ᠲᠤᠭ᠎ᠠ ᠪᠠᠷᠢᠮᠲᠠ ᠠᠴᠠ ᠦᠵᠡᠪᠡᠯ᠂ ᠣᠢᠷ᠎ᠠ ᠶᠢᠨ 10 ᠵᠢᠯ ᠳᠤ᠂ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠦᠢᠯᠡᠳᠪᠦᠷᠢᠯᠡᠭᠰᠡᠨ ᠬᠤᠪᠣᠷ ᠰᠢᠷᠤᠢ ᠶᠢᠨ ᠵᠠᠮ | ᠲᠡᠮᠦᠷ ᠤᠨ ᠲᠡᠭᠡᠭᠡᠪᠦᠷᠢ ᠶᠢᠨ ᠬᠡᠮᠵᠢᠶ᠎ᠡ ᠨᠢᠭᠡᠨᠲᠡ 270 ᠭᠠᠷᠤᠢ ᠲᠦᠮᠡᠨ ᠲᠤᠨ ᠳᠤ ᠬᠦᠷᠴᠦ᠂ ᠤᠯᠤᠰ ᠤᠨ ᠳᠣᠲᠣᠭᠠᠳᠤ ᠶᠢᠨ 30 ᠭᠠᠷᠤᠢ ᠭᠤᠣᠯᠳᠠᠯᠭ᠎ᠠ ᠪᠣᠯᠬᠤ ᠵᠠᠮ | ᠱᠤᠭᠤᠮ ᠢ ᠳᠡᠪᠢᠰᠬᠦ ᠳᠡᠭᠡᠷ᠎ᠡ ᠬᠡᠷᠡᠭᠯᠡᠵᠦ᠂ ᠪᠦᠬᠦ ᠤᠷᠲᠤ ᠨᠢ 2.2 ᠲᠦᠮᠡᠨ ᠮᠧᠲᠷ ᠲᠤ ᠬᠦᠷᠪᠡ᠃ | | | | | | ᠨᠠᠢᠮᠠᠨ ᠮᠢᠩᠭᠠᠨ ᠭᠠᠵᠠᠷ ᠤᠨ ᠵᠠᠮ ᠤᠨ ᠡᠭᠦᠯᠡ ᠪᠠ ᠰᠠᠷ᠎ᠠ᠂ ᠪᠠᠶᠢᠭᠠᠯᠢ ᠶᠢᠨ ᠪᠠᠷᠲᠠᠭ᠎ᠠ ᠶᠢ ᠠᠷᠢᠯᠭᠠᠨ᠎ᠠ᠃ ᠬᠤᠪᠣᠷ ᠰᠢᠷᠣᠶ ᠶᠢᠨ ᠵᠠᠮ ᠲᠡᠮᠦᠷ ᠨᠢ ᠳᠤᠮᠳᠠᠳᠤ ᠤᠯᠤᠰ ᠤᠨ ᠡᠬᠡ | ᠭᠠᠵᠠᠷ ᠲᠤ ᠭᠦᠷᠪᠡᠯᠵᠡᠬᠦ ᠶᠢᠨ ᠠᠷᠣ ᠳᠤ᠂ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠬᠤᠪᠣᠷ ᠰᠢᠷᠣᠶ ᠶᠢᠨ ᠪᠣᠯᠣᠳ ᠤᠨ ᠬᠦᠷᠢᠶᠡᠨ ᠳᠠᠬᠢ ᠤᠷᠲᠤ ᠬᠤᠭᠤᠴᠠᠭᠠᠨ ᠤ | ᠬᠤᠷᠠᠮᠳᠤᠯ ᠪᠠ ᠲᠤᠨᠳᠠᠰᠤ ᠳᠤ ᠲᠦᠰᠢᠭᠯᠡᠭᠰᠡᠨ ᠶᠤᠮ᠃ ᠬᠤᠪᠣᠷ ᠰᠢᠷᠣᠶ ᠶᠢᠨ ᠪᠤᠯᠤᠳ ᠤᠨ ᠬᠤᠰᠢᠭᠤᠴᠢ ᠪᠣᠯᠤᠭᠰᠠᠨ ᠤ ᠬᠤᠪᠢ ᠳᠤ᠂ ᠠᠯᠢ ᠡᠷᠲᠡ ᠳᠡᠭᠡᠷ᠎ᠡ ᠵᠠᠭᠤᠨ ᠤ | ᠲᠠᠪᠢᠭᠠᠳ ᠣᠨ ᠳᠤ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠨᠢᠭᠡᠨᠲᠡ ᠬᠤᠪᠣᠷ ᠰᠢᠷᠣᠶ ᠪᠣᠯᠤᠨ ᠪᠣᠯᠣᠳ ᠲᠡᠮᠦᠷ ᠤᠨ ᠤᠶᠠᠯᠳᠤᠯ ᠢ ᠬᠠᠶᠢᠨ ᠰᠦᠪᠡᠭᠴᠢᠯᠡᠭᠰᠡᠨ ᠪᠠᠶᠢᠨ᠎ᠠ᠃ | 1976 ᠣᠨ ᠳᠤ᠂ ᠪᠤᠭᠤᠲᠤ ᠶᠢᠨ ᠪᠣᠯᠣᠳ ᠲᠡᠮᠦᠷ ᠤᠨ ᠵᠢᠮ ᠨᠢᠷᠤᠭᠤ ᠶᠢᠨ ᠦᠢᠯᠡᠳᠪᠦᠷᠢ ᠲᠡᠮᠦᠷ ᠵᠠᠮ ᠤᠨ ᠶᠠᠮᠤᠨ ᠤ ᠡᠷᠳᠡᠮ ᠰᠢᠨᠵᠢᠯᠡᠭᠡᠨ ᠤ ᠬᠦᠷᠢᠶᠡᠯᠡᠩ᠂ ᠲᠡᠮᠦᠷ | ᠵᠠᠮ ᠤᠨ ᠲᠤᠰᠬᠠᠢ ᠮᠡᠷᠭᠡᠵᠢᠯ ᠤᠨ ᠵᠢᠷᠤᠭ ᠲᠥᠯᠥᠪᠯᠡᠭᠡᠨ ᠤ ᠬᠦᠷᠢᠶᠡᠯᠡᠩ ᠤᠨ ᠳᠡᠮᠵᠢᠯᠭᠡ ᠳᠣᠣᠷ᠎ᠠ ᠮᠠᠨ ᠤ ᠤᠯᠤᠰ ᠤᠨ ᠠᠩᠬᠠᠳᠠᠭᠴᠢ ᠮᠧᠲᠷ ᠪᠦᠷᠢ ᠳᠤ 60 ᠺᠢᠯᠣᠭ᠍ᠷᠠᠮ ᠬᠦᠨᠳᠦ | ᠬᠡᠯᠪᠡᠷᠢ ᠶᠢᠨ ᠬᠤᠪᠣᠷ ᠰᠢᠷᠣᠢ ᠶᠢᠨ ᠵᠠᠮ ᠲᠡᠮᠦᠷ ᠢ ᠠᠮᠵᠢᠯᠲᠠ ᠲᠠᠢ ᠪᠠᠷ ᠲᠤᠷᠰᠢᠨ ᠬᠡᠪᠰᠢᠭᠦᠯᠵᠦ᠂ ᠪᠤᠭᠤᠲᠤ ᠶᠢᠨ ᠪᠣᠯᠣᠳ ᠲᠡᠮᠦᠷ ᠤᠨ ᠬᠤᠪᠣᠷ ᠰᠢᠷᠣᠢ ᠶᠢᠨ ᠪᠣᠯᠣᠳ ᠤᠨ | ᠦᠢᠯᠡᠳᠬᠦᠨ ᠤ ᠰᠤᠳᠤᠯᠤᠨ ᠨᠡᠭᠡᠭᠡᠬᠦ ᠮᠡᠷᠭᠡᠵᠢᠯ ᠤᠨ ᠳᠠᠪᠠᠭᠤᠯᠢᠭ ᠢ ᠪᠤᠢ ᠪᠣᠯᠭᠠᠵᠤ᠂ ᠬᠤᠪᠣᠷ ᠰᠢᠷᠣᠢ ᠶᠢᠨ ᠪᠣᠯᠣᠳ ᠤᠨ ᠰᠢᠷᠢᠰ ᠦᠢᠯᠡᠳᠬᠦᠨ ᠤ ᠴᠠᠭ ᠦᠶ᠎ᠡ ᠶᠢ ᠨᠡᠭᠡᠭᠡᠪᠡ᠃ | 2019 ᠣᠨ ᠳᠤ᠂ ᠪᠥᠬᠦ ᠣᠷᠳᠣ ᠨᠢ 174 ᠺᠢᠯᠣᠮᠧᠲᠷ ᠪᠣᠯᠬᠤ᠂ ᠳᠡᠯᠡᠬᠡᠶ ᠶᠢᠨ ᠠᠩᠬᠠᠳᠠᠭᠴᠢ ᠴᠠᠭ ᠤᠨ ᠬᠤᠷᠳᠤᠴᠠ ᠨᠢ 350 ᠺᠢᠯᠤᠮᠧᠲᠷ ᠤᠨ ᠣᠶᠤᠨᠴᠢᠯᠠᠭᠰᠠᠨ | ᠳᠡᠭᠡᠳᠦ ᠬᠤᠷᠳᠤ ᠶᠢᠨ ᠲᠡᠮᠦᠷ ᠵᠠᠮ — ᠪᠡᠭᠡᠵᠢᠩ ᠠᠴᠠ ᠴᠢᠭᠤᠯᠤᠯᠲᠤ ᠬᠠᠭᠠᠯᠭ᠎ᠠ ᠬᠦᠷᠬᠦ ᠳᠡᠭᠡᠳᠦ ᠬᠤᠷᠳᠤ ᠶᠢᠨ ᠲᠡᠮᠦᠷ ᠵᠠᠮ ᠵᠢᠩᠬᠢᠨᠢ ᠪᠠᠷ ᠨᠡᠪᠲᠡᠷᠡᠪᠡ᠃ ᠡᠭᠦᠨ ᠳᠤ ᠵᠢᠷᠤᠵᠤ | ᠲᠥᠯᠥᠪᠯᠡᠭᠰᠡᠨ ᠴᠠᠭ ᠤᠨ ᠬᠤᠷᠳᠤᠴᠠ ᠨᠢ 350 ᠮᠢᠩᠭᠠᠨ ᠮᠧᠲᠷ ᠤᠨ ᠰᠢᠯᠢᠳᠡᠭ ᠭᠦᠢᠴᠡᠳᠬᠡᠯ ᠲᠤᠭ᠎ᠠ ᠶᠢᠨ ᠳᠡᠭᠡᠳᠦ ᠬᠤᠷᠳᠤ ᠶᠢᠨ ᠲᠡᠮᠦᠷ ᠵᠠᠮ ᠤᠨ ᠬᠡᠷᠡᠭᠯᠡᠵᠦ ᠪᠠᠶᠢᠭ᠎ᠠ | ᠬᠤᠪᠣᠷ ᠰᠢᠷᠣᠢ ᠶᠢᠨ ᠵᠠᠮ ᠲᠡᠮᠦᠷ ᠨᠢ 100% ᠪᠠᠷ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠠᠴᠠ ᠢᠷᠡᠵᠡᠢ᠃ | ᠪᠣᠯᠤᠳ ᠤᠨ ᠳᠣᠲᠣᠷ᠎ᠠ ᠬᠤᠪᠣᠷ ᠰᠢᠷᠣᠢ ᠪᠠᠶᠢᠪᠠᠯ ᠨᠡᠩ ᠬᠠᠲᠠᠭᠤ ᠪᠠᠬᠢ᠃ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠮᠡᠷᠭᠡᠵᠢᠯ ᠤᠨ ᠲᠥᠪ ᠤᠨ ᠲᠤᠷᠰᠢᠯᠲᠠ ᠶᠢᠨ | ᠦᠷ᠎ᠡ ᠳ᠋ᠦᠩ ᠠᠴᠠ ᠦᠵᠡᠪᠡᠯ᠂ ᠪᠤᠯᠤᠳ ᠲᠡᠮᠦᠷ ᠲᠠᠬᠢ ᠬᠤᠪᠣᠷ ᠰᠢᠷᠣᠢ ᠵᠢᠴᠢ ᠡᠯ᠎ᠡ ᠲᠦᠷᠦᠯ ᠤᠨ ᠪᠢᠴᠢᠯ ᠬᠠᠶᠢᠯᠤᠰᠢ ᠶᠢᠨ ᠪᠦᠷᠢᠯᠳᠦᠬᠦᠨ ᠢ ᠰᠢᠯᠢᠳᠡᠭᠵᠢᠭᠦᠯᠬᠦ ᠪᠠᠷ | ᠳᠠᠮᠵᠢᠭᠤᠯᠵᠤ᠂ ᠵᠠᠮ ᠲᠡᠮᠦᠷ ᠤᠨ ᠤᠶᠠᠨ ᠬᠠᠳᠠᠨ ᠴᠢᠨᠠᠷ ᠢ ᠪᠦᠲᠦᠮᠵᠢᠲᠡᠢ ᠰᠠᠶᠢᠵᠢᠷᠠᠭᠤᠯᠬᠤ ᠶᠢᠨ ᠬᠠᠮᠲᠤ ᠪᠤᠯᠤᠳ ᠲᠡᠮᠦᠷ ᠤᠨ ᠦᠷᠦᠯᠲᠡ ᠪᠠ ᠶᠠᠳᠠᠷᠠᠯ ᠵᠦᠳᠡᠷᠡᠯ ᠢ ᠡᠰᠡᠷᠭᠦᠴᠡᠬᠦ | ᠴᠢᠳᠠᠪᠤᠷᠢ ᠶᠢ ᠢᠯᠡᠳᠲᠡ ᠰᠠᠶᠢᠵᠢᠷᠠᠭᠤᠯᠵᠤ᠂ ᠬᠦᠨᠳᠦ ᠲᠡᠮᠦᠷ ᠵᠠᠮ ᠪᠠ ᠵᠢᠵᠢᠭ ᠮᠤᠷᠤᠢ ᠱᠤᠭᠤᠮ ᠤᠨ ᠵᠠᠮ ᠤᠨ ᠬᠡᠰᠡᠭ ᠲᠤ ᠠᠳᠠᠯᠢ ᠲᠦᠷᠦᠯ ᠤᠨ ᠦᠢᠯᠡᠳᠬᠦᠨ ᠲᠠᠢ | ᠠᠳᠠᠯᠢᠳᠬᠠᠪᠠᠯ ᠨᠡᠩ ᠰᠢᠯᠢᠳᠡᠭ ᠴᠢᠳᠠᠪᠬᠢ ᠲᠠᠢ ᠶᠤᠮ᠃ | ᠰᠢᠨ᠎ᠡ ᠵᠠᠭᠤᠨ ᠠᠴᠠ ᠨᠠᠭᠠᠰᠢ᠂ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠵᠢᠮ ᠨᠢᠷᠤᠭᠤ ᠶᠢᠨ ᠦᠢᠯᠡᠳᠪᠦᠷᠢ ᠤᠷᠢᠳ ᠬᠤᠵᠢᠳ 1 ᠳ᠋ᠦ᠋ᠭᠡᠷ ᠨᠣᠮᠧᠷᠲᠤ ᠳᠤᠮᠳᠠ | ᠬᠡᠯᠪᠡᠷᠢ ᠶᠢᠨ ᠪᠦᠷᠢᠨ ᠴᠢᠳᠠᠪᠤᠷᠢᠲᠤ ᠪᠤᠯᠤᠳ ᠬᠡᠪᠰᠢᠭᠦᠯᠬᠦ ᠦᠢᠯᠡᠳᠪᠦᠷᠢᠯᠡᠯ ᠤᠨ ᠱᠤᠭᠤᠮ ᠪᠠ 2 ᠳ᠋ᠤᠭᠠᠷ ᠨᠣᠮᠧᠷᠲᠤ ᠲᠤᠮᠤ ᠬᠡᠯᠪᠡᠷᠢ ᠶᠢᠨ ᠪᠦᠷᠢᠨ ᠴᠢᠳᠠᠪᠤᠷᠢᠲᠤ ᠪᠤᠯᠤᠳ | ᠬᠡᠪᠰᠢᠭᠦᠯᠬᠦ ᠦᠢᠯᠡᠳᠪᠦᠷᠢᠯᠡᠯ ᠤᠨ ᠱᠤᠭᠤᠮ ᠵᠢᠴᠢ ᠰᠦᠯᠵᠢᠶᠡᠨ ᠳᠡᠭᠡᠷᠡᠬᠢ ᠦᠯᠡᠳᠡᠪᠦᠷᠢ ᠢᠯᠴᠢ ᠪᠠᠷ ᠬᠠᠲᠠᠭᠠᠬᠤ ᠤᠲᠠᠰᠤ ᠶᠢ ᠪᠠᠶᠢᠭᠤᠯᠵᠤ᠂ ᠨᠢᠭᠡ ᠯᠡ ᠳᠡᠭᠡᠷ᠎ᠡ ᠪᠦᠬᠦ | ᠪᠥᠮᠪᠥᠷᠴᠡᠭ ᠤᠨ ᠲᠣᠨᠣᠭᠯᠠᠯ ᠤᠨ ᠬᠢᠷᠢ ᠲᠦᠪᠰᠢᠨ ᠬᠠᠮᠤᠭ ᠤᠨ ᠥᠨᠳᠥᠷ᠂ ᠵᠢᠯ ᠳᠤ 210 ᠲᠦᠮᠡᠨ ᠲᠣᠨ ᠵᠠᠮ ᠲᠡᠮᠦᠷ ᠦᠢᠯᠡᠳᠪᠦᠷᠢᠯᠡᠬᠦ ᠦᠢᠯᠡᠳᠪᠦᠷᠢᠯᠡᠯ ᠤᠨ ᠰᠠᠭᠤᠷᠢᠨ | ᠭᠠᠵᠠᠷ ᠪᠣᠯᠵᠤ᠂ ᠤᠯᠠᠨ ︽ᠳᠡᠯᠡᠬᠡᠢ ᠶᠢᠨ ᠬᠠᠮᠤᠭ ᠤᠨ︾ ᠬᠢ ᠶᠢ ᠡᠭᠦᠳᠪᠡ᠃ 2010 ᠣᠨ ᠳᠤ᠂ ᠵᠢᠯ ᠳᠤ 136 ᠲᠦᠮᠡᠨ ᠲᠣᠨ ᠵᠠᠮ ᠲᠡᠮᠦᠷ ᠦᠢᠯᠡᠳᠪᠦᠷᠢᠯᠡᠬᠦ ᠪᠠᠷ | ᠳᠡᠯᠡᠬᠡᠢ ᠳᠤ ᠲᠡᠷᠢᠭᠦᠯᠡᠪᠡ︔ 486 ᠺᠢᠯᠤᠮᠧᠲᠷ ᠤᠨ ᠳᠡᠯᠡᠬᠡᠶ ᠶᠢᠨ ᠬᠠᠮᠤᠭ ᠤᠨ ᠬᠤᠷᠳᠤᠴᠠ ᠲᠠᠢ ᠪᠡᠭᠡᠵᠢᠩ ᠠᠴᠠ ᠱᠠᠩᠬᠠᠢ ᠬᠦᠷᠬᠦ ᠥᠨᠳᠥᠷ ᠬᠤᠷᠳᠤ ᠶᠢᠨ ᠲᠡᠮᠦᠷ ᠵᠠᠮ | ᠳᠡᠭᠡᠷ᠎ᠡ᠂ 62% ᠤᠨ ᠵᠠᠭᠤᠨ ᠮᠧᠲᠷ ᠤᠨ ᠥᠨᠳᠥᠷ ᠬᠤᠷᠳᠤ ᠶᠢᠨ ᠲᠡᠮᠦᠷ ᠵᠠᠮ ᠤᠨ ᠵᠠᠮ ᠲᠡᠮᠦᠷ ᠨᠢ ᠪᠤᠭᠤᠲᠤ ᠶᠢᠨ ᠪᠣᠯᠣᠳ ᠲᠡᠮᠦᠷ ᠠᠴᠠ ᠢᠷᠡᠪᠡ︔ ᠳᠡᠯᠡᠬᠡᠢ ᠶᠢᠨ | ᠡᠵᠡᠩᠨᠡᠯᠲᠡ ᠶᠢᠨ ᠬᠠᠮᠤᠭ ᠤᠨ ᠤᠷᠲᠤ ᠪᠡᠭᠡᠵᠢᠩ ᠠᠴᠠ ᠭᠤᠸᠠᠩᠵᠸᠦ ᠬᠦᠷᠬᠦ ᠥᠨᠳᠥᠷ ᠬᠤᠷᠳᠤ ᠶᠢᠨ ᠲᠡᠮᠦᠷ ᠵᠠᠮ ᠳᠡᠭᠡᠷ᠎ᠡ᠂ ᠪᠦᠬᠦ ᠱᠤᠭᠤᠮ ᠤᠨ ᠵᠠᠮ ᠲᠡᠮᠦᠷ ᠤᠨ ᠬᠠᠭᠠᠰ ᠨᠢ | ᠪᠤᠭᠤᠲᠤ ᠶᠢᠨ ᠪᠣᠯᠣᠳ ᠲᠡᠮᠦᠷ ᠤᠨ ᠦᠢᠯᠡᠳᠪᠦᠷᠢ ᠠᠴᠠ ᠢᠷᠡᠵᠡᠢ︔ ᠪᠦᠬᠦ ᠪᠥᠮᠪᠥᠷᠴᠡᠭ ᠤᠨ ᠳᠠᠯᠠᠢ ᠶᠢᠨ ᠲᠦᠪᠰᠢᠨ ᠠᠴᠠ ᠬᠠᠮᠤᠭ ᠤᠨ ᠥᠨᠳᠥᠷ ᠡᠷᠭᠦᠭᠳᠡᠭᠰᠡᠨ ᠲᠡᠮᠦᠷ ᠵᠠᠮ ᠤᠨ | ᠬᠥᠬᠡᠨᠠᠭᠤᠷ ᠲᠥᠪᠡᠳ ᠤᠨ ᠲᠡᠮᠦᠷ ᠵᠠᠮ ᠤᠨ 95% ᠶᠢᠨ ᠵᠠᠮ ᠲᠡᠮᠦᠷ ᠨᠢ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠠᠴᠠ ᠢᠷᠡᠵᠡᠢ ᠁ ᠬᠤᠪᠣᠷ ᠰᠢᠷᠣᠶ ᠶᠢᠨ ᠵᠠᠮ | ᠲᠡᠮᠦᠷ ᠨᠢ ᠡᠬᠡ ᠤᠯᠤᠰ ᠤᠨ ᠥᠷᠭᠡᠨ ᠠᠭᠤᠳᠠᠮ ᠨᠤᠲᠤᠭ ᠳᠡᠪᠢᠰᠬᠡᠷ ᠳᠡᠭᠡᠷ᠎ᠡ ᠶᠠᠰᠤ ᠴᠢᠨᠠᠷ ᠪᠣᠯᠤᠨ ᠬᠤᠷᠳᠤᠴᠠ ᠶᠢᠨ ᠰᠡᠳᠬᠢᠯ ᠬᠥᠳᠡᠯᠭᠡᠮ᠎ᠡ ᠬᠥᠭ ᠠᠶᠠᠰ ᠢ ᠪᠢᠴᠢᠭᠯᠡᠵᠡᠶ᠃ | ᠬᠤᠷᠢ ᠭᠠᠷᠤᠢ ᠵᠢᠯ ᠤᠨ ᠬᠤᠭᠤᠴᠠᠭᠠᠨ ᠳᠤ᠂ ᠪᠤᠭᠤᠲᠤ ᠶᠢᠨ ᠪᠣᠯᠣᠳ ᠲᠡᠮᠦᠷ ᠤᠨ ᠬᠤᠪᠣᠷ ᠰᠢᠷᠣᠢ ᠶᠢᠨ ᠪᠣᠯᠣᠳ ᠨᠢ ︽ᠪᠤᠭᠤᠲᠤ ᠶᠢᠨ ᠪᠣᠯᠤᠳ ᠲᠡᠮᠦᠷ ᠤᠨ ᠺᠤᠮᠫᠠᠨᠢ ᠶᠢᠨ | ᠦᠢᠯᠡᠳᠭᠡᠯ︾ ᠢ ᠠᠴᠢᠶᠠᠯᠠᠵᠤ ︽ᠨᠢᠭᠡ ᠪᠦᠰᠡ ᠨᠢᠭᠡ ᠵᠠᠮ︾ ᠳᠤ ᠬᠦᠷᠴᠦ ᠂ ᠵᠠᠯᠭᠠᠭ᠎ᠠ ᠪᠠᠷ ᠬᠡᠳᠦᠨ ᠠᠷᠪᠠᠨ ᠤᠯᠤᠰ ᠪᠠ ᠭᠠᠵᠠᠷ ᠣᠷᠣᠨ ᠳᠤ ᠭᠠᠷᠭᠠᠵᠤ᠂ ᠬᠠᠩᠵᠧᠦ ᠠᠴᠠ | ᠭᠢᠷᠢᠨ ᠬᠦᠷᠬᠦ ᠲᠡᠮᠦᠷ ᠵᠠᠮ ᠂ ᠵᠡᠭᠦᠨ ᠠᠹᠷᠢᠺᠠ ᠶᠢᠨ ᠤᠷᠲᠤᠳᠬᠠᠭᠰᠠᠨ ᠱᠤᠭᠤᠮ ᠂ ᠳᠤᠮᠳᠠᠳᠤ ᠯᠠᠤᠰ ᠤᠨ ᠲᠡᠮᠦᠷ ᠵᠠᠮ ᠂ ᠬᠠᠩᠭᠠᠷᠢ ᠠᠴᠠ ᠰᠧᠷᠪᠢᠶ᠎ᠠ ᠬᠦᠷᠬᠦ ᠲᠡᠮᠦᠷ ᠵᠠᠮ ᠵᠡᠷᠭᠡ | ︽ ᠨᠢᠭᠡ ᠪᠦᠰᠡ ᠨᠢᠭᠡ ᠵᠠᠮ ︾ ᠳᠠᠭᠠᠤ ᠶᠢᠨ ᠤᠯᠤᠰ ᠤᠨ ᠴᠢᠬᠤᠯᠠ ᠶᠡᠭᠡ ᠢᠨᠵᠧᠨᠧᠷᠢᠩ ᠤᠨ ᠳᠤᠮᠳᠠ ᠠᠴᠠ ︽ ᠨᠠᠷᠠ ᠰᠠᠷ᠎ᠠ ᠬᠠᠮᠲᠤ ᠪᠠᠷ ᠭᠡᠷᠡᠯᠳᠤᠬᠦ ︾ ᠪᠡᠯᠭᠡ ᠲᠡᠮᠳᠡᠭ ᠤᠨ | ᠭᠡᠷᠡᠯ ᠭᠢᠯᠪᠠᠭ᠎ᠠ ᠶᠢ ᠣᠯᠵᠤ ᠬᠠᠷᠠᠨ᠎ᠠ ᠃ | ᠣᠳᠣᠬᠠᠨ ᠳᠤ᠂ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠬᠤᠪᠢ ᠣᠷᠣᠭᠤᠯᠤᠯᠲᠠ ᠨᠢ ︽ᠴᠢᠨᠠᠷ ᠰᠠᠶᠢᠲᠠᠢ ᠰᠣᠳᠣᠨ ᠪᠤᠯᠤᠳ + ᠰᠢᠷᠢᠰ ᠬᠤᠪᠣᠷ ᠰᠢᠷᠣᠢ ᠶᠢᠨ | ᠪᠤᠯᠤᠳ ︾ ᠢ ᠦᠢᠯᠡᠳᠬᠦᠨ ᠤ ᠪᠦᠲᠦᠴᠡ ᠶᠢᠨ ᠲᠤᠬᠢᠷᠠᠭᠤᠯᠤᠯᠳᠠ ᠶᠢᠨ ᠪᠠᠶᠢᠯᠳᠤᠬᠤ ᠪᠤᠳᠤᠯᠭ᠎ᠠ ᠶᠢᠨ ᠴᠢᠭᠯᠡᠯ ᠪᠣᠯᠭᠠᠵᠤ᠂ ᠬᠤᠪᠣᠷ ᠰᠢᠷᠣᠢ ᠶᠢᠨ ᠪᠤᠯᠤᠳ ᠤᠨ ᠦᠢᠯᠡᠳᠬᠦᠨ ᠤ | ︽ᠳᠡᠭᠡᠳᠦ ᠲᠡᠰᠵᠢᠯᠳᠠ᠂ ᠰᠢᠷᠢᠰᠵᠢᠯᠳᠠ᠂ ᠪᠠᠷᠢᠮᠵᠢᠶᠠᠵᠢᠭᠤᠯᠤᠯᠳᠠ︾ ᠶᠢ ᠪᠡᠶᠡᠯᠡᠭᠦᠯᠬᠦ ᠶᠢ ᠠᠬᠢᠭᠤᠯᠵᠤ ᠪᠠᠶᠢᠨ᠎ᠠ᠃ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠬᠤᠪᠣᠷ | ᠰᠢᠷᠣᠢ ᠶᠢᠨ ᠪᠤᠯᠤᠳ ᠬᠦᠰᠡᠯ ᠵᠡᠭᠦᠳᠦ ᠪᠠᠨ ᠦᠷᠭᠦᠯᠵᠢᠯᠡᠨ ᠠᠴᠢᠶᠠᠯᠠᠵᠤ᠂ ᠵᠣᠯ ᠵᠢᠷᠭᠠᠯᠲᠤ ᠰᠠᠷᠠᠭᠤᠯ ᠳᠠᠷᠳᠠᠩ ᠵᠠᠮ ᠢ ᠳᠡᠪᠢᠰᠦᠨ᠎ᠡ᠃ | |