﹇ᠰᠢᠢᠳᠪᠦᠷᠢᠯᠡᠭᠳᠡᠬᠦᠢ ᠰᠡᠳᠭᠢᠬᠦᠢ ᠪᠠᠷ ᠪᠦᠬᠦ ᠵᠢᠯ ᠤᠨ ᠡᠭᠦᠷᠭᠡ ᠶᠢ ᠰᠢᠪᠲᠤᠯᠬᠤ﹈ ᠲᠡᠮᠦᠷ ᠵᠠᠮ ᠤᠨ ᠲᠡᠭᠡᠭᠡᠪᠦᠷᠢ ᠶᠢᠨ ᠠᠵᠢᠯ ᠤᠨ ᠬᠡᠯᠲᠡᠰ ᠤᠨ ᠨᠠᠮ ᠤᠨ ᠶᠡᠷᠦᠩᠬᠡᠶ ᠡᠭᠦᠷ ︽ᠰᠢᠢᠳᠪᠦᠷᠢᠯᠡᠭᠳᠡᠬᠦᠢ ᠰᠡᠳᠬᠢᠬᠦᠶ ᠶᠢ ᠪᠣᠶ ᠪᠣᠯᠭᠠᠵᠤ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠵᠦ ᠪᠥᠬᠦ ᠵᠢᠯ ᠤᠨ ᠡᠭᠦᠷᠭᠡ ᠶᠢᠨ ᠰᠢᠢᠳᠪᠦᠷᠢᠲᠦ ᠳᠠᠶᠢᠯᠠᠯᠳᠤᠭᠠᠨ ᠬᠢᠬᠦ︾ ᠲᠤᠰᠬᠠᠶ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/11/19
    ᠣᠶᠢᠷ᠎ᠠ ᠳᠤ᠂ ᠲᠡᠮᠦᠷ ᠵᠠᠮ ᠤᠨ ᠲᠡᠭᠡᠭᠡᠪᠦᠷᠢ ᠶᠢᠨ ᠠᠵᠢᠯ ᠤᠨ ᠬᠡᠯᠲᠡᠰ ᠤᠨ ᠨᠠᠮ ᠤᠨ ᠶᠡᠷᠦᠩᠬᠡᠶ ᠡᠭᠦᠷ ᠪᠠᠶ᠋ᠬᠠᠣᠪᠤᠭ᠎ᠠ ᠲᠡᠮᠦᠷ ᠤᠨ ᠠᠭᠤᠷᠬᠠᠶ ᠶᠢᠨ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠣᠰᠣᠭᠠᠷ᠂ ᠠᠵᠢᠯ ᠤᠨ ᠬᠡᠯᠲᠡᠰ ᠤᠨ ᠬᠤᠷᠠᠯ ᠤᠨ ᠬᠡᠷ ᠲᠤ ︽ᠰᠢᠢᠳᠪᠦᠷᠢᠯᠡᠭᠳᠡᠬᠦᠢ ᠰᠡᠳᠬᠢᠬᠦᠶ ᠶᠢ ᠪᠣᠶ ᠪᠣᠯᠭᠠᠵᠤ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠵᠦ ᠪᠥᠬᠦ ᠵᠢᠯ ᠤᠨ ᠡᠭᠦᠷᠭᠡ ᠶᠢᠨ ᠰᠢᠢᠳᠪᠦᠷᠢᠲᠦ ᠳᠠᠶᠢᠯᠠᠯᠳᠤᠭᠠᠨ ᠬᠢᠬᠦ︾ ᠲᠤᠰᠬᠠᠶ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃
【有解思维 决战全年任务】铁路运输作业部党总支开展“树立有解思维 提高工作标准 决战全年任务”专题活动.png
    ᠲᠡᠮᠦᠷ ᠵᠠᠮ ᠤᠨ ᠲᠡᠭᠡᠭᠡᠪᠦᠷᠢ ᠶᠢᠨ ᠠᠵᠢᠯ ᠤᠨ ᠬᠡᠯᠲᠡᠰ ᠤᠨ ᠨᠠᠮ ᠤᠨ ᠶᠡᠷᠦᠩᠬᠡᠢ ᠡᠭᠦᠷ ᠤᠨ ᠱᠦᠵᠢ ᠪᠠᠢ ᠵᠠᠨ ᠷᠦᠩ ᠤᠯᠠᠨ ᠢ ᠳᠠᠭᠠᠭᠤᠯᠤᠨ ︽ᠪᠤᠭᠤᠲᠤ ᠶᠢᠨ ᠪᠤᠯᠤᠳ ᠲᠡᠮᠤᠷ ᠤᠨ ︵ᠪᠦᠯᠦᠭᠯᠡᠯ︶ ᠺᠣᠮᠫᠠᠨᠢ ᠶᠢᠨ ᠨᠠᠮ ᠤᠨ ᠬᠤᠷᠢᠶ᠎ᠠ ᠶᠢᠨ ︿ᠰᠢᠢᠳᠪᠦᠷᠢᠯᠡᠭᠳᠡᠬᠦᠢ ᠰᠡᠳᠬᠢᠬᠦᠶ ᠶᠢ ᠪᠣᠶ ᠪᠣᠯᠭᠠᠵᠤ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠵᠦ ᠪᠥᠬᠦ ᠵᠢᠯ ᠤᠨ ᠡᠭᠦᠷᠭᠡ ᠶᠢᠨ ᠰᠢᠢᠳᠪᠦᠷᠢᠲᠦ ᠳᠠᠶᠢᠯᠠᠯᠳᠤᠭᠠᠨ ᠬᠢᠬᠦ﹀ ᠲᠤᠰᠬᠠᠢ ᠰᠡᠳᠦᠪᠲᠦ ᠠᠵᠢᠯᠯᠠᠭ᠎ᠠ ᠶᠢ ᠥᠷᠨᠢᠭᠦᠯᠬᠦ ᠬᠡᠷᠡᠭᠵᠢᠭᠦᠯᠬᠦ ᠲᠥᠰᠥᠯ︾ ᠤᠨ ᠮᠡᠳᠡᠭᠳᠡᠯ ᠢ ᠭᠦᠨᠵᠡᠭᠡᠢ ᠰᠤᠷᠤᠯᠴᠠᠵᠤ᠂ ᠡᠯ᠎ᠡ ᠠᠵᠢᠯ ᠤᠨ ᠬᠡᠰᠡᠭ᠂ ᠡᠭᠦᠷᠭᠡ ᠴᠢᠳᠠᠪᠬᠢ ᠶᠢᠨ ᠡᠭᠡᠯᠵᠢ ᠳᠤᠭᠤᠶᠢᠯᠠᠩ ᠢ ᠭᠤᠷᠪᠠᠨ ᠬᠤᠷᠠᠯ ᠨᠢᠭᠡ ᠬᠢᠴᠢᠶᠡᠯ᠂ ᠡᠷᠲᠡ ᠶᠢᠨ ᠶᠠᠷᠢᠯᠴᠠᠬᠤ ᠬᠤᠷᠠᠯ᠂ ᠠᠩᠬᠢ ᠶᠢᠨ ᠡᠮᠦᠨᠡᠬᠢ ᠬᠤᠷᠠᠯ ᠵᠡᠷᠭᠡ ᠬᠡᠯᠪᠡᠷᠢ ᠪᠠᠷ ᠵᠣᠬᠢᠶᠠᠨ ᠪᠠᠶᠢᠭᠤᠯᠤᠨ ᠰᠤᠷᠤᠯᠴᠠᠵᠤ᠂ ᠪᠠᠶᠢᠳᠠᠯ ᠡᠭᠦᠷᠭᠡ ᠶᠢᠨ ᠬᠥᠮᠦᠵᠢᠯ ᠤᠨ ᠤᠬᠠᠭᠤᠯᠤᠨ ᠲᠤᠭᠤᠰᠢᠯᠠᠭᠤᠯᠬᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃    ᠡᠭᠦᠨ ᠤ ᠬᠠᠮᠲᠤ ᠳᠥᠷᠪᠡᠳᠦᠭᠡᠷ ᠤᠯᠠᠷᠢᠯ ᠪᠣᠯ ᠪᠦᠬᠦ ᠵᠢᠯ ᠢ ᠲᠣᠭᠲᠠᠭᠠᠬᠤ᠂ ᠪᠦᠬᠦ ᠲᠠᠯ᠎ᠠ ᠶᠢ ᠪᠠᠲᠤᠯᠠᠬᠤ ᠡᠴᠦᠰ ᠤᠨ ᠱᠠᠳᠤ ᠦᠶ᠎ᠡ ᠮᠥᠨ᠂ ᠪᠠᠰᠠ ᠴᠤ ᠢᠷᠡᠬᠦ ᠵᠢᠯ ᠤᠨ ᠡᠯ᠎ᠡ ᠵᠦᠢᠯ ᠤᠨ ᠠᠵᠢᠯ ᠢ ᠰᠠᠶᠢᠲᠤᠷ ᠡᠬᠢᠯᠡᠭᠦᠯᠵᠦ᠂ ᠰᠠᠶᠢᠲᠤᠷ ᠬᠢᠬᠦ ᠵᠠᠩᠭᠢᠯᠠᠭ᠎ᠠ ᠶᠢᠨ ᠭᠤᠭᠴᠤᠭ᠎ᠠ ᠮᠥᠨ ᠭᠡᠵᠦ ᠴᠢᠬᠤᠯᠠᠴᠢᠯᠠᠪᠠ᠃ ᠡᠮᠦᠨ᠎ᠡ ᠭᠤᠷᠪᠠᠨ ᠤᠯᠠᠷᠢᠯ ᠤᠨ ᠲᠡᠮᠦᠷ ᠵᠠᠮ ᠤᠨ ᠲᠡᠭᠡᠭᠡᠪᠦᠷᠢ ᠶᠢᠨ ᠠᠵᠢᠯ ᠤᠨ ᠬᠡᠯᠲᠡᠰ ᠤᠨ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠶᠡᠷᠦ ᠪᠤᠰᠤ ᠶᠢᠨ ᠬᠠᠷᠢᠭᠤᠴᠠᠯᠭᠠᠲᠤ ᠰᠡᠳᠬᠢᠯᠭᠡ ᠪᠠᠷ ᠵᠠᠯᠠᠭᠤᠷ ᠪᠣᠯᠭᠠᠵᠤ᠂ ᠨᠤᠭᠤᠷᠠᠰᠢ ᠦᠭᠡᠶ ᠲᠡᠮᠡᠴᠡᠯ ᠤᠨ ᠵᠣᠷᠢᠭ ᠰᠠᠨᠠᠭ᠎ᠠ ᠪᠠᠷ ᠰᠡᠯᠢᠭᠦᠷ ᠪᠣᠯᠭᠠᠵᠤ᠂ ᠳᠠᠪᠠᠯᠭᠠᠨ ᠢ ᠵᠦᠰᠦᠨ ᠤᠷᠤᠭᠰᠢᠯᠠᠭᠰᠠᠨ ᠢᠶᠠᠨ ᠡᠷᠭᠢᠴᠡᠭᠦᠯᠪᠡᠯ᠂ 10 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ 920.36 ᠲᠦᠮᠡᠨ ᠲᠣᠨ ᠬᠦᠳᠡᠷ ᠵᠥᠭᠡᠭᠡᠪᠦᠷᠢᠯᠡᠬᠦ ᠬᠡᠮᠵᠢᠶ᠎ᠡ ᠶᠢ ᠪᠡᠶᠡᠯᠡᠭᠦᠯᠵᠦ᠂ ᠪᠦᠬᠦ ᠵᠢᠯ ᠤᠨ ᠲᠥᠯᠥᠪᠯᠡᠭᠡ ᠶᠢᠨ 90.31% ᠶᠢ ᠪᠡᠶᠡᠯᠡᠭᠦᠯᠵᠦ᠂ ᠴᠠᠬᠢᠯᠭᠠᠨ ᠬᠦᠴᠦᠨ ᠤ ᠮᠠᠰᠢᠨ ᠲᠡᠷᠭᠡ ᠶᠢ 125 ᠤᠳᠠᠭ᠎ᠠ ᠰᠡᠯᠪᠢᠨ ᠵᠠᠰᠠᠵᠤ᠂ 60 ᠰᠠᠭᠤᠷᠢ ᠰᠢᠯᠭᠠᠨ ᠪᠠᠶᠢᠴᠠᠭᠠᠯᠲᠠ ᠬᠢᠵᠦ᠂ ᠤᠷᠪᠠᠭᠤᠯᠬᠤ ᠮᠠᠰᠢᠨ ᠳᠣᠲᠣᠷ᠎ᠠ ᠠᠴᠠ 30 ᠰᠠᠭᠤᠷᠢ ᠵᠠᠰᠠᠪᠤᠷᠢ ᠣᠷᠣᠭᠤᠯᠬᠤ ᠪᠠᠷ ᠲᠥᠯᠥᠪᠯᠡᠵᠦ᠂ 32 ᠰᠠᠭᠤᠷᠢ ᠶᠢ ᠨᠢ ᠪᠡᠶᠡᠯᠡᠭᠦᠯᠵᠦ᠂ ᠠᠭᠤᠷᠬᠠᠢ ᠶᠢᠨ ᠬᠠᠭᠠᠯᠲᠠ ᠶᠢᠨ ᠬᠠᠭᠠᠴᠠ ᠶᠢ 6 ᠶᠡᠭᠡ ᠪᠠᠷ ᠰᠡᠯᠪᠢᠨ ᠵᠠᠰᠠᠪᠠ᠂ ᠡᠨᠡ ᠬᠦ ᠬᠦᠨᠳᠦ ᠠᠮᠵᠢᠯᠲᠠ ᠨᠢᠭᠡᠨ ᠪᠠᠲᠤ ᠪᠠᠬᠢ ᠴᠠᠮᠬᠠᠭ ᠲᠠᠢ ᠠᠳᠠᠯᠢ ᠪᠠᠷ ᠲᠠᠷᠠᠭᠠᠴᠢ ᠶᠢᠨ ᠳᠥᠷᠪᠡᠳᠦᠭᠡᠷ ᠤᠯᠠᠷᠢᠯ ᠤᠨ ᠰᠢᠪᠲᠤᠯᠤᠯᠲᠠ ᠳᠠᠬᠢ ᠤᠷᠤᠭᠰᠢᠯᠠᠯᠲᠠ ᠶᠢᠨ ᠵᠠᠮ ᠢ ᠭᠡᠷᠡᠯᠳᠦᠭᠦᠯᠪᠡ᠃    ᠳᠥᠷᠪᠡᠳᠦᠭᠡᠷ ᠤᠯᠠᠷᠢᠯ ᠳᠤ ᠲᠡᠮᠦᠷ ᠵᠠᠮ ᠤᠨ ᠲᠡᠭᠡᠭᠡᠪᠦᠷᠢ ᠶᠢᠨ ᠠᠵᠢᠯ ᠤᠨ ᠬᠡᠯᠲᠡᠰ ︽ᠰᠢᠢᠳᠪᠦᠷᠢᠯᠡᠭᠳᠡᠬᠦᠢ ᠰᠡᠳᠬᠢᠬᠦᠶ︾ ᠪᠠᠷ ᠵᠢᠯᠣᠭᠤᠳᠣᠯᠭ᠎ᠠ ᠪᠣᠯᠭᠠᠵᠤ᠂ ᠳᠠᠭᠠᠷᠢᠯᠲᠠ ᠶᠢᠨ ᠪᠦᠷᠢᠶ᠎ᠡ ᠶᠢ ᠬᠠᠩᠭᠢᠨᠠᠭᠤᠯᠵᠤ᠂ ᠪᠥᠬᠦ ᠺᠠᠳ᠋ᠷ ᠠᠵᠢᠯᠲᠠᠨ ᠠᠵᠢᠯᠴᠢᠨ ᠤ ᠣᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠵᠤ᠂ ᠡᠷᠡᠮᠡᠬᠡᠶᠢᠯᠡᠨ ᠤᠷᠤᠭᠰᠢᠯᠠᠵᠤ᠂ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠪᠠᠶ᠋ᠬᠠᠣᠪᠤᠭ᠎ᠠ ᠲᠡᠮᠦᠷ ᠤᠨ ᠠᠭᠤᠷᠬᠠᠶ ᠶᠢᠨ ᠪᠥᠬᠦ ᠵᠢᠯ ᠤᠨ ᠬᠦᠳᠡᠷ ᠤᠨ ᠦᠢᠯᠡᠳᠪᠦᠷᠢᠯᠡᠯ ᠤᠨ ᠡᠭᠦᠷᠭᠡ ᠶᠢ ᠪᠡᠶᠡᠯᠡᠭᠦᠯᠬᠦ ᠳᠤ ᠥᠪᠡᠷ ᠤᠨ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃ 
ᠢᠷᠡᠯᠲᠡ᠄ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠪᠠᠶ᠋ᠬᠠᠤᠪᠤᠭ᠎ᠠ ᠶᠢᠨ ᠲᠡᠮᠦᠷ ᠤᠨ ᠠᠭᠤᠷᠬᠠᠢ