ᠪᠤᠭᠤᠲᠤ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠪᠠᠷᠢᠮᠵᠢᠶ᠎ᠠ ᠪᠠᠨ ᠳᠡᠭᠡᠭᠰᠢᠯᠡᠬᠦᠯᠬᠦ ᠦᠷ᠎ᠡ ᠪᠦᠲᠦᠮᠵᠢ ᠪᠠᠨ ᠳᠡᠭᠡᠭᠰᠢᠯᠡᠬᠦᠯᠬᠦ ᠶᠠᠰᠤ ᠴᠢᠨᠠᠷ ᠢᠶᠠᠨ ᠳᠡᠭᠡᠭᠰᠢᠯᠡᠬᠦᠯᠬᠦ ᠶᠢ ᠠᠬᠢᠭᠤᠯᠬᠤ ᠲᠤᠰᠬᠠᠶ ᠰᠡᠳᠦᠪᠲᠦ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠪᠠ
ᠨᠡᠶᠢᠲᠡᠯᠡᠭᠰᠡᠨ ᠴᠠᠭ᠄
2024/11/13
    ᠪᠤᠭᠤᠲᠤ ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠪᠤᠭᠤᠲᠤ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ︽ᠰᠢᠢᠳᠪᠦᠷᠢᠯᠡᠭᠳᠡᠬᠦᠢ ᠰᠡᠳᠬᠢᠬᠦᠢ ᠶᠢ ᠪᠤᠢ ᠪᠣᠯᠭᠠᠵᠤ᠂ ᠠᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠵᠦ᠂ ᠲᠡᠷᠢᠭᠦᠨ ᠤ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ︾ ᠲᠤᠰᠬᠠᠶ ᠰᠡᠳᠦᠪᠲᠦ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠲᠣᠪᠴᠢᠶ᠎ᠠ ᠳᠠᠶᠠᠭᠠᠷ ᠢᠶᠠᠷ ᠢᠶᠠᠨ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠵᠣᠷᠢᠭ ᠰᠠᠨᠠᠭ᠎ᠠ ᠪᠠᠨ ᠬᠥᠪᠴᠢᠯᠡᠨ᠂ ᠪᠤᠭᠤᠲᠤ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠶᠢᠨ ᠭᠤᠤᠯ ᠬᠦᠴᠦᠨ ᠴᠡᠷᠢᠭ᠂ ᠬᠤᠰᠢᠭᠤᠴᠢ ᠴᠡᠷᠢᠭ ᠪᠣᠯᠤᠭᠰᠠᠨ ᠤ ᠬᠤᠪᠢ ᠳᠤ ᠡᠭᠦᠷᠭᠡᠯᠡᠵᠦ ᠪᠠᠶᠢᠭ᠎ᠠ ᠴᠢᠬᠤᠯᠠ ᠡᠭᠦᠷᠭᠡ ᠬᠠᠷᠢᠭᠤᠴᠠᠯᠭ᠎ᠠ ᠪᠠᠨ ᠭᠦᠨᠵᠡᠭᠡᠶ ᠲᠠᠨᠢᠵᠤ᠂ ᠬᠦᠴᠦᠨ ᠢᠶᠠᠨ ᠲᠥᠪᠯᠡᠷᠡᠭᠦᠯᠦᠨ ᠬᠠᠮᠤᠭ ᠤᠨ ᠤᠷᠤᠭᠰᠢᠯᠠᠨ ᠳᠠᠪᠰᠢᠬᠤ ᠰᠡᠳᠬᠢᠯ ᠲᠠᠢ᠂ ᠬᠠᠮᠤᠭ ᠤᠨ ᠳᠠᠶᠢᠴᠢᠨ ᠬᠦᠴᠦᠨ ᠲᠠᠢ ᠰᠤᠷᠤᠯᠴᠠᠬᠤ ᠬᠡᠯᠪᠡᠷᠢ ᠶᠢᠨ ᠰᠢᠨ᠎ᠡ ᠶᠢ ᠡᠭᠦᠳᠬᠦ ᠬᠡᠯᠪᠡᠷᠢ ᠶᠢᠨ ᠪᠠᠶᠢᠭᠤᠯᠭ᠎ᠠ ᠶᠢ ᠪᠠᠶᠢᠭᠤᠯᠵᠤ᠂ ᠣᠨᠣᠯ ᠢᠶᠠᠷ ᠵᠡᠪᠰᠡᠭᠯᠡᠬᠦ ᠶᠢ ᠴᠢᠩᠭᠠᠳᠬᠠᠨ᠂ ᠰᠤᠷᠤᠯᠴᠠᠯᠭ᠎ᠠ ᠶᠢᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠰᠤᠷᠴᠤ ᠬᠡᠷᠡᠭᠯᠡᠬᠦ ᠶᠢ ᠤᠶᠠᠯᠳᠤᠭᠤᠯᠬᠤ ᠶᠢ ᠠᠬᠢᠭᠤᠯᠵᠤ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠡᠯ᠎ᠡ ᠵᠦᠢᠯ ᠤᠨ ᠠᠵᠢᠯ ᠤᠨ ᠪᠠᠷᠢᠮᠵᠢᠶ᠎ᠠ ᠪᠠᠨ ᠳᠠᠬᠢᠨᠳᠡᠭᠡᠭᠰᠢᠯᠡᠭᠦᠯᠵᠦ᠂ ᠦᠷ᠎ᠡ ᠪᠦᠲᠦᠮᠵᠢ ᠪᠠᠨ ᠳᠠᠬᠢᠨ ᠳᠡᠭᠡᠭᠰᠢᠯᠡᠭᠦᠯᠵᠦ᠂ ᠶᠠᠰᠤ ᠴᠢᠨᠠᠷ ᠢᠶᠠᠨ ᠳᠠᠬᠢᠨ ᠳᠡᠭᠡᠭᠰᠢᠯᠡᠭᠦᠯᠬᠦ ᠶᠢ ᠳᠥᠯᠭᠢᠨ ᠠᠬᠢᠭᠤᠯᠪᠠ᠃    ︽ᠰᠢᠢᠳᠪᠦᠷᠢᠯᠡᠭᠳᠡᠬᠦᠢ ᠰᠡᠳᠬᠢᠬᠦᠢ︾ ᠶᠢ ᠳᠣᠪᠤᠶᠢᠯᠭᠠᠵᠤ ︽ᠬᠤᠶᠠᠷ ᠬᠤᠪᠣᠷ ᠰᠢᠷᠤᠢ ᠶᠢᠨ ᠰᠠᠭᠤᠷᠢᠨ ᠭᠠᠵᠠᠷ︾ ᠤᠨ ᠪᠦᠲᠦᠭᠡᠨ ᠪᠠᠢᠭᠤᠯᠤᠯᠲᠠ ᠶᠢᠨ ᠪᠣᠳᠠᠲᠤ ᠦᠷ᠎ᠡ ᠪᠦᠲᠦᠮᠵᠢ ᠣᠯᠬᠤ ᠳᠤ ᠬᠦᠴᠦᠨ ᠨᠡᠮᠡᠷᠢᠯᠡᠨ᠎ᠡ    ᠡᠨᠡ ᠵᠢᠯ ᠠᠴᠠ ᠨᠠᠭᠠᠰᠢ᠂ ᠪᠤᠭᠤᠲᠤ ᠬᠤᠲᠠ ᠶᠢᠨ ᠬᠤᠪᠣᠷ ᠰᠢᠷᠤᠢ ᠶᠢᠨ ᠠᠵᠤ ᠦᠢᠯᠡᠰ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠲᠥᠷᠥᠯ ᠵᠦᠢᠯ ᠤᠨ ᠪᠦᠲᠦᠭᠡᠨ ᠪᠠᠢᠭᠤᠯᠤᠯᠲᠠ ᠶᠡᠭᠡ ᠠᠯᠬᠤᠮ ᠢᠶᠠᠷ ᠳᠠᠪᠠᠯᠲᠠ ᠶᠢ ᠪᠡᠶᠡᠯᠡᠭᠦᠯᠵᠦ᠂ ᠬᠤᠪᠣᠷ ᠰᠢᠷᠤᠢ ᠶᠢᠨ ᠠᠵᠤ ᠦᠢᠯᠡᠰ ᠤᠨ ᠬᠡᠯᠬᠢᠶ᠎ᠡ ᠪᠠᠨ ᠤᠷᠳᠤᠳᠬᠠᠨ ᠥᠷᠭᠡᠳᠭᠡᠵᠦ᠂ ᠠᠵᠤ ᠦᠢᠯᠡᠰ ᠤᠨ ᠠᠮᠢ ᠠᠬᠤᠢ ᠡᠳᠦᠷ ᠢᠷᠡᠬᠦᠶ᠎ᠡ ᠲᠡᠭᠦᠯᠳᠡᠷᠵᠢᠵᠦ᠂ ᠪᠤᠭᠤᠲᠤ ᠶᠢᠨ ᠬᠤᠪᠣᠷ ᠰᠢᠷᠤᠢ ᠶᠢᠨ ᠠᠵᠢᠯ ᠲᠥᠷᠥᠯ ᠤᠨ ᠳᠣᠲᠣᠷᠠᠬᠢ ᠠᠯᠳᠠᠷᠰᠢᠯ ᠪᠠ ᠨᠥᠯᠥᠭᠡᠯᠡᠬᠦ ᠬᠦᠴᠦᠨ ᠲᠠᠰᠤᠷᠠᠯᠲᠠ ᠦᠭᠡᠢ ᠳᠡᠭᠡᠭᠰᠢᠯᠡᠪᠡ᠃    ᠪᠤᠭᠤᠲᠤ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠨᠢ ᠵᠢᠯ ᠤᠨ ᠳᠣᠲᠣᠷ᠎ᠠ ᠬᠤᠪᠣᠷ ᠰᠢᠷᠣᠶ ᠶᠢᠨ ᠠᠵᠤ ᠦᠢᠯᠡᠰ ᠤᠨ ᠦᠢᠯᠡᠳᠬᠦᠨ ᠤ ᠥᠷᠲᠡᠭ ᠮᠢᠩᠭᠠᠨ ᠳ᠋ᠦᠩᠰᠢᠭᠤᠷ ᠲᠥᠭᠦᠷᠢᠭ ᠢ ᠳᠠᠪᠠᠭ᠋ᠤ ᠬᠠᠷᠠᠯᠲᠠ ᠶᠢ ᠲᠣᠭᠲᠠᠭᠠᠵᠤ᠂ ︽ᠰᠢᠢᠳᠪᠦᠷᠢᠯᠡᠭᠳᠡᠬᠦᠢ ᠰᠡᠳᠬᠢᠬᠦᠶ︾ ᠪᠠᠷ ᠲᠦᠭᠵᠢᠷᠡᠯ ᠬᠦᠴᠢᠷᠳᠡᠯ ᠢ ᠨᠡᠪᠲᠡᠷᠡᠭᠦᠯᠵᠦ᠂ ᠪᠠᠶᠢᠭᠤᠯᠵᠤ ᠪᠠᠶᠢᠭ᠎ᠠ ᠲᠥᠷᠥᠯ ᠵᠦᠢᠯ ᠢ ᠠᠯᠢ ᠲᠦᠷᠭᠡᠨ ᠢᠶᠠᠷ ᠠᠰᠢᠭᠯᠠᠯᠲᠠ ᠳᠤ ᠣᠷᠣᠭᠤᠯᠬᠤ᠂ ᠬᠡᠯᠡᠯᠴᠡᠵᠦ ᠪᠠᠶᠢᠭ᠎ᠠ ᠲᠦᠷᠦᠯ ᠵᠦᠢᠯ ᠤᠨ ᠭᠡᠷ᠎ᠡ ᠲᠣᠭᠲᠠᠨ ᠰᠠᠭᠤᠷᠢᠰᠢᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠲᠤᠯᠤᠭᠠᠶᠢᠯᠠᠭᠴᠢ ᠠᠵᠤ ᠠᠬᠤᠶᠢᠯᠠᠯ ᠢ ᠤᠷᠢᠨ ᠠᠪᠴᠢᠷᠠᠬᠤ ᠶᠢᠨ ᠬᠠᠮᠲᠤ᠂ ᠲᠦᠭᠦᠷᠵᠢᠭᠦᠯᠬᠦ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠶᠢ ᠴᠢᠬᠤᠯᠠᠴᠢᠯᠠᠵᠤ᠂ ᠲᠠᠰᠤᠷᠠᠯᠲᠠ ᠦᠭᠡᠢ ᠬᠡᠯᠬᠢᠶᠡᠰᠦ ᠪᠠᠨ ᠤᠷᠲᠤᠳᠬᠠᠨ ᠬᠡᠯᠬᠢᠶᠡᠰᠦ ᠪᠠᠨ ᠨᠥᠬᠦᠪᠥᠷᠢᠯᠡᠵᠦ ᠬᠡᠯᠬᠢᠶᠡᠰᠦ ᠪᠠᠨ ᠴᠢᠩᠭᠠᠳᠬᠠᠵᠤ᠂ ᠪᠦᠷᠢᠨ ᠪᠦᠲᠦᠨ ᠠᠵᠤ ᠦᠢᠯᠡᠰ ᠤᠨ ᠠᠮᠢ ᠠᠬᠤᠶ ᠶᠢ ᠪᠣᠶ ᠪᠣᠯᠭᠠᠵᠤ᠂ ᠬᠤᠪᠣᠷ ᠰᠢᠷᠣᠶ ᠶᠢᠨ ᠠᠵᠤ ᠦᠢᠯᠡᠰ ᠤᠨ ᠬᠥᠭᠵᠢᠯᠲᠡ ᠶᠢᠨ ᠳᠠᠪᠠᠭᠤᠯᠢᠭ ᠢ ᠥᠷᠭᠡᠳᠬᠡᠨ᠂ ᠪᠤᠭᠤᠲᠤ ᠶᠢᠨ ᠬᠤᠪᠣᠷ ᠰᠢᠷᠣᠶ ᠶᠢᠨ ᠠᠵᠤ ᠦᠢᠯᠡᠰ ᠤᠨ ᠨᠥᠯᠥᠭᠡᠯᠡᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃    ︽ᠰᠢᠢᠳᠪᠦᠷᠢᠯᠡᠭᠳᠡᠬᠦᠢ ᠰᠡᠳᠬᠢᠬᠦᠶ︾ ᠶᠢ ᠨᠠᠶᠢᠳᠠᠪᠤᠷᠢᠵᠢᠭᠤᠯᠵᠤ ᠠᠵᠤ ᠦᠢᠯᠡᠳᠪᠦᠷᠢ ᠶᠢᠨ ᠠᠵᠤ ᠠᠬᠤᠶ ᠶᠢᠨ ᠠᠵᠢᠯᠯᠠᠭᠠᠨ ᠤ ᠲᠣᠬᠢᠷᠠᠭᠤᠯᠤᠯᠲᠠ ᠶᠢᠨ ᠡᠷᠴᠢᠮ ᠢ ᠴᠢᠩᠭᠠᠷᠠᠭᠤᠯᠤᠨ᠎ᠠ    2024 ᠣᠨ ᠳᠤ ᠪᠤᠭᠤᠲᠤ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠢ ᠳᠠᠷᠤᠯᠲᠠ ᠲᠠᠢ ᠤᠷᠤᠭᠰᠢᠯᠠᠨ ᠳᠠᠪᠰᠢᠵᠤ᠂ 49 ᠰᠠᠷ᠎ᠠ ᠳᠠᠷᠠᠭᠠᠯᠠᠨ ᠬᠤᠶᠠᠷ ᠣᠷᠣᠨᠲᠤ ᠲᠤᠭ᠎ᠠ ᠪᠠᠷ ᠨᠡᠮᠡᠭᠳᠡᠪᠡ᠃    ᠪᠤᠭᠤᠲᠤ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠠᠵᠢᠯᠯᠠᠭᠠᠨ ᠤ ᠲᠣᠬᠢᠷᠠᠭᠤᠯᠤᠯᠲᠠ ᠶᠢ ᠪᠦᠲᠦᠭᠡᠯᠴᠢ ᠴᠢᠨᠠᠷᠲᠠᠢ ᠪᠠᠷ ᠥᠷᠨᠢᠭᠦᠯᠵᠦ᠂ ᠠᠰᠢᠭᠯᠠᠯᠲᠠ ᠳᠤ ᠤᠷᠤᠭᠤᠯᠵᠤ ᠲᠣᠭᠲᠠᠭᠠᠯ ᠳᠤ ᠬᠦᠷᠦᠭᠦᠯᠬᠦ᠂ ᠨᠡᠮᠡᠭᠳᠡᠯ ᠤᠨ ᠬᠤᠪᠢ ᠨᠡᠮᠡᠷᠢ ᠶᠢ ᠰᠠᠢᠲᠤᠷ ᠬᠢᠵᠦ᠂ ᠨᠢᠭᠡᠳᠭᠡᠬᠦ ᠶᠣᠰᠣᠲᠠᠢ ᠶᠢ ᠨᠢ ᠴᠥᠮ ᠨᠢᠭᠡᠳᠭᠡᠵᠦ᠂ ᠮᠥᠬᠦᠯᠢᠭ ᠬᠥᠮᠥᠷᠭᠡᠯᠡᠬᠦ ᠠᠵᠢᠯ ᠢ ᠪᠡᠶᠡᠯᠡᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠠᠯᠢᠪᠠ ᠲᠣᠭᠲᠠᠭᠤᠨ ᠢ ᠲᠣᠭᠲᠠᠪᠤᠷᠢᠵᠢᠭᠤᠯᠬᠤ ᠢᠳᠡᠪᠬᠢ ᠬᠦᠴᠦᠨ ᠵᠦᠢᠯ ᠢ ᠳᠠᠶᠢᠴᠢᠯᠠᠵᠤ᠂ ᠠᠵᠤ ᠦᠢᠯᠡᠳᠪᠦᠷᠢ ᠶᠢᠨ ᠦᠷᠭᠦᠯᠵᠢᠯᠡᠨ ᠬᠥᠭᠵᠢᠬᠦ ᠶᠢ ᠠᠬᠢᠭᠤᠯᠤᠨ᠎ᠠ᠃ ᠲᠦᠷᠦᠭᠦᠤ ᠭᠤᠷᠪᠠᠨ ᠤᠯᠠᠷᠢᠯ ᠳᠤ᠂ ᠪᠤᠭᠤᠲᠤ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 14.5% ᠪᠠᠷ ᠨᠡᠮᠡᠭᠳᠡᠵᠦ᠂ ᠲᠣᠰ ᠲᠣᠰ ᠤᠯᠤᠰ ︵5.8%︶᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︵7.2%︶ ᠠᠴᠠ 8.7᠂ 7.3 ᠵᠠᠭᠤᠨ ᠤ ᠴᠡᠭ ᠥᠨᠳᠥᠷ ᠪᠠᠶᠢᠵᠤ᠂ ᠪᠥᠬᠦ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠲᠤ ᠵᠢᠭᠰᠠᠭᠠᠭᠳᠠᠪᠠ᠃    ︽ᠰᠢᠢᠳᠪᠦᠷᠢᠯᠡᠭᠳᠡᠬᠦᠢ ᠰᠡᠳᠭᠢᠬᠦᠢ︾ ᠶᠢ ᠨᠠᠷᠢᠯᠢᠭᠵᠢᠭᠤᠯᠵᠤ ︽ᠠᠵᠤ ᠠᠬᠤᠶᠢᠯᠠᠯ ᠢ ᠲᠤᠰᠠᠯᠠᠵᠤ ᠵᠠᠬ᠎ᠠ ᠳᠡᠯᠭᠡᠭᠦᠷ ᠢ ᠥᠷᠭᠡᠳᠬᠡᠬᠦ︾ ᠠᠵᠢᠯ ᠢ ᠯᠠᠪᠳᠠᠭᠤᠨ ᠪᠠᠲᠤᠲᠠᠶ ᠠᠬᠢᠭᠤᠯᠬᠤ ᠶᠢ ᠪᠠᠲᠤᠯᠠᠨ᠎ᠠ    ᠪᠤᠭᠤᠲᠤ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠨᠢ ᠤᠯᠤᠰ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠ ᠪᠤᠭᠤᠲᠤ ᠬᠤᠲᠠ ᠶᠢᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠲᠠᠢ ᠢᠳᠡᠪᠬᠢᠲᠡᠶ ᠵᠣᠯᠭᠠᠭᠤᠯᠵᠤ᠂ ᠠᠵᠤ ᠠᠬᠤᠶᠢᠯᠠᠯ ᠢ ᠬᠠᠪᠰᠤᠷᠤᠨ ᠵᠠᠬ᠎ᠠ ᠳᠡᠯᠭᠡᠭᠦᠷ ᠢ ᠥᠷᠭᠡᠳᠬᠡᠬᠦ ᠠᠵᠢᠯ ᠤᠨ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡᠪᠡᠷ ᠳᠡᠭᠡᠭᠰᠢᠯᠡᠭᠦᠯᠬᠦ ᠶᠢ ᠠᠬᠢᠭᠤᠯᠵᠤ᠂ ︽ᠪᠤᠭᠤᠲᠤ ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠤᠶᠠᠷ ᠬᠦᠰᠦᠨᠦᠭᠲᠦ᠂ ᠬᠤᠶᠠᠷ ᠵᠢᠷᠤᠭ ᠮᠠᠶ᠋ᠢᠭ᠂ ᠬᠤᠶᠠᠷ ᠬᠥᠮᠥᠷᠭᠡ ᠶᠢᠨ ᠮᠠᠲ᠋ᠧᠷᠢᠶᠠᠯ ᠤᠨ ᠡᠮᠬᠢᠳᠬᠡᠯ︾ ᠢ ᠨᠠᠶᠢᠷᠠᠭᠤᠯᠤᠨ ᠵᠣᠬᠢᠶᠠᠵᠤ᠂ ︽ᠥᠪᠥᠷ ᠮᠣᠩᠭᠤᠯ ᠤᠨ ᠭᠤᠤᠯᠳᠠᠯᠭ᠎ᠠ ᠪᠣᠯᠬᠤ ᠠᠵᠤ ᠦᠢᠯᠡᠰ ᠤᠨ ᠬᠡᠯᠬᠢᠶ᠎ᠡ ᠶᠢᠨ ᠪᠥᠬᠦ ᠦᠵᠡᠮᠵᠢ ᠶᠢᠨ ᠵᠢᠷᠤᠭ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠯᠤᠰ ᠤᠨ ᠵᠢᠷᠤᠭ︾ ᠢ ᠪᠠᠭᠤᠯᠭᠠᠪᠠ᠃    ᠪᠤᠭᠤᠲᠤ ᠬᠤᠲᠠ ᠶᠢᠨ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠵᠢᠯᠲᠠ ᠶᠢᠨ ᠲᠣᠪᠴᠢᠶ᠎ᠠ ᠠᠵᠤ ᠠᠬᠤᠢᠯᠠᠯ ᠳᠤ ᠵᠠᠬ᠎ᠠ ᠳᠡᠯᠭᠡᠭᠦᠷ ᠡᠷᠢᠵᠦ ᠥᠭᠬᠦ᠂ ᠵᠠᠬᠢᠶᠠᠯᠠᠭ᠎ᠠ ᠣᠯᠬᠤ ᠪᠠᠷ ᠬᠥᠭᠵᠢᠯᠲᠡ ᠶᠢᠨ ᠪᠣᠭᠤᠮᠢ ᠶᠢᠨ ᠠᠰᠠᠭᠤᠳᠠᠯ ᠢ ᠰᠢᠢᠳᠪᠦᠷᠢᠯᠡᠬᠦ ᠶᠢ ᠪᠠᠷᠢᠮᠲᠠᠯᠠᠵᠤ᠂ ᠠᠵᠤ ᠠᠬᠤᠢᠯᠠᠯ ᠤᠨ ᠭᠤᠣᠯᠯᠠᠬᠤ ᠦᠢᠯᠡᠳᠬᠦᠨ᠂ ᠬᠡᠷᠡᠭᠯᠡᠭᠡᠨ ᠤ ᠬᠦᠷᠢᠶ᠎ᠡ ᠬᠡᠪᠴᠢᠶ᠎ᠡ᠂ ᠦᠢᠯᠡᠳᠬᠦᠨ ᠤ ᠬᠡᠷᠡᠭᠴᠡᠭᠡ ᠱᠠᠭᠠᠷᠳᠠᠯᠭ᠎ᠠ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ ᠶᠢ ᠭᠦᠨᠵᠡᠭᠡᠢ ᠣᠶᠢᠯᠠᠭᠠᠵᠤ᠂ ᠣᠨᠴᠠᠭᠠᠶᠢᠯᠠᠨ ᠬᠤᠸᠠ ᠨᠧᠩ᠂ ᠬᠤᠸᠠ ᠳ᠋ᠢᠶᠠᠨ᠂ ᠮᠧᠩ ᠨᠧᠩ᠂ ᠮᠧᠩ ᠳ᠋ᠢᠶᠠᠨ ᠳᠥᠷᠪᠡᠨ ᠤᠯᠠᠷᠢᠯ ᠳᠤ ᠭᠤᠣᠯᠳᠠᠯᠭ᠎ᠠ ᠲᠠᠢ ᠳᠠᠭᠠᠭᠠᠴᠢᠯᠠᠯᠲᠠ ᠵᠠᠷᠯᠠᠬᠤ ᠲᠥᠷᠥᠯ ᠵᠦᠢᠯ 16 ᠶᠢ ᠡᠮᠬᠢᠯᠡᠵᠦ᠂ ᠳᠠᠭᠠᠭᠠᠴᠢᠯᠠᠯᠲᠠ ᠵᠠᠷᠯᠠᠬᠤ ᠲᠥᠷᠥᠯ ᠵᠦᠢᠯ ᠤᠨ 58 ᠠᠵᠤ ᠠᠬᠤᠢᠯᠠᠯ ᠢ ᠲᠣᠬᠢᠷᠠᠭᠤᠯᠵᠤ᠂ ᠮᠢᠩ ᠶᠠᠩ᠂ ᠶᠢᠨ ᠹᠧᠩ ᠭᠤᠷᠪᠠᠨ ᠬᠠᠪᠴᠢᠯ ᠤᠨ 1.7GW ᠶᠢᠨ ᠵᠠᠬᠢᠶᠠᠯᠠᠭ᠎ᠠ ᠶᠢᠨ ᠬᠠᠭᠤᠳᠠᠰᠤ ᠶᠢ ᠣᠯᠵᠤ᠂ ᠵᠢᠶᠠ ᠱᠢᠦᠸᠠᠨ 2000 ᠲᠦᠮᠡᠨ ᠲᠥᠭᠦᠷᠢᠭ ᠤᠨ ᠴᠡᠷᠢᠭ ᠤᠨ ᠰᠢᠨ᠎ᠡ ᠶᠢ ᠡᠭᠦᠳᠬᠦ ᠴᠠᠬᠢᠯᠭᠠᠨ ᠮᠠᠰᠢᠨ ᠤ ᠣᠷᠤᠭᠤᠯᠤᠯᠲᠠ ᠶᠢᠨ ᠵᠠᠬᠢᠶᠠᠯᠠᠭ᠎ᠠ ᠶᠢᠨ ᠬᠠᠭᠤᠳᠠᠰᠤ ᠶᠢ ᠣᠯᠪᠠ᠃ 10 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠤᠭᠤᠲᠤ ᠬᠤᠲᠠ ᠶᠢᠨ ᠰᠠᠯᠬᠢᠨ ᠬᠦᠴᠦᠨ ᠤ ᠴᠠᠬᠢᠯᠭᠠᠨ ᠤ ᠠᠵᠤ ᠠᠬᠤᠶᠢᠯᠠᠯ ᠤᠨ ᠳᠠᠭᠠᠭᠠᠴᠢᠯᠠᠯᠲᠠ ᠣᠯᠤᠭᠰᠠᠨ ᠶᠡᠷᠦᠩᠬᠡᠢ ᠬᠡᠮᠵᠢᠶ᠎ᠡ 6.49GW ᠳᠤ ᠬᠦᠷᠴᠦ᠂ ᠭᠡᠷᠡᠯ ᠴᠠᠬᠢᠯᠭᠠᠨ ᠤ ᠠᠵᠤ ᠠᠬᠤᠶᠢᠯᠠᠯ ᠤᠨ ᠳᠠᠭᠠᠭᠠᠴᠢᠯᠠᠯᠲᠠ ᠣᠯᠤᠭᠰᠠᠨ ᠶᠡᠷᠦᠩᠬᠡᠢ ᠬᠡᠮᠵᠢᠶ᠎ᠡ ᠨᠢ 4.948GW ᠳᠤ ᠬᠦᠷᠪᠡ᠃    ︽ᠰᠢᠢᠳᠪᠦᠷᠢᠯᠡᠭᠳᠡᠬᠦᠢ ᠰᠡᠳᠬᠢᠬᠦᠶ︾ ᠶᠢ ᠴᠢᠩᠭᠠᠳᠬᠠᠵᠤ ᠠᠵᠤ ᠦᠢᠯᠡᠰ ᠤᠨ ᠬᠥᠭᠵᠢᠯᠲᠡ ᠶᠢᠨ ᠠᠮᠢ ᠠᠬᠤᠶ ᠲᠣᠭᠲᠠᠭᠤᠨ ᠢᠶᠠᠷ ᠰᠠᠶᠢᠵᠢᠷᠠᠬᠤ ᠶᠢ ᠪᠤᠢ ᠪᠣᠯᠭᠠᠨ᠎ᠠ    ᠣᠨᠤᠪᠴᠢᠲᠠᠢ ᠬᠦᠴᠦᠯᠡᠵᠦ ᠭᠤᠷᠪᠠ ᠶᠢ ᠰᠠᠶᠢᠲᠤᠷ ᠠᠳᠬᠤᠪᠠ᠃ ᠤᠯᠤᠰ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠢ ᠪᠡᠯᠡ ᠮᠥᠩᠭᠦ 12.3 ᠳ᠋ᠦᠩᠰᠢᠭᠤᠷ ᠲᠥᠭᠦᠷᠢᠭ ᠢ ᠲᠡᠮᠡᠴᠡᠨ ᠣᠯᠪᠠ︔ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠢᠶᠠᠷ ᠣᠷᠣᠯᠠᠭᠤᠯᠬᠤ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠲᠡᠮᠡᠴᠡᠨ ᠣᠯᠪᠠ︔ ᠭᠤᠷᠪᠠᠳᠤᠭᠠᠷ ᠪᠦᠯᠦᠭ ᠤᠨ ᠤᠯᠤᠰ ᠤᠨ ᠠᠵᠤ ᠦᠢᠯᠡᠰ ᠢ ᠠᠭᠤᠰᠤᠯᠴᠠᠭᠤᠯᠬᠤ ᠲᠤᠷᠰᠢᠯᠲᠠ ᠶᠢᠨ ᠴᠡᠭ ᠤᠨ ᠬᠤᠲᠠ ᠳᠤ ᠰᠣᠩᠭᠤᠭᠳᠠᠪᠠ᠂ ᠪᠤᠭᠤᠲᠤ ᠶᠢᠨ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠵᠢᠴᠢ ᠬᠡᠷᠡᠭᠯᠡᠯᠲᠡ᠂ ᠬᠥᠬᠡᠬᠤᠲᠠ ᠪᠤᠭᠤᠲᠤ ᠣᠷᠳᠣᠰ ᠤᠨ ᠴᠠᠬᠢᠭᠤᠷ ᠲᠠᠯᠠᠰᠲᠤ ᠰᠢᠨ᠎ᠡ ᠮᠠᠲ᠋ᠧᠷᠢᠶᠠᠯ ᠵᠢᠴᠢ ᠭᠡᠷᠡᠯᠴᠢ ᠴᠡᠨᠡᠭ ᠤᠨ ᠲᠡᠷᠢᠭᠦᠨ ᠤ ᠦᠢᠯᠡᠳᠬᠡᠯ ᠤᠨ ᠦᠢᠯᠡᠰ ᠤᠨ ᠪᠥᠭᠡᠮᠨᠡᠷᠡᠯ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠦᠢᠯᠡᠳᠬᠡᠯ ᠤᠨ ᠦᠢᠯᠡᠰ ᠤᠨ ᠪᠦᠯᠦᠭᠵᠢᠯ ᠳᠤ ᠰᠣᠩᠭᠤᠭᠳᠠᠪᠠ᠃    ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠦᠷᠭᠦᠯᠵᠢᠯᠡᠨ ᠬᠦᠴᠦᠯᠡᠵᠦ ᠥᠷᠨᠢᠭᠦᠯᠪᠡ᠃ ᠪᠥᠬᠦ ᠵᠢᠯ ᠳᠤ ᠠᠵᠤ ᠦᠢᠯᠡᠳᠪᠦᠷᠢ ᠶᠢᠨ ᠬᠦᠷᠢᠶᠡᠨ ᠤ 10 ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ 223 ᠲᠥᠷᠥᠯ ᠵᠦᠢᠯ ᠤᠨ ᠭᠡᠷ᠎ᠡ ᠲᠣᠭᠲᠠᠬᠤ ᠶᠢ ᠪᠡᠶᠡᠯᠡᠭᠦᠯᠪᠡ︔ ᠭᠠᠳᠠᠭᠰᠢ ᠭᠠᠷᠴᠤ ᠪᠡᠭᠡᠵᠢᠩ᠂ ᠱᠧᠨᠵᠧᠨ ᠵᠡᠷᠭᠡ ᠭᠠᠵᠠᠷ ᠲᠤ 48 ᠤᠳᠠᠭ᠎ᠠ ᠬᠤᠳᠠᠯᠳᠤᠭᠠᠴᠢᠨ ᠤᠷᠢᠵᠤ᠂ 168 ᠠᠵᠤ ᠠᠬᠤᠶᠢᠯᠠᠯ ᠲᠠᠢ ᠵᠣᠯᠭᠠᠭᠤᠯᠵᠤ᠂ ᠭᠤᠣᠯᠳᠠᠭᠤ ᠲᠠᠢ ᠶᠠᠷᠢᠯᠴᠠᠵᠤ ᠪᠠᠶᠢᠬᠤ ᠲᠥᠷᠥᠯ ᠵᠦᠢᠯ 38 ᠪᠤᠢ᠃    ︽ᠰᠢᠢᠳᠪᠦᠷᠢᠯᠡᠭᠳᠡᠬᠦᠢ ᠰᠡᠳᠬᠢᠬᠦᠶ︾ ᠶᠢ ᠪᠠᠷᠢᠮᠲᠠᠯᠠᠵᠤ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠴᠢᠯᠡᠭᠡᠨ ᠤ ᠪᠠᠲᠤᠯᠠᠭ᠎ᠠ ᠶᠢ ᠨᠠᠷᠢᠯᠢᠭ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠤᠨ᠎ᠠ    ᠦᠢᠯᠡᠴᠢᠯᠡᠭᠡᠨ ᠤ ᠪᠠᠲᠤᠯᠠᠭ᠎ᠠ ᠶᠢ ᠭᠦᠨᠵᠡᠭᠡᠶᠢᠷᠡᠭᠦᠯᠵᠦ᠂ ᠪᠤᠭᠤᠲᠤ ᠬᠤᠲᠠ ᠶᠢᠨ ︽ᠮᠢᠩᠭᠠᠨ ᠬᠥᠮᠦᠨ ᠮᠢᠩᠭᠠᠨ ᠠᠵᠤ ᠠᠬᠤᠶᠢᠯᠠᠯ ᠢ ᠳᠡᠮᠵᠢᠬᠦ︾ ᠠᠵᠢᠯᠯᠠᠭ᠎ᠠ ᠶᠢᠨ ᠳᠠᠭᠠᠭᠠᠴᠢᠯᠠᠨ ᠬᠤᠯᠪᠣᠭᠠᠯᠠᠭᠰᠠᠨ ᠦᠢᠯᠡᠴᠢᠯᠡᠭᠡᠨ ᠤ ᠠᠵᠤ ᠠᠬᠤᠶᠢᠯᠠᠯ ︵ᠲᠥᠷᠥᠯ ᠵᠦᠢᠯ︶ 1248 ᠡᠷᠦᠬᠡ ᠪᠠᠶᠢᠵᠤ᠂ ᠣᠲᠣ ᠪᠣᠯᠲᠠᠯ᠎ᠠ ᠨᠡᠶᠢᠲᠡ 677 ᠠᠰᠠᠭᠤᠳᠠᠯ ᠢ ᠰᠢᠢᠳᠪᠦᠷᠢᠯᠡᠪᠡ᠃ ︽ᠨᠠᠮ ᠤᠨ ᠪᠠᠶᠢᠭᠤᠯᠤᠯᠲᠠ ᠬᠥᠭᠵᠢᠯᠲᠡ ᠶᠢ ᠬᠥᠲᠥᠯᠥᠨ ᠳᠠᠭᠠᠭᠤᠯᠵᠤ᠂ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ︾ ᠲᠤᠰᠬᠠᠢ ᠠᠵᠢᠯᠯᠠᠭ᠎ᠠ ᠪᠠᠷ 360 ᠭᠠᠷᠤᠢ ᠠᠵᠤ ᠠᠬᠤᠶᠢᠯᠠᠯ ᠳᠤ ᠦᠢᠯᠡᠴᠢᠯᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠠᠰᠠᠭᠤᠳᠠᠯ ᠢ 60 ᠭᠠᠷᠤᠢ ᠵᠣᠬᠢᠴᠠᠭᠤᠯᠤᠨ ᠰᠢᠢᠳᠪᠦᠷᠢᠯᠡᠪᠡ᠃ ᠱᠤᠸᠠᠩ ᠯᠢᠶᠠᠩ ᠲᠠᠯᠠᠰᠲᠤ ᠴᠠᠬᠢᠭᠤᠷ ᠤᠨ ᠰᠢᠨ᠎ᠡ ᠮᠠᠲ᠋ᠧᠷᠢᠶᠠᠯ᠂ ᠲᠦᠩ ᠸᠧᠶ ᠴᠠᠬᠢᠭᠤᠷ ᠤᠨ ᠡᠨᠧᠷᠭᠢ ᠵᠡᠷᠭᠡ 4 ᠠᠵᠤ ᠠᠬᠤᠶᠢᠯᠠᠯ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠴᠠᠬᠢᠯᠭᠠᠨ ᠬᠦᠴᠦᠨ ᠤ ᠠᠷᠠᠯᠵᠢᠶ᠎ᠠ ᠳᠤ ᠣᠷᠤᠵᠤ᠂ ᠲᠠᠯᠠᠰᠲᠤ ᠴᠠᠬᠢᠭᠤᠷ ᠤᠨ ᠠᠵᠤ ᠠᠬᠤᠶᠢᠯᠠᠯ ᠤᠨ ᠴᠠᠬᠢᠯᠭᠠᠨ ᠤ ᠬᠡᠮᠵᠢᠶ᠎ᠡ ᠠᠴᠠ ᠳᠠᠪᠠᠭᠤᠯᠤᠨ ᠬᠤᠳᠠᠯᠳᠤᠨ ᠠᠪᠬᠤ ᠶᠢ ᠢᠳᠡᠪᠬᠢᠲᠡᠶ ᠬᠠᠪᠰᠤᠷᠴᠤ᠂ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠥᠪᠡᠷ ᠤᠨ ᠥᠷᠲᠡᠭ ᠤᠯᠠᠮ ᠨᠢᠭᠡ ᠠᠯᠬᠤᠮ ᠪᠠᠭᠤᠷᠠᠪᠠ᠃    ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠲᠣᠭᠲᠠᠪᠤᠷᠢᠵᠢᠭᠤᠯᠤᠨ ᠴᠢᠳᠠᠪᠤᠷᠢ ᠪᠠᠨ ᠥᠷᠭᠡᠳᠬᠡᠬᠦ ᠶᠢ ᠠᠬᠢᠭᠤᠯᠵᠤ᠂ 60 ᠠᠵᠤ ᠠᠬᠤᠶᠢᠯᠠᠯ ᠤᠨ ᠦᠢᠯᠡᠳᠪᠦᠷᠢᠯᠡᠯ ᠤᠨ ᠠᠵᠤ ᠠᠬᠤᠶᠢᠯᠠᠯ ᠳᠤ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠶᠢᠨ ᠲᠦᠷᠢᠮ ᠪᠠᠶᠢᠭᠤᠯᠵᠤ᠂ ᠲᠤᠬᠠᠢ ᠶᠢᠨ ᠭᠠᠵᠠᠷ ᠲᠤᠨᠢ ᠰᠤᠷᠪᠤᠯᠵᠢᠯᠠᠬᠤ᠂ ᠰᠠᠭᠤᠳᠠᠯ ᠤᠨ ᠬᠤᠷᠠᠯ ᠬᠤᠷᠠᠯᠳᠤᠭᠤᠯᠬᠤ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠠᠵᠤ ᠠᠬᠤᠶᠢᠯᠠᠯ ᠤᠨ ᠬᠠᠷᠢᠭᠤ ᠲᠤᠰᠬᠠᠭᠰᠠᠨ ᠠᠰᠠᠭᠤᠳᠠᠯ ᠢ ᠴᠤᠭᠯᠠᠭᠤᠯᠵᠤ᠂ ᠠᠰᠠᠭᠤᠳᠠᠯ ᠤᠨ ᠡᠬᠡ ᠲᠠᠩᠰᠠ ᠂ ︽ᠨᠢᠭᠡ ᠠᠵᠤ ᠠᠬᠤᠶᠢᠯᠠᠯ ᠳᠤ ᠨᠢᠭᠡ ᠲᠦᠷᠦ ᠶᠢᠨ ᠪᠤᠳᠤᠯᠭ᠎ᠠ︾᠂ ︽ᠨᠢᠭᠡ ᠲᠦᠷᠦᠯ ᠳᠤ ᠨᠢᠭᠡ ᠲᠦᠷᠦ ᠶᠢᠨ ᠪᠤᠳᠤᠯᠭ᠎ᠠ︾ ᠶᠢ ᠪᠠᠶᠢᠭᠤᠯᠵᠤ ᠰᠤᠳᠤᠯᠤᠨ ᠰᠢᠢᠳᠪᠦᠷᠢᠯᠡᠬᠦ ᠲᠥᠰᠦᠯ ᠢ ᠪᠦᠷᠢᠯᠳᠦᠭᠦᠯᠪᠡ᠃    ᠣᠳᠣᠬᠠᠨ ᠳᠤ᠂ ᠪᠤᠭᠤᠲᠤ ᠬᠤᠲᠠ ᠶᠠᠭ ᠠᠵᠤ ᠦᠢᠯᠡᠳᠪᠦᠷᠢ ᠶᠢᠨ ᠬᠠᠭᠤᠴᠢᠨ ᠰᠠᠭᠤᠷᠢᠨ ᠭᠠᠵᠠᠷ ᠤᠨ ᠰᠢᠨ᠎ᠡ ᠶᠢ ᠡᠭᠦᠳᠦᠨ ᠬᠥᠭᠵᠢᠭᠦᠯᠬᠦ ︽ᠲᠦᠷᠭᠡᠨ ᠵᠠᠮ︾ ᠳᠤ ᠣᠷᠣᠰᠢᠵᠤ ᠪᠠᠶᠢᠨ᠎ᠠ᠂ ᠪᠤᠭᠤᠲᠤ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ︽ᠰᠢᠢᠳᠪᠦᠷᠢᠯᠡᠭᠳᠡᠬᠦᠢ ᠰᠡᠳᠬᠢᠬᠦᠶ ᠶᠢ ᠪᠣᠶ ᠪᠣᠯᠭᠠᠵᠤ᠂ ᠠᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠦᠨ᠂ ᠲᠡᠷᠢᠭᠦᠨ ᠤ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ︾ ᠶᠢ ᠬᠡᠪᠰᠢᠭᠰᠡᠨ ᠠᠵᠢᠯ ᠤᠨ ᠲᠣᠭᠲᠠᠴᠠ ᠪᠣᠯᠭᠠᠵᠤ᠂ ︽ᠲᠦᠮᠡᠨ ᠶᠠᠪᠤᠳᠠᠯ ᠢ ᠰᠢᠢᠳᠪᠦᠷᠢᠯᠡᠬᠦ︾ ᠰᠡᠳᠬᠢᠬᠦᠶ ᠪᠠᠷ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠵᠤ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠢ ᠲᠦᠷᠭᠡᠳᠬᠡᠨ᠂ ᠠᠵᠤ ᠦᠢᠯᠡᠳᠪᠦᠷᠢ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠤᠬᠠᠮᠰᠠᠷᠲᠤ ᠴᠢᠨᠠᠷ ᠪᠠ ᠡᠷᠡᠰ ᠪᠠᠲᠤ ᠴᠢᠨᠠᠷ ᠢᠶᠠᠨ ᠲᠠᠰᠤᠷᠠᠯᠲᠠ ᠥᠬᠡᠶ ᠴᠢᠩᠭᠠᠷᠠᠭᠤᠯᠤᠨ᠎ᠠ︔ ︽ᠠᠵᠤ ᠠᠬᠤᠶᠢᠯᠠᠯ ᠢᠶᠠᠷ ᠭᠤᠤᠯ ᠪᠣᠯᠭᠠᠬᠤ︾ ᠶᠢ ᠬᠥᠭᠵᠢᠯᠲᠡ ᠶᠢᠨ ᠦᠨᠳᠦᠰᠦ ᠪᠣᠯᠭᠠᠵᠤ᠂ ᠵᠠᠬ᠎ᠠ ᠳᠡᠯᠭᠡᠭᠦᠷ ᠤᠨ ᠰᠤᠳᠤᠯᠤᠨ ᠮᠠᠭᠠᠳᠯᠠᠯᠲᠠ ᠶᠢ ᠦᠷᠭᠦᠯᠵᠢᠯᠡᠨ ᠴᠢᠩᠭᠠᠳᠬᠠᠵᠤ᠂ ᠠᠵᠤ ᠠᠬᠤᠶᠢᠯᠠᠯ ᠳᠤ ᠣᠷᠣᠵᠤ ᠪᠠᠶᠢᠴᠠᠭᠠᠨ ᠰᠤᠳᠤᠯᠬᠤ ᠡᠷᠴᠢᠮ ᠢᠶᠠᠨ ᠴᠢᠩᠭᠠᠷᠠᠭᠤᠯᠤᠨ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠶ ᠳᠤᠨᠢ ᠣᠶᠢᠯᠠᠭᠠᠵᠤ᠂ ᠠᠵᠤ ᠠᠬᠤᠶᠢᠯᠠᠯ ᠢ ᠬᠠᠪᠰᠤᠷᠤᠨ ᠵᠠᠬ᠎ᠠ ᠳᠡᠯᠭᠡᠭᠦᠷ ᠡᠷᠢᠵᠦ᠂ ᠵᠠᠬᠢᠶᠠᠯᠠᠭ᠎ᠠ ᠶᠢᠨ ᠬᠠᠭᠤᠳᠠᠰᠤ ᠡᠷᠢᠵᠦ᠂ ᠵᠠᠬᠢᠶᠠᠯᠠᠭ᠎ᠠ ᠶᠢᠨ ᠬᠠᠭᠤᠳᠠᠰᠤ ᠶᠢ ᠦᠢᠯᠡᠳᠬᠦᠨ ᠤ ᠦᠷᠲᠡᠭ ᠪᠠ ᠨᠡᠮᠡᠭᠳᠡᠯ ᠦᠷᠲᠡᠭ ᠪᠣᠯᠭᠠᠨ ᠬᠤᠪᠢᠷᠠᠭᠤᠯᠵᠤ᠂ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠬᠠᠪᠰᠤᠷᠤᠨ ᠳᠡᠮᠵᠢᠨ᠎ᠡ︔ ᠠᠵᠤ ᠦᠢᠯᠡᠰ ᠤᠨ ᠳᠡᠭᠡᠳᠦ ᠳᠣᠣᠷᠠᠳᠤ ᠤᠷᠤᠰᠬᠠᠯ᠂ ᠵᠡᠭᠦᠨ ᠪᠠᠷᠠᠭᠤᠨ ᠲᠠᠯ᠎ᠠ ᠶᠢ ᠨᠢ ᠵᠣᠯᠭᠠᠭᠤᠯᠬᠤ ᠲᠠᠪᠴᠠᠩ ᠢ ᠦᠷᠭᠦᠯᠵᠢᠯᠡᠨ ᠪᠠᠶᠢᠭᠤᠯᠵᠤ᠂ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠤᠨ᠂ ᠠᠵᠤ ᠦᠢᠯᠡᠰ ᠤᠨ ᠬᠥᠭᠵᠢᠯᠲᠡ ᠶᠢᠨ ᠰᠠᠶᠢᠨ ᠰᠠᠶᠢᠬᠠᠨ ᠠᠮᠢ ᠠᠬᠤᠶ ᠶᠢ ᠪᠣᠶ ᠪᠣᠯᠭᠠᠵᠤ᠂ ᠪᠤᠭᠤᠲᠤ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠤᠨ ᠪᠠᠶᠢᠷᠢᠯᠠᠭᠤᠯᠤᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠤᠨ᠂ ᠨᠠᠩ ᠲᠡᠭᠦᠯᠳᠡᠷ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠡᠯ᠎ᠡ ᠵᠦᠢᠯ ᠤᠨ ᠡᠭᠦᠷᠭᠡ ᠬᠠᠷᠠᠯᠲᠠ ᠪᠠᠨ ᠪᠥᠬᠦ ᠲᠠᠯ᠎ᠠ ᠪᠠᠷ ᠪᠡᠶᠡᠯᠡᠭᠦᠯᠦᠨ᠎ᠡ᠃ 
ᠢᠷᠡᠯᠲᠡ᠄ ᠪᠤᠭᠤᠲᠤ ᠶᠢᠨ ᠡᠳᠦᠷ ᠤᠨ ᠰᠣᠨᠢᠨ