ᠰᠢᠢᠳᠪᠦᠷᠢᠯᠡᠭᠳᠡᠬᠦᠢ ᠰᠡᠳᠭᠢᠬᠦᠢ ᠶᠢ ᠪᠣᠶ ᠪᠣᠯᠭᠠᠵᠤ ᠠᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠵᠦ ᠲᠡᠷᠢᠭᠦᠨ ᠤ ᠠᠮᠵᠢᠯᠲᠠ ᠪᠦᠲᠦᠮᠵᠢ ᠣᠯᠬᠤ ᠪᠠᠷ ᠴᠢᠷᠮᠠᠶᠢᠶ᠎ᠠ﹈ ᠲᠦᠩ ᠶᠠᠩ ᠳ᠋ᠤᠤ ᠵᠡᠭᠡᠯᠢ ᠭᠤᠳᠤᠮᠵᠢ ᠶᠢᠨ ᠰᠢᠶᠠᠩ ᠶᠦᠨ ᠨᠡᠶᠢᠭᠡᠮ ᠲᠣᠭᠤᠷᠢᠭ᠄ ︽ᠰᠢᠢᠳᠪᠦᠷᠢᠯᠡᠭᠳᠡᠬᠦᠢ︾ ᠰᠡᠳᠭᠢᠬᠦᠢ ᠪᠠᠷ ᠦᠨᠳᠦᠰᠦᠨ ᠱᠠᠲᠤᠨ ᠤ ᠵᠠᠰᠠᠯᠲᠠ ᠶᠢ ᠲᠦᠯᠬᠢᠨ ᠠᠬᠢᠭᠤᠯᠵᠤ ︽ᠰᠢᠢᠳᠪᠦᠷᠢᠯᠡᠬᠦ ᠳᠤ ᠪᠡᠷᠬᠡ︾ ᠶᠢ ︽ᠰᠢᠢᠳᠪᠦᠷᠢᠯᠡᠬᠦ ᠳᠤ ᠠᠮᠠᠷ︾ ᠪᠣᠯᠭᠠᠪᠠ
ᠨᠡᠶᠢᠲᠡᠯᠡᠭᠰᠡᠨ ᠴᠠᠭ᠄
2024/11/15
    ᠡᠨᠡ ᠵᠢᠯ ᠠᠴᠠ ᠨᠠᠭᠠᠰᠢ᠂ ᠲᠦᠩ ᠶᠠᠩ ᠳ᠋ᠤᠤ ᠵᠡᠭᠡᠯᠢ ᠭᠤᠳᠤᠮᠵᠢ ᠶᠢᠨ ᠰᠢᠶᠠᠩ ᠶᠦᠨ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠬᠠᠷᠢᠶ᠎ᠠ ᠣᠷᠣᠨ ᠤ ᠤᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠴᠡᠭ ᠪᠣᠯᠤᠨ ᠬᠦᠴᠢᠷ ᠠᠰᠠᠭᠤᠳᠠᠯ᠂ ᠲᠦᠭᠵᠢᠮᠡᠯ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠰᠢᠢᠳᠪᠦᠷᠢᠯᠡᠭᠳᠡᠬᠦᠢ ᠰᠡᠳᠬᠢᠬᠦᠶ︾ ᠪᠠᠷ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠪᠣᠯᠤᠨ ᠵᠠᠰᠠᠯᠲᠠ ᠶᠢᠨ ᠬᠢᠷᠢ ᠲᠦᠪᠰᠢᠨ ᠢ ᠨᠡᠩ ᠴᠢᠨᠠᠭᠰᠢᠳᠠ᠂ ᠨᠡᠩ ᠭᠦᠨᠵᠡᠭᠡᠢ ᠠᠬᠢᠭᠤᠯᠪᠠ᠃    ︽ᠰᠢᠢᠳᠪᠦᠷᠢᠯᠡᠭᠳᠡᠬᠦᠢ ᠰᠡᠳᠭᠢᠬᠦᠢ︾ ᠪᠠᠷ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠰᠢᠨ᠎ᠡ ᠵᠠᠭᠪᠤᠷ ᠢ ᠬᠠᠶᠢᠨ ᠰᠦᠪᠡᠭᠴᠢᠯᠡᠪᠡ    ᠰᠢᠶᠠᠩ ᠶᠦᠨ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠪᠠᠭ᠎ᠠ ᠲᠠᠯ᠎ᠠ᠂ ᠬᠡᠮᠵᠢᠶᠡᠯᠡᠵᠦ ᠪᠣᠯᠬᠤ᠂ ᠨᠠᠶᠢᠳᠠᠪᠤᠷᠢᠵᠢᠭᠤᠯᠵᠤ ᠪᠣᠯᠬᠤ᠂ ᠪᠣᠳᠠᠲᠤ ᠦᠷ᠎ᠡ ᠪᠦᠲᠦᠮᠵᠢ ᠤᠯᠬᠤ ᠠᠵᠢᠯ ᠤᠨ ᠬᠠᠷᠠᠯᠲᠠ ᠳᠠᠭᠠᠨ ᠰᠠᠭᠤᠷᠢᠯᠠᠵᠤ᠂ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠪᠠᠷ ᠭᠤᠣᠯ ᠪᠣᠯᠭᠠᠭᠰᠠᠨ᠂ ᠨᠠᠮ ᠤᠨ ᠡᠭᠦᠷ ᠢᠶᠠᠷ ᠬᠤᠯᠪᠣᠭᠠᠰᠤ ᠪᠣᠯᠭᠠᠭᠰᠠᠨ᠂ ᠨᠠᠮ ᠤᠨ ᠬᠤᠷᠢᠶᠠᠨ ᠤ ᠪᠦᠷᠢᠯᠳᠦᠬᠦᠨ ᠨᠢᠭᠡᠴᠢ ᠪᠠᠷ ᠬᠠᠪᠰᠤᠷᠤᠮᠵᠢ ᠪᠣᠯᠭᠠᠭᠰᠠᠨ᠂ ᠨᠡᠶᠢᠭᠡᠮ ᠲᠣᠭᠤᠷᠢᠭ ᠤᠨ ᠠᠵᠢᠯᠲᠠᠨ ᠢᠶᠠᠷ ᠭᠤᠣᠯᠯᠠᠭᠴᠢ ᠪᠣᠯᠭᠠᠭᠰᠠᠨ᠂ ᠨᠠᠮ ᠤᠨ ᠭᠡᠰᠢᠭᠦᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠪᠠᠷ ᠨᠥᠬᠦᠪᠥᠷᠢ ᠪᠣᠯᠭᠠᠭᠰᠠᠨ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠪᠠᠶᠢᠭᠤᠯᠵᠤ᠂ ᠰᠢᠰᠲ᠋ᠧᠮᠵᠢᠭᠰᠡᠨ ᠰᠡᠳᠬᠢᠬᠦᠶ ᠪᠠᠷ︽ᠨᠠᠮ ᠤᠨ ᠪᠠᠶᠢᠭᠤᠯᠤᠯᠲᠠ ᠶᠢ ᠬᠠᠮᠲᠤ ᠪᠠᠷ ᠪᠠᠶᠢᠭᠤᠯᠬᠤ ᠰᠦᠯᠵᠢᠶ᠎ᠡ︾᠂ ︽ᠠᠷᠠᠳ ᠤᠨ ᠠᠮᠢᠳᠤᠷᠠᠯ ᠢ ᠪᠠᠲᠤᠯᠠᠬᠤ ᠰᠦᠯᠵᠢᠶ᠎ᠡ︾᠂ ︽ᠨᠡᠶᠢᠭᠡᠮ ᠤᠨ ᠠᠮᠤᠷ ᠲᠦᠪᠰᠢᠨ ᠤ ᠰᠦᠯᠵᠢᠶ᠎ᠡ︾ ᠵᠡᠷᠭᠡ ᠭᠤᠷᠪᠠᠨ ᠰᠦᠯᠵᠢᠶ᠎ᠡ ᠶᠢ ᠨᠢᠭᠡᠳᠬᠡᠬᠦ ᠶᠢ ᠠᠬᠢᠭᠤᠯᠵᠤ᠂ ᠠᠷᠠᠳ ᠲᠦᠮᠡᠨ ᠳᠤ ᠦᠢᠯᠡᠴᠢᠯᠡᠬᠦ ︽ᠤᠬᠠᠭᠤᠯᠤᠨ ᠲᠠᠶᠢᠯᠪᠤᠷᠢᠯᠠᠭᠴᠢ︾᠂ ︽ᠵᠢᠯᠤᠭᠤᠳᠤᠭᠴᠢ︾᠂ ︽ᠦᠢᠯᠡᠴᠢᠯᠡᠭᠴᠢ︾᠂ ︽ᠭᠠᠳᠠᠭᠰᠢ ᠬᠦᠷᠭᠡᠭᠴᠢ︾ ᠪᠣᠯᠵᠤ᠂ ︽ᠭᠤᠷᠪᠠᠨ ᠰᠦᠯᠵᠢᠶ᠎ᠡ ᠵᠢᠷᠭᠤᠭᠠᠨ ᠠᠵᠢᠯᠲᠠᠨ︾ ᠪᠦᠬᠦᠨ ᠢ ᠬᠠᠮᠤᠷᠬᠤ ᠠᠷᠠᠳ ᠲᠦᠮᠡᠨ ᠳᠤ ᠦᠢᠯᠡᠴᠢᠯᠡᠬᠦ ᠲᠣᠭᠲᠠᠯᠴᠠᠭ᠎ᠠ ᠶᠢ ᠬᠦᠴᠦᠯᠡᠨ ᠪᠠᠶᠢᠭᠤᠯᠪᠠ᠃ ᠡᠨᠡ ᠵᠢᠯ ᠠᠴᠠ ᠨᠠᠭᠠᠰᠢ᠂ ︽ᠵᠢᠵᠢᠭ ᠭᠤᠳᠤᠮᠵᠢ ᠶᠢᠨ ᠶᠡᠷᠦᠩᠬᠡᠶ ᠰᠠᠶᠢᠳ ᠶᠡᠭᠡ ᠲᠠᠭᠤᠨ ᠢᠶᠠᠷ ᠶᠠᠷᠢᠬᠤ︾᠂ ︽ᠨᠤᠲᠤᠭ ᠤᠰᠤᠨ ᠤ ᠰᠠᠶᠢᠨ ᠲᠥᠷᠥ ᠶᠢᠨ ᠪᠣᠳᠣᠯᠭ᠎ᠠ︾ ᠵᠡᠷᠭᠡ ᠣᠨᠣᠯ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ 10 ᠪᠦᠯᠦᠭ ᠤᠳᠠᠭ᠎ᠠ ᠢᠳᠡᠪᠬᠢᠲᠡᠶ ᠥᠷᠨᠢᠭᠦᠯᠵᠦ᠂ ᠡᠷᠦᠬᠡ ᠳᠤ ᠬᠦᠷᠴᠦ ᠰᠤᠷᠪᠤᠯᠵᠢᠯᠠᠬᠤ᠂ ᠤᠲᠠᠰᠤ ᠪᠠᠷ ᠠᠰᠠᠭᠤᠨ ᠯᠠᠪᠯᠠᠬᠤ 3000 ᠭᠠᠷᠤᠶ ᠤᠳᠠᠭ᠎ᠠ ᠰᠤᠷᠪᠤᠯᠵᠢᠯᠠᠵᠤ᠂ ᠨᠠᠮ ᠤᠨ ᠪᠠᠶᠢᠭᠤᠯᠤᠯᠲᠠ ᠶᠢᠨ ᠬᠠᠮᠲᠤᠷᠠᠭᠰᠠᠨ ᠬᠤᠷᠠᠯ᠂ ᠨᠠᠮ ᠤᠨ ᠭᠡᠰᠢᠭᠦᠨ ᠤ ᠬᠤᠯᠪᠣᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠰᠣᠩᠭᠤᠭᠤᠯᠢ ᠶᠢᠨ ᠠᠷᠠᠳ ᠢ ᠭᠥᠯᠢᠶᠡᠨ ᠠᠪᠴᠤ ᠵᠣᠴᠢᠯᠠᠬᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ︽ᠨᠢᠭᠤᠷᠲᠠᠨ ᠵᠥᠪᠳᠡᠯᠴᠡᠬᠦ︾ ᠵᠢᠴᠢ ᠡᠭᠦᠳᠡ ᠲᠣᠭᠰᠢᠬᠤ ᠠᠵᠢᠯᠯᠠᠭ᠎ᠠ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯ᠎ᠡ ᠲᠥᠷᠥᠯ ᠤᠨ ᠠᠰᠠᠭᠤᠳᠠᠯ ᠵᠢᠴᠢ ᠵᠥᠷᠢᠴᠡᠯ ᠵᠢᠭᠤᠷᠠᠯᠳᠤᠭᠠᠨ ᠢ 80 ᠭᠠᠷᠤᠶ ᠬᠤᠪᠢ ᠪᠦᠲᠦᠮᠵᠢᠲᠡᠶ ᠰᠢᠢᠳᠪᠦᠷᠢᠯᠡᠵᠦ᠂ 6 ︽ᠰᠦᠯᠵᠢᠶᠡᠨ ᠤ ᠬᠠᠮᠢᠶᠠᠷᠤᠭᠴᠢ︾ ᠬᠠᠪᠰᠤᠷᠤᠨ ᠰᠢᠢᠳᠪᠦᠷᠢᠯᠡᠬᠦ᠂ ᠣᠷᠣᠯᠠᠨ ᠭᠦᠢᠴᠡᠳᠭᠡᠬᠦ᠂ ᠬᠡᠷ ᠲᠤᠨᠢ ᠬᠦᠷᠴᠦ ᠭᠦᠢᠴᠡᠳᠭᠡᠬᠦ ᠵᠢᠴᠢ ︽ᠠᠭᠤᠯᠵᠠᠬᠤ ᠥᠬᠡᠶ︾ ᠦᠢᠯᠡᠴᠢᠯᠡᠭᠡ 500 ᠭᠠᠷᠤᠶ ᠤᠳᠠᠭ᠎ᠠ ᠥᠷᠨᠢᠭᠦᠯᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃    ︽ᠰᠢᠢᠳᠪᠦᠷᠢᠯᠡᠭᠳᠡᠬᠦᠢ ᠰᠡᠳᠭᠢᠬᠦᠢ︾ ᠪᠠᠷ ᠣᠯᠠᠨ ᠡᠰᠢᠲᠦ ᠬᠠᠮᠲᠤ ᠪᠠᠷ ᠵᠠᠰᠠᠬᠤ ᠰᠢᠨ᠎ᠡ ᠬᠥᠳᠡᠯᠭᠡᠬᠦ ᠬᠦᠴᠦᠨ ᠢ ᠬᠥᠭᠵᠢᠭᠡᠪᠡ    ᠰᠢᠶᠠᠩ ᠶᠦᠨ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ︽ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ᠂ ᠨᠠᠮ ᠤᠨ ᠡᠭᠦᠷ ᠢᠶᠠᠷ ᠳᠠᠶᠢᠴᠢᠯᠠᠬᠤ᠂ ᠣᠯᠠᠨ ᠲᠦᠮᠡᠨ ᠣᠷᠣᠯᠴᠠᠬᠤ᠂ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ︾ ᠠᠵᠢᠯ ᠤᠨ ᠵᠠᠷᠴᠢᠮ ᠢ ᠪᠠᠷᠢᠮᠲᠠᠯᠠᠵᠤ᠂ ︽ᠬᠤᠪᠢ ᠬᠤᠷᠠᠮᠳᠤᠭᠤᠯᠬᠤ ᠳᠡᠯᠭᠡᠭᠦᠷ︾ ᠢ ᠰᠠᠭᠤᠭᠠᠯᠢ ᠠᠷᠠᠳ ᠤᠨ ︽ᠭᠡᠷ ᠤᠨ ᠡᠭᠦᠳᠡ︾ ᠳᠤ ᠨᠡᠭᠦᠯᠭᠡᠬᠦ ᠶᠢ ᠰᠦᠪᠡᠭᠴᠢᠯᠡᠵᠦ᠂ ᠬᠠᠷᠢᠶ᠎ᠠ ᠣᠷᠣᠨ ᠤ ᠬᠤᠳᠠᠯᠳᠤᠭᠠᠨ ᠤ ᠳᠡᠯᠭᠡᠭᠦᠷ ᠤᠨ ᠬᠤᠯᠪᠣᠭ᠎ᠠ ᠶᠢᠨ ᠨᠥᠯᠥᠭᠡᠯᠡᠬᠦ ᠦᠢᠯᠡᠳᠦᠯ ᠢ ᠭᠦᠢᠴᠡᠳ ᠪᠠᠳᠠᠷᠠᠭᠤᠯᠤᠨ᠂ ᠬᠤᠳᠠᠯᠳᠤᠭᠠᠴᠢᠳ ᠤᠨ ᠦᠨᠳᠦᠰᠦᠨ ᠱᠠᠲᠤᠨ ᠤ ᠵᠠᠰᠠᠯᠲᠠ ᠳᠤ ᠣᠷᠣᠯᠴᠠᠬᠤ ᠳᠠᠯᠳᠠ ᠬᠦᠴᠦᠨ ᠢ ᠬᠥᠭᠵᠢᠭᠡᠵᠦ᠂ ᠪᠦᠬᠦ ᠲᠣᠭᠤᠷᠢᠭ ᠤᠨ ᠬᠡᠷᠡᠭᠯᠡᠭᠡᠨ ᠤ ᠵᠠᠬ᠎ᠠ ᠳᠡᠯᠭᠡᠭᠦᠷ ᠲᠤ ᠲᠤᠯᠭᠠᠷᠠᠵᠤ ᠪᠠᠶᠢᠭ᠎ᠠ ᠲᠦᠭᠵᠢᠷᠡᠯ ᠬᠦᠴᠢᠷ ᠠᠰᠠᠭᠤᠳᠠᠯ ᠢ ᠨᠡᠪᠲᠡᠷᠡᠭᠦᠯᠬᠦ ᠶᠢᠨ ᠬᠠᠮᠲᠤ᠂ ᠰᠠᠭᠤᠭᠠᠯᠢ ᠠᠷᠠᠳ ᠢ ᠨᠠᠩ ᠣᠯᠠᠨ ᠰᠡᠳᠬᠢᠯ ᠳᠤ ᠪᠠᠨ ᠲᠠᠭᠠᠯᠠᠭᠳᠠᠭᠰᠠᠨ ᠡᠳ᠋ ᠪᠣᠳᠠᠰ ᠰᠣᠯᠢᠵᠤ ᠠᠪᠴᠤ ᠳᠡᠶᠢᠯᠬᠦ ᠪᠣᠯᠭᠠᠨ᠂ ᠡᠭᠦᠨ ᠤ ᠤᠯᠠᠮ ᠢᠶᠠᠷ ᠨᠠᠩ ᠣᠯᠠᠨ ᠰᠠᠭᠤᠭᠠᠯᠢ ᠠᠷᠠᠳ ᠢ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠵᠤ᠂ ᠨᠡᠶᠢᠭᠡᠮ ᠲᠣᠭᠤᠷᠢᠭ ᠤᠨ ︽ᠭᠠᠭᠴᠠ ᠲᠠᠯ᠎ᠠ ᠠᠴᠠ ᠭᠠᠷᠭᠠᠬᠤ︾ ᠶᠢ ᠨᠡᠶᠢᠭᠡᠮ ᠲᠣᠭᠤᠷᠢᠭ᠂ ᠰᠠᠭᠤᠭᠠᠯᠢ ᠠᠷᠠᠳ ︽ᠬᠤᠤᠰᠠ ᠴᠢᠭᠯᠡᠯ ᠢᠶᠠᠷ ᠣᠷᠤᠭᠰᠢᠯᠠᠬᠤ︾ ᠪᠣᠯᠭᠠᠨ ᠬᠤᠪᠢᠷᠠᠭᠤᠯᠬᠤ ᠶᠢ ᠦᠨᠡᠨ ᠬᠦ ᠪᠡᠶᠡᠯᠡᠭᠦᠯᠵᠦ᠂ ᠦᠨᠳᠦᠰᠦᠨ ᠱᠠᠲᠤᠨ ᠤ ᠵᠠᠰᠠᠯᠲᠠ ᠶᠢ ︽ᠬᠤᠪᠢ ᠶᠢᠨ ᠥᠷᠲᠡᠭ︾ ᠲᠠᠢ᠂ ᠨᠡᠩ ᠴᠦ︽ᠦᠨ᠎ᠡ ᠦᠷᠲᠡᠭ︾ ᠲᠠᠢ ᠪᠣᠯᠭᠠᠪᠠ᠃ ︽ᠬᠤᠪᠢ ᠬᠤᠷᠠᠮᠳᠤᠭᠤᠯᠬᠤ ᠳᠡᠯᠭᠡᠭᠦᠷ︾ ᠢ ᠠᠵᠢᠯᠯᠠᠭᠤᠯᠤᠭᠰᠠᠨ ᠠᠴᠠ ᠨᠠᠭᠠᠰᠢ᠂ ᠰᠢᠶᠠᠩ ᠶᠦᠨ ᠨᠡᠶᠢᠭᠡᠮ ᠲᠣᠭᠤᠷᠢᠭ ᠤᠨ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠶᠡᠷᠦ ᠪᠤᠰᠤ ᠶᠢᠨ ᠬᠦᠷ ᠬᠥᠭᠵᠢᠶᠡᠨ ᠲᠠᠢ ᠪᠠᠶᠢᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠨᠡᠶᠢᠭᠡᠮ ᠲᠣᠭᠤᠷᠢᠭ ᠤᠨ ᠡᠯ᠎ᠡ ᠲᠦᠷᠦᠯ ᠤᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠰᠠᠨᠠᠭᠠᠴᠢᠯᠠᠭ᠎ᠠ ᠠᠴᠠ ᠪᠠᠨ ᠨᠡᠶᠢᠭᠡᠮ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢᠨ ᠲᠥᠯᠥᠭᠡ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠰᠤᠷᠤᠯᠴᠠᠯᠭ᠎ᠠ ᠠᠮᠢᠳᠤᠷᠠᠯ ᠤᠨ ᠳᠤᠮᠳᠠ ᠲᠡᠷᠢᠭᠦᠨ ᠤ ᠬᠢ ᠶᠢ ᠲᠡᠮᠡᠴᠡᠨ ᠰᠢᠯᠢᠳᠡᠭ ᠢ ᠡᠭᠦᠳᠴᠦ᠂ ᠨᠡᠶᠢᠳᠡ 8000 ᠭᠠᠷᠤᠢ ᠬᠤᠪᠢ ᠬᠤᠷᠠᠮᠳᠠᠭᠤᠯᠵᠤ᠂ ᠬᠤᠯᠪᠣᠭᠠᠨ ᠤ ᠬᠤᠳᠠᠯᠳᠤᠭᠠᠨ ᠤ ᠫᠦᠰᠡ ᠴᠤ ᠰᠢᠨ᠎ᠡ ᠬᠡᠷᠡᠭᠯᠡᠭᠡᠨ ᠤ ᠥᠷᠨᠢᠯᠲᠡ ᠶᠢ ᠤᠭᠲᠤᠨ ᠠᠪᠴᠢᠷᠠᠪᠠ᠃ ᠰᠦᠯᠵᠢᠶᠡᠨ ᠤ ᠭᠠᠳᠠᠭᠤᠷ ᠤᠨ ︽ᠬᠤᠪᠢ ᠬᠤᠷᠠᠮᠳᠤᠭᠤᠯᠬᠤ︾ ᠤᠷᠮᠠᠰᠢᠭᠤᠯᠬᠤ ᠦᠢᠯᠡᠳᠦᠯ ᠢ ᠪᠠᠳᠠᠷᠠᠭᠤᠯᠬᠤ ᠶᠢᠨ ᠬᠠᠮᠲᠤ᠂ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ︽ᠪᠤᠭᠤ ᠶᠢᠨ ᠬᠤᠲᠠ ᠶᠢᠨ ᠬᠤᠰᠢᠭᠤᠴᠢ︾ ᠬᠤᠪᠢ ᠬᠤᠷᠠᠮᠳᠤᠭᠤᠯᠬᠤ ᠲᠠᠪᠴᠠᠩ ᠢ ᠭᠦᠢᠴᠡᠳ ᠬᠡᠷᠡᠭᠯᠡᠵᠦ᠂ ᠨᠠᠮ ᠤᠨ ᠪᠠᠶᠢᠭᠤᠯᠤᠯᠲᠠ ᠶᠢᠨ ᠬᠠᠮᠲᠤᠷᠠᠭᠰᠠᠨ ᠬᠤᠷᠠᠯ᠂ ᠴᠠᠭᠳᠠᠭ᠎ᠠ ᠭᠠᠵᠠᠷ ᠤᠨ ᠬᠠᠮᠲᠤᠷᠠᠭᠰᠠᠨ ᠬᠤᠷᠠᠯ ᠵᠡᠷᠭᠡ ᠪᠠᠷ ᠭᠠᠷᠳᠠᠴᠠ ᠪᠣᠯᠭᠠᠵᠤ᠂ ︽ᠨᠡᠶᠢᠭᠡᠮ ᠲᠣᠭᠤᠷᠢᠭ ᠱᠦᠭᠯᠦ ᠦᠯᠢᠶᠡᠵᠦ᠂ ᠰᠠᠯᠠᠭ᠎ᠠ ᠮᠥᠴᠢᠷ ᠨᠡᠷ᠎ᠡ ᠮᠡᠳᠡᠭᠦᠯᠬᠦ︾ ᠲᠣᠭᠲᠠᠴᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠪᠠᠳᠠᠷᠠᠭᠤᠯᠵᠤ᠂ ᠡᠯ᠎ᠡ ᠲᠥᠷᠥᠯ ᠤᠨ ᠳᠠᠪᠠᠭᠤᠯᠢᠭ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ᠂ ᠬᠡᠷᠡᠭᠴᠡᠭᠡ ᠱᠠᠭᠠᠷᠳᠠᠯᠭ᠎ᠠ᠂ ᠲᠥᠷᠥᠯ ᠵᠦᠢᠯ ᠲᠣᠭᠲᠠᠭᠠᠬᠤ᠂ ᠪᠠᠯᠠ ᠲᠣᠬᠢᠷᠠᠭᠤᠯᠬᠤ ᠭᠤᠷᠪᠠᠨ ᠵᠦᠢᠯ ᠤᠨ ᠨᠠᠷᠢᠨ ᠲᠠᠩᠰᠠ ᠶᠢ ᠪᠠᠶᠢᠭᠤᠯᠵᠤ᠂ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ᠂ ᠳᠠᠭᠠᠭᠠᠴᠢᠯᠠᠨ ᠬᠤᠯᠪᠣᠭᠠᠯᠠᠬᠤ ᠨᠢᠭᠡᠴᠢ᠂ ᠬᠠᠷᠢᠶ᠎ᠠ ᠣᠷᠣᠨ ᠤ ᠰᠠᠭᠤᠷᠢ ᠳᠡᠯᠭᠡᠭᠦᠷ᠂ ᠰᠠᠭᠤᠭᠠᠯᠢ ᠠᠷᠠᠳ ᠤᠨ ᠲᠥᠯᠥᠭᠡᠯᠡᠭᠴᠢ᠂ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡᠨ ᠤ ᠰᠠᠯᠪᠤᠷᠢ ᠪᠠᠭ᠎ᠠ ᠠᠩᠭᠢ ︽ᠲᠠᠪᠤ ᠶᠢ ᠨᠢᠭᠡ ᠴᠤᠭᠴᠠᠵᠢᠭᠤᠯᠬᠤ︾ ᠨᠠᠮ ᠤᠨ ᠪᠠᠶᠢᠭᠤᠯᠤᠯᠲᠠ ᠶᠢᠨ ᠦᠢᠯᠡᠴᠢᠯᠡᠭᠡᠨ ᠤ ᠬᠤᠯᠪᠣᠭ᠎ᠠ ᠶᠢ ᠰᠦᠪᠡᠭᠴᠢᠯᠡᠨ ᠪᠠᠶᠢᠭᠤᠯᠵᠤ᠂ ᠣᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠪᠠᠶᠢᠭᠰᠠᠨ ᠠᠰᠠᠭᠤᠳᠠᠯ ᠢ ᠪᠥᠬᠦ ᠲᠠᠯ᠎ᠠ ᠪᠠᠷ ᠰᠢᠢᠳᠪᠦᠷᠢᠯᠡᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠬᠦᠴᠦᠲᠡᠶ ᠳᠡᠭᠡᠭᠰᠢᠯᠡᠭᠦᠯᠪᠡ᠃    ︽ᠰᠢᠢᠳᠪᠦᠷᠢᠯᠡᠭᠳᠡᠬᠦᠢ ᠰᠡᠳᠬᠢᠬᠦᠶ︾ ᠪᠠᠷ ᠠᠷᠠᠳ ᠲᠦᠮᠡᠨ ᠳᠤ ᠦᠢᠯᠡᠴᠢᠯᠡᠬᠦ ᠰᠢᠨ᠎ᠡ ᠪᠠᠶᠢᠳᠠᠯ ᠢ ᠪᠤᠢ ᠪᠣᠯᠭᠠᠪᠠ    ᠰᠢᠶᠠᠩ ᠶᠦᠨ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠣᠯᠠᠨ ᠲᠦᠮᠡᠨ ᠤ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ 24 ᠴᠠᠭ ᠤᠨ ︽ᠡᠭᠦᠳᠡ ᠪᠠᠨ ᠬᠠᠭᠠᠬᠤ ᠥᠬᠡᠶ︾ ᠰᠡᠳᠬᠢᠯ ᠢ ᠳᠤᠯᠠᠭᠠᠴᠠᠭᠤᠯᠬᠤ ᠥᠷᠲᠡᠭᠡ ᠶᠢᠨ ᠰᠢᠨ᠎ᠡ ᠶᠢ ᠡᠭᠦᠳᠦᠨ ᠪᠠᠶᠢᠭᠤᠯᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ᠂ ᠵᠠᠬᠢᠶᠠᠯᠠᠭ᠎ᠠ ᠶᠢᠨ ᠬᠤᠭᠤᠯᠠ ᠬᠦᠷᠭᠡᠭᠴᠢ᠂ ᠲᠦᠷᠭᠡᠨ ᠬᠦᠷᠭᠡᠯᠲᠡ ᠵᠡᠷᠭᠡ ᠬᠡᠷ ᠤᠨ ᠭᠠᠳᠠᠨᠠᠬᠢ ᠬᠥᠳᠡᠯᠮᠦᠷᠢᠴᠢᠨ ᠪᠠ ᠲᠠᠷᠠᠬᠠᠶ ᠪᠤᠲᠠᠷᠬᠠᠶ ᠬᠥᠯᠥᠰᠥᠨ ᠠᠵᠢᠯ ᠬᠢᠵᠦ ᠪᠠᠶᠢᠭ᠎ᠠ ᠬᠥᠮᠦᠰ ᠲᠤ ᠤᠰᠤ ᠣᠭᠤᠣᠵᠣ ᠠᠮᠠᠷᠠᠬᠤ᠂ ᠢᠳᠡᠭᠡᠨ ᠤᠮᠳᠠᠭᠠᠨ ᠬᠠᠯᠠᠭᠠᠬᠤ᠂ ᠭᠠᠷ ᠤᠲᠠᠰᠤ ᠴᠡᠨᠡᠭᠯᠡᠬᠦ᠂ ᠡᠮ ᠤᠨ ᠵᠦᠢᠯ ᠤᠨ ᠲᠦᠷᠭᠡᠨ ᠠᠪᠤᠷᠠᠯᠲᠠ᠂ ᠪᠣᠷᠣᠭᠠᠨ ᠤ ᠰᠢᠬᠦᠷ ᠵᠢᠭᠡᠯᠡᠨ ᠬᠡᠷᠡᠭᠯᠡᠬᠦ᠂ ᠵᠤᠭ᠎ᠠ ᠴᠡᠩᠭᠡᠯ ᠪᠡᠶ᠎ᠡ ᠴᠢᠭᠢᠷᠠᠭᠵᠢᠭᠤᠯᠬᠤ᠂ ᠬᠤᠪᠢᠰᠬᠠᠯ ᠤᠨ ᠺᠢᠨᠣ᠋ ᠦᠵᠡᠬᠦ ᠵᠡᠷᠭᠡ 20 ᠭᠠᠷᠤᠶ ᠵᠦᠢᠯ ᠤᠨ ᠳᠣᠲᠣᠨᠣ ᠦᠢᠯᠡᠴᠢᠯᠡᠭᠡ ᠬᠠᠩᠭᠠᠵᠤ᠂ ᠬᠡᠷ ᠤᠨ ᠭᠠᠳᠠᠨᠠᠬᠢ ᠬᠥᠳᠡᠯᠮᠦᠷᠢᠴᠢᠳ ᠤᠨ ᠡᠯ᠎ᠡ ᠵᠦᠢᠯ ᠤᠨ ᠬᠡᠷᠡᠭᠴᠡᠭᠡ ᠱᠠᠭᠠᠷᠳᠠᠯᠭ᠎ᠠ ᠶᠢ ᠣᠯᠠᠨ ᠡᠰᠢᠵᠢᠭᠦᠯᠦᠨ ᠬᠠᠩᠭᠠᠵᠤ᠂ ᠬᠠᠶᠢᠷ᠎ᠠ ᠬᠠᠯᠠᠮᠵᠢ ᠬᠦᠷᠲᠡᠭᠡᠪᠡ᠃ ᠡᠭᠦᠨ ᠤ ᠬᠠᠮᠲᠤ᠂ ᠬᠡᠷ ᠤᠨ ᠭᠠᠳᠠᠨᠠᠬᠢ ᠬᠥᠳᠡᠯᠮᠦᠷᠢᠴᠢᠳ ᠤᠨ ᠥᠷᠲᠡᠭᠡ ᠶᠢ ᠠᠵᠢᠯ ᠤᠯᠬᠤ ᠬᠠᠮᠲᠤᠯᠢᠭ ᠤᠨ ︽ᠰᠠᠶᠢᠨ ᠬᠠᠪᠰᠤᠷᠤᠭᠴᠢ︾ ᠪᠣᠯᠭᠠᠬᠤ ᠶᠢᠨ ᠲᠥᠯᠥᠭᠡ᠂ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠠᠴᠠ ᠠᠵᠢᠯᠴᠢᠨ ᠬᠡᠷᠡᠭᠯᠡᠬᠦ ᠠᠵᠤ ᠠᠬᠤᠶᠢᠯᠠᠯ ᠲᠠᠢ ᠰᠠᠨᠠᠭᠠᠴᠢᠯᠠᠭ᠎ᠠ ᠠᠴᠠ ᠪᠠᠨ ᠵᠣᠯᠭᠠᠵᠤ᠂ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠲᠣᠳᠣᠷᠬᠠᠶ ᠣᠶᠢᠯᠠᠭᠠᠵᠤ᠂ ᠬᠠᠷᠢᠶᠠᠲᠤ ᠣᠷᠣᠨ ᠤ ᠳᠣᠲᠣᠷᠠᠬᠢ ᠠᠮᠢᠳᠤᠯᠢᠭ ᠢᠶᠠᠷ ᠠᠵᠢᠯ ᠤᠯᠬᠤ ᠬᠥᠮᠦᠰ ᠲᠤ ᠴᠢᠭᠯᠡᠭᠦᠯᠦᠨ᠂ ᠠᠵᠢᠯᠲᠠᠨ ᠡᠯᠰᠡᠬᠦ ᠮᠡᠳᠡᠭᠡ ᠵᠠᠩᠭᠢ ᠨᠡᠶᠢᠲᠡᠯᠡᠬᠦ᠂ ᠠᠵᠢᠯ ᠣᠯᠭᠤᠬᠤ ᠵᠥᠪᠯᠡᠯᠭᠡ ᠥᠭᠬᠦ ᠵᠡᠷᠭᠡ ᠦᠢᠯᠡᠴᠢᠯᠡᠭᠡ ᠬᠠᠩᠭᠠᠵᠤ᠂ ᠠᠵᠢᠯᠴᠢᠨ ᠬᠡᠷᠡᠭᠯᠡᠬᠦ ᠡᠲᠡᠭᠡᠳ ᠪᠠ ᠠᠵᠢᠯ ᠡᠷᠢᠭᠰᠡᠳ ᠤᠨ ᠬᠤᠭᠤᠷᠣᠨᠳᠣᠬᠢ ᠬᠥᠭᠦᠷᠭᠡ ᠶᠢ ᠪᠠᠶᠢᠭᠤᠯᠵᠤ᠂ ᠲᠦᠷ ᠴᠠᠭ ᠤᠨ ᠠᠵᠢᠯᠴᠢᠨ ᠤ ᠵᠠᠬ᠎ᠠ ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ ᠠᠬᠢᠭᠤᠯᠪᠠ᠃ ᠥᠷᠲᠡᠭᠡ ᠶᠢᠨ 9 ᠳ᠋ᠦ᠋ᠭᠡᠷ ᠰᠠᠷ᠎ᠠ ᠳᠤ ᠡᠬᠢᠯᠡᠭᠰᠡᠨ ᠠᠴᠠ ᠨᠠᠭᠠᠰᠢ᠂ ᠨᠡᠶᠢᠲᠡ 1000 ᠭᠠᠷᠤᠶ ᠤᠳᠠᠭ᠎ᠠ ᠬᠡᠷ ᠤᠨ ᠭᠠᠳᠠᠨᠠᠬᠢ ᠬᠥᠳᠡᠯᠮᠦᠷᠢᠴᠢᠳ ᠲᠤ ᠲᠥᠷᠥ ᠶᠢᠨ ᠪᠣᠳᠣᠯᠭ᠎ᠠ ᠶᠢᠨ ᠵᠥᠪᠯᠡᠯᠭᠡ ᠬᠠᠩᠭᠠᠵᠤ᠂ ᠠᠵᠢᠯ ᠡᠷᠢᠬᠦ ᠳᠡᠩᠰᠡᠯᠡᠯᠲᠡ᠂ ᠠᠵᠢᠯ ᠤᠨ ᠪᠠᠶᠢᠷᠢ ᠶᠢ 600 ᠭᠠᠷᠤᠶ ᠬᠥᠮᠦᠨ ᠤᠳᠠᠭ᠎ᠠ ᠲᠠᠨᠢᠯᠴᠠᠭᠤᠯᠵᠤ᠂ 2 ᠤᠳᠠᠭ᠎ᠠ ᠮᠡᠷᠭᠡᠵᠢᠯ ᠤᠨ ᠪᠣᠯᠪᠠᠰᠤᠷᠠᠯ ᠥᠷᠨᠢᠭᠦᠯᠵᠦ᠂ ᠦᠢᠯᠡᠰ ᠴᠣᠭᠴᠠᠯᠠᠬᠤ ᠵᠢᠯᠣᠭᠤᠳᠣᠯᠭ᠎ᠠ᠂ ᠠᠵᠢᠯ ᠣᠯᠭᠤᠯᠲᠠ ᠶᠢᠨ ᠲᠤᠰᠠᠯᠠᠮᠵᠢ ᠵᠡᠷᠭᠡ ᠨᠢᠭᠡ ᠥᠷᠲᠡᠭᠡ ᠮᠠᠶ᠋ᠢᠭ ᠤᠨ ᠦᠢᠯᠡᠴᠢᠯᠡᠭᠡ ᠶᠢ 1000 ᠭᠠᠷᠤᠶ ᠬᠥᠮᠦᠨ ᠤᠳᠠᠭ᠎ᠠ ᠥᠷᠨᠢᠭᠦᠯᠪᠡ᠃ ᠡᠭᠦᠨ ᠤ ᠬᠠᠮᠲᠤ᠂ ᠬᠠᠷᠢᠶᠠᠲᠤ ᠣᠷᠣᠨ ᠤ ᠨᠠᠰᠤᠲᠠᠶᠢᠴᠤᠳ ᠤᠨ ᠡᠷᠡᠭᠦᠯ ᠮᠡᠨᠳᠦ ᠠᠮᠢᠳᠤᠷᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ︽ᠨᠠᠰᠤᠲᠠᠶᠢᠴᠤᠳ ᠬᠠᠪᠰᠤᠷᠤᠮᠵᠢ ᠲᠠᠢ ᠪᠣᠯ᠂ ᠪᠢᠳᠡ ᠠᠵᠢᠯᠯᠠᠭ᠎ᠠ ᠲᠠᠢ︾ ᠭᠡᠬᠦ ᠣᠶᠢᠯᠠᠭᠠᠭᠳᠠᠬᠤᠨ ᠢᠶᠠᠷ ᠨᠠᠰᠤᠲᠠᠶᠢᠴᠤᠳ ᠤᠨ ᠦᠢᠯᠡᠴᠢᠯᠡᠭᠡᠨ ᠤ ᠨᠡᠷᠡᠲᠦ ᠲᠡᠮᠳᠡᠭ ᠢᠡᠭᠦᠳᠴᠦ᠂ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠰᠤᠯᠠ ᠪᠠᠶᠢᠭ᠎ᠠ ᠡᠬᠢ ᠪᠠᠶᠠᠯᠢᠭ ᠢ ᠭᠦᠢᠴᠡᠳ ᠠᠰᠢᠭᠯᠠᠨ ᠰᠢᠶᠠᠩ ᠶᠦᠨ ᠨᠡᠶᠢᠭᠡᠮ ᠲᠣᠭᠤᠷᠢᠭ ᠤᠨ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠷᠳᠡᠭᠡ ᠶᠢ ᠪᠠᠶᠢᠭᠤᠯᠵᠤ᠂ ᠲᠤᠰ ᠭᠠᠵᠠᠷ ᠤᠷᠤᠨ ᠤ ᠨᠡᠷᠡᠳᠦ ᠬᠢᠲᠠᠳ ᠡᠮᠴᠢ ᠵᠡᠷᠭᠡ ᠳᠠᠪᠠᠭᠤᠯᠢᠭ ᠡᠬᠢ ᠪᠠᠶᠠᠯᠢᠭ ᠢ ᠢᠳᠡᠪᠬᠢᠲᠡᠢ ᠠᠭᠤᠳᠠᠯᠵᠤ᠂ ᠨᠡᠷᠡᠲᠦ ᠬᠢᠲᠠᠳ ᠡᠮᠨᠡᠯᠭᠡ ᠶᠢᠨ ᠲᠠᠩᠬᠢᠮ ᠢᠶᠠᠷ ᠭᠤᠣᠯ ᠪᠣᠯᠭᠠᠭᠰᠠᠨ᠂ ᠨᠡᠶᠢᠭᠡᠮ ᠲᠣᠭᠤᠷᠢᠭ ᠤᠨ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠷᠳᠡᠭᠡ ᠪᠠᠷ ᠬᠠᠪᠰᠤᠷᠤᠮᠵᠢ ᠪᠣᠯᠭᠠᠭᠰᠠᠨ ︽5 ᠮᠢᠨᠦ᠋ᠲ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠠᠮᠢᠳᠤᠷᠠᠯ ᠤᠨ ᠬᠦᠷᠢᠶ᠎ᠡ︾ ᠶᠢ ᠰᠦᠪᠡᠭᠴᠢᠯᠡᠨ ᠪᠦᠷᠢᠯᠳᠦᠭᠦᠯᠵᠦ᠂ ᠤᠷᠢᠳ ᠬᠤᠵᠢᠳ ᠬᠠᠷᠢᠶ᠎ᠠ ᠣᠷᠣᠨ ᠤ 145 ᠨᠠᠰᠤᠲᠠᠶᠢᠴᠤᠳ ᠲᠤ ᠰᠦᠢᠳᠬᠡᠯ ᠬᠤᠷᠢᠶᠠᠬᠤ ᠦᠭᠡᠢ ᠪᠠᠷ ᠹᠢᠽᠢᠺ ᠵᠠᠰᠠᠯ ᠤᠨ ᠦᠢᠯᠡᠴᠢᠯᠡᠭᠡ ᠬᠠᠩᠭᠠᠬᠤ ᠶᠢᠨ ᠬᠠᠮᠲᠤ ︽ᠨᠡᠶᠢᠲᠡ ᠶᠢᠨ ᠠᠰᠠᠷᠠᠮᠵᠢ ᠶᠢᠨ ᠤᠷᠤᠢ ᠶᠢᠨ ᠰᠤᠷᠭᠠᠭᠤᠯᠢ︾ ᠨᠡᠭᠡᠭᠡᠬᠦ ᠪᠠᠷ ᠳᠠᠮᠵᠢᠨ ᠲᠤᠰᠬᠠᠢ ᠮᠡᠷᠭᠡᠵᠢᠯᠲᠡᠨ ᠢ ᠤᠷᠢᠵᠤ ᠪᠡᠶ᠎ᠡ ᠰᠤᠪᠢᠯᠠᠯᠲᠠ ᠶᠢᠨ ᠮᠡᠳᠡᠯᠭᠡ ᠶᠢ 20 ᠭᠠᠷᠤᠢ ᠬᠤᠭᠤᠴᠠᠭ᠎ᠠ ᠲᠠᠶᠢᠯᠪᠤᠷᠢᠯᠠᠨ ᠣᠶᠢᠯᠠᠭᠠᠭᠤᠯᠵᠤ᠂ ᠬᠠᠷᠢᠶ᠎ᠠ ᠣᠷᠣᠨ ᠤ ᠨᠠᠰᠤᠲᠠᠶᠢᠴᠤᠳ ᠲᠤ ᠦᠨᠡᠨ ᠬᠦ ︽ᠭᠡᠷ ᠤᠨ ᠡᠭᠦᠳᠡᠨ︾ ᠳᠠᠬᠢ ᠡᠷᠡᠭᠦᠯ ᠰᠠᠷᠠᠭᠤᠯ ᠠᠮᠢᠳᠤᠷᠠᠯ ᠢ ᠡᠳ᠋ᠯᠡᠭᠦᠯᠵᠡᠢ᠃ 
ᠢᠷᠡᠯᠲᠡ᠄ ᠲᠦᠩ ᠶᠠᠩ ᠳ᠋ᠤᠤ ᠵᠡᠭᠡᠯᠢ ᠭᠤᠳᠤᠮᠵᠢ ᠶᠢᠨ ᠰᠢᠶᠠᠩ ᠶᠦᠨ ᠨᠡᠶᠢᠭᠡᠮ ᠲᠣᠭᠤᠷᠢᠭ