ᠦᠨᠡᠨᠴᠢ ᠢᠲᠡᠭᠡᠮᠵᠢᠲᠡᠢ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠢ ᠪᠠᠶᠢᠭᠤᠯᠬᠤ — ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ︕ ᠳᠤᠮᠳᠠᠳᠤ ᠤᠯᠤᠰ ᠤᠨ ᠤᠮᠠᠷᠠᠲᠤ ᠶᠢᠨ ᠬᠤᠪᠣᠷ ᠰᠢᠷᠣᠶ ᠶᠢᠨ ᠲᠣᠭᠲᠠᠭᠠᠯ ᠳᠤ ᠨᠡᠶᠢᠴᠡᠬᠦ ᠬᠠᠮᠢᠶᠠᠷᠤᠯᠲᠠ ᠶᠢᠨ ᠲᠣᠭᠲᠠᠯᠴᠠᠭ᠎ᠠ ᠨᠢ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠬᠤᠤᠰ ᠭᠡᠷᠡᠴᠢᠯᠡᠯ ᠢ ᠬᠦᠷᠲᠡᠪᠡ
ᠨᠡᠶᠢᠲᠡᠯᠡᠭᠰᠡᠨ ᠴᠠᠭ᠄
2024/11/12
    ᠣᠶᠢᠷ᠎ᠠ ᠳᠤ᠂ ᠤᠮᠠᠷᠠᠲᠤ ᠶᠢᠨ ᠬᠤᠪᠣᠷ ᠰᠢᠷᠣᠶ ᠶᠢᠨ ᠲᠣᠭᠲᠠᠭᠠᠯ ᠳᠤ ᠨᠡᠶᠢᠴᠡᠬᠦ ᠬᠠᠮᠢᠶᠠᠷᠤᠯᠲᠠ ᠶᠢᠨ ᠲᠣᠭᠲᠠᠯᠴᠠᠭ᠎ᠠ ᠨᠢ ISO37301: 2021 ᠪᠠ GB/T35770 - 2022 ᠳᠡᠯᠡᠬᠡᠶ ᠶᠢᠨ ᠪᠠ ᠤᠯᠤᠰ ᠤᠨ ᠳᠣᠲᠣᠭᠠᠳᠤ ᠶᠢᠨ ︽ᠬᠤᠤᠰ ᠪᠠᠷᠢᠮᠵᠢᠶ᠎ᠠ︾ ᠶᠢᠨ ᠭᠡᠷᠡᠴᠢᠯᠡᠯ ᠤᠨ ᠬᠢᠨᠠᠨ ᠲᠣᠭᠲᠠᠭᠠᠯᠲᠠ ᠶᠢ ᠠᠮᠵᠢᠯᠲᠠ ᠲᠠᠢ ᠦᠩᠭᠡᠷᠡᠭᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠲᠣᠭᠲᠠᠭᠠᠯ ᠳᠤ ᠨᠡᠶᠢᠴᠡᠬᠦ ᠬᠠᠮᠢᠶᠠᠷᠤᠯᠲᠠ ᠶᠢᠨ ᠲᠣᠭᠲᠠᠯᠴᠠᠭ᠎ᠠ ᠶᠢᠨ ᠬᠤᠤᠰ ᠭᠡᠷᠡᠴᠢᠯᠡᠯ ᠢ ᠭᠥᠷᠳᠡᠭᠰᠡᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠣᠯᠪᠠ᠃    ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ᠂ ᠤᠯᠠᠨ ᠤᠯᠤᠰ ᠤᠨ ᠨᠡᠶᠢᠳᠡᠮ ᠬᠡᠷᠡᠭᠯᠡᠬᠦ ᠲᠦᠷᠢᠮ ᠲᠠᠢ ᠵᠣᠯᠭᠠᠭᠤᠯᠬᠤ ᠲᠣᠭᠲᠠᠭᠠᠯ ᠳᠤ ᠨᠡᠶᠢᠴᠡᠬᠦ ᠲᠣᠭᠲᠠᠴᠠ ᠶᠢ ᠪᠠᠶᠢᠭᠤᠯᠤᠨ᠎ᠠ᠃ ᠲᠣᠭᠲᠠᠭᠠᠯ ᠳᠤ ᠨᠡᠶᠢᠴᠡᠬᠦ ᠬᠠᠮᠢᠶᠠᠷᠤᠯᠲᠠ ᠶᠢ ᠠᠵᠤ ᠠᠬᠤᠶᠢᠯᠠᠯ ᠤᠨ ᠪᠠᠶᠢᠯᠳᠤᠬᠤ ᠪᠣᠳᠣᠯᠭ᠎ᠠ ᠶᠢᠨ ᠬᠠᠮᠢᠶᠠᠷᠤᠯᠲᠠ ᠳᠤ ᠣᠷᠣᠭᠤᠯᠬᠤ ᠪᠣᠯ ᠳᠠᠷᠤᠶ ᠲᠣᠭᠲᠠᠭᠠᠯ ᠳᠤ ᠨᠡᠶᠢᠴᠡᠬᠦ ᠬᠠᠮᠢᠶᠠᠷᠤᠯᠲᠠ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠬᠤ ᠶᠠᠪᠤᠳᠠᠯ ᠪᠣᠯᠤᠨ᠎ᠠ᠃ ᠳᠡᠯᠡᠬᠡᠶᠢᠴᠢᠯᠡᠭᠰᠡᠨ ᠬᠤᠳᠠᠯᠳᠤᠭᠠᠨ ᠤ ᠣᠷᠴᠢᠨ ᠲᠣᠭᠤᠷᠢᠨ ᠳᠤ ᠲᠣᠭᠲᠠᠭᠠᠯ ᠳᠤ ᠨᠡᠶᠢᠴᠡᠭᠦᠯᠬᠦ ᠪᠣᠯ ᠠᠵᠤ ᠠᠬᠤᠶᠢᠯᠠᠯ ᠤᠨ ᠳᠦᠷᠢᠮ ᠢ ᠵᠢᠷᠤᠮᠯᠠᠨ ᠬᠠᠤᠯᠢ ᠶᠢ ᠰᠠᠬᠢᠬᠤ ᠪᠠ ᠥᠪᠡᠷ ᠢ ᠪᠠᠨ ᠬᠢᠵᠠᠭᠠᠷᠯᠠᠬᠤ ᠶᠢᠨ ᠱᠠᠭᠠᠷᠳᠠᠯᠭ᠎ᠠ ᠮᠥᠨ᠂ ᠲᠣᠭᠲᠠᠭᠠᠯ ᠳᠤ ᠨᠡᠶᠢᠴᠡᠬᠦ ᠬᠠᠮᠢᠶᠠᠷᠤᠯᠲᠠ ᠪᠣᠯ ᠲᠣᠭᠲᠠᠭᠠᠯ ᠳᠤ ᠨᠡᠶᠢᠴᠡᠬᠦ ᠬᠠᠷᠠᠯᠲᠠ ᠶᠢ ᠪᠡᠶᠡᠯᠡᠭᠦᠯᠬᠦ ᠶᠢᠨ ᠭᠠᠷᠳᠠᠴᠠ ᠪᠠ ᠪᠠᠭᠠᠵᠢ ᠮᠥᠨ᠃ ᠲᠣᠭᠲᠠᠭᠠᠯ ᠳᠤ ᠨᠡᠶᠢᠴᠡᠬᠦ ᠬᠠᠮᠢᠶᠠᠷᠤᠯᠲᠠ ᠶᠢᠨ ᠪᠦᠳᠦᠮᠵᠢᠳᠤ ᠴᠢᠨᠠᠷ ᠨᠢ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠬᠢᠭᠡᠳ ᠦᠷᠭᠦᠯᠵᠢᠯᠡᠬᠦᠶᠢᠴᠡ ᠬᠥᠭᠵᠢᠯᠲᠡ ᠶᠢᠨ ᠴᠢᠳᠠᠪᠤᠷᠢ ᠯᠤᠭ᠎ᠠ ᠰᠢᠭᠤᠳ ᠬᠤᠯᠪᠣᠭᠳᠠᠵᠤ᠂ ᠲᠣᠭᠲᠠᠭᠠᠯ ᠳᠤ ᠨᠡᠶᠢᠴᠡᠬᠦ ᠬᠠᠮᠢᠶᠠᠷᠤᠯᠲᠠ ᠨᠢ ᠭᠠᠳᠠᠭᠠᠳᠤ ᠬᠢᠨᠠᠯᠲᠠ ᠬᠠᠮᠢᠶᠠᠷᠤᠯᠲᠠ ᠶᠢ ᠠᠷᠭᠠᠴᠠᠬᠤ ᠶᠢᠨ ᠴᠢᠬᠤᠯᠠ ᠪᠦᠬᠦᠢ ᠠᠷᠭ᠎ᠠ ᠬᠡᠮᠵᠢᠶ᠎ᠡ ᠪᠣᠯᠬᠤ ᠪᠠᠷ ᠪᠠᠷᠠᠬᠤ ᠦᠭᠡᠢ᠂ ᠨᠡᠩ ᠴᠤ ᠠᠵᠤ ᠠᠬᠤᠶᠢᠯᠠᠯ ᠤᠨ ᠳᠣᠲᠣᠭᠠᠳᠤ ᠶᠢᠨ ᠥᠪᠡᠷ ᠢ ᠪᠠᠨ ᠳᠡᠭᠡᠭᠰᠢᠯᠡᠭᠦᠯᠬᠦ᠂ ᠬᠠᠮᠢᠶᠠᠷᠤᠯᠲᠠ ᠶᠢ ᠰᠢᠯᠢᠳᠡᠭᠵᠢᠭᠦᠯᠬᠦ ᠴᠢᠬᠤᠯᠠ ᠠᠷᠭ᠎ᠠ ᠪᠠᠷᠢᠯ ᠪᠣᠯᠣᠨ᠎ᠠ᠃ ᠤᠮᠠᠷᠠᠲᠤ ᠶᠢᠨ ᠬᠤᠪᠣᠷ ᠰᠢᠷᠣᠶ ᠶᠢᠨ ᠲᠣᠭᠲᠠᠭᠠᠯ ᠳᠤ ᠨᠡᠶᠢᠴᠡᠬᠦ ᠬᠠᠮᠢᠶᠠᠷᠤᠯᠲᠠ ᠶᠢᠨ ᠲᠤᠭᠲᠠᠯᠴᠠᠭ᠎ᠠ ᠨᠢ ᠳᠡᠯᠡᠬᠡᠶ ᠶᠢᠨ ᠪᠠ ᠤᠯᠤᠰ ᠤᠨ ᠳᠣᠲᠣᠭᠠᠳᠤ ᠶᠢᠨ ᠬᠤᠤᠰ ᠭᠡᠷᠡᠴᠢᠯᠡᠯ ᠢ ᠬᠦᠷᠲᠡᠭᠰᠡᠨ ᠨᠢ᠂ ᠳᠡᠯᠡᠬᠡᠶ ᠶᠢᠨ ᠲᠡᠷᠢᠭᠦᠨ ᠤ ᠬᠤᠪᠣᠷ ᠰᠢᠷᠣᠶ ᠶᠢᠨ ᠳᠠᠭᠠᠭᠤᠯᠤᠭᠴᠢ ᠠᠵᠤ ᠠᠬᠤᠶᠢᠯᠠᠯ ᠢ ᠪᠣᠶ ᠪᠣᠯᠭᠠᠬᠤ ᠬᠦᠰᠡᠯ ᠡᠷᠡᠮᠡᠯᠵᠡᠯ ᠤᠨ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠂ ᠠᠵᠤ ᠠᠬᠤᠶᠢᠯᠠᠯ ᠤᠨ ᠪᠠᠶᠢᠯᠳᠤᠬᠤ ᠪᠣᠳᠣᠯᠭ᠎ᠠ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠤᠷᠤᠭᠰᠢᠲᠠᠶ ᠪᠡᠶᠡᠯᠡᠭᠦᠯᠬᠦ ᠳᠤ ᠠᠰᠢᠭᠲᠠᠶ ᠶᠤᠮ ᠭᠡᠵᠦ ᠵᠢᠭᠠᠵᠤ ᠭᠠᠷᠭᠠᠪᠠ᠃    ᠲᠣᠰ ᠤᠳᠠᠭᠠᠨ ᠤ ᠲᠣᠭᠲᠠᠭᠠᠯ ᠳᠤ ᠨᠡᠶᠢᠴᠡᠬᠦ ᠭᠡᠷᠡᠴᠢᠯᠡᠭᠡ ᠨᠢ ᠤᠮᠠᠷᠠᠲᠤ ᠶᠢᠨ ᠬᠤᠪᠣᠷ ᠰᠢᠷᠣᠶ ᠶᠢᠨ ᠭᠤᠤᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠢ ᠬᠠᠮᠤᠷᠴᠤ᠂ ᠲᠤᠬᠠᠶᠢᠯᠠᠪᠠᠯ ᠬᠤᠪᠣᠷ ᠰᠢᠷᠣᠶ ᠶᠢᠨ ᠦᠢᠯᠡᠳᠭᠦᠨ ᠢ ᠦᠢᠯᠡᠳᠪᠦᠷᠢᠯᠡᠬᠦ ᠪᠠ ᠪᠣᠷᠣᠯᠠᠭᠤᠯᠬᠤ ᠶᠠᠪᠤᠴᠠ ᠶᠢᠨ ᠬᠠᠮᠢᠶ᠎ᠠ ᠪᠥᠬᠦᠶ ᠲᠣᠭᠲᠠᠭᠠᠯ ᠳᠤ ᠨᠡᠶᠢᠴᠡᠬᠦ ᠬᠠᠮᠢᠶᠠᠷᠤᠯᠲᠠ ᠪᠣᠯᠤᠨ᠎ᠠ᠃ ᠲᠣᠭᠲᠠᠭᠠᠯ ᠳᠤ ᠨᠡᠶᠢᠴᠡᠬᠦ ᠬᠠᠮᠢᠶᠠᠷᠤᠯᠲᠠ ᠶᠢᠨ ᠲᠣᠭᠲᠠᠯᠴᠠᠭ᠎ᠠ ᠶᠢ ᠪᠠᠶᠢᠭᠤᠯᠤᠨ ᠪᠥᠷᠢᠨᠰᠢᠭᠦᠯᠵᠦ᠂ ᠭᠡᠷᠡᠴᠢᠯᠡᠯ ᠢ ᠤᠷᠤᠭᠰᠢᠲᠠᠢ ᠪᠡᠶᠡᠯᠡᠭᠦᠯᠬᠦ ᠶᠢᠨ ᠲᠥᠯᠦᠭᠡ᠂ ᠤᠮᠠᠷᠠᠲᠤ ᠶᠢᠨ ᠬᠤᠪᠣᠷ ᠰᠢᠷᠣᠢ ︽ᠲᠣᠭᠲᠠᠭᠠᠯ ᠳᠤ ᠨᠡᠶᠢᠴᠡᠬᠦ ᠬᠠᠮᠢᠶᠠᠷᠤᠯᠲᠠ ᠶᠢᠨ ᠳᠦᠷᠢᠮ ᠤᠨ ᠡᠮᠬᠢᠳᠬᠡᠯ︾ ᠢ ᠨᠠᠶᠢᠷᠠᠭᠤᠯᠤᠨ ᠵᠣᠬᠢᠶᠠᠵᠤ᠂ ᠲᠣᠭᠲᠠᠭᠠᠯ ᠳᠤ ᠨᠡᠶᠢᠴᠡᠬᠦ ᠬᠠᠮᠢᠶᠠᠷᠤᠯᠲᠠ ᠶᠢᠨ ᠳᠥᠷᠪᠡᠨ ᠵᠦᠢᠯ ᠤᠨ ᠨᠠᠷᠢᠨ ᠬᠠᠭᠤᠳᠠᠰᠤ ᠶᠢ ᠲᠡᠭᠦᠯᠳᠡᠷᠵᠢᠭᠦᠯᠵᠦ᠂ ᠲᠣᠭᠲᠠᠭᠠᠯ ᠳᠤ ᠨᠡᠶᠢᠴᠡᠬᠦ ᠡᠮᠴᠢᠯᠡᠭᠡ ᠶᠢᠨ ᠮᠡᠳᠡᠭᠦᠯᠦᠯᠲᠡ᠂ ᠳᠣᠲᠣᠭᠠᠳᠤ ᠶᠢᠨ ᠰᠢᠭᠦᠯᠲᠡ ᠵᠢᠴᠢ ᠭᠠᠳᠠᠭᠠᠳᠤ ᠰᠢᠭᠦᠯᠲᠡ ᠳᠤ ᠳᠤᠷᠠᠳᠤᠭᠰᠠᠨ ᠡᠯ᠎ᠡ ᠵᠦᠢᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠳᠠᠭᠤᠰᠬᠠᠪᠠ᠃ ᠭᠡᠷᠡᠴᠢᠯᠡᠯ ᠬᠦᠷᠲᠡᠬᠦ ᠨᠢ ᠤᠮᠠᠷᠠᠲᠤ ᠶᠢᠨ ᠬᠤᠪᠣᠷ ᠰᠢᠷᠣᠶ ᠶᠢᠨ ᠥᠨᠳᠥᠷ ᠪᠦᠲᠦᠮᠵᠢᠲᠡᠶ ᠲᠣᠭᠲᠠᠭᠠᠯ ᠳᠤ ᠨᠡᠶᠢᠴᠡᠬᠦ ᠬᠠᠮᠢᠶᠠᠷᠤᠯᠲᠠ ᠶᠢᠨ ᠲᠣᠭᠲᠠᠯᠴᠠᠭ᠎ᠠ ᠶᠢ ᠪᠠᠶᠢᠭᠤᠯᠬᠤ ᠪᠠᠷ ᠬᠦᠴᠦᠯᠡᠨ ᠴᠢᠷᠮᠠᠶᠢᠵᠦ ᠪᠠᠶᠢᠭ᠎ᠠ ᠶᠠᠪᠤᠳᠠᠯ ᠪᠣᠯᠬᠤ ᠪᠠᠷ ᠪᠠᠷᠠᠬᠤ ᠥᠬᠡᠶ ᠪᠠᠰᠠ ᠠᠵᠤ ᠠᠬᠤᠶᠢᠯᠠᠯ ᠤᠨ ᠭᠠᠷᠮᠠᠭᠠᠶ ᠪᠠᠶᠢᠬᠤ ᠪᠠ ᠦᠷᠭᠦᠯᠵᠢᠯᠡᠨ ᠰᠠᠶᠢᠵᠢᠷᠠᠭᠤᠯᠬᠤ ᠶᠢ ᠬᠥᠭᠡᠭᠡᠴᠡᠯᠳᠦᠬᠦ ᠡᠷᠡᠰ ᠵᠣᠷᠢᠭ ᠢ ᠢᠯᠡᠷᠡᠭᠦᠯᠪᠡ᠃    ᠤᠮᠠᠷᠠᠲᠤ ᠣᠷᠣᠨ ᠤ ᠬᠤᠪᠣᠷ ᠰᠢᠷᠣᠶ ᠶᠢᠨ ᠬᠢᠨ ᠲᠣᠭᠲᠠᠭᠠᠯ ᠳᠤ ᠨᠡᠶᠢᠴᠡᠬᠦ ᠬᠠᠮᠢᠶᠠᠷᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠣᠭᠲᠠᠭᠠᠯ ᠳᠤ ᠨᠡᠶᠢᠴᠡᠬᠦ ᠬᠠᠮᠢᠶᠠᠷᠤᠯᠲᠠ ᠶᠢᠨ ᠪᠠᠶᠢᠭᠤᠯᠤᠯᠲᠠ ᠶᠢ ᠠᠬᠢᠭᠤᠯᠬᠤ ᠶᠢ ᠨᠢᠭᠡ ᠵᠦᠢᠯ ᠤᠨ ᠰᠠᠭᠤᠷᠢ ᠡᠭᠦᠷᠭᠡ ᠪᠣᠯᠭᠠᠬᠤ ᠶᠢ ᠢᠮᠠᠭᠲᠠ ᠪᠠᠷᠢᠮᠲᠠᠯᠠᠵᠤ᠂ ESG ᠠᠬᠤᠶ ᠪᠠᠶᠢᠳᠠᠯ ᠳᠣᠤᠷᠠᠬᠢ ᠬᠤᠪᠣᠷ ᠰᠢᠷᠣᠶ ᠶᠢᠨ ᠠᠵᠤ ᠦᠢᠯᠡᠰ ᠤᠨ ᠲᠣᠭᠲᠠᠭᠠᠯ ᠳᠤ ᠨᠡᠶᠢᠴᠡᠬᠦ ᠬᠠᠮᠢᠶᠠᠷᠤᠯᠲᠠ ᠶᠢᠨ ᠲᠣᠭᠲᠠᠯᠴᠠᠭ᠎ᠠ ᠶᠢ ᠢᠳᠡᠪᠬᠢᠲᠡᠶ ᠪᠠᠶᠢᠭᠤᠯᠤᠨ ᠲᠡᠭᠦᠯᠳᠡᠷᠵᠢᠭᠦᠯᠦᠨ᠎ᠡ᠃ 2023 ᠣᠨ ᠤ ESG ᠮᠡᠳᠡᠭᠦᠯᠦᠯᠲᠡ ᠶᠢ ᠨᠡᠶᠢᠲᠡᠯᠡᠭᠰᠡᠨ ᠤ ᠳᠠᠷᠠᠭ᠎ᠠ᠂ ᠤᠮᠠᠷᠠᠲᠤ ᠶᠢᠨ ᠬᠤᠪᠣᠷ ᠰᠢᠷᠣᠢ ᠨᠢ ᠲᠡᠮᠦᠷᠯᠢᠭ᠂ ᠲᠡᠮᠦᠷᠯᠢᠭ ᠪᠤᠰᠤ ᠵᠢᠴᠢ ᠠᠭᠤᠷᠬᠠᠶ ᠮᠠᠯᠲᠠᠬᠤ ᠠᠵᠢᠯ ᠲᠥᠷᠥᠯ ᠤᠨ ᠨᠡᠷᠡᠰ ᠤᠨ ᠵᠢᠭᠰᠠᠭᠠᠯᠲᠠ ᠳᠤ 8 ᠨᠡᠷ᠎ᠡ ᠳᠡᠭᠡᠭᠰᠢᠯᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 55 ᠨᠡᠷ᠎ᠡ ᠳᠡᠭᠡᠭᠰᠢᠯᠡᠪᠡ︔ 2024 ᠣᠨ ᠳᠤ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠴᠢᠨᠠᠷ ᠰᠠᠶᠢᠲᠠᠢ ᠬᠥᠭᠵᠢᠯᠲᠡ ᠶᠢᠨ ᠶᠠᠷᠢᠶᠠᠨ ᠤ ᠲᠠᠪᠴᠠᠩ ᠵᠢᠴᠢ ᠬᠤᠷᠢᠨ ᠵᠢᠷᠭᠤᠳᠤᠭᠠᠷ ᠬᠤᠭᠤᠴᠠᠭᠠᠨ ᠤ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠠᠯᠲᠠᠨ ᠦᠬᠡᠷ ᠤᠨ ᠱᠠᠩᠨᠠᠯ ᠣᠯᠭᠤᠬᠤ ᠶᠣᠰᠣᠯᠠᠯ ᠳᠡᠭᠡᠷ᠎ᠡ᠂ ᠤᠮᠠᠷᠠᠲᠤ ᠶᠢᠨ ᠬᠤᠪᠣᠷ ᠰᠢᠷᠣᠢ ᠶᠢᠨ ᠬᠢᠨ ᠮᠡᠳᠡᠭᠡ ᠵᠠᠩᠭᠢ ᠶᠢ ᠨᠡᠶᠢᠲᠡᠯᠡᠬᠦ᠂ ᠪᠠᠯᠠ ᠣᠷᠣᠭᠤᠯᠤᠭᠴᠢ ᠶᠢᠨ ᠬᠠᠷᠢᠴᠠᠭ᠎ᠠ ᠶᠢᠨ ᠬᠠᠮᠢᠶᠠᠷᠤᠯᠲᠠ ᠵᠡᠷᠭᠡ ᠲᠠᠯ᠎ᠠ ᠶᠢᠨ ᠰᠢᠯᠢᠳᠡᠭ ᠢᠯᠡᠷᠡᠯ ᠢᠶᠠᠷ ᠢᠶᠠᠨ ︽2023 ᠣᠨ ᠤ ᠠᠯᠲᠠᠨ ᠢᠲᠡᠭᠡᠮᠵᠢ ᠶᠢᠨ ᠥᠪᠴᠢ ᠱᠠᠩᠨᠠᠯ︾ ᠢ ᠭᠥᠷᠳᠡᠪᠡ᠃ ᠲᠠᠷᠠᠭᠠᠴᠢ ᠶᠢᠨ ᠠᠯᠬᠤᠮ ᠳᠤ᠂ ᠤᠮᠠᠷᠠᠲᠤ ᠶᠢᠨ ᠬᠤᠪᠣᠷ ᠰᠢᠷᠣᠶ ᠶᠢᠨ ᠬᠢᠨ ᠲᠣᠭᠲᠠᠭᠠᠯ ᠳᠤ ᠨᠡᠶᠢᠴᠡᠬᠦ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠲᠣᠭᠲᠠᠭᠠᠯ ᠳᠤ ᠨᠡᠶᠢᠴᠡᠬᠦ ᠬᠠᠮᠢᠶᠠᠷᠤᠯᠲᠠ ᠶᠢᠨ ᠠᠵᠢᠯ ᠢ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ︽ᠬᠤᠶᠠᠷ ᠬᠤᠪᠣᠷ ᠰᠢᠷᠣᠶ ᠶᠢᠨ ᠰᠠᠭᠤᠷᠢᠨ ᠭᠠᠵᠠᠷ︾ ᠤᠨ ᠪᠥᠲᠥᠭᠡᠨ ᠪᠠᠶᠢᠭᠤᠯᠤᠯᠲᠠ ᠶᠢᠨ ᠭᠤᠤᠯ ᠬᠦᠴᠦᠨ  ᠳᠤ ᠬᠦᠴᠦᠨ ᠨᠡᠮᠡᠷᠢᠯᠡᠨ᠎ᠡ᠃ 
ᠢᠷᠡᠯᠲᠡ᠄ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠰᠣᠨᠢᠨ ᠮᠡᠳᠡᠭᠡᠨ ᠤ ᠲᠥᠪ