ᠤᠯᠤᠰ ᠤᠨ ᠪᠠᠶᠠᠷ ᠤᠨ ᠬᠤᠭᠤᠴᠠᠭᠠᠨ ᠳᠠᠬᠢ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠠᠮᠤᠷ ᠲᠦᠪᠰᠢᠨ ᠲᠣᠭᠲᠠᠭᠤᠨ ᠤ ᠠᠵᠢᠯ ᠢ ᠪᠠᠲᠤᠯᠠᠵᠤ᠂ ᠨᠡᠶᠢᠭᠡᠮ | ᠲᠣᠭᠤᠷᠢᠭ ᠤᠨ ᠵᠠᠯᠠᠷᠠᠭᠤᠯᠬᠤ ᠡᠲᠡᠭᠡᠳ ᠤᠨ ᠦᠵᠡᠯ ᠰᠠᠨᠠᠭᠠᠨ ᠤ ᠬᠥᠳᠡᠯᠦᠯ ᠪᠠᠶᠢᠳᠠᠯ ᠪᠠ ᠠᠵᠢᠯᠯᠠᠭ᠎ᠠ ᠶᠢᠨ ᠪᠠᠶᠢᠳᠠᠯ ᠢ ᠪᠦᠬᠦ ᠲᠠᠯ᠎ᠠ ᠪᠠᠷ ᠡᠵᠡᠮᠰᠢᠵᠦ᠂ ᠨᠡᠶᠢᠭᠡᠮ ᠲᠣᠭᠤᠷᠢᠭ ᠤᠨ | ᠵᠠᠯᠠᠷᠠᠭᠤᠯᠬᠤ ᠡᠲᠡᠭᠡᠳ ᠤᠨ ᠬᠠᠮᠢᠶᠠᠷᠤᠯᠲᠠ ᠠᠴᠠ ᠰᠠᠯᠬᠤ᠂ ᠬᠠᠮᠢᠶᠠᠷᠤᠯᠲᠠ ᠠᠴᠠ ᠭᠤᠭᠤᠵᠢᠭᠳᠠᠬᠤ ᠪᠠ ᠳᠠᠬᠢᠨ ᠶᠠᠯ᠎ᠠ ᠬᠢᠬᠦ ᠶᠢ ᠴᠢᠩᠭ᠎ᠠ ᠰᠡᠷᠭᠡᠶᠢᠯᠡᠵᠦ᠂ ᠨᠡᠶᠢᠭᠡᠮ ᠤᠨ ᠡᠶ᠎ᠡ | ᠵᠣᠬᠢᠴᠠᠯ ᠪᠠ ᠲᠣᠭᠲᠠᠭᠤᠨ ᠪᠠᠶᠢᠳᠠᠯ ᠢ ᠦᠨᠡᠨ ᠬᠦ ᠪᠠᠲᠤᠯᠠᠬᠤ ᠶᠢᠨ ᠲᠦᠯᠦᠭᠡ᠂ 2024 ᠣᠨ ᠤ 9 ᠳ᠋ᠦ᠋ᠭᠡᠷ ᠰᠠᠷ᠎ᠠ ᠶᠢᠨ 25 ᠤ ᠡᠳᠦᠷ᠂ ᠪᠠᠶ᠋ᠬᠠᠣᠪᠤᠭ᠎ᠠ ᠠᠭᠤᠷᠬᠠᠢ ᠶᠢᠨ | ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠪᠥᠬᠦ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠢ ᠵᠣᠬᠢᠶᠠᠨ ᠪᠠᠶᠢᠭᠤᠯᠵᠤ ᠲᠥᠪᠯᠡᠷᠡᠭᠦᠯᠦᠨ ᠬᠥᠮᠦᠵᠢᠭᠦᠯᠬᠦ ᠠᠵᠢᠯᠯᠠᠭ᠎ᠠ | ᠥᠷᠨᠢᠭᠦᠯᠪᠡ᠃ | | | | | | ᠲᠥᠪᠯᠡᠷᠡᠭᠦᠯᠦᠨ ᠬᠥᠮᠦᠵᠢᠭᠦᠯᠬᠦ ᠠᠵᠢᠯᠯᠠᠭ᠎ᠠ ᠶᠢᠨ ᠳᠤᠮᠳᠠ᠂ ᠪᠥᠬᠦ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠲᠤ ᠡᠷᠬᠡᠪᠰᠢ ᠬᠠᠮᠢᠶ᠎ᠠ ᠪᠥᠬᠦᠶ ᠬᠠᠤᠯᠢ ᠴᠠᠭᠠᠵᠠ | ᠬᠠᠤᠯᠢ ᠲᠣᠭᠲᠠᠭᠠᠯ ᠪᠠ ᠡᠳᠦᠷ ᠲᠤᠲᠤᠮ ᠤᠨ ᠦᠢᠯᠡ ᠠᠵᠢᠯᠯᠠᠭ᠎ᠠ ᠶᠢᠨ ᠵᠢᠷᠤᠮᠵᠢᠯ ᠢ ᠵᠢᠷᠤᠮᠯᠠᠬᠤ ᠬᠡᠷᠡᠭᠲᠡᠶ ᠭᠡᠵᠦ ᠵᠠᠬᠢᠪᠠ᠄ ᠨᠢᠭᠡ ᠳᠤ᠂ ᠨᠡᠶᠢᠭᠡᠮ ᠲᠣᠭᠤᠷᠢᠭ ᠤᠨ ᠵᠠᠯᠠᠷᠠᠭᠤᠯᠬᠤ | ᠡᠲᠡᠭᠡᠳ ᠤᠨ ᠭᠠᠷ ᠤᠲᠠᠰᠤᠨ ᠤ ᠵᠦᠭᠡᠯᠡᠨ ᠲᠣᠨᠤᠭ ᠳᠡᠭᠡᠷ᠎ᠡ ᠨᠡᠷ᠎ᠡ ᠪᠠᠨ ᠲᠡᠮᠳᠡᠭᠯᠡᠬᠦ ᠶᠢ ᠴᠠᠯᠠᠭᠠᠶᠢᠷᠠᠵᠤ ᠪᠣᠯᠬᠤ ᠥᠬᠡᠶ᠂ ᠡᠳᠦᠷ ᠪᠦᠷᠢ ᠴᠠᠭ ᠲᠤᠬᠠᠶ ᠳᠤᠨᠢ ᠨᠡᠷ᠎ᠡ ᠪᠠᠨ | ᠲᠡᠮᠳᠡᠭᠯᠡᠬᠦ ᠬᠡᠷᠡᠭᠲᠡᠢ ᠭᠡᠵᠦ ᠱᠠᠭᠠᠷᠳᠠᠪᠠ︔ ᠬᠤᠶᠠᠷ ᠲᠤ᠂ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠢ ᠣᠳᠤᠬᠠᠨ ᠤ ᠪᠠᠶᠢᠳᠠᠯ ᠢ ᠲᠣᠳᠤᠷᠬᠠᠢ ᠲᠠᠨᠢᠵᠤ᠂ ᠰᠠᠬᠢᠯᠭ᠎ᠠ ᠪᠠᠲᠤ | ᠬᠠᠤᠯᠢ ᠴᠠᠭᠠᠵᠠ ᠶᠢ ᠵᠢᠷᠤᠮᠯᠠᠬᠤ ᠶᠢᠨ ᠴᠢᠬᠤᠯᠠ ᠴᠢᠨᠠᠷ ᠪᠠ ᠵᠠᠶᠢᠯᠠᠰᠢ ᠦᠭᠡᠢ ᠴᠢᠨᠠᠷ ᠢ ᠭᠦᠢᠴᠡᠳ ᠲᠠᠨᠢᠬᠤ ᠬᠡᠷᠡᠭᠲᠡᠢ ᠭᠡᠵᠦ ᠱᠠᠭᠠᠷᠳᠠᠪᠠ︔ ᠭᠤᠷᠪᠠ ᠳᠤ᠂ ᠨᠡᠶᠢᠭᠡᠮ | ᠲᠣᠭᠤᠷᠢᠭ ᠤᠨ ᠵᠠᠯᠠᠷᠠᠭᠤᠯᠬᠤ ᠡᠲᠡᠭᠡᠳ ᠢ ᠬᠠᠣᠯᠢ ᠴᠠᠭᠠᠵᠠ ᠶᠢᠨ ᠭᠠᠵᠠᠷ ᠤᠨ ᠬᠢᠨᠠᠯᠲᠠ ᠬᠠᠮᠢᠶᠠᠷᠤᠯᠲᠠ ᠶᠢ ᠳᠠᠭᠠᠵᠤ᠂ ᠰᠠᠬᠢᠯᠭ᠎ᠠ ᠪᠠᠲᠤ ᠶᠢ ᠵᠢᠷᠤᠮᠯᠠᠨ᠂ ᠬᠤᠳᠠᠯ ᠬᠠᠭᠤᠷᠮᠠᠭ ᠢᠶᠠᠷ | ᠭᠠᠳᠠᠭᠰᠢ ᠭᠠᠷᠬᠤ ᠶᠢ ᠬᠤᠷᠢᠭᠯᠠᠵᠤ᠂ ᠴᠢᠯᠥᠭᠡ ᠭᠤᠶᠤᠬᠤ ᠲᠦᠷᠢᠮ ᠢ ᠬᠢᠨᠠᠮᠠᠭᠠᠶ ᠭᠦᠢᠴᠡᠳᠬᠡᠬᠦ ᠬᠡᠷᠡᠭᠲᠡᠶ ᠭᠡᠵᠦ ᠱᠠᠭᠠᠷᠳᠠᠪᠠ︔ ᠲᠦᠷᠪᠡ ᠳᠤ᠂ ᠨᠡᠶᠢᠭᠡᠮ ᠲᠣᠭᠤᠷᠢᠭ ᠤᠨ | ᠵᠠᠯᠠᠷᠠᠭᠤᠯᠬᠤ ᠡᠲᠡᠭᠡᠳ ᠢ ᠪᠡᠶ᠎ᠡ ᠶᠢᠨ ᠭᠠᠷᠤᠯ ᠢᠶᠠᠨ ᠪᠠᠲᠤ ᠴᠡᠭᠡᠵᠢᠯᠡᠵᠦ᠂ ᠬᠠᠤᠯᠢ ᠴᠠᠭᠠᠵᠠ ᠳᠤ ᠬᠠᠯᠳᠠᠵᠤ ᠪᠣᠯᠬᠤ ᠥᠬᠡᠶ᠂ ᠠᠷᠢᠬᠢ ᠤᠤᠭᠤᠭᠰᠠᠨ ᠤ ᠳᠠᠷᠠᠭ᠎ᠠ ᠮᠠᠰᠢᠨᠲᠤ ᠲᠡᠷᠭᠡ | ᠵᠢᠯᠣᠭᠤᠳᠬᠤ ᠶᠢ ᠴᠠᠭᠠᠵᠠᠯᠠᠵᠤ᠂ ᠣᠯᠠᠨ ᠨᠡᠶᠢᠲᠡ ᠶᠢᠨ ᠲᠠᠯᠠᠪᠤᠷ ᠲᠤ ᠠᠷᠢᠬᠢ ᠤᠤᠭᠤᠵᠤ ᠬᠡᠷᠡᠭ ᠡᠭᠦᠰᠬᠦ ᠶᠢ ᠴᠠᠭᠠᠵᠠᠯᠠᠵᠤ᠂ ᠱᠠᠯᠢᠭ ᠵᠠᠪᠬᠠᠶ᠂ ᠵᠣᠭᠤᠰ ᠨᠠᠭᠠᠳᠬᠤ᠂ ᠬᠤᠤᠷᠲᠤ | ᠡᠳ᠋ ᠲᠠᠢ ᠣᠶᠢᠷᠠᠳᠬᠤ ᠶᠢ ᠴᠠᠭᠠᠵᠠᠯᠠᠵᠤ᠂ ᠬᠠᠤᠯᠢ ᠪᠤᠰᠤ ᠵᠣᠬᠢᠶᠠᠨ ᠪᠠᠶᠢᠭᠤᠯᠤᠯᠲᠠ ᠪᠠ ᠬᠠᠮᠲᠤᠯᠢᠭ ᠤᠨ ᠴᠢᠨᠠᠷᠲᠠᠶ ᠬᠡᠷᠡᠭ ᠲᠤ ᠣᠷᠣᠯᠴᠠᠬᠤ ᠶᠢ ᠴᠠᠭᠠᠵᠠᠯᠠᠬᠤ ᠶᠢ | ᠱᠠᠭᠠᠷᠳᠠᠬᠤ ᠶᠢᠨ ᠬᠠᠮᠲᠤ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠭᠤᠯᠪᠠ᠃ | ᠲᠣᠰ ᠤᠳᠠᠭᠠᠨ ᠤ ᠲᠥᠪᠯᠡᠷᠡᠭᠦᠯᠦᠨ ᠬᠥᠮᠦᠵᠢᠭᠦᠯᠬᠦ ᠠᠵᠢᠯᠯᠠᠭ᠎ᠠ ᠨᠢ ᠳᠤᠯᠠᠭᠠᠬᠠᠨ ᠡᠷᠴᠢᠮ ᠲᠠᠢ ᠠᠵᠢᠯᠯᠠᠬᠤ ᠠᠷᠭ᠎ᠠ ᠮᠠᠶ᠋ᠢᠭ ᠢᠶᠠᠷ᠂ ᠨᠡᠶᠢᠭᠡᠮ ᠲᠣᠭᠤᠷᠢᠭ ᠤᠨ ᠵᠠᠯᠠᠷᠠᠭᠤᠯᠬᠤ | ᠡᠲᠡᠭᠡᠳ ᠢ ᠬᠢᠨᠠᠨ ᠬᠠᠮᠢᠶᠠᠷᠬᠤ ᠬᠥᠮᠦᠵᠢᠯ ᠢ ᠴᠢᠩᠭᠠᠳᠬᠠᠬᠤ ᠶᠢᠨ ᠬᠠᠮᠲᠤ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠤᠨ ᠰᠠᠬᠢᠯᠭ᠎ᠠ ᠪᠠᠲᠤ ᠶᠢ ᠵᠢᠷᠤᠮᠯᠠᠨ ᠬᠠᠤᠯᠢ | ᠴᠠᠭᠠᠵᠠ ᠶᠢ ᠰᠠᠬᠢᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠤᠨ ᠬᠠᠮᠢᠶᠠᠷᠤᠯᠲᠠ ᠠᠴᠠ ᠰᠠᠯᠬᠤ᠂ | ᠬᠠᠮᠢᠶᠠᠷᠤᠯᠲᠠ ᠠᠴᠠ ᠭᠤᠭᠤᠵᠢᠭᠳᠠᠬᠤ ᠪᠠ ᠳᠠᠬᠢᠨ ᠶᠠᠯ᠎ᠠ ᠬᠢᠬᠦ ᠵᠡᠷᠭᠡ ᠦᠵᠡᠭᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠵᠦ᠂ ᠨᠡᠶᠢᠭᠡᠮ ᠤᠨ ᠲᠣᠭᠲᠠᠭᠤᠨ ᠪᠠᠶᠢᠳᠠᠯ ᠢ | ᠬᠠᠮᠠᠭᠠᠯᠠᠬᠤ ᠳᠤ ᠰᠠᠶᠢᠨ ᠰᠠᠶᠢᠬᠠᠨ ᠠᠮᠤᠷ ᠲᠦᠪᠰᠢᠨ ᠤ ᠬᠥᠮᠦᠵᠢᠯ ᠤᠨ ᠦᠢᠯᠡᠳᠦᠯ ᠦᠵᠡᠭᠦᠯᠪᠡ᠃ | |