠯᠤᠰ ᠤᠨ | ᠪᠠᠶᠢᠯᠳᠤᠬᠤ ᠪᠣᠳᠣᠯᠭ᠎ᠠ ᠶᠢᠨ ᠪᠥᠬᠦ ᠲᠠᠯ᠎ᠠ ᠶᠢᠨ ᠦᠨᠳᠦᠷᠴᠡ ᠠᠴᠠ ᠭᠠᠷᠭᠠᠭᠰᠠᠨ ᠴᠢᠬᠤᠯᠠ ᠶᠡᠭᠡ ᠪᠠᠶᠢᠷᠢᠯᠠᠭᠤᠯᠤᠯᠲᠠ ᠮᠥᠨ᠂ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠠᠴᠠ | ᠣᠯᠭᠤᠭᠰᠠᠨ ᠰᠢᠨ᠎ᠡ ᠡᠭᠦᠷᠭᠡ ᠮᠥᠨ᠂ ᠪᠠᠰᠠ ᠴᠤ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠤᠯᠤᠰ ᠤᠨ ᠶᠡᠭᠡ ᠶᠠᠪᠤᠳᠠᠯ ᠢ ᠪᠠᠲᠤ ᠴᠡᠭᠡᠵᠢᠯᠡᠵᠦ᠂ ᠮᠠᠨ ᠤ ᠤᠯᠤᠰ ᠤᠨ | ᠬᠤᠪᠣᠷ ᠰᠢᠷᠣᠶ ᠶᠢᠨ ᠠᠵᠤ ᠦᠢᠯᠡᠰ ᠤᠨ ᠬᠡᠯᠬᠢᠶ᠎ᠡ ᠶᠢ ᠬᠥᠭᠵᠢᠭᠦᠯᠦᠨ ᠪᠤᠵᠠᠭᠠᠶᠢᠷᠠᠭᠤᠯᠬᠤ᠂ ᠦᠢᠯᠡᠳᠬᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠬᠦ᠂ ᠠᠵᠢᠯ ᠲᠥᠷᠥᠯ ᠤᠨ | ᠲᠣᠭᠲᠠᠭᠤᠨ ᠢ ᠬᠠᠮᠠᠭᠠᠯᠠᠬᠤ ᠲᠤᠯᠭᠠᠭᠤᠷᠢ ᠨᠢᠷᠤᠭᠤ ᠶᠢᠨ ᠰᠢᠨ᠎ᠡ ᠦᠢᠯᠡᠳᠦᠯᠭᠡ ᠶᠢ ᠤᠬᠠᠮᠰᠠᠷ ᠠᠴᠠ ᠪᠠᠨ ᠡᠭᠦᠷᠭᠡᠯᠡᠵᠦ ᠪᠠᠶᠢᠭ᠎ᠠ ᠶᠠᠪᠤᠳᠠᠯ ᠮᠥᠨ᠃ | 2023 ᠣᠨ ᠤ 6 ᠳ᠋ᠤᠭᠠᠷ ᠰᠠᠷ᠎ᠠ ᠳᠤ᠂ ᠪᠤᠭᠤᠲᠤ ᠶᠢᠨ ᠪᠤᠯᠤᠳ ᠲᠡᠮᠤᠷ ᠤᠨ ᠪᠦᠯᠦᠭᠯᠡᠯ ᠤᠨ ᠰᠤᠳᠤᠯᠤᠨ ᠦᠢᠯᠡᠳᠦᠭᠰᠡᠨ ᠬᠠᠲᠠᠭᠤ ᠲᠥᠯᠥᠪᠲᠦ ᠤᠰᠤᠲᠥ᠋ᠷᠥᠭᠴᠢ ᠬᠠᠳᠠᠭᠠᠯᠠᠬᠤ | ᠰᠢᠰᠲ᠋ᠧᠮ ᠤᠨ ᠵᠢᠱᠢᠶ᠎ᠡ ᠦᠵᠡᠭᠦᠯᠬᠦ ᠲᠥᠬᠦᠭᠡᠷᠦᠮᠵᠢ ᠦᠢᠯᠡᠰ ᠤᠨ ᠡᠲᠡᠭᠡᠳ ᠢ ᠭᠠᠶᠢᠬᠠᠭᠤᠯᠪᠠ︔ 10 ᠳ᠋ᠤᠭᠠᠷ ᠰᠠᠷ᠎ᠠ ᠳᠤ᠂ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ | ᠲᠥᠯᠥᠪᠵᠢᠭᠦᠯᠦᠨ ᠪᠠᠶᠢᠭᠤᠯᠤᠭᠰᠠᠨ ᠤᠮᠠᠷᠠᠲᠤ ᠶᠢᠨ ᠬᠤᠪᠣᠷ ᠰᠢᠷᠣᠢ ᠶᠢᠨ ᠪᠣᠬᠢᠷᠲᠤᠯ ᠦᠭᠡᠢ ᠲᠡᠮᠦᠷᠯᠢᠭ ᠬᠠᠶᠢᠯᠤᠭᠤᠯᠬᠤ ᠶᠢ ᠲᠡᠰ ᠳᠡᠪᠰᠢᠭᠦᠯᠦᠨ ᠥᠭᠡᠷᠡᠴᠢᠯᠡᠬᠦ ᠲᠦᠷᠦᠯ | ᠵᠦᠢᠯ ᠤᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠶᠢᠨ ᠳᠡᠭᠦᠵᠢᠩ ᠮᠥᠷᠥ ᠪᠠᠨ ᠬᠤᠷᠦ᠋ᠢᠯᠠᠵᠤ᠂ ᠮᠠᠰᠢᠨ ᠬᠦᠩᠭᠢᠨᠡᠵᠦ᠂ ᠰᠢᠨ᠎ᠡ ᠨᠢᠭᠡ | ᠦᠶ᠎ᠡ ᠶᠢᠨ ᠪᠣᠬᠢᠷᠲᠤᠯ ᠦᠭᠡᠢ ᠥᠨᠳᠥᠷ ᠪᠦᠲᠦᠮᠵᠢᠲᠡᠢ ᠨᠡᠭᠡᠭᠡᠨ ᠮᠠᠯᠲᠠᠬᠤ ᠰᠣᠩᠭᠤᠬᠤ ᠮᠡᠷᠭᠡᠵᠢᠯ ᠤᠨ ᠲᠦᠷᠦᠯ ᠵᠦᠢᠯ ᠢ ᠠᠯᠢ ᠲᠦᠷᠭᠡᠨ ᠢᠶᠠᠷ ᠠᠰᠢᠭᠯᠠᠯᠲᠠ ᠳᠤ ᠣᠷᠣᠭᠤᠯᠬᠤ ᠶᠢ | ᠪᠦᠬᠦ ᠬᠦᠴᠦᠨ ᠢᠶᠠᠷ ᠢᠶᠠᠨ ᠠᠬᠢᠭᠤᠯᠪᠠ᠃ 2024 ᠣᠨ ᠤ 3 ᠳ᠋ᠤᠭᠠᠷ ᠰᠠᠷ᠎ᠠ ᠳᠤ᠂ ᠪᠤᠭᠤᠲᠤ ᠶᠢᠨ ᠬᠤᠪᠣᠷ ᠰᠢᠷᠣᠶ ᠶᠢᠨ ᠰᠤᠳᠤᠯᠭᠠᠨ ᠤ ᠬᠦᠷᠢᠶᠡᠯᠡᠩ ᠤᠨ ︽ᠰᠢᠨ᠎ᠡ | ᠬᠡᠯᠪᠡᠷᠢ ᠶᠢᠨ ᠬᠤᠪᠣᠷ ᠰᠢᠷᠣᠶ ᠶᠢᠨ ᠡᠷᠡᠭᠦᠯ ᠭᠡᠷᠡᠯᠲᠦᠭᠦᠯᠭᠡ ᠶᠢᠨ ᠭᠡᠷᠡᠯ ᠬᠡᠷᠡᠭᠯᠡᠬᠦ ᠮᠠᠲ᠋ᠧᠷᠢᠶᠠᠯ︾ ᠢᠶᠠᠷ ᠦᠢᠯᠡᠳᠪᠦᠷᠢᠯᠡᠭᠰᠡᠨ ᠬᠤᠪᠣᠷ ᠰᠢᠷᠣᠶ ᠶᠢᠨ ᠬᠥᠬᠡ ᠭᠡᠷᠡᠯ ᠠᠴᠠ ᠰᠡᠷᠭᠡᠶᠢᠯᠡᠬᠦ | ᠨᠢᠳᠦ ᠬᠠᠮᠠᠭᠠᠯᠠᠬᠤ ᠳ᠋ᠧᠩ ᠵᠠᠬ᠎ᠠ ᠳᠡᠯᠭᠡᠭᠦᠷ ᠲᠤ ᠭᠠᠷᠪᠠ︔ ᠬᠤᠪᠣᠷ ᠰᠢᠷᠣᠶ ᠶᠢᠨ ᠪᠠᠺᠲ᠋ᠧᠷᠢ ᠡᠰᠡᠷᠭᠦᠴᠡᠬᠦ᠂ ᠬᠤᠪᠣᠷ ᠰᠢᠷᠣᠶ ᠶᠢᠨ ᠢᠯᠴᠢ ᠬᠠᠳᠠᠭᠠᠯᠠᠬᠤ ᠪᠠ ᠳᠤᠯᠠᠭᠠᠷᠠᠬᠤ᠂ | ᠬᠤᠪᠣᠷ ᠰᠢᠷᠣᠶ ᠶᠢᠨ ᠳᠤᠯᠠᠭᠠᠨ ᠤ ᠬᠡᠮᠵᠢᠶ᠎ᠡ ᠶᠢ ᠪᠠᠭᠤᠷᠠᠭᠤᠯᠬᠤ ᠵᠡᠷᠭᠡ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠢ ᠬᠡᠷᠡᠭᠯᠡᠨ᠂ ᠬᠤᠪᠣᠷ ᠰᠢᠷᠣᠶ ᠶᠢᠨ ᠡᠳᠦᠷ ᠲᠤᠲᠤᠮ ᠤᠨ | ᠠᠮᠢᠳᠤᠷᠠᠯ ᠳᠠᠬᠢ ᠬᠡᠷᠡᠭᠯᠡᠭᠡᠨ ᠤ ᠪᠠᠶᠢᠳᠠᠯ ᠢ ᠲᠦᠢᠯ ᠤᠨ ᠶᠡᠭᠡ ᠪᠠᠷ ᠪᠠᠶᠠᠯᠢᠭᠵᠢᠭᠤᠯᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠢ | ᠬᠠᠩᠭᠠᠪᠠ︔ 5 ᠳ᠋ᠤᠭᠠᠷ ᠰᠠᠷ᠎ᠠ ᠳᠤ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠬᠤᠪᠣᠷ ᠰᠢᠷᠣᠶ ᠶᠢᠨ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ᠂ ᠬᠤᠪᠣᠷ | ᠰᠢᠷᠣᠶ ᠶᠢᠨ ᠰᠢᠨ᠎ᠡ ᠮᠠᠲ᠋ᠧᠷᠢᠶᠠᠯ ᠵᠡᠷᠭᠡ ᠳᠡᠭᠡᠳᠦ ᠲᠠᠰ ᠤᠨ ᠦᠢᠯᠡᠳᠭᠦᠨ ᠨᠢ 2024 ᠣᠨ ᠤ ᠳᠤᠮᠳᠠᠳᠤ ᠤᠯᠤᠰ ᠤᠨ ᠨᠠᠷᠠᠲᠤ ᠲᠡᠮᠳᠡᠭᠲᠦ ᠶᠢᠨ ᠦᠵᠡᠰᠬᠦᠯᠡᠩ ᠳᠤ ᠦᠯᠡᠮᠵᠢ | ᠣᠯᠠᠨ ᠳᠤᠮᠳᠠᠳᠤ ᠭᠠᠳᠠᠭᠠᠳᠤ ᠶᠢᠨ ᠬᠤᠳᠠᠯᠳᠤᠭᠠᠴᠢᠨ ᠢ ᠲᠠᠲᠠᠪᠠ᠃ ᠪᠣᠭᠤᠲᠤ ᠶᠢᠨ ᠪᠣᠯᠤᠳ ᠲᠡᠮᠦᠷ ᠤᠨ ᠺᠣᠮᠫᠠᠨᠢ ᠰᠢᠨ᠎ᠡ ᠠᠵᠤ ᠦᠢᠯᠡᠰ ᠪᠣᠯᠣᠨ ᠢᠷᠡᠭᠡᠳᠦᠢ ᠶᠢᠨ ᠠᠵᠤ | ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠷ᠎ᠡ ᠪᠦᠲᠦᠭᠡᠯ ᠢ ᠣᠨᠳᠣᠣᠰᠢᠭᠤᠯᠬᠤ ᠡᠷᠴᠢᠮ ᠢᠶᠠᠨ | ᠴᠢᠩᠭᠠᠷᠠᠭᠤᠯᠵᠤ᠂ ᠬᠤᠪᠣᠷ ᠰᠢᠷᠣᠢ ᠶᠢᠨ ᠭᠡᠷᠡᠯ ᠤᠨ ᠴᠢᠳᠠᠪᠬᠢᠲᠤ ᠮᠠᠲ᠋ᠧᠷᠢᠶᠠᠯ᠂ ᠴᠡᠪᠡᠷ ᠬᠤᠪᠣᠷ ᠰᠢᠷᠣᠢ ᠶᠢᠨ ᠲᠡᠮᠦᠷᠯᠢᠭ᠂ ᠬᠤᠪᠣᠷ ᠰᠢᠷᠣᠢ ᠶᠢᠨ ᠣᠨᠴᠠᠭᠠᠢ ᠮᠠᠲ᠋ᠧᠷᠢᠶᠠᠯ᠂ | ᠬᠤᠪᠣᠷ ᠰᠢᠷᠣᠢ ᠶᠢᠨ ᠲᠤᠰᠠᠯᠠᠬᠤ ᠡᠮ ᠵᠡᠷᠭᠡ ᠬᠦᠷᠢᠶᠡᠨ ᠳᠤ ᠬᠤᠰᠢᠭᠤᠷᠠᠯ ᠵᠠᠩᠭᠢᠯᠠᠭ᠎ᠠ ᠶᠢᠨ ᠮᠡᠷᠭᠡᠵᠢᠯ ᠢ ᠰᠤᠳᠤᠯᠤᠨ ᠨᠡᠭᠡᠭᠡᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠦᠷ᠎ᠡ ᠪᠦᠲᠦᠭᠡᠯ ᠢ ᠳᠤᠮᠳᠠᠬᠢ ᠲᠤᠷᠰᠢᠯᠲᠠ ᠵᠢᠴᠢ ᠠᠵᠤ ᠦᠢᠯᠡᠰᠵᠢᠯᠲᠡ ᠶᠢᠨ ᠠᠯᠬᠤᠴᠠ ᠶᠢ ᠲᠦᠷᠭᠡᠳᠬᠡᠵᠦ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ | ᠪᠦᠷᠢᠯᠳᠦᠭᠦᠯᠵᠦ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠪᠣᠯᠤᠨ ᠬᠡᠷᠡᠭᠯᠡᠭᠡᠨ ᠤ ᠰᠢᠨ᠎ᠡ ᠥᠨᠳᠦᠷᠯᠢᠭ ᠢ ᠡᠵᠡᠯᠡᠪᠡ︔ ᠬᠡᠯᠬᠢᠶ᠎ᠡ ᠶᠢᠨ ᠭᠤᠣᠯ ᠠᠵᠤ ᠠᠬᠤᠶᠢᠯᠠᠯ ᠤᠨ ᠬᠥᠲᠥᠯᠬᠦ | ᠦᠢᠯᠡᠳᠦᠯ ᠢ ᠪᠠᠳᠠᠷᠠᠭᠤᠯᠵᠤ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠳᠬᠠᠬᠤ ᠠᠵᠢᠯ ᠢ ᠴᠢᠩᠭᠠᠳᠬᠠᠵᠤ᠂ ᠪᠤᠭᠤᠲᠤ ᠶᠢᠨ ᠪᠤᠯᠤᠳ | ᠲᠡᠮᠤᠷ ᠤᠨ ᠺᠣᠮᠫᠠᠨᠢ ᠶᠢᠨ ᠬᠤᠪᠣᠷ ᠰᠢᠷᠣᠢ ᠶᠢᠨ ᠠᠵᠤ ᠦᠢᠯᠡᠰ ᠤᠨ ᠳᠡᠭᠡᠳᠦ ᠲᠡᠰᠵᠢᠭᠰᠡᠨ᠂ ᠪᠣᠬᠢᠷᠲᠤᠯ ᠦᠭᠡᠢ᠂ ᠤᠶᠤᠨᠴᠢᠯᠠᠭᠰᠠᠨ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ | ᠠᠬᠢᠭᠤᠯᠪᠠ︔ ᠠᠵᠢᠯ ᠲᠦᠷᠦᠯ ᠤᠨ ᠪᠠᠷᠢᠮᠵᠢᠶ᠎ᠠ ᠶᠢᠨ ᠰᠢᠰᠲ᠋ᠧᠮ ᠤᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠲᠤᠨᠤᠭ ᠲᠥᠬᠦᠭᠡᠷᠦᠮᠵᠢ᠂ ᠤᠷ᠎ᠠ ᠮᠡᠷᠭᠡᠰᠢᠯ᠂ ᠦᠢᠯᠡᠳᠬᠦᠨ ᠤ | ᠮᠡᠷᠭᠡᠵᠢᠯ ᠤᠨ ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠬᠤᠪᠣᠷ ᠰᠢᠷᠣᠢ ᠶᠢᠨ ᠠᠷᠠᠯᠵᠢᠶᠠᠨ ᠤ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠠᠯᠵᠢᠶᠠᠨ ᠤ ᠦᠢᠯᠡᠳᠬᠦᠨ ᠤ | ᠬᠡᠪᠴᠢᠶ᠎ᠡ ᠪᠣᠯᠤᠨ ᠲᠦᠷᠦᠯ ᠵᠦᠢᠯ ᠢ ᠥᠷᠭᠡᠳᠬᠡᠵᠦ᠂ ᠠᠵᠢᠯ ᠲᠦᠷᠦᠯ ᠤᠨ ᠨᠥᠯᠥᠭᠡᠯᠡᠬᠦ ᠬᠦᠴᠦᠨ ᠪᠣᠯᠤᠨ ᠬᠦᠳᠦᠯᠦᠨ ᠳᠠᠭᠠᠭᠤᠯᠬᠤ ᠬᠦᠴᠦᠨ ᠢ ᠦᠷᠭᠦᠯᠵᠢᠯᠡᠨ | ᠳᠡᠭᠡᠭᠰᠢᠯᠡᠭᠦᠯᠪᠡ᠃ | ᠡᠶᠢᠮᠦ ᠥᠨᠳᠥᠷ ᠳᠠᠪᠲᠠᠮᠵᠢᠲᠤ ᠰᠢᠨ᠎ᠡ ᠦᠢᠯᠡᠳᠬᠦᠨ᠂ ᠰᠢᠨ᠎ᠡ ᠮᠡᠷᠭᠡᠵᠢᠯ᠂ ᠰᠢᠨ᠎ᠡ ᠲᠦᠷᠦᠯ ᠵᠦᠢᠯ ᠦᠢᠯᠡᠳᠪᠦᠷᠢᠯᠡᠵᠦ ᠭᠠᠷᠭᠠᠭᠰᠠᠨ ᠨᠢ ᠪᠤᠭᠤᠲᠤ ᠶᠢᠨ ᠪᠤᠯᠤᠳ ᠲᠡᠮᠤᠷ ᠤᠨ | ᠺᠣᠮᠫᠠᠨᠢ ᠶᠢᠨ ᠪᠠᠶ᠋ᠬᠠᠣᠪᠤᠭ᠎ᠠ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠴᠢᠳᠠᠪᠤᠷᠢ ᠪᠣᠯᠤᠨ ᠲᠦᠪᠰᠢᠨ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠪᠠᠶᠢᠯᠳᠤᠬᠤ | ᠪᠤᠳᠤᠯᠭ᠎ᠠ ᠶᠢᠨ ᠡᠬᠢ ᠪᠠᠶᠠᠯᠢᠭ ᠢ ᠪᠠᠲᠤᠯᠠᠬᠤ ᠴᠢᠳᠠᠪᠤᠷᠢ ᠶᠢ ᠪᠦᠬᠦ ᠲᠠᠯ᠎ᠠ ᠪᠠᠷ ᠴᠢᠩᠭᠠᠳᠬᠠᠵᠤ᠂ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾ ᠤᠨ ᠪᠦᠳᠦᠭᠡᠨ | ᠪᠠᠶᠢᠭᠤᠯᠤᠯᠲᠠ ᠶᠢᠨ ᠭᠤᠣᠯ ᠬᠦᠴᠦᠨ ᠤ ᠰᠢᠯᠢᠳᠡᠭ ᠴᠡᠷᠢᠭ ᠤᠨ ᠰᠢᠯᠢᠳᠡᠭ ᠬᠠᠷᠢᠭᠤᠯᠲᠠ ᠪᠠᠷ ᠶᠡᠷᠦᠩᠬᠡᠢ ᠱᠦᠵᠢ ᠰᠢ ᠶᠢᠨ ᠫᠢᠩ ᠤᠨ ᠬᠠᠯᠠᠮᠵᠢᠯᠠᠯ ᠪᠠ ᠭᠦᠨ ᠵᠤᠵᠠᠭᠠᠨ ᠬᠠᠶᠢᠷ᠎ᠠ | ᠬᠠᠯᠠᠮᠵᠢ ᠶᠢ ᠬᠠᠷᠢᠭᠤᠯᠪᠠ᠃ | ᠳᠡᠯᠡᠬᠡᠢ ᠶᠢᠨ ᠲᠦᠪᠰᠢᠨ ᠠᠴᠠ ᠬᠠᠭᠠᠰ ᠵᠠᠭᠤᠨ ᠬᠤᠴᠤᠷᠴᠤ ᠪᠠᠶᠢᠭᠰᠠᠨ ᠠᠴᠠ ᠳᠡᠯᠡᠬᠡᠢ ᠶᠢᠨ ᠬᠠᠮᠤᠭ ᠤᠨ ᠦᠨᠳᠥᠷ ᠣᠷᠭᠢᠯ ᠳᠤ ᠬᠦᠷᠬᠦ ᠪᠠᠷ ᠬᠦᠴᠦᠯᠡᠨ ᠴᠢᠷᠮᠠᠶᠢᠬᠤ | ᠬᠦᠷᠲᠡᠯ᠎ᠡ᠂ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠤᠯᠤᠰ ᠤᠨ ᠬᠤᠪᠣᠷ ᠰᠢᠷᠣᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠬᠦᠴᠦᠲᠦ ᠤᠷᠤᠰᠬᠠᠯ | ᠳᠤᠮᠳᠠ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠵᠣᠷᠢᠭᠲᠠᠢ ᠪᠠᠷ ᠰᠡᠯᠡᠮ᠎ᠡ ᠪᠠᠨ ᠭᠠᠷᠭᠠᠵᠤ᠂ ᠵᠣᠷᠢᠭᠲᠠᠢ ᠪᠠᠷ ᠰᠢᠢᠳᠪᠦᠷᠢᠲᠦ ᠳᠠᠶᠢᠯᠠᠯᠳᠤᠭᠠᠨ ᠬᠢᠨ᠎ᠡ᠃ 70 ᠵᠢᠯ ᠤᠨ | ᠲᠤᠷᠰᠢ᠂ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠬᠡᠰᠡᠭ ᠬᠡᠰᠡᠭ ᠢᠶᠠᠷ ᠭᠠᠳᠠᠭᠠᠳᠤ ᠳᠤ ᠭᠠᠷᠬᠤ ᠴᠢᠬᠤᠯᠠ ᠵᠡᠪᠰᠡᠭ ᠢᠶᠠᠨ ᠳᠠᠪᠲᠠᠨ ᠪᠣᠯᠪᠠᠰᠤᠷᠠᠭᠤᠯᠵᠤ᠂ ᠶᠡᠷᠦ ᠠᠴᠠ | ᠪᠠᠶᠢᠬᠰᠠᠨ ᠦᠭᠡᠢ ᠦᠢᠯᠡᠳᠪᠦᠷᠢᠯᠡᠯ ᠤᠨ ᠴᠢᠳᠠᠪᠤᠷᠢ ᠶᠢᠨ ᠭᠠᠷᠤᠯᠲᠠ ᠶᠢᠨ ᠬᠡᠮᠵᠢᠶᠡᠨ ᠤ ᠬᠡᠪᠴᠢᠶ᠎ᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠣᠳᠠᠲᠤ | ᠬᠦᠴᠦᠨ ᠪᠣᠯᠤᠨ ᠪᠦᠷᠢᠨ ᠲᠡᠭᠦᠯᠳᠡᠷ ᠠᠵᠤ ᠦᠢᠯᠡᠰ ᠤᠨ ᠬᠡᠯᠬᠢᠶ᠎ᠡ ᠶᠢᠨ ᠰᠢᠰᠲ᠋ᠧᠮ ᠢᠶᠠᠷ ᠰᠦᠷ ᠵᠢᠪᠬᠤᠭ᠎ᠠ ᠲᠠᠢ ᠪᠤᠯᠵᠤ᠂ ᠳᠡᠯᠡᠬᠡᠢ ᠶᠢᠨ ᠬᠤᠪᠣᠷ ᠰᠢᠷᠣᠢ ᠶᠢᠨ ᠠᠵᠢᠯ | ᠲᠦᠷᠦᠯ ᠤᠨ ᠡᠮᠦᠨ᠎ᠡ ᠡᠩᠨᠡᠭᠡᠨ ᠳᠤ ᠣᠷᠣᠪᠠ᠃ | ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠬᠤᠪᠣᠷ ᠰᠢᠷᠣᠢ ᠶᠢᠨ ᠦᠯᠢᠭᠡᠷ ᠪᠠᠰᠠ ᠦᠷᠭᠦᠯᠵᠢᠯᠡᠭᠰᠡᠭᠡᠷ ᠪᠤᠢ᠂ ᠮᠠᠨ ᠤ ᠬᠤᠪᠣᠷ ᠰᠢᠷᠣᠢ ᠶᠢᠨ ᠬᠦᠴᠦᠷᠬᠡᠭ ᠤᠯᠤᠰ ᠤᠨ | ᠬᠦᠰᠡᠯ ᠵᠡᠭᠦᠳᠦ ᠶᠠᠭ ᠪᠡᠶᠡᠯᠡᠭᠳᠡᠵᠦ ᠪᠠᠶᠢᠨ᠎ᠠ᠃ | |