ᠲᠥᠷᠥ ᠶᠢᠨ ᠶᠠᠪᠤᠳᠠᠯ ᠤᠨ ᠬᠤᠷᠢᠶᠠᠨ ᠤ ︽ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠠᠵᠢᠯᠯᠠᠭᠠᠨ ᠤ ᠲᠥᠯᠥᠪᠯᠡᠭᠡ︾ ᠪᠠ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ ᠰᠢᠵᠢᠮ ᠢ ᠪᠠᠲᠤ ᠡᠵᠡᠮᠳᠡᠵᠦ᠂ | ᠬᠥᠬᠡ ᠣᠭᠲᠠᠷᠭᠤᠶ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠶ ᠰᠠᠶᠢᠲᠤᠷ ᠬᠢᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ | ᠲᠦᠪᠰᠢᠨ ᠤ ᠬᠠᠯᠬᠠᠪᠴᠢ ᠶᠢ ᠦᠨᠡᠨ ᠬᠦ ᠪᠠᠬᠢᠵᠢᠭᠦᠯᠵᠦ᠂ ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠪᠠᠷ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠶᠢᠨ ᠲᠥᠯᠥᠭᠡ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ ︽ᠪᠤᠭᠤᠲᠤ ᠬᠤᠲᠠ ᠶᠢᠨ ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ | ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ︵ᠳᠣᠷᠣᠭᠰᠢ ︽ᠬᠡᠷᠡᠭᠵᠢᠭᠦᠯᠬᠦ ᠲᠥᠰᠦᠯ︾ ᠭᠡᠵᠦ ᠲᠣᠪᠴᠢᠯᠠᠨ᠎ᠠ︶ ᠢ ᠲᠣᠭᠲᠠᠭᠠᠵᠤ᠂ ᠡᠳᠦᠭᠡ ᠬᠤᠯᠪᠣᠭᠳᠠᠯ ᠪᠥᠬᠦᠶ ᠠᠭᠤᠯᠭ᠎ᠠ ᠶᠢ | ᠳᠣᠤᠷᠠᠬᠢ ᠮᠡᠲᠦ ᠲᠠᠶᠢᠯᠪᠤᠷᠢᠯᠠᠶ᠎ᠠ᠃ | ᠨᠢᠭᠡ᠂ ᠲᠣᠭᠲᠠᠭᠠᠭᠰᠠᠨ ᠠᠬᠤᠶ ᠪᠠᠶᠢᠳᠠᠯ | ᠤᠶᠢᠷ᠎ᠠ ᠶᠢᠨ ᠵᠢᠯ ᠳᠤ᠂ ᠪᠤᠭᠤᠲᠤ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠭᠠᠷ ᠮᠠᠨᠳᠠᠯ ᠤᠨ ᠪᠣᠬᠢᠷᠲᠤᠯ ᠢ ᠰᠡᠷᠭᠡᠢᠯᠡᠨ ᠵᠠᠰᠠᠬᠤ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠠᠵᠤ ᠦᠢᠯᠡᠰ ᠤᠨ ᠪᠦᠲᠦᠴᠡ᠂ ᠡᠨᠧᠷᠭᠢ ᠶᠢᠨ ᠪᠦᠲᠦᠴᠡ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠦᠲᠦᠴᠡ ᠶᠢ ᠲᠣᠬᠢᠷᠠᠭᠤᠯᠤᠨ | ᠰᠢᠯᠢᠳᠡᠭᠵᠢᠭᠦᠯᠬᠦ ᠶᠢ ᠪᠦᠬᠦ ᠲᠠᠯ᠎ᠠ ᠪᠠᠷ ᠠᠬᠢᠭᠤᠯᠵᠤ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠠᠵᠢᠯ ᠲᠥᠷᠥᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ | ᠦᠢᠯᠡᠳᠪᠦᠷᠢ᠂ ᠲᠦᠯᠡᠰᠢᠨ ᠨᠡᠭᠦᠷᠡᠰᠦ᠂ ᠮᠠᠰᠢᠨ ᠲᠡᠷᠭᠡ᠂ ᠣᠯᠠᠨ ᠡᠬᠢᠲᠦ ᠪᠣᠬᠢᠷᠲᠤᠯ ᠵᠡᠷᠭᠡ ᠪᠣᠬᠢᠷᠲᠤᠯ ᠢ ᠶᠡᠷᠦᠩᠬᠡᠢᠯᠡᠨ ᠵᠠᠰᠠᠬᠤ ᠶᠢ ᠭᠦᠨᠵᠡᠭᠡᠢ ᠲᠦᠯᠬᠢᠨ ᠠᠬᠢᠭᠤᠯᠵᠤ᠂ ᠠᠭᠠᠷ | ᠮᠠᠨᠳᠠᠯ ᠤᠨ ᠪᠣᠬᠢᠷᠲᠤᠯ ᠤᠨ ᠳᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠪᠡ᠃ ᠪᠥᠬᠦ ᠬᠤᠲᠠ ᠶᠢᠨ ᠴᠢᠷᠮᠠᠶᠢᠯᠭ᠎ᠠ ᠪᠠᠷ ᠳᠡᠮᠵᠢᠨ ᠠᠭᠠᠷ ᠤᠨ ᠶᠠᠰᠤ ᠴᠢᠨᠠᠷ ᠢ ᠢᠯᠡᠳᠲᠡ | ᠰᠠᠶᠢᠵᠢᠷᠠᠭᠤᠯᠤᠭᠰᠠᠨ ᠪᠣᠯᠪᠠᠴᠤ ᠨᠡᠯᠢᠶᠡᠳ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠬᠠᠷᠠᠯᠲᠠ ᠠᠴᠠ ᠪᠠᠰᠠ ᠨᠡᠯᠢᠶᠡᠳ ᠶᠡᠭᠡ ᠵᠥᠷᠢᠶ᠎ᠡ ᠲᠠᠢ ᠪᠠᠶᠢᠵᠤ᠂ ᠮᠠᠨ ᠤ | ᠬᠤᠲᠠ ᠶᠢᠨ ᠠᠭᠠᠷ ᠮᠠᠨᠳᠠᠯ ᠤᠨ ᠣᠷᠴᠢᠨ ᠲᠣᠭᠤᠷᠢᠨ ᠤ ᠪᠠᠶᠢᠳᠠᠯ ᠮᠥᠨ ᠬᠦ ᠬᠦᠨᠳᠦ ᠨᠣᠴᠢᠲᠠᠶ ᠪᠠᠶᠢᠵᠤ᠂ ᠠᠭᠠᠷ ᠮᠠᠨᠳᠠᠯ ᠤᠨ ᠪᠣᠬᠢᠷᠲᠤᠯ ᠢ ᠵᠠᠰᠠᠬᠤ ᠶᠢᠨ ᠣᠷᠳᠣ ᠬᠤᠭᠤᠴᠠᠭᠠᠲᠤ | ᠴᠢᠨᠠᠷ᠂ ᠪᠤᠳᠤᠯᠢᠶᠠᠨᠲᠤ ᠴᠢᠨᠠᠷ ᠪᠠ ᠪᠡᠷᠬᠡ ᠬᠠᠲᠠᠭᠤᠵᠢᠯᠲᠤ ᠴᠢᠨᠠᠷ ᠮᠥᠨ ᠬᠦ ᠣᠷᠣᠰᠢᠭᠰᠠᠭᠠᠷ ᠪᠠᠶᠢᠨ᠎ᠠ᠃ ︽ᠬᠡᠷᠡᠭᠵᠢᠭᠦᠯᠬᠦ ᠲᠥᠰᠦᠯ︾ ᠢ ᠲᠣᠭᠲᠠᠭᠠᠭᠰᠠᠨ ᠨᠢ ᠬᠥᠬᠡ | ᠣᠭᠲᠠᠷᠭᠤᠶ ᠶᠢ ᠬᠠᠮᠠᠭᠠᠯᠠᠬᠤ ᠳᠠᠶᠢᠨ ᠤ ᠶᠡᠷᠦᠩᠬᠡᠶ ᠰᠡᠳᠬᠢᠴᠡ᠂ ᠰᠠᠶᠢᠵᠢᠷᠠᠭᠤᠯᠬᠤ ᠬᠠᠷᠠᠯᠲᠠ᠂ ᠡᠭᠦᠷᠭᠡ ᠠᠷᠭ᠎ᠠ ᠬᠡᠮᠵᠢᠶ᠎ᠡ ᠶᠢ ᠲᠣᠳᠣᠷᠬᠠᠶ ᠲᠣᠭᠲᠠᠭᠠᠵᠤ᠂ ᠪᠣᠬᠢᠷᠲᠤᠯ ᠢ ᠨᠠᠷᠢᠯᠢᠭ | ᠣᠨᠤᠪᠴᠢᠲᠠᠢ ᠪᠠᠷ ᠵᠠᠰᠠᠬᠤ᠂ ᠰᠢᠨᠵᠢᠯᠡᠬᠦ ᠤᠬᠠᠭᠠᠨᠴᠢ ᠪᠠᠷ ᠵᠠᠰᠠᠬᠤ᠂ ᠬᠠᠤᠯᠢ ᠶᠣᠰᠣᠭᠠᠷ ᠵᠠᠰᠠᠬᠤ ᠶᠢ ᠳᠣᠪᠤᠶᠢᠯᠭᠠᠵᠤ᠂ ᠪᠤᠭᠤᠲᠤ ᠬᠤᠲᠠ ᠶᠢᠨ ᠠᠭᠠᠷ ᠮᠠᠨᠳᠠᠯ ᠤᠨ ᠪᠣᠬᠢᠷᠲᠤᠯ ᠢ | ᠰᠡᠷᠭᠡᠶᠢᠯᠡᠨ ᠵᠠᠰᠠᠬᠤ ᠠᠵᠢᠯ ᠢ ᠠᠬᠢᠭᠤᠯᠬᠤ ᠬᠦᠴᠦᠲᠡᠶ ᠭᠠᠷᠳᠠᠴᠠ ᠪᠠ ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠪᠦᠲᠦᠮᠵᠢᠲᠡᠶ ᠪᠠᠲᠤᠯᠠᠭ᠎ᠠ ᠪᠣᠯᠬᠤ | ᠪᠣᠯᠤᠨ᠎ᠠ᠃ | ᠬᠤᠶᠠᠷ᠂ ᠭᠤᠣᠯ ᠬᠠᠷᠠᠯᠲᠠ | ︽ᠬᠡᠷᠡᠭᠵᠢᠭᠦᠯᠬᠦ ᠲᠥᠰᠦᠯ︾ ᠳᠤ ᠳᠤᠷᠠᠳᠤᠭᠰᠠᠨ ᠭᠤᠤᠯ ᠬᠠᠷᠠᠯᠲᠠ ᠪᠣᠯ 2025 ᠣᠨ ᠪᠣᠯᠬᠤ ᠳᠤ᠂ ᠪᠥᠬᠦ ᠬᠤᠲᠠ ᠶᠢᠨ ᠨᠠᠷᠢᠨ ᠮᠥᠬᠦᠯᠢᠭᠲᠦ ᠪᠣᠳᠠᠰ ︵PM2.5︶ | ᠤᠨ ᠥᠳᠬᠡᠴᠡ ᠶᠢ 35 ᠮᠢᠺᠷᠥᠭᠷᠠᠮ / ᠺᠦᠪ ᠮᠧᠳ᠋ᠷ ᠠᠴᠠ ᠳᠣᠭᠤᠭᠰᠢ ᠬᠦᠷᠦᠭᠦᠯᠵᠦ᠂ ᠰᠢᠯᠢᠳᠡᠭ ᠡᠳᠦᠷ ᠤᠨ ᠲᠤᠭ᠎ᠠ ᠶᠢᠨ ᠬᠠᠷᠢᠴᠠᠯ ᠢ 84.8% ᠠᠴᠠ ᠳᠡᠭᠡᠭᠰᠢ ᠳᠤ | ᠬᠦᠷᠦᠭᠦᠯᠵᠦ᠂ ᠬᠦᠨᠳᠦ ᠵᠢᠴᠢ ᠲᠡᠭᠦᠨ ᠠᠴᠠ ᠳᠡᠭᠡᠭᠰᠢᠬᠢ ᠪᠣᠬᠢᠷᠲᠤᠭᠰᠠᠨ ᠡᠳᠦᠷ ᠤᠨ ᠲᠤᠭ᠎ᠠ ᠶᠢᠨ ᠬᠠᠷᠢᠴᠠᠯ ᠢ 0.9% ᠶᠢᠨ ᠳᠣᠲᠣᠷ᠎ᠠ ᠬᠢᠵᠠᠭᠠᠷᠯᠠᠨ᠎ᠠ︔ ᠠᠽᠣᠲ ᠤᠨ ᠢᠰᠦᠯ | ᠂ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ︵VOCs︶ ᠤᠨ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢ 2020 ᠣᠨ ᠤ ᠬᠢ ᠠᠴᠠ ᠲᠣᠰ ᠲᠣᠰ 10% ᠠᠴᠠ ᠳᠡᠭᠡᠭᠰᠢ | ᠪᠠᠭᠤᠷᠠᠭᠤᠯᠤᠨ᠎ᠠ᠃ | ᠭᠤᠷᠪᠠ᠂ ᠭᠤᠣᠯ ᠠᠭᠤᠯᠭ᠎ᠠ | ︽ᠬᠡᠷᠡᠭᠵᠢᠭᠦᠯᠬᠦ ᠲᠥᠰᠦᠯ︾ ᠨᠡᠶᠢᠲᠡ ᠠᠷᠪᠠᠨ ᠬᠡᠰᠡᠭ᠂ 33 ᠵᠦᠢᠯ ᠤᠨ ᠠᠭᠤᠯᠭ᠎ᠠ ᠪᠠᠭᠲᠠᠨ᠎ᠠ᠂ ᠭᠤᠤᠯ ᠠᠭᠤᠯᠭ᠎ᠠ ᠄ | 1. ᠶᠡᠷᠦᠩᠬᠡᠶ ᠱᠠᠭᠠᠷᠳᠠᠯᠭ᠎ᠠ᠄ ᠭᠤᠤᠯᠳᠠᠯᠭ᠎ᠠ ᠲᠠᠢ ᠣᠷᠣᠨ ᠪᠦᠰᠡ ᠪᠣᠯᠤᠨ ᠭᠤᠤᠯ ᠬᠠᠷᠠᠯᠲᠠ ᠶᠢ ᠲᠣᠭᠲᠠᠭᠠᠨ᠎ᠠ᠃ | 2. ᠠᠵᠤ ᠦᠢᠯᠡᠰ ᠤᠨ ᠪᠦᠲᠦᠴᠡ ᠪᠠ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ᠄ ︽ᠬᠤᠶᠠᠷ ᠥᠨᠳᠦᠷ ᠨᠢᠭᠡ ᠳᠣᠣᠷ᠎ᠠ︾ ᠲᠦᠷᠦᠯ ᠵᠦᠢᠯ ᠢ ᠰᠣᠬᠤᠷ ᠪᠠᠯᠠᠢ ᠪᠠᠷ | ᠬᠦᠭᠵᠢᠭᠦᠯᠬᠦ ᠶᠢ ᠡᠷᠡᠰ ᠬᠤᠷᠢᠭᠯᠠᠵᠤ᠂ ᠬᠤᠴᠤᠷᠤᠩᠭᠤᠢ ᠦᠢᠯᠡᠳᠪᠦᠷᠢᠯᠡᠯ ᠤᠨ ᠴᠢᠳᠠᠪᠤᠷᠢ ᠶᠢ ᠪᠤᠴᠠᠭᠠᠵᠤ᠂ ᠠᠵᠤ ᠦᠢᠯᠡᠰ ᠤᠨ ᠪᠦᠯᠦᠭᠯᠡᠯ ᠢ ᠳᠡᠰ ᠳᠡᠪᠰᠢᠭᠦᠯᠦᠨ | ᠦᠭᠡᠷᠡᠴᠢᠯᠡᠬᠦ ᠶᠢ ᠲᠦᠯᠬᠢᠨ ᠠᠬᠢᠭᠤᠯᠵᠤ᠂ VOCs ᠶᠢᠨ ᠠᠭᠤᠯᠤᠭᠳᠠᠴᠠ ᠳᠣᠣᠷ᠎ᠠ ︵ᠦᠭᠡᠢ︶ ᠲᠦᠭᠦᠬᠡᠶ ᠮᠠᠲ᠋ᠧᠷᠢᠶᠠᠯ ᠤᠨ ᠣᠷᠤᠯᠠᠯᠲᠠ ᠶᠢ ᠬᠡᠷᠡᠭᠵᠢᠭᠦᠯᠦᠨ᠎ᠡ᠃ | 3. ᠡᠨᠧᠷᠭᠢ ᠶᠢᠨ ᠴᠡᠪᠡᠷ ᠳᠣᠤᠷ᠎ᠠ ᠨᠡᠭᠦᠷᠡᠰᠦᠲᠥ᠋ᠷᠥᠭᠴᠢᠲᠦ ᠥᠨᠳᠥᠷ ᠪᠦᠲᠦᠮᠵᠢᠲᠡᠶ ᠬᠥᠭᠵᠢᠯᠲᠡ ᠶᠢ ᠲᠦᠷᠭᠡᠳᠬᠡᠨ᠎ᠡ᠄ ᠡᠨᠧᠷᠭᠢ ᠶᠢᠨ ᠪᠦᠲᠦᠴᠡ ᠶᠢ ᠲᠦᠷᠭᠡᠳᠬᠡᠨ | ᠲᠣᠬᠢᠷᠠᠭᠤᠯᠵᠤ᠂ ᠰᠢᠲᠠᠭᠠᠯᠭ᠎ᠠ ᠶᠢᠨ ᠨᠡᠭᠦᠷᠡᠰᠦᠨ ᠤ ᠵᠤᠤᠬ᠎ᠠ ᠶᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠠᠵᠤ ᠦᠢᠯᠡᠳᠪᠦᠷᠢ ᠶᠢᠨ ᠵᠤᠤᠬ᠎ᠠ ᠶᠢ ᠴᠡᠪᠡᠷ | ᠡᠨᠧᠷᠭᠢ ᠪᠠᠷ ᠣᠷᠣᠯᠠᠭᠤᠯᠵᠤ᠂ ᠴᠡᠪᠡᠷ ᠳᠤᠯᠠᠭᠠᠯᠠᠭ᠎ᠠ ᠶᠢᠨ ᠲᠤᠷᠰᠢᠯᠲᠠ ᠶᠢᠨ ᠬᠤᠲᠠ ᠶᠢᠨ ᠪᠥᠲᠥᠭᠡᠨ ᠪᠠᠶᠢᠭᠤᠯᠤᠯᠲᠠ ᠶᠢ ᠴᠢᠨᠠᠷ ᠰᠠᠶᠢᠲᠠᠶ ᠪᠡᠶᠡᠯᠡᠭᠦᠯᠦᠨ᠎ᠡ᠃ | 4. ᠵᠠᠮ ᠬᠠᠷᠢᠯᠴᠠᠭᠠᠨ ᠤ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢᠨ ᠬᠤᠪᠢᠷᠠᠭᠤᠯᠤᠯᠲᠠ ᠶᠢ ᠠᠬᠢᠭᠤᠯᠤᠨ᠎ᠠ᠄ ᠪᠠᠷᠠᠭᠠᠨ ᠤ | ᠲᠡᠭᠡᠭᠡᠪᠦᠷᠢ ᠶᠢᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠦᠨ ᠳᠣᠭᠢᠷᠠᠭᠤᠯᠵᠤ᠂ ᠮᠠᠰᠢᠨᠲᠤ ᠲᠡᠷᠭᠡᠨ ᠤ ᠴᠡᠪᠡᠷᠵᠢᠯᠲᠡ ᠶᠢᠨ ᠬᠢᠷᠢ ᠲᠦᠪᠰᠢᠨ ᠢ ᠲᠦᠷᠭᠡᠳᠬᠡᠨ ᠳᠡᠭᠡᠭᠰᠢᠯᠡᠭᠦᠯᠵᠦ | ᠂ ᠵᠠᠮ ᠬᠠᠷᠢᠯᠴᠠᠭᠠᠨ ᠤ ᠪᠤᠰᠤ ᠰᠢᠯᠵᠢᠮᠡᠯ ᠡᠬᠢ ᠰᠤᠷᠪᠤᠯᠵᠢ ᠶᠢᠨ ᠵᠠᠰᠠᠯᠲᠠ ᠶᠢ ᠴᠢᠩᠭᠠᠷᠠᠭᠤᠯᠤᠨ᠂ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠶᠠᠰᠤ ᠴᠢᠨᠠᠷ ᠤᠨ | ᠬᠠᠮᠢᠶᠠᠷᠤᠯᠲᠠ ᠡᠵᠡᠮᠳᠡᠯ ᠢ ᠴᠢᠩᠭᠠᠳᠬᠠᠨ᠎ᠠ᠃ | 5. ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠄ ᠲᠣᠭᠤᠰᠣ ᠰᠢᠷᠣᠶ ᠶᠢᠨ ᠪᠣᠬᠢᠷᠲᠤᠯ ᠢ ᠵᠠᠰᠠᠬᠤ ᠶᠢ ᠭᠦᠨᠵᠡᠭᠡᠶᠢᠷᠡᠭᠦᠯᠵᠦ᠂ | ᠠᠭᠤᠷᠬᠠᠶ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠠᠬᠢᠭᠤᠯᠵᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠪᠠ ᠰᠢᠲᠠᠭᠠᠬᠤ ᠶᠢ ᠴᠠᠭᠠᠵᠠᠯᠠᠬᠤ | ᠠᠵᠢᠯ ᠢ ᠴᠢᠩᠭᠠᠳᠬᠠᠨ᠎ᠠ᠃ | 6. ᠣᠯᠠᠨ ᠪᠣᠬᠢᠷᠲᠤᠯ ᠪᠣᠳᠠᠰ ᠢ ᠬᠠᠮᠵᠢᠯᠴᠠᠨ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠴᠢᠩᠭᠠᠷᠠᠭᠤᠯᠤᠨ᠎ᠠ᠄ VOCs ᠢ ᠶᠡᠷᠦᠩᠬᠡᠶᠢᠯᠡᠨ ᠵᠠᠰᠠᠬᠤ ᠶᠢ | ᠴᠢᠩᠭᠠᠳᠬᠠᠵᠤ᠂ ᠭᠤᠤᠯᠳᠠᠯᠭ᠎ᠠ ᠲᠠᠢ ᠠᠵᠢᠯ ᠲᠥᠷᠥᠯ ᠤᠨ ᠪᠣᠬᠢᠷᠲᠤᠯ ᠢ ᠭᠦᠨᠵᠡᠭᠡᠶ ᠵᠠᠰᠠᠬᠤ ᠶᠢ ᠠᠬᠢᠭᠤᠯᠵᠤ᠂ ᠢᠳᠡᠭᠡᠨ ᠤᠮᠳᠠᠭᠠᠨ ᠤ ᠲᠣᠰᠣᠨ ᠣᠲᠤᠭ᠎ᠠ᠂ ᠦᠮᠡᠬᠡᠢ ᠦᠨᠦᠷ᠂ | ᠰᠢᠪᠲᠦᠷ ᠤᠨ ᠪᠣᠬᠢᠷᠲᠤᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠦᠨ᠎ᠡ᠃ | 7. ᠠᠭᠠᠷ ᠮᠠᠨᠳᠠᠯ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠄ ᠠᠭᠠᠷ ᠤᠨ ᠶᠠᠰᠤ ᠴᠢᠨᠠᠷ ᠤᠨ ᠪᠠᠷᠢᠮᠵᠢᠶ᠎ᠠ ᠳᠤ ᠬᠦᠷᠦᠭᠦᠯᠬᠦ | ᠬᠠᠮᠢᠶᠠᠷᠤᠯᠲᠠ ᠶᠢ ᠬᠡᠷᠡᠭᠵᠢᠭᠦᠯᠵᠦ᠂ ᠬᠠᠮᠲᠤᠷᠠᠨ ᠰᠡᠷᠭᠡᠶᠢᠯᠡᠵᠦ ᠡᠵᠡᠮᠳᠡᠬᠦ ᠪᠠ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠶᠢ ᠴᠢᠩᠭᠠᠷᠠᠭᠤᠯᠤᠨ᠎ᠠ᠃ | 8. ᠬᠢᠨᠠᠨ ᠬᠠᠮᠢᠶᠠᠷᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠦᠨ᠎ᠡ᠄ ᠬᠢᠨᠠᠨ ᠬᠡᠮᠵᠢᠬᠦ ᠲᠣᠭᠲᠠᠯᠴᠠᠭ᠎ᠠ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠠᠭᠠᠷ ᠮᠠᠨᠳᠠᠯ ᠤᠨ | ᠣᠷᠴᠢᠨ ᠲᠣᠭᠤᠷᠢᠨ ᠤ ᠬᠢᠨᠠᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠨ᠎ᠠ᠃ 9. ᠬᠠᠤᠯᠢ ᠲᠣᠭᠲᠠᠭᠠᠯ ᠤᠨ ᠪᠠᠷᠢᠮᠵᠢᠶ᠎ᠠ ᠪᠠ ᠠᠵᠤ ᠠᠬᠤᠶ ᠶᠢᠨ | ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠄ ᠬᠠᠤᠯᠢ ᠲᠣᠭᠲᠠᠭᠠᠯ ᠪᠠ ᠪᠠᠷᠢᠮᠵᠢᠶ᠎ᠠ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠵᠤ᠂ ᠦᠨ᠎ᠡ ᠬᠠᠩᠰᠢ ᠶᠢᠨ | ᠭᠠᠶᠢᠯᠢ ᠰᠦᠢᠳᠬᠡᠯ ᠢ ᠤᠷᠮᠠᠰᠢᠭᠤᠯᠤᠨ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ | 10. ᠡᠯ᠎ᠡ ᠲᠠᠯ᠎ᠠ ᠶᠢᠨ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠄ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠢᠨᠠᠯᠲᠠ | ᠲᠠᠯᠪᠢᠵᠤ ᠬᠢᠨᠠᠨ ᠰᠢᠯᠭᠠᠬᠤ ᠶᠢ ᠴᠢᠩᠳᠠᠯᠠᠵᠤ᠂ ᠮᠡᠳᠡᠭᠡ ᠵᠠᠩᠭᠢ ᠶᠢ ᠢᠯᠡ ᠪᠣᠯᠭᠠᠬᠤ᠂ ᠤᠬᠠᠭᠤᠯᠵᠤ ᠬᠥᠲᠥᠯᠥᠨ ᠵᠢᠯᠣᠭᠤᠳᠬᠤ ᠪᠠ ᠪᠦᠬᠦ ᠠᠷᠠᠳ ᠤᠨ ᠠᠵᠢᠯᠯᠠᠭ᠎ᠠ ᠶᠢ | ᠠᠬᠢᠭᠤᠯᠤᠨ᠎ᠠ᠃ | ᠳᠥᠷᠪᠡ᠂ ᠭᠤᠣᠯ ᠣᠨᠴᠠᠯᠢᠭ | ︽ᠬᠡᠷᠡᠭᠵᠢᠭᠦᠯᠬᠦ ᠲᠥᠰᠦᠯ︾ ᠤᠨ ᠭᠤᠤᠯ ᠣᠨᠴᠠᠯᠢᠭ ᠲᠤ ᠳᠣᠣᠷᠠᠬᠢ ᠵᠦᠢᠯᠡᠰ ᠪᠠᠭᠲᠠᠨ᠎ᠠ᠄ | 1. ᠭᠤᠣᠯᠳᠠᠯᠭ᠎ᠠ ᠲᠠᠢ ᠣᠷᠣᠨ ᠪᠦᠰᠡ ᠶᠢ ᠳᠣᠪᠤᠶᠢᠯᠭᠠᠨ᠎ᠠ᠄ ᠪᠤᠭᠤᠲᠤ ᠬᠤᠲᠠ ᠶᠢᠨ ᠱᠠᠨ ᠨᠠᠨ ᠭᠠᠵᠠᠷ ᠣᠷᠣᠨ ᠤ ᠭᠤᠤᠯᠳᠠᠯᠭ᠎ᠠ ᠲᠠᠢ ᠣᠷᠣᠨ ᠪᠦᠰᠡ ᠶᠢ | ᠲᠣᠳᠣᠷᠬᠠᠶᠢᠯᠠᠵᠤ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠡᠵᠡᠮᠳᠡᠬᠦ ᠡᠷᠴᠢᠮ ᠢ ᠴᠢᠩᠭᠠᠳᠬᠠᠨ᠎ᠠ᠃ | 2. ᠰᠢᠰᠲ᠋ᠧᠮᠵᠢᠭᠦᠯᠦᠨ ᠵᠠᠰᠠᠬᠤ ᠶᠢ ᠲᠤᠪᠤᠶᠢᠯᠭᠠᠨ᠎ᠠ᠄ ᠠᠵᠤ ᠦᠢᠯᠡᠰ᠂ ᠡᠨᠧᠷᠭᠢ᠂ ᠵᠠᠮ ᠬᠠᠷᠢᠯᠴᠠᠭ᠎ᠠ ᠵᠡᠷᠭᠡ ᠭᠤᠷᠪᠠᠨ ᠶᠡᠭᠡ ᠪᠦᠲᠦᠴᠡ ᠶᠢ ᠰᠢᠯᠢᠳᠡᠭᠵᠢᠭᠦᠯᠦᠨ | ᠲᠣᠬᠢᠷᠠᠭᠤᠯᠬᠤ ᠶᠢ ᠪᠠᠷᠢᠮᠲᠠᠯᠠᠵᠤ᠂ ᠨᠡᠭᠦᠷᠡᠰᠦ ᠶᠢ ᠪᠠᠭᠠᠰᠬᠠᠬᠤ᠂ ᠲᠡᠷᠭᠡ ᠬᠥᠰᠬᠡ ᠶᠢ ᠬᠢᠵᠠᠭᠠᠷᠯᠠᠬᠤ᠂ ᠪᠣᠬᠢᠷᠲᠤᠯ ᠢ ᠵᠠᠰᠠᠬᠤ᠂ ᠲᠣᠭᠤᠰᠣ ᠶᠢ ᠬᠤᠷᠢᠭᠯᠠᠬᠤ ᠵᠡᠷᠭᠡ ᠠᠷᠭ᠎ᠠ | ᠬᠡᠮᠵᠢᠶ᠎ᠡ ᠶᠢ ᠦᠷᠭᠦᠯᠵᠢᠯᠡᠨ ᠠᠬᠢᠭᠤᠯᠤᠨ᠎ᠠ᠃ | 3. ᠪᠣᠬᠢᠷᠲᠤᠯ ᠢ ᠬᠠᠮᠵᠢᠯᠴᠠᠨ ᠪᠠᠭᠠᠰᠬᠠᠬᠤ ᠶᠢ ᠳᠣᠪᠤᠶᠢᠯᠭᠠᠨ᠎ᠠ᠄ ᠭᠤᠤᠯᠳᠠᠯᠭ᠎ᠠ ᠲᠠᠢ ᠠᠵᠢᠯ ᠲᠥᠷᠥᠯ ᠤᠨ ᠪᠣᠬᠢᠷᠲᠤᠯ ᠢ ᠭᠦᠨᠵᠡᠭᠡᠶ ᠵᠠᠰᠠᠬᠤ ᠪᠠ VOCs ᠪᠥᠬᠦ | ᠶᠠᠪᠤᠴᠠ ᠶᠢᠨ ᠪᠥᠬᠦ ᠭᠤᠭᠴᠤᠭ᠎ᠠ ᠶᠢᠨ ᠶᠡᠷᠦᠩᠬᠡᠶᠢᠯᠡᠨ ᠵᠠᠰᠠᠬᠤ ᠶᠢ ᠴᠢᠩᠭᠠᠳᠬᠠᠬᠤ ᠪᠠᠷ ᠳᠠᠮᠵᠢᠭᠤᠯᠤᠨ᠂ ᠠᠽᠣᠲ ᠤᠨ ᠢᠰᠦᠯ ᠤᠨ ᠪᠣᠳᠠᠰ᠂ VOCs ᠵᠡᠷᠭᠡ ᠣᠯᠠᠨ | ᠪᠣᠬᠢᠷᠲᠤᠯ ᠪᠣᠳᠠᠰ ᠢ ᠬᠠᠮᠵᠢᠯᠴᠠᠨ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠳᠣᠪᠤᠶᠢᠯᠭᠠᠨ᠎ᠠ᠃ | 4᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠲᠤᠪᠤᠶᠢᠯᠭᠠᠨ᠎ᠠ᠄ ᠬᠥᠷᠰᠢ ᠵᠡᠷᠭᠡᠯᠡᠳᠡᠭᠡ ᠠᠶᠢᠮᠠᠭ ᠬᠤᠳᠠ ᠶᠢᠨ ᠠᠭᠠᠷ ᠮᠠᠨᠳᠠᠯ ᠤᠨ ᠪᠣᠬᠢᠷᠲᠤᠯ ᠢ ᠬᠤᠯᠪᠣᠭᠠᠯᠠᠨ | ᠰᠡᠷᠭᠡᠶᠢᠯᠡᠵᠦ ᠬᠤᠯᠪᠣᠭᠠᠯᠠᠨ ᠡᠵᠡᠮᠳᠡᠵᠦ ᠬᠤᠯᠪᠣᠭᠠᠯᠠᠨ ᠵᠠᠰᠠᠬᠤ ᠶᠢ ᠳᠤᠷᠠᠳᠴᠤ᠂ ᠬᠠᠮᠵᠢᠯᠴᠠᠨ ᠬᠠᠮᠲᠤᠷᠠᠯᠴᠠᠬᠤ᠂ ᠬᠠᠮᠵᠢᠯᠴᠠᠨ ᠬᠢᠨᠠᠨ ᠬᠠᠮᠢᠶᠠᠷᠬᠤ᠂ ᠬᠠᠮᠵᠢᠯᠴᠠᠨ ᠨᠡᠪᠲᠡᠷᠡᠯᠴᠡᠬᠦ᠂ | ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠨ᠎ᠠ᠃ |